ᠮᠢᠩᠭᠠᠢ ᠭᠠᠴᠠᠭ᠎ᠠ
ᠨᠡᠶᠢᠲᠡᠯᠡᠭᠰᠡᠨ ᠴᠠᠭ᠄
2024/3/28
     ᠮᠢᠩᠭᠠᠢ ᠭᠠᠴᠠᠭ᠎ᠠ ᠨᠠᠩᠰᠤ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ ᠪᠠᠷᠠᠭᠤᠨ ᠬᠤᠶᠢᠰᠢ 72 ᠺᠢᠯᠤᠮᠧᠲᠷ ᠲᠤ ᠪᠠᠶᠢᠷᠢᠯᠠᠵᠤ᠂ ᠭᠠᠵᠠᠷ ᠰᠢᠷᠦᠢ ᠶᠢᠨ ᠶᠡᠷᠦᠩᠬᠡᠢ ᠲᠠᠯᠠᠪᠡᠢ 39 ᠲᠦᠮᠡᠨ ᠮᠤ᠋᠂ 5 ᠮᠠᠯᠵᠢᠯ ᠤᠨ ᠬᠤᠷᠰᠢᠶ᠎ᠠ ᠲᠠᠢ᠂ ᠶᠡᠷᠦᠩᠬᠡᠢ ᠬᠦᠮᠦᠨ ᠠᠮᠠ 228 ᠡᠷᠦᠬᠡ 638 ᠬᠦᠮᠦᠨ᠂ ᠪᠠᠶᠢᠩᠭᠤ ᠰᠠᠭᠤᠭ᠎ᠠ 138 ᠡᠷᠦᠬᠡ 338 ᠬᠦᠮᠦᠨ᠂ ᠮᠣᠩᠭᠤᠯ ᠦᠨᠳᠦᠰᠦᠲᠡᠨ ᠢᠶᠠᠷ ᠭᠤᠤᠯ ᠴᠤᠭᠴᠠ ᠪᠣᠯᠭᠠᠨ᠂ ᠮᠠᠯ ᠠᠵᠤ ᠠᠬᠤᠢ ᠪᠠᠷ ᠭᠤᠤᠯᠯᠠᠭᠤᠯᠵᠤ᠂ ᠮᠠᠯ ᠲᠠᠷᠢᠶᠠᠯᠠᠩ ᠢ ᠬᠠᠮᠲᠤ ᠪᠠᠷ ᠬᠦᠭᠵᠢᠭᠦᠯᠦᠭᠰᠡᠨ ᠭᠠᠴᠠᠭ᠎ᠠ ᠪᠤᠯᠤᠨ᠎ᠠ᠃ ᠣᠶᠢᠷ᠎ᠠ ᠶᠢᠨ ᠵᠢᠯ ᠳᠤ ᠮᠢᠩᠭᠠᠢ ᠭᠠᠴᠠᠭ᠎ᠠ ︽ᠦᠵᠡᠰᠭᠦᠯᠡᠩᠲᠦ ᠬᠦᠳᠡᠭᠡ ᠲᠤᠰᠬᠤᠨ︾ ᠤ ᠪᠠᠶᠢᠭᠤᠯᠤᠯᠲᠠ ᠶᠢ ᠬᠢᠨᠠᠮᠠᠭᠠᠢ ᠲᠣᠣᠱᠯᠠᠭᠤᠯᠣᠨ ᠨᠡᠶᠢᠲᠡᠪᠤᠷᠢᠵᠢᠭᠤᠯᠵᠤ᠂ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠤᠰ ᠪᠡᠶ᠎ᠡ ᠶᠢᠨ ᠪᠤᠲᠠᠲᠤ ᠪᠠᠶᠢᠳᠠᠯ ᠳᠤ ᠰᠠᠭᠤᠷᠢᠯᠠᠵᠤ᠂ ᠲᠡᠵᠢᠭᠡᠪᠦᠷᠢ ᠶᠢᠨ ᠲᠤᠭᠤᠷᠢᠭ ᠢ ᠡᠷᠴᠢᠮᠲᠡᠢ ᠬᠦᠭᠵᠢᠬᠦᠯᠦᠨ᠂ ᠭᠡᠷ ᠪᠦᠯᠢ ᠶᠢᠨ ᠲᠠᠷᠢᠵᠦ ᠲᠡᠵᠢᠭᠡᠬᠦ ᠦᠢᠯᠡᠰ  ᠤᠨ ᠬᠡᠪᠴᠢᠶ᠎ᠠ ᠶᠢ ᠶᠡᠬᠡᠳᠬᠡᠵᠦ᠂ ᠮᠠᠯ ᠲᠠᠷᠢᠶᠠᠯᠠᠩ ᠤᠨ ᠠᠵᠤ ᠦᠢᠯᠡᠰᠵᠢᠯᠲᠡ ᠶᠢ ᠳᠡᠭᠡᠭᠰᠢᠯᠡᠬᠦᠯᠦᠨ᠂ ᠵᠠᠬ᠎ᠠ ᠳᠡᠯᠭᠡᠭᠦᠷ ᠲᠠᠢ ᠠᠪᠴᠠᠯᠳᠣᠭᠤᠯᠬᠤ ᠬᠦᠴᠦᠯᠡᠴᠡ ᠪᠠᠨ ᠶᠡᠬᠡᠳᠬᠡᠨ᠂  ᠭᠠᠴᠠᠭᠠᠨ ᠤ ᠪᠤᠲᠠᠲᠤ ᠬᠦᠴᠦᠨ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠢᠯᠡᠳᠲᠡ ᠨᠡᠮᠡᠭᠳᠡᠭᠦᠯᠪᠡ᠃ ᠨᠣᠷᠠᠬᠤ ᠠᠶᠤᠯᠲᠠᠢ ᠭᠡᠷ ᠪᠠᠶᠢᠰᠢᠩ ᠤᠨ ᠦᠭᠡᠷᠡᠴᠢᠯᠡᠯᠲᠡ᠂ ᠦᠩᠭᠡ ᠳᠦᠷᠬᠦ ᠶᠢᠨ ᠦᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠬᠦᠯᠦᠨ᠂ ᠭᠠᠴᠠᠭᠠᠨ ᠤ ᠠᠵᠢᠯᠯᠠᠭᠠᠨ ᠤ ᠭᠠᠵᠠᠷ ᠤᠨ ᠬᠠᠳᠠᠭᠤᠵᠢᠭᠤᠯᠤᠯᠲᠠ ᠶᠢ ᠪᠡᠶᠡᠯᠡᠬᠦᠯᠵᠦ᠂ 240 ᠳᠡᠭᠰᠢ ᠳᠦᠷᠪᠡᠯᠵᠢᠨ ᠮᠧᠲᠷ ᠤᠨ ᠣᠯᠠᠨ ᠴᠢᠳᠠᠮᠵᠢᠲᠤ ᠰᠣᠶᠣᠯ ᠤᠨ ᠲᠠᠰᠤᠭ ᠪᠠ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠪᠠ᠂ 138 ᠡᠷᠦᠬᠡ ᠳᠤ ︽ᠡᠷᠦᠬᠡ ᠪᠤᠯᠭᠠᠨ ᠴᠠᠬᠢᠯᠭᠠᠨ ᠨᠡᠪᠲᠡᠷᠡᠬᠦ︾ ᠢᠨᠵᠧᠨᠧᠷᠢᠩ ᠢ ᠨᠡᠶᠢᠲᠡᠪᠦᠷᠢᠵᠢᠭᠤᠯᠦᠨ᠂ 138 ᠡᠷᠦᠬᠡ  ᠳᠤ ᠲᠧᠯᠸᠢᠰ ᠤᠨ ᠲᠤᠬᠢᠶ᠎ᠠ ᠨᠡᠪᠲᠡᠷᠡᠬᠦᠯᠬᠦ ᠢᠨᠵᠧᠨᠧᠷᠢᠩ ᠢ ᠬᠡᠷᠡᠭᠵᠢᠬᠦᠯᠵᠦ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠨᠣᠷᠮ᠎ᠠ 77% ᠳᠤ ᠬᠦᠷᠦᠨ᠂ 3 ᠡᠷᠦᠬᠡ ︽ᠪᠡᠭᠡᠵᠢᠩ ᠠᠶᠢᠯ︾ ᠢ ᠴᠤᠭᠴᠠᠯᠠᠵᠤ᠂ 2017 ᠣᠨ ᠳᠤ ᠮᠠᠯᠴᠢᠨ ᠲᠠᠷᠢᠶᠠᠴᠢᠨ  ᠤ ᠬᠦᠮᠦᠨ ᠳᠤᠮᠳᠠᠴᠢ ᠶᠢᠨ ᠣᠷᠣᠯᠭ᠎ᠠ 1.6 ᠲᠦᠮᠡᠨ ᠲᠦᠭᠦᠷᠢᠭ ᠲᠤ ᠬᠦᠷᠪᠡ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ