ᠤᠯᠠᠭᠠᠨ ᠨᠠᠶᠢᠬᠡᠮ ᠲᠤᠭᠤᠷᠢᠭ
ᠨᠡᠶᠢᠲᠡᠯᠡᠭᠰᠡᠨ ᠴᠠᠭ᠄
2024/3/28
     ᠤᠯᠠᠭᠠᠨ ᠨᠠᠶᠢᠬᠡᠮ ᠲᠤᠭᠤᠷᠢᠭ ᠤᠯᠵᠠᠴᠢ ᠪᠠᠯᠭᠠᠰᠤᠨ ᠤ ᠵᠡᠭᠦᠨ ᠬᠤᠶᠢᠲᠤ ᠭᠡᠰᠡᠭ ᠲᠤ ᠪᠠᠶᠢᠷᠢᠯᠠᠵᠤ᠂ 2000 ᠤᠨ ᠳᠤ ᠠᠩᠬ᠎ᠠ ᠪᠠᠶᠢᠭᠤᠯᠤᠭᠳᠠᠨ᠂ ᠤᠯᠠᠭᠠᠨ ᠰᠢᠨ᠎ᠡ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠭᠡᠵᠦ ᠨᠡᠷᠡᠯᠡᠵᠦ 2005 ᠤᠨ ᠤ 2 ᠰᠠᠷ᠎ᠠ ᠳᠤ ᠨᠠᠶᠢᠬᠡᠮ ᠲᠤᠭᠤᠷᠢᠭ ᠪᠣᠯᠭᠠᠪᠠ᠃ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠢ ᠰᠠᠭᠤᠷᠢᠰᠢᠭᠤᠯᠤᠭᠰᠠᠨ ᠨᠡᠶᠢᠲᠡᠯᠢᠭ ᠬᠤᠲᠠ ᠶᠢᠨ ᠲᠡᠭᠦᠷᠭᠡ ᠪᠣᠯᠣᠨ ᠠᠵᠤ ᠦᠢᠯᠡᠰ ᠤᠶᠠᠯᠳᠣᠭᠰᠠᠨ ᠨᠡᠶᠢᠬᠡᠮ ᠲᠤᠭᠤᠷᠢᠭ ᠪᠣᠯᠣᠨ᠎ᠠ᠃ ᠨᠠᠶᠢᠬᠡᠮ ᠲᠤᠭᠤᠷᠢᠭ ᠤᠨ ᠶᠡᠷᠦᠩᠬᠡᠢ ᠲᠡᠯᠡᠪᠡᠢ 16 ᠳᠡᠭᠰᠢ ᠳᠦᠷᠪᠡᠯᠵᠢᠨ ᠺᠢᠯᠤᠮᠧᠲᠷ᠂ ᠵᠢᠷᠭᠤᠭᠠᠨ ᠰᠠᠭᠤᠭᠠᠯᠢ ᠠᠷᠠᠳ ᠤᠨ ᠲᠤᠭᠤᠷᠢᠭ ᠲᠠᠢ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠳ  ᠰᠢᠯᠵᠢᠭᠰᠡᠨ ᠮᠠᠯᠴᠢᠨ ᠲᠠᠷᠢᠶᠠᠴᠢᠨ ᠪᠠ ᠭᠠᠳᠠᠨ᠎ᠠ ᠭᠠᠵᠠᠷ ᠠᠴᠠ ᠢᠷᠡᠭᠰᠡᠳ ᠢᠶᠠᠷ ᠭᠤᠤᠯᠯᠠᠨ᠂ ᠮᠣᠩᠭᠤᠯ ᠦᠨᠳᠦᠰᠦᠲᠠᠨ ᠢᠶᠠᠷ ᠭᠤᠤᠯ ᠴᠤᠭᠴᠠ ᠪᠤᠯᠭᠠᠵᠤ᠂ ᠬᠢᠲᠠᠳ ᠦᠨᠳᠦᠰᠦᠲᠡᠨ ᠣᠯᠠᠩᠬᠢ ᠲᠤᠭ᠎ᠠ ᠶᠢ ᠡᠵᠡᠯᠡᠨ᠂ ᠤᠯᠠᠨ ᠦᠨᠳᠦᠰᠦᠲᠡᠨ ᠬᠤᠯᠢᠯᠳᠣᠨ ᠰᠠᠭᠤᠷᠢᠰᠢᠭᠰᠠᠨ ᠲᠤᠭᠤᠷᠢᠭ ᠪᠣᠯᠬᠤ ᠶᠤᠮ᠃ ᠨᠠᠶᠢᠬᠡᠮ ᠲᠤᠭᠤᠷᠢᠭ ᠤᠨ ᠨᠠᠮ ᠤᠨ ᠡᠭᠦᠷ ᠤᠶᠤᠨᠴᠢ ᠨᠠᠮ ᠤᠨ ᠪᠠᠶᠢᠭᠤᠯᠤᠯᠲᠠ ᠶᠢᠨ ᠢᠨᠵᠧᠨᠧᠷᠢᠩ ᠤᠨ ᠳᠠᠶᠢᠴᠢᠯᠠᠯᠲᠠ ᠶᠢᠨ ᠳᠣᠣᠷ᠎ᠠ ︽ᠨᠢᠭᠡ ᠶᠢ ᠵᠢᠯᠤᠭᠤᠳᠤᠨ ᠲᠠᠪᠤ ᠶᠢ ᠳᠠᠶᠢᠴᠢᠯᠠᠵᠤ ᠲᠠᠪᠤ ᠶᠢ ᠣᠷᠣᠨᠵᠢᠭᠤᠯᠬᠤ︾ ᠠᠵᠢᠯ ᠤᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠂ ᠨᠠᠮ ᠤᠨ ᠪᠠᠶᠢᠭᠤᠯᠤᠯᠲᠠ ᠪᠠᠷ ᠦᠪᠡᠷᠲᠡᠭᠡᠨ ᠵᠠᠰᠠᠬᠤ ᠶᠢ ᠵᠢᠯᠤᠭᠤᠳᠬᠤ᠂ ᠤᠯᠠᠨ ᠲᠦᠮᠡᠨ ᠤ ᠬᠤᠯᠪᠤᠭᠠᠯᠠᠯ ᠢᠶᠠᠷ ᠣᠶᠣᠨ ᠪᠢᠯᠡᠭ ᠢ ᠳᠠᠶᠢᠴᠢᠯᠠᠬᠤ᠂ ᠤᠯᠠᠨ ᠡᠰᠢᠵᠡᠯ ᠢᠶᠠᠷ ᠠᠷᠠᠳ ᠢ ᠬᠠᠷᠠᠭᠠᠯᠵᠠᠬᠤ ᠦᠢᠯᠡᠴᠢᠯᠡᠭᠡᠨ ᠤ ᠳᠠᠪᠴᠠᠩ ᠢ ᠪᠠᠶᠢᠭᠤᠯᠵᠤ᠂ ᠨᠠᠶᠢᠬᠡᠮ ᠲᠤᠭᠤᠷᠢᠭ ᠤᠨ ᠡᠯ᠎ᠡ ᠲᠦᠷᠦᠯ ᠤᠨ ᠠᠵᠢᠯ ᠢ ᠡᠮᠬᠢ ᠴᠡᠭᠴᠡ ᠲᠠᠢ ᠦᠷᠨᠢᠭᠦᠯᠬᠦ  ᠶᠢ ᠪᠦᠲᠦᠮᠵᠢᠲᠡᠢ ᠪᠠᠲᠤᠯᠠᠪᠠ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ