ᠤᠳᠤᠭ ᠤᠨ ᠡᠮᠤᠨᠡᠳᠤ ᠬᠤᠰᠢᠭᠤ 1980 ᠤᠨ ᠳᠤ ᠪᠠᠶᠢᠭᠤᠯᠤᠭᠳᠠᠵᠤ᠂ ᠤᠷᠳᠤᠰ ᠬᠤᠳᠠ ᠶᠢᠨ ᠪᠠᠷᠠᠭᠤᠨ ᠡᠮᠤᠨᠡᠳᠤ ᠬᠡᠰᠡᠭ ᠲᠤ ᠪᠠᠶᠢᠷᠢᠯᠠᠨ᠂ ᠦᠪᠤᠷ | ᠮᠤᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠤᠷᠤᠨ ᠤ ᠠᠭᠤᠯᠵᠠᠷ ᠲᠤ ᠪᠠᠶᠢᠷᠢᠰᠢᠵᠤ᠂ ᠪᠦᠬᠦ ᠬᠤᠰᠢᠭᠤᠨ ᠤ ᠶᠡᠷᠤᠩᠬᠡᠢ ᠳᠠᠯᠠᠪᠠᠢ 1.22 ᠲᠦᠮᠡᠨ ᠳᠡᠭᠰᠢ | ᠲᠦᠷᠪᠡᠯᠵᠢᠨ ᠺᠢᠯᠤᠮᠧᠲᠷ᠂ ᠬᠠᠷᠢᠶᠠᠨ ᠳᠤᠨᠢ 4 ᠪᠠᠯᠭᠠᠰᠤ᠂ 1 ᠦᠪᠡᠷᠳᠡᠬᠡᠨ ᠵᠠᠰᠠᠬᠤ ᠤᠷᠤᠨ ᠤ ᠨᠢᠬᠡᠳᠣᠭᠡᠷ ᠲᠦᠷᠦᠯ ᠤᠨ ᠠᠵᠤ ᠤᠶᠢᠯᠡᠤᠨᠪᠤᠷᠢ ᠶᠢᠨ ᠬᠦᠷᠢᠶᠡᠯᠡᠩ᠂ | 68 ᠭᠠᠴᠠᠭ᠎ᠠ ᠳᠤᠰᠬᠤᠨ᠂ 17 ᠨᠠᠶᠢᠬᠡᠮ ᠳᠤᠭᠤᠷᠢᠭ ᠲᠠᠢ᠂ ᠪᠠᠶᠢᠩᠭᠤ ᠰᠠᠭᠤᠭ᠎ᠠ ᠬᠦᠮᠤᠨ ᠠᠮᠠ 9.42 ᠲᠦᠮᠡ᠂ ᠡᠬᠦᠨ ᠳᠤ ᠮᠤᠩᠭᠤᠯ ᠦᠨᠳᠤᠰᠤᠳᠠᠨ ᠤ ᠬᠦᠮᠤᠨ | ᠠᠮᠠ ᠪᠠᠷᠤᠭ ᠶᠡᠷᠤᠩᠬᠡᠢ ᠬᠦᠮᠤᠨ ᠠᠮᠠ ᠶᠢᠨ 30% ᠶᠢ ᠡᠵᠡᠯᠡᠨ᠎ᠡ᠃ ᠣᠯᠣᠰ ᠤᠨ ᠪᠣᠯᠪᠠᠰᠣᠨ ᠰᠢᠶᠠᠨ ᠤ ᠬᠤᠲᠠ᠂ ᠣᠯᠣᠰ ᠤᠨ ᠠᠮᠢ ᠠᠬᠤᠢ ᠶᠢᠨ ᠪᠣᠯᠪᠠᠰᠣᠨ ᠤ | ᠪᠠᠶᠢᠭᠤᠯᠣᠯᠲᠠ ᠶᠢᠨ ᠲᠠᠭᠤᠷᠢᠶᠠᠯ ᠬᠤᠰᠢᠭᠤ᠂ ᠣᠯᠣᠰ ᠤᠨ ᠴᠡᠴᠡᠷᠯᠢᠭᠵᠢᠬᠦᠯᠬᠡ ᠶᠢᠨ ᠰᠢᠶᠠᠨ ᠤ ᠬᠤᠲᠠ᠂ ᠣᠯᠣᠰ ᠤᠨ ᠡᠷᠡᠬᠦᠯ ᠬᠠᠮᠠᠭᠠᠯᠠᠯ ᠤᠨ ᠬᠤᠰᠢᠭᠤ᠂ ᠪᠦᠬᠦ | ᠣᠯᠣᠰ ᠤᠨ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠤᠯᠲᠡ ᠶᠢᠨ ᠲᠠᠭᠤᠷᠢᠶᠠᠯ ᠬᠤᠰᠢᠭᠤ᠂ ᠠᠩᠬᠠᠳᠠᠭᠴᠢ ᠪᠦᠯᠦᠭ ᠤᠨ ᠪᠦᠬᠦ ᠣᠯᠣᠰ ᠤᠨ ᠨᠡᠶᠢᠬᠡᠮ ᠤᠨ | ᠵᠠᠰᠠᠯᠲᠠ ᠶᠢᠨ ᠰᠢᠨᠡᠴᠢᠯᠡᠯ ᠤᠨ ᠰᠢᠯᠢᠳᠡᠭ ᠭᠠᠵᠠᠷ ᠣᠷᠣᠨ ᠵᠡᠷᠭᠡ 10 ᠭᠠᠷᠣᠢ ᠣᠯᠣᠰ ᠤᠨ ᠲᠡᠰ ᠤᠨ ᠠᠯᠳᠠᠷ ᠴᠣᠯᠠ ᠲᠠᠢ᠂ ᠣᠯᠣᠰ ᠤᠨ ᠪᠠᠷᠠᠭᠤᠨ ᠣᠷᠣᠨ ᠤ | ᠵᠠᠭᠤᠨ ᠬᠦᠴᠦᠷᠬᠡᠭ ᠰᠢᠶᠠᠨ ᠤ ᠨᠢᠬᠡ ᠪᠣᠯᠣᠨ᠎ᠠ᠃ | 2023 ᠣᠨ ᠳᠤ ᠤᠳᠤᠭ ᠤᠨ ᠡᠮᠤᠨᠡᠳᠤ ᠬᠤᠰᠢᠭᠤ ᠳᠠᠶᠠᠭᠠᠷ ᠢᠶᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠵᠤ ᠳᠤᠤᠱᠯᠠᠭᠤᠯᠤᠨ᠂ ᠳᠡᠬᠡᠳᠤ ᠱᠠᠳᠤᠨ ᠤ ᠡᠯ᠎ᠡ ᠲᠦᠷᠦᠯ ᠤᠨ ᠰᠢᠢᠳᠪᠣᠷᠢ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ | ᠨᠠᠶᠢᠲᠠᠪᠣᠷᠢᠵᠢᠭᠤᠯᠵᠣ᠂ ︽ᠭᠠᠷᠮᠠᠭᠠᠶᠢᠯᠠᠨ ᠲᠠᠪᠰᠢᠬᠤ ᠣᠲᠤᠭ ᠤᠨ ᠡᠮᠣᠨᠡᠲᠣ ᠬᠤᠰᠢᠭᠤᠨ︾ ᠤ ᠰᠢᠨ᠎ᠡ ᠠᠶᠠᠨ ᠳᠤ ᠵᠠᠮᠨᠠᠨ᠂ ︽ᠲᠦᠷᠪᠡᠨ ᠣᠷᠣᠨ︾ ᠤ ᠪᠠᠶᠢᠭᠤᠯᠣᠯᠲᠠ ᠶᠢ | ᠬᠦᠴᠦᠲᠠᠢ ᠠᠬᠢᠭᠤᠯᠣᠭᠠᠳ᠂ ᠪᠦᠬᠦ ᠵᠢᠯ ᠤᠨ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 7% ᠪᠠᠷ ᠨᠡᠮᠡᠭᠳᠡᠨ᠂ 288 ᠳ᠋ᠦᠩᠰᠢᠭᠤᠷ | ᠲᠦᠬᠦᠷᠢᠭ ᠲᠤ ᠬᠦᠷᠴᠦ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ 45.2% ᠢᠶᠠᠷ ᠨᠡᠮᠡᠭᠳᠡᠨ᠂ 136 ᠳ᠋ᠦᠩᠰᠢᠭᠤᠷ ᠲᠦᠬᠦᠷᠢᠭ ᠲᠤ ᠬᠦᠷᠴᠦ᠂ | ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠤᠩᠬᠡᠢ ᠦᠷᠳᠡᠭ 4% ᠪᠠᠷ ᠨᠡᠮᠡᠭᠳᠡᠨ᠂ 26.6 ᠳ᠋ᠦᠩᠰᠢᠭᠤᠷ ᠲᠦᠬᠦᠷᠢᠭ ᠲᠤ ᠬᠦᠷᠴᠦ᠂ | ᠬᠡᠪᠴᠢᠶᠡᠵᠢᠯ ᠠᠴᠠ ᠳᠡᠬᠡᠭᠰᠢᠬᠢ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ 7.3% ᠪᠠᠷ ᠨᠡᠮᠡᠭᠳᠡᠨ᠂ ᠡᠳ᠋ ᠤᠨ ᠵᠠᠰᠠᠭ ᠤᠨ ᠣᠷᠣᠯᠭ᠎ᠠ 19.4% ᠪᠠᠷ ᠨᠡᠮᠡᠭᠳᠡᠵᠦ᠂ | 20.54 ᠳ᠋ᠦᠩᠰᠢᠭᠤᠷ ᠲᠦᠬᠦᠷᠢᠭ ᠲᠤ ᠬᠦᠷᠦᠨ᠂ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ ᠲᠣᠰᠪᠣᠷᠢ 56470 ᠲᠦᠬᠦᠷᠢᠭ ᠪᠠ 27900 ᠲᠦᠬᠦᠷᠢᠭ ᠲᠤ ᠬᠦᠷᠴᠦ᠂ ᠲᠣᠰᠪᠣᠷᠢ 5% ᠪᠠ 7% ᠪᠠᠷ ᠨᠡᠮᠡᠭᠳᠡᠪᠡ᠃ 2024 ᠤᠨ ᠳᠤ ᠪᠦᠬᠦ | ᠵᠢᠯ ᠤᠨ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠢ 8% ᠠᠴᠠ ᠲᠡᠬᠡᠭᠰᠢ ᠨᠡᠮᠡᠭᠳᠡᠬᠦᠯᠣᠨ᠂ 330 ᠳ᠋ᠥᠩᠰᠢᠭᠤᠷ ᠲᠦᠭᠦᠷᠢᠭ ᠲᠤ ᠬᠦᠷᠬᠡᠬᠦ | ᠪᠠᠷ ᠴᠢᠷᠮᠠᠶᠢᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 10% ᠠᠴᠠ ᠲᠡᠬᠡᠭᠰᠢ ᠨᠡᠮᠡᠭᠳᠡᠬᠦᠯᠣᠨ᠂ ᠲᠤᠭᠲᠠᠮᠠᠯ | ᠬᠦᠷᠦᠩᠭᠡ ᠶᠢᠨ ᠪᠡᠯᠡ ᠣᠷᠣᠭᠤᠯᠣᠯᠲᠠ ᠶᠢ 30% ᠠᠴᠠ ᠲᠡᠬᠡᠭᠰᠢ ᠨᠡᠮᠡᠭᠳᠡᠬᠦᠯᠵᠣ᠂ 177 ᠳ᠋ᠦᠩᠰᠢᠭᠤᠷ ᠲᠦᠬᠦᠷᠢᠭ ᠠᠴᠠ ᠲᠠᠪᠠᠭᠤᠯᠬᠤ ᠪᠠᠷ ᠴᠢᠷᠮᠠᠶᠢᠨ᠂ ᠡᠩ ᠤᠨ | ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 9% ᠣᠷᠴᠢᠮ ᠨᠡᠮᠡᠭᠳᠡᠬᠦᠯᠵᠣ᠂ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠣᠷᠣᠯᠠᠭᠤᠯᠬᠤ ᠶᠡᠷᠤᠩᠬᠡᠢ | ᠦᠷᠳᠡᠭ ᠢ 6% ᠪᠠᠷ ᠨᠡᠮᠡᠭᠳᠡᠬᠦᠯᠣᠨ᠂ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ | ᠲᠣᠰᠪᠣᠷᠢ 5% ᠪᠠ 7% ᠪᠠᠷ ᠨᠡᠮᠡᠭᠳᠡᠬᠦᠯᠣᠨ᠎ᠡ᠃ | ᠤᠳᠤᠭ ᠤᠨ ᠡᠮᠤᠨᠡᠳᠤ ᠬᠤᠰᠢᠭᠤ ᠮᠠᠨᠢ ᠡᠬᠢ ᠪᠠᠶᠠᠯᠢᠭ ᠡᠯᠪᠡᠭ ᠲᠡᠯᠪᠡᠭ᠂ ᠠᠮᠢ ᠠᠬᠤᠢ ᠦᠪᠡᠷᠮᠢᠴᠡ ᠭᠤᠴᠤ᠂ ᠲᠡᠤᠬᠡ ᠣᠯᠪᠠᠭ᠎ᠠ ᠲᠠᠢ ᠨᠣᠲᠤᠭ ᠶᠣᠮ᠃ | ᠨᠣᠲᠤᠭ ᠣᠰᠣᠨ ᠳᠤ ᠨᠢ ᠡᠬᠢ ᠪᠠᠶᠠᠯᠢᠭ ᠡᠯᠪᠡᠭ᠂ ᠡᠳ᠋ ᠠᠭᠤᠷᠠᠰᠣᠨ ᠲᠡᠯᠪᠡᠭ᠂ ᠨᠡᠬᠦᠷᠡᠰᠣᠨ ᠤ ᠠᠯᠤᠰ ᠤᠨ ᠲᠦᠰᠤᠪᠯᠡᠭᠰᠡᠨ ᠬᠠᠳᠠᠭᠠᠯᠠᠭᠳᠠᠴᠠ 500 ᠳ᠋ᠦᠩᠰᠢᠭᠤᠷ | ᠳᠤᠨ ᠠᠴᠠ ᠳᠡᠬᠡᠭᠰᠢ᠂ ᠰᠢᠳᠠᠮᠠᠬᠠᠢ ᠬᠡᠢ ᠶᠢᠨ ᠠᠯᠤᠰ ᠤᠨ ᠲᠦᠰᠤᠪᠯᠡᠭᠰᠡᠨ ᠬᠠᠳᠠᠭᠠᠯᠠᠭᠳᠠᠴᠠ 1.32 ᠳ᠋ᠦᠩᠰᠢᠭᠤᠷ ᠬᠦᠪ ᠮᠧᠲᠷ᠂ ᠴᠢᠯᠠᠭᠤᠨ ᠳᠤᠰᠤᠨ ᠤ | ᠠᠯᠤᠰ ᠤᠨ ᠲᠦᠰᠤᠪᠯᠡᠭᠰᠡᠨ ᠬᠠᠳᠠᠭᠠᠯᠠᠭᠳᠠᠴᠠ 1.8 ᠳ᠋ᠦᠩᠰᠢᠭᠤᠷ ᠳᠤᠨ᠂ ᠳᠠᠪᠤᠰᠤ᠂ ᠴᠠᠰᠤᠨ ᠴᠠᠭᠠᠨ ᠬᠤᠵᠢᠷ᠂ ᠵᠤᠭᠠᠩ᠂ ᠪᠤᠴᠠᠯᠭᠠᠭᠤᠷ ᠴᠢᠯᠠᠭᠤ᠂ ᠴᠢᠨᠠᠷᠯᠢᠭ ᠪᠤᠷᠤ | ᠸᠠᠭᠠᠷ ᠤᠨ ᠰᠢᠷᠤᠢ ᠵᠡᠷᠬᠡ ᠶᠢᠨ ᠬᠠᠳᠠᠭᠠᠯᠠᠭᠳᠠᠴᠠ ᠡᠯᠪᠡᠭ᠂ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠤᠨ ᠨᠡᠬᠡᠬᠡᠯᠲᠡ ᠠᠰᠢᠭᠯᠠᠯᠲᠠ ᠶᠢᠨ ᠠᠯᠣᠰ ᠤᠨ | ᠲᠦᠯᠦᠪ ᠵᠠᠭᠤᠢ ᠰᠠᠶᠢᠨ᠃ ᠰᠤᠶᠤᠯ ᠵᠢᠭᠤᠯᠴᠢᠯᠠᠯ ᠤᠨ ᠡᠬᠢ ᠪᠠᠶᠠᠯᠢᠭ ᠦᠪᠡᠷᠮᠢᠴᠠ᠂ ᠳᠠᠯ᠎ᠠ ᠨᠤᠳᠤᠭ᠂ ᠨᠤᠭᠤ ᠭᠠᠵᠠᠷ᠂ ᠡᠯᠡᠰᠤ ᠮᠠᠩᠬ᠎ᠠ᠂ ᠭᠤᠤᠯ ᠤᠨ ᠬᠦᠨᠳᠠᠢ᠂ | ᠡᠷᠳᠠᠨ ᠤ ᠪᠠᠭᠤᠷᠢ ᠵᠡᠷᠬᠡ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠡᠷᠳᠡᠨ ᠤ ᠪᠤᠷᠤᠳᠤᠬᠤᠢ ᠬᠦᠮᠤᠨ ᠤ ᠪᠠᠭᠤᠷᠢ᠂ ᠶᠸᠤᠵᠸᠤ ᠶᠢᠨ ᠡᠷᠳᠠᠨ ᠤ ᠬᠤᠳᠠ᠂ ᠮᠢᠩ | ᠤᠯᠤᠰ ᠤᠨ ᠴᠠᠭᠠᠨ ᠬᠡᠷᠡᠮ ᠵᠡᠷᠬᠡ ᠳᠡᠤᠬᠡ ᠶᠢᠨ ᠳᠤᠷᠠᠰᠬᠠᠯᠳᠤ ᠵᠦᠢᠯᠡᠰ ᠪᠠ ᠳᠠᠬᠢᠯᠳᠤ ᠶᠢᠨ ᠠᠵᠢᠯᠯᠠᠬᠤ ᠬᠤᠷᠢᠶ᠎ᠠ᠂ ᠸᠠᠩ ᠵᠧᠨ ᠤ ᠬᠤᠤᠨᠳᠤᠭ᠂ ᠶᠠᠨ ᠠᠨ ᠤ | ᠦᠨᠳᠤᠰᠤᠳᠠᠨ ᠤ ᠳᠡᠬᠡᠳᠤ ᠰᠤᠷᠭᠠᠭᠤᠯᠢ ᠵᠡᠷᠬᠡ ᠬᠤᠪᠢᠰᠬᠠᠯᠳᠤ ᠳᠡᠤᠬᠡ ᠶᠢᠨ ᠤᠯᠪᠠᠭ᠎ᠠ ᠲᠠᠢ᠂ ︽ᠳᠤᠮᠳᠠᠳᠤ ᠤᠯᠤᠰ ᠤᠨ ᠤᠷᠳᠤᠰ ᠠᠳᠤᠭᠤᠨ ᠰᠤᠶᠤᠯ ᠤᠨ | ᠬᠠᠮᠠᠭᠠᠯᠠᠯᠳᠠ ᠶᠢᠨ ᠰᠠᠭᠤᠷᠢᠨ ᠭᠠᠵᠠᠷ︾᠂ ︽ᠳᠤᠮᠳᠠᠳᠤ ᠤᠯᠤᠰ ᠤᠨ ᠤᠷᠳᠤᠰ ᠬᠤᠷᠢᠮ ᠤᠨ ᠰᠤᠶᠤᠯ ᠤᠯᠠᠮᠵᠢᠯᠠᠯ ᠤᠨ ᠰᠠᠭᠤᠷᠢᠨ ᠭᠠᠵᠠᠷ︾᠂ ︽ᠳᠤᠮᠳᠠᠳᠤ | ᠤᠯᠤᠰ ᠤᠨ ᠤᠷᠳᠤᠰ ᠪᠦᠬᠡ ᠶᠢᠨ ᠰᠤᠶᠤᠯ ᠤᠨ ᠦᠯᠤᠬᠡᠢ︾᠂ ︽ᠳᠤᠮᠳᠠᠳᠤ ᠤᠯᠤᠰ ᠤᠨ ᠬᠠᠮᠤᠭ ᠰᠤᠳᠤᠨ ᠰᠡᠯᠡᠬᠦᠴᠡᠯ ᠵᠢᠭᠤᠯᠴᠢᠯᠠᠯ ᠤᠨ ᠬᠠᠷᠠᠯᠳᠠᠳᠤ ᠭᠠᠵᠠᠷ︾᠂ | ︽ᠠᠷᠠᠤᠨ ᠤᠨ ᠭᠠᠯ ᠳᠠᠬᠢᠯᠭ᠎ᠠ ᠶᠢᠨ ᠰᠤᠶᠤᠯ ᠤᠨ ᠦᠯᠤᠬᠡᠢ︾᠂ ︽ᠦᠪᠤᠷ ᠮᠤᠩᠭᠤᠯ ᠤᠨ ᠬᠤᠪᠢᠰᠬᠠᠯᠳᠤ ᠰᠤᠶᠤᠯ ᠤᠨ ᠦᠯᠤᠬᠡᠢ︾ ᠵᠡᠷᠬᠡ 10 ᠭᠠᠷᠤᠢ | ᠰᠤᠶᠤᠯ ᠤᠨ ᠨᠡᠷᠡᠳᠤ ᠳᠡᠮᠳᠡᠭ ᠲᠠᠢ᠂ ᠤᠷᠳᠤᠰ ᠬᠤᠷᠢᠮ ᠤᠨ ᠰᠤᠶᠤᠯ ᠤᠨ ᠤᠯᠠᠮᠵᠢᠯᠠᠭᠴᠢ ᠰᠤᠨᠤᠮ᠂ ᠤᠷᠳᠤᠰ ᠠᠷᠠᠤᠨ ᠤᠨ ᠳᠠᠭᠤᠨ ᠤ ᠤᠯᠠᠮᠵᠢᠯᠠᠭᠴᠢ ᠬᠠᠯᠵᠠᠨ | ᠪᠤᠳᠠᠰ ᠤᠨ ᠪᠤᠰᠤ ᠰᠤᠶᠤᠯ ᠤᠨ ᠦᠪ ᠤᠨ ᠤᠯᠤᠰ ᠤᠨ ᠳᠡᠰ ᠤᠨ ᠲᠦᠯᠤᠬᠡᠯᠡᠭᠴᠢ ᠴᠢᠨᠠᠷ ᠲᠠᠢ ᠤᠯᠠᠮᠵᠢᠯᠠᠭᠴᠢ ᠪᠠᠷ ᠰᠤᠩᠭᠤᠭᠳᠠᠨ᠂ ᠤᠯᠤᠰ ᠤᠨ 4A ᠳᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ 3᠂ 3A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ 2᠂ 2A ᠳᠡᠰ ᠤᠨ ᠵᠢᠭᠤᠯᠴᠢᠯᠠᠯ ᠤᠨ ᠦᠵᠡᠮᠵᠢ ᠶᠢᠨ | ᠤᠷᠤᠨ 1 ᠪᠣᠢ᠃ | ᠤᠳᠤᠭ ᠤᠨ ᠡᠮᠤᠨᠡᠳᠤ ᠬᠤᠰᠢᠭᠤ ᠮᠠᠨᠢ ᠠᠵᠣ ᠦᠢᠯᠡᠰ ᠦᠷᠨᠢᠬᠦᠨ ᠪᠠᠳᠠᠷᠠᠩᠭᠤᠢ᠂ ᠬᠦᠭᠵᠢᠯ ᠤᠨ ᠰᠠᠭᠤᠷᠢ ᠪᠠᠲᠣ ᠵᠣᠵᠠᠭᠠᠨ᠂ ᠦᠵᠡᠰᠬᠦᠯᠡᠩᠲᠣ ᠭᠤᠶᠢᠳᠠ | ᠨᠣᠲᠤᠭ ᠶᠣᠮ᠃ ᠨᠣᠲᠤᠭ ᠣᠰᠣᠨ ᠤ ᠠᠵᠤ ᠦᠢᠯᠡᠳᠪᠣᠷᠢ ᠶᠢᠨ ᠬᠦᠳᠡᠯᠬᠡᠬᠦᠷ ᠬᠦᠴᠦᠨ ᠤ ᠦᠢᠯᠡᠳᠣᠯ ᠢᠯᠡᠳᠲᠡ ᠴᠢᠩᠭᠠᠳᠴᠤ᠂ ᠷᠦᠨ ᠶᠠᠩ ᠤᠨ ᠨᠠᠷᠠᠨ | ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ᠂ 4GW ᠲᠣᠮᠣ ᠰᠠᠭᠤᠷᠢᠨ ᠭᠠᠵᠠᠷ᠂ ᠱᠧᠨ᠋ᠵᠧᠨ ᠤ ᠡᠨᠧᠷᠬᠢ ᠵᠡᠷᠬᠡ ᠨᠢᠬᠡ ᠪᠦᠯᠦᠭ ᠴᠢᠬᠤᠯᠠ ᠶᠡᠭᠡ | ᠲᠦᠷᠦᠯ ᠵᠦᠢᠯ ᠢᠳᠡᠯᠢᠭ ᠶᠠᠪᠣᠭᠳᠠᠨ᠂ ᠨᠡᠬᠦᠷᠡᠰᠣ᠂ ᠨᠡᠬᠦᠷᠡᠰᠣᠨ ᠬᠢᠮᠢ᠂ ᠰᠢᠲᠠᠮᠠᠬᠠᠢ ᠬᠡᠢ ᠶᠢᠨ ᠭᠠᠷᠣᠯᠲᠠ ᠲᠣᠰ ᠲᠣᠰ 2200 ᠲᠦᠮᠡᠨ ᠲᠣᠨ᠂ 104 | ᠲᠦᠮᠡᠨ ᠲᠣᠨ᠂ 66.3 ᠳ᠋ᠦᠩᠰᠢᠭᠤᠷ ᠬᠦᠪ ᠮᠧᠲᠷ ᠲᠤ ᠬᠦᠷᠦᠨ᠂ ᠰᠠᠯᠬᠢᠨ ᠬᠦᠴᠦ ᠨᠠᠷᠠᠨ ᠡᠨᠧᠷᠬᠢ ᠭᠠᠯ ᠴᠠᠬᠢᠯᠭᠠᠨ ᠤ ᠬᠠᠳᠠᠭᠠᠯᠠᠯᠲᠠ᠂ ᠰᠠᠯᠬᠢᠨ ᠬᠦᠴᠦ | ᠨᠠᠷᠠᠨ ᠡᠨᠧᠷᠬᠢ ᠣᠰᠣᠳᠦ᠋ᠷᠦᠭᠴᠢ ᠡᠨᠧᠷᠬᠢ ᠶᠢᠨ ᠬᠠᠳᠠᠭᠠᠯᠠᠯᠲᠠ ᠶᠢᠨ ᠴᠣᠭᠴᠠᠵᠢᠭᠰᠠᠨ ᠪᠦᠬᠦ ᠠᠵᠣ ᠦᠢᠯᠡᠰ ᠤᠨ ᠬᠡᠯᠬᠢᠶᠡᠵᠢᠯ ᠶᠠᠭ ᠬᠤᠣᠰ ᠨᠡᠬᠦᠷᠡᠰᠦᠳᠦ᠋ᠷᠦᠭᠴᠢ | ᠶᠢᠨ ᠦᠢᠯᠡᠳᠣᠯᠬᠡ ᠶᠢᠨ ᠬᠤᠰᠢᠭᠤᠴᠢ ᠣᠷᠣᠨ ᠢ ᠪᠣᠢ ᠪᠣᠯᠭᠠᠵᠣ ᠪᠣᠢ︔ ᠮᠠᠯ ᠲᠠᠷᠢᠶᠠᠯᠠᠩ ᠤᠨ ᠬᠦᠭᠵᠢᠯᠲᠡ ᠶᠢᠨ ᠬᠠᠨᠳᠣᠰᠢ ᠢᠯᠡᠷᠬᠡᠢ ᠴᠢᠩᠭᠠᠷᠴᠤ᠂ ᠣᠲᠤᠭ ᠤᠨ | ᠡᠮᠣᠨᠡᠳᠣ ᠬᠤᠰᠢᠭᠤᠨ ᠤ ᠭᠠᠵᠠᠷ ᠵᠦᠢ ᠶᠢᠨ ᠢᠯᠡᠳᠭᠡᠯ ᠱᠣᠰᠢᠭᠠᠲᠣ ᠮᠠᠯ ᠲᠠᠷᠢᠶᠠᠯᠠᠩ ᠤᠨ ᠪᠦᠲᠦᠬᠡᠭᠳᠡᠬᠦᠨ ᠪᠦᠬᠦ ᠣᠯᠣᠰ ᠤᠨ ᠵᠠᠬ᠎ᠠ ᠲᠡᠯᠬᠡᠬᠦᠷ ᠲᠤ ᠭᠠᠷᠣᠨ᠂ ᠮᠠᠯ | ᠤᠨ ᠪᠣᠷᠣᠯᠠᠭᠤᠯᠭ᠎ᠠ 120 ᠲᠦᠮᠡ ᠶᠢ ᠲᠠᠪᠠᠵᠣ᠂ ᠨᠣᠣᠯᠣᠭᠤᠷ ᠤᠨ ᠭᠠᠷᠣᠯᠲᠠ 452 ᠲᠣᠨ ᠳᠤ ᠬᠦᠷᠦᠨ᠂ ᠢᠳᠡᠰᠢᠨ ᠨᠣᠭᠤᠭᠠᠨ ᠤ ᠤᠨᠠᠯᠲᠠ 11 ᠲᠦᠮᠡᠨ | ᠲᠣᠨ ᠳᠤ ᠬᠦᠷᠴᠦ᠂ ᠶᠠᠭ ᠬᠦᠳᠡᠭᠡ ᠲᠣᠰᠬᠤᠨ ᠢ ᠬᠦᠭᠵᠢᠬᠦᠯᠤᠨ ᠮᠠᠨᠳᠣᠭᠤᠯᠬᠤ ᠲᠠᠭᠤᠷᠢᠶᠠᠯ ᠣᠷᠣᠨ ᠢ ᠴᠣᠭᠴᠠᠯᠠᠵᠣ ᠪᠣᠢ︔ ᠣᠳᠣ ᠦᠶ᠎ᠡ ᠶᠢᠨ | ᠦᠢᠯᠡᠴᠢᠯᠡᠬᠡᠨ ᠤ ᠦᠢᠯᠡᠰ ᠤᠨ ᠨᠦᠬᠡᠴᠡ ᠲᠠᠪᠠᠭᠤᠯᠢᠭ ᠲᠣᠪᠣᠶᠢᠨ ᠢᠯᠡᠷᠡᠵᠣ᠂ ᠬᠤᠪᠢᠰᠬᠠᠯᠲᠣ ᠬᠦᠮᠦᠵᠢᠯ ᠪᠣᠯᠪᠠᠰᠣᠷᠠᠯ᠂ ᠬᠤᠪᠢᠰᠬᠠᠯᠲᠣ ᠰᠣᠳᠣᠯᠣᠨ | ᠰᠣᠷᠣᠯᠴᠠᠯᠭ᠎ᠠ ᠢᠳᠡ ᠬᠦᠭ ᠲᠠᠢ ᠶᠠᠪᠣᠭᠳᠠᠨ᠂ ᠬᠤᠪᠢᠰᠬᠠᠯᠲᠣ ᠬᠦᠮᠦᠵᠢᠯ ᠢᠶᠠᠷ ᠠᠭᠤᠯᠬᠤᠨ ᠪᠣᠯᠭᠠᠭᠰᠠᠨ ᠪᠦᠬᠦ ᠴᠠᠷᠠᠭᠠᠨ ᠤ ᠵᠢᠭᠤᠯᠴᠢᠯᠠᠯ ᠪᠦᠬᠦ ᠲᠠᠯ᠎ᠠ ᠪᠠᠷ | ᠦᠷᠨᠢᠵᠣ᠂ ᠪᠦᠬᠦ ᠣᠯᠣᠰ ᠤᠨ ᠡᠯ᠎ᠡ ᠭᠠᠵᠠᠷ ᠤᠨ ᠰᠣᠷᠣᠯᠴᠠᠨ ᠵᠢᠭᠤᠯᠴᠢᠯᠠᠭᠰᠠᠳ ᠢ 142.8 ᠲᠦᠮᠡᠨ ᠬᠦᠮᠦᠨ ᠣᠳᠠᠭ᠎ᠠ ᠬᠦᠯᠢᠶᠡᠨ ᠠᠪᠴᠣ᠂ ᠶᠠᠭ | ᠬᠤᠪᠢᠰᠬᠠᠯᠲᠣ ᠰᠣᠶᠣᠯ ᠢ ᠣᠯᠠᠮᠵᠢᠯᠠᠨ ᠵᠠᠯᠭᠠᠮᠵᠢᠯᠠᠬᠤ ᠣᠷᠣᠨ ᠢ ᠪᠠᠶᠢᠭᠤᠯᠵᠣ ᠪᠣᠢ᠃ | ᠤᠳᠤᠭ ᠤᠨ ᠡᠮᠤᠨᠡᠳᠤ ᠬᠤᠰᠢᠭᠤ ᠮᠠᠨᠢ ᠴᠢᠯᠦᠬᠡᠲᠡᠢ ᠨᠡᠬᠡᠬᠡᠯᠲᠡᠲᠡᠢ ᠠᠭᠤᠳᠠᠮᠴᠢ ᠪᠠᠭᠲᠠᠭᠠᠮᠵᠢᠲᠠᠢ᠂ ᠠᠷᠠᠯᠵᠢᠶ᠎ᠠ ᠬᠤᠳᠠᠯᠳᠣᠭᠠᠨ ᠤ ᠲᠣᠬᠢᠶᠠᠯ ᠬᠢᠵᠠᠭᠠᠷᠬᠦᠢ᠂ | ᠠᠲᠠᠯ ᠪᠣᠰᠬᠠᠬᠤ ᠠᠵᠠᠲᠠᠢ ᠨᠣᠲᠤᠭ ᠶᠣᠮ᠃ ᠡᠨᠡ ᠬᠦ ᠨᠣᠲᠤᠭ ᠣᠰᠣᠨ ᠦᠪᠤᠷ ᠮᠤᠩᠭᠤᠯ᠂ ᠱᠠᠨᠰᠢ᠂ ᠨᠢᠩᠰᠢᠶᠠ ᠶᠢᠨ ᠡᠨᠧᠷᠬᠢ ᠬᠢᠮᠢ ᠶᠢᠨ ᠠᠵᠤ | ᠤᠶᠢᠯᠡᠤᠨᠪᠤᠷᠢ ᠶᠢᠨ ︽ᠠᠯᠳᠠᠨ ᠭᠤᠷᠪᠠᠯᠵᠢᠨ ᠬᠤᠶᠢᠭ︾ ᠤᠨ ᠠᠵᠣ ᠠᠬᠤᠢ ᠶᠢᠨ ᠪᠦᠰᠡ ᠶᠢᠨ ᠤᠶᠠᠯᠳᠤᠯ ᠬᠡᠰᠡᠭ ᠲᠤ ᠪᠠᠶᠢᠷᠢᠯᠠᠨ᠂ ᠬᠦᠬᠡᠬᠤᠳᠠ᠂ ᠪᠤᠭᠤᠳᠤ᠂ | ᠤᠷᠳᠤᠰ᠂ ᠢᠷᠭᠠᠢ᠂ ᠲᠡᠮᠡᠬᠡᠳᠣ ᠶᠢᠨ ᠠᠵᠤ ᠠᠬᠤᠢ ᠶᠢᠨ ᠪᠦᠰᠠ ᠶᠢᠨ ᠴᠢᠬᠤᠯᠠ ᠪᠦᠷᠢᠯᠳᠤᠬᠦᠨ ᠬᠡᠰᠡᠭ ᠪᠣᠯᠬᠤ ᠶᠣᠮ᠃ ᠬᠤᠰᠢᠭᠤᠨ ᠤ ᠬᠢᠵᠠᠭᠠᠷ ᠳᠠᠬᠢ | S216 ᠱᠣᠭᠤᠮ᠂ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠬᠡᠨ ᠤ ᠵᠠᠮ᠂ 2 ᠵᠣᠷᠪᠣᠰ ᠵᠢᠭᠤᠯᠴᠢᠯᠠᠯ ᠤᠨ ᠵᠠᠰᠠᠮᠠᠯ ᠵᠠᠮ ᠵᠡᠷᠬᠡ ᠨᠢ ᠵᠡᠬᠦᠨᠰᠢ ᠪᠠᠨ | ᠪᠣᠭᠤᠲᠣ ᠠᠴᠠ ᠮᠣᠣ ᠮᠢᠩ ᠬᠦᠷᠬᠦ ᠲᠦᠷᠬᠡᠨ ᠤ ᠵᠠᠮ᠂ ᠡᠮᠣᠨᠡᠰᠢ ᠪᠠᠨ ᠴᠢᠩᠳᠤᠤ ᠠᠴᠠ ᠢᠷᠭᠠᠢ ᠬᠦᠷᠬᠦ ᠲᠦᠷᠬᠡᠨ ᠤ ᠵᠠᠮ᠂ ᠪᠠᠷᠠᠭᠤᠨᠰᠢ ᠪᠠᠨ ᠪᠡᠬᠡᠵᠢᠩ ᠠᠴᠠ | ᠲᠦᠪᠡᠤᠨ ᠬᠦᠷᠬᠦ ᠲᠦᠷᠬᠡᠨ ᠤ ᠵᠠᠮ᠂ ᠣᠮᠠᠷᠠᠰᠢ ᠪᠠᠨ ᠷᠦᠩ ᠴᠧᠩ ᠠᠴᠠ ᠦᠬᠠᠢ ᠬᠦᠷᠬᠦ ᠲᠦᠷᠬᠡᠨ ᠤ ᠵᠠᠮ ᠲᠠᠢ ᠬᠤᠯᠪᠣᠯᠳᠣᠨ᠂ ᠰᠠᠨ ᠰᠢᠨ ᠲᠡᠮᠣᠷ ᠵᠠᠮ᠂ ᠰᠢᠨ | ᠱᠠᠩ ᠲᠡᠮᠣᠷ ᠵᠠᠮ ᠡᠮᠣᠨ᠎ᠡ ᠣᠮᠠᠷ᠎ᠠ ᠵᠠᠬᠦᠨ ᠪᠠᠷᠠᠭᠤᠨ ᠢ ᠨᠡᠪᠳᠡᠷᠡᠯᠴᠡᠬᠦᠯᠵᠣ᠂ ᠣᠲᠤᠭ ᠤᠨ ᠡᠮᠣᠨᠡᠲᠣ ᠬᠤᠰᠢᠭᠤᠨ ᠤ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ | ᠪᠦᠬᠦ ᠣᠷᠣᠨ ᠤ ᠠᠩᠬᠠᠳᠠᠭᠴᠢ 3C ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠪᠣᠯᠵᠣ ᠲᠡᠰ ᠲᠠᠪᠰᠢᠨ᠂ ᠲᠦᠷᠪᠡᠨ ᠵᠦᠭ᠂ ᠲᠣᠳᠣᠨᠡ ᠭᠠᠳᠠᠨ᠎ᠠ᠂ ᠠᠭᠠᠷ | ᠬᠠᠭᠤᠷᠠᠢ ᠶᠢ ᠬᠤᠯᠪᠣᠭᠰᠠᠨ ᠪᠡᠶᠡᠲᠣ ᠵᠠᠮ ᠬᠠᠷᠢᠯᠴᠠᠭᠠᠨ ᠤ ᠲᠣᠣᠷ ᠢ ᠪᠦᠷᠢᠯᠳᠣᠬᠦᠯᠵᠣ᠂ ᠣᠲᠤᠭ ᠤᠨ ᠡᠮᠣᠨᠡᠳᠣ ᠬᠤᠰᠢᠭᠤᠨ ᠳᠤ ᠮᠠᠨᠢ ᠬᠤᠪᠣᠷ ᠣᠯᠳᠠᠬᠤ | ᠬᠦᠭᠵᠢᠯᠲᠡ ᠶᠢᠨ ᠲᠣᠬᠢᠶᠠᠯ ᠣᠯᠭᠤᠭᠰᠠᠨ ᠪᠣᠯᠬᠤᠷ ᠤᠷᠤᠨ ᠪᠠᠶᠢᠷᠢᠰᠢᠯ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠣᠨ᠂ ᠨᠢᠩᠰᠢᠶᠠ ᠶᠢᠨ ᠢᠷᠭᠠᠢ ᠬᠤᠲᠠ ᠪᠠ | ᠱᠠᠨᠰᠢ ᠶᠢᠨ ᠲᠡᠮᠡᠬᠡᠲᠣ ᠬᠤᠲᠠ ᠯᠤᠭ᠎ᠠ ᠶᠢᠨ ᠪᠦᠬᠦ ᠲᠠᠯ᠎ᠠ ᠶᠢᠨ ᠬᠠᠮᠳᠣᠷᠠᠯᠴᠠᠭ᠎ᠠ ᠪᠠᠨ ᠬᠦᠨᠵᠡᠬᠡᠶᠢᠷᠡᠬᠦᠯᠵᠣ᠂ ᠶᠠᠭ ᠣᠷᠣᠨ ᠪᠦᠰᠡ ᠶᠢᠨ ᠬᠠᠮᠳᠣᠷᠠᠯᠴᠠᠭᠠᠨ ᠤ ᠵᠢᠱᠢᠶ᠎ᠡ | ᠦᠵᠡᠬᠦᠯᠬᠦ ᠣᠷᠣᠨ ᠢ ᠪᠠᠶᠢᠭᠤᠯᠵᠣ ᠪᠤᠢ᠃ | 2024 ᠣᠨ ᠳᠤ ᠣᠲᠤᠭ ᠤᠨ ᠡᠮᠣᠨᠡᠳᠣ ᠬᠤᠰᠢᠭᠤ ᠲᠦᠪ ᠬᠤᠷᠢᠶ᠎ᠠ᠂ ᠦᠪᠡᠷᠲᠡᠬᠡᠨ ᠵᠠᠰᠠᠬᠤ ᠣᠷᠣᠨ ᠪᠣᠯᠣᠨ ᠬᠤᠲᠠ ᠶᠢᠨ ᠡᠯ᠎ᠡ ᠲᠦᠷᠦᠯ ᠤᠨ | ᠪᠠᠶᠢᠷᠢᠯᠠᠭᠤᠯᠣᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠲᠠᠪᠣᠷᠢᠵᠢᠭᠤᠯᠣᠨ᠂ ᠶᠡᠷᠤᠩᠬᠡᠢ ᠱᠦᠵᠢ ᠰᠢ ᠶᠢᠨ ᠫᠢᠩ ᠠᠴᠠ ᠦᠪᠣᠷ ᠮᠣᠩᠭᠤᠯ ᠤᠨᠦᠪᠡᠷᠲᠡᠬᠡᠨ ᠵᠠᠰᠠᠬᠤ | ᠣᠷᠣᠨ ᠳᠤ ᠲᠣᠰᠢᠶᠠᠭᠰᠠᠨ ︽ ᠲᠠᠪᠣᠨ ᠶᠡᠭᠡ ᠡᠬᠦᠷᠬᠡ︾ ᠪᠠ ︽ᠵᠢᠱᠢᠶᠡᠴᠢ ᠦᠪᠡᠷᠲᠡᠬᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠡᠬᠦᠷᠬᠡ ᠶᠢ | ᠪᠦᠲᠦᠮᠵᠢᠲᠡᠢ ᠰᠠᠶᠢᠲᠣᠷ ᠪᠡᠶᠡᠯᠡᠬᠦᠯᠵᠣ᠂ ᠬᠤᠲᠠ ᠶᠢᠨ ︽ᠭᠤᠷᠪᠠᠨ ᠲᠦᠷᠪᠡ︾ ᠶᠢᠨ ᠬᠠᠷᠠᠯᠲᠠ ᠱᠠᠭᠠᠷᠳᠠᠯᠭ᠎ᠠ ᠶᠣᠰᠣᠭᠠᠷ ᠪᠣᠳᠠᠲᠠᠢ ᠣᠪᠣᠷ᠂ ᠦᠨᠳᠣᠷ ᠪᠠᠷᠢᠮᠵᠢᠶ᠎ᠡ᠂ | ᠡᠷᠴᠢᠮᠲᠠᠢ ᠠᠪᠴᠠᠯ ᠢᠶᠠᠷ ᠠᠵᠢᠯᠯᠠᠨ᠂ ︽ᠲᠦᠷᠦᠯ ᠵᠦᠢᠯ ᠢ ᠰᠢᠪᠲᠣᠯᠬᠤ᠂ ᠠᠵᠣ ᠦᠢᠯᠡᠰ ᠢ ᠰᠢᠯᠢᠳᠡᠭᠵᠢᠬᠦᠯᠬᠦ᠂ ᠨᠠᠶᠢᠲᠠᠪᠣᠷᠢᠵᠢᠭᠤᠯᠣᠯᠲᠠ ᠶᠢ ᠠᠳᠬᠤᠬᠤ ᠂ | ᠪᠦᠲᠦᠮᠵᠢ ᠶᠢ ᠲᠡᠬᠡᠭᠰᠢᠯᠡᠬᠦᠯᠬᠦ︾ ᠰᠢᠪᠲᠣᠯᠣᠯᠲᠠ ᠶᠢᠨ ᠣᠨ ᠤ ᠠᠵᠢᠯᠯᠠᠭ᠎ᠠ ᠶᠢ ᠡᠷᠴᠢᠲᠠᠢ ᠶᠠᠪᠣᠭᠳᠠᠭᠤᠯᠵᠣ᠂ ︽ᠲᠦᠷᠪᠡᠨ ᠣᠷᠣᠨ︾ ᠤ ᠪᠠᠶᠢᠭᠤᠯᠣᠯᠲᠠ ᠪᠠᠨ | ᠦᠷᠬᠦᠯᠵᠢᠬᠦᠶᠢᠴᠡ ᠠᠬᠢᠭᠤᠯᠣᠨ᠂ ᠲᠣᠮᠳᠠᠳᠣ ᠣᠯᠣᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠣ ᠦᠢᠯᠡᠳᠣᠯᠬᠡ ᠲᠣᠮᠳᠠ ︽ᠭᠠᠷᠮᠠᠭᠠᠶᠢᠯᠠᠨ ᠲᠠᠪᠰᠢᠬᠤ | ᠣᠲᠤᠭ ᠤᠨ ᠡᠮᠣᠨᠡᠲᠣ ᠬᠤᠰᠢᠭᠤᠨ︾ ᠤ ᠵᠢᠪᠬᠤᠯᠠᠩᠲᠣ ᠬᠠᠭᠤᠳᠠᠰᠣ ᠶᠢ ᠴᠢᠷᠮᠠᠶᠢᠨ ᠪᠢᠴᠢᠭᠯᠡᠨ᠎ᠡ᠃ |