ᠰᠢᠷ᠎ᠠ ᠬᠤᠰᠢᠭᠤ ᠭᠠᠴᠠᠭ᠎ᠠ ᠨᠠᠩᠰᠤ ᠪᠠᠯᠭᠠᠰᠤᠨ ᠠᠴᠠ ᠪᠠᠷᠠᠭᠤᠨ ᠬᠤᠶᠢᠰᠢ 75 ᠺᠢᠯᠤᠮᠧᠲᠷ ᠲᠤ ᠪᠠᠶᠢᠷᠢᠯᠠᠵᠤ ᠪᠤᠢ᠂ 5 ᠮᠠᠯᠵᠢᠯ ᠤᠨ ᠬᠤᠷᠰᠢᠶ᠎ᠠ᠂ ᠨᠠᠶᠢᠲᠠ | 139 ᠡᠷᠦᠬᠡ 389 ᠬᠦᠮᠦᠨ ᠲᠠᠢ᠂ ᠪᠠᠶᠢᠩᠭᠤ ᠰᠠᠭᠤᠷᠢᠰᠢᠬᠤ 81 ᠡᠷᠦᠬᠡ 304 ᠬᠦᠮᠦᠨ᠂ 2012 ᠣᠨ ᠳᠤ ᠬᠤᠲᠠ ᠬᠦᠳᠡᠭᠡ ᠶᠢᠨ ᠨᠢᠭᠡᠳᠦᠯᠲᠡᠢ | ᠲᠦᠯᠦᠪᠵᠢᠬᠦᠯᠦᠯᠲᠡ ᠪᠠᠷ 19 ᠡᠷᠦᠬᠡ ᠶᠢ ᠰᠢᠯᠵᠢᠭᠦᠯᠪᠡ᠂ ᠭᠠᠴᠠᠭᠠᠨ ᠤ ᠭᠠᠵᠠᠷ ᠰᠢᠷᠦᠢ ᠶᠢᠨ ᠶᠡᠷᠦᠩᠬᠡᠢ ᠲᠠᠯᠠᠪᠡᠢ 42.3 ᠲᠦᠮᠡᠨ ᠮᠤ᠋᠂ ᠣᠰᠣᠯᠠᠯᠲᠠ ᠶᠢᠨ | ᠭᠠᠵᠠᠷ ᠤᠨ ᠶᠡᠷᠦᠩᠬᠡᠢ ᠲᠡᠯᠡᠪᠡᠢ 7575 ᠮᠤ᠋᠂ ᠮᠠᠯ ᠤᠨ ᠶᠡᠷᠦᠩᠬᠡᠢ ᠲᠤᠭ᠎ᠠ 1 ᠲᠦᠮᠡ ᠲᠤᠯᠤᠭᠠᠢ᠃ ᠵᠢᠩᠬᠢᠨᠢ ᠨᠠᠮ ᠤᠨ ᠭᠡᠰᠢᠭᠦᠨ 25 ᠬᠦᠮᠦᠨ᠂ ᠡᠭᠦᠨ ᠤ | ᠲᠣᠲᠣᠷ᠎ᠠ ᠡᠷᠡᠭᠲᠡᠢ ᠨᠠᠮ ᠤᠨ ᠭᠡᠰᠢᠬᠦᠨ 15 ᠬᠦᠮᠦᠨ᠂ 60% ᠶᠢ ᠡᠵᠡᠯᠡᠨ᠎ᠡ︔ ᠡᠮᠡᠭᠲᠡᠢ ᠨᠠᠮ ᠤᠨ ᠭᠡᠰᠢᠬᠦᠨ 10 ᠬᠦᠮᠦᠨ᠂ 40% ᠶᠢ ᠡᠵᠡᠯᠡᠨ᠎ᠡ᠃ ᠨᠠᠰᠤ | ᠪᠠᠷ ᠬᠤᠪᠢᠶᠠᠷᠢᠯᠠᠪᠠᠯ᠂ 35 ᠨᠠᠰᠤ ᠠᠴᠠ ᠳᠤᠷᠤᠭᠰᠢᠬᠢ ᠨᠠᠮ ᠤᠨ ᠭᠡᠰᠢᠬᠦᠨ 3 ᠬᠦᠮᠦᠨ᠂ 12% ᠢ ᠡᠵᠡᠯᠡᠨ᠎ᠡ︔ 36 ᠠᠴᠠ 45 ᠨᠠᠰᠤᠨ ᠤ ᠨᠠᠮ ᠤᠨ | ᠬᠡᠰᠢᠬᠦᠨ 11 ᠬᠦᠮᠦᠨ᠂ 44% ᠶᠢ ᠡᠵᠡᠯᠡᠨ᠎ᠡ︔ 46 ᠠᠴᠠ 59 ᠨᠠᠰᠤᠨ ᠤ ᠨᠠᠮ ᠤᠨ ᠭᠡᠰᠢᠬᠦᠨ 2 ᠬᠦᠮᠦᠨ᠂ 8% ᠶᠢ ᠡᠵᠡᠯᠡᠨ᠎ᠡ︔ 60 ᠨᠠᠰᠤᠨ ᠠᠴᠠ | ᠳᠡᠭᠡᠭᠰᠢᠬᠢ ᠨᠠᠮ ᠤᠨ ᠭᠡᠰᠢᠬᠦᠨ 7 ᠬᠦᠮᠦᠨ᠂ 28% ᠶᠢ ᠡᠵᠡᠯᠡᠨ᠎ᠡ᠃ ᠰᠤᠶᠤᠯ ᠤᠨ ᠬᠢᠷᠢ ᠬᠡᠮᠵᠢᠶ᠎ᠡ ᠪᠠᠷ ᠬᠤᠪᠢᠶᠠᠷᠢᠯᠠᠪᠠᠯ᠂ ᠠᠩᠬ᠎ᠠ ᠳᠣᠮᠳᠠᠳᠤ᠂ ᠳᠣᠮᠳᠠᠳᠤ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠡᠭᠦᠨ ᠠᠴᠠ ᠳᠣᠷᠣᠭᠰᠢ ᠰᠤᠶᠤᠯ ᠤᠨ ᠬᠡᠮᠵᠢᠶ᠎ᠡ ᠲᠠᠢ 20 ᠬᠦᠮᠦᠨ᠂ 80% ᠶᠢ ᠡᠵᠡᠯᠡᠨ᠎ᠡ︔ ᠳᠡᠭᠡᠳᠦ | ᠳᠣᠮᠳᠠᠳᠤ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠡᠬᠦᠨ ᠠᠴᠠ ᠳᠡᠭᠡᠭᠰᠢᠬᠢ ᠰᠤᠶᠤᠯ ᠤᠨ ᠬᠡᠮᠵᠢᠶ᠎ᠡ ᠲᠠᠢ 5 ᠬᠦᠮᠦᠨ᠂ 20% ᠶᠢ | ᠡᠵᠡᠯᠡᠨ᠎ᠡ᠃ ᠠᠵᠢᠯ ᠲᠦᠷᠦᠯ ᠢᠶᠠᠷ ᠬᠤᠪᠢᠶᠠᠷᠢᠯᠠᠪᠠᠯ᠂ ᠮᠠᠯᠴᠢᠨ ᠲᠠᠷᠢᠶᠠᠴᠢᠨ ᠨᠠᠮ ᠤᠨ ᠭᠡᠰᠢᠬᠦᠨ 21 ᠬᠦᠮᠦᠨ᠂ 84% ᠶᠢ ᠡᠵᠡᠯᠡᠵᠦ᠂ ᠭᠠᠳᠠᠭᠰᠢ ᠭᠠᠷᠴᠤ | ᠬᠦᠳᠡᠯᠮᠦᠷᠢᠯᠡᠭᠰᠡᠨ ᠵᠢᠴᠢ ᠲᠤᠰ ᠨᠣᠲᠤᠭ ᠤᠨ ᠠᠵᠤ ᠠᠬᠤᠶᠢᠯᠠᠯ ᠳᠤ ᠠᠷᠠᠯᠵᠢᠶ᠎ᠠ ᠬᠢᠬᠦ ᠪᠤᠶᠤ ᠠᠵᠢᠯᠯᠠᠵᠤ ᠪᠠᠶᠢᠭ᠎ᠠ ᠨᠠᠮ ᠤᠨ ᠭᠡᠰᠢᠬᠦᠨ 4 ᠬᠦᠮᠦᠨ᠂ 16% ᠶᠢ | ᠡᠵᠡᠯᠡᠨ᠎ᠡ᠃ ᠭᠠᠴᠠᠭᠠᠨ ᠤ ᠬᠠᠮᠲᠤ ᠶᠢᠨ ᠨᠤᠲᠤᠭ ᠪᠡᠯᠴᠢᠭᠡᠷ 18000 ᠮᠤ᠋᠂ 2017 ᠣᠨ ᠳᠤ ᠮᠠᠯᠴᠢᠨ ᠲᠠᠷᠢᠶᠠᠴᠢᠨ ᠤ ᠬᠦᠮᠦᠨ ᠳᠤᠮᠳᠠᠴᠢ ᠶᠢᠨ ᠴᠡᠪᠡᠷ | ᠣᠷᠣᠯᠭ᠎ᠠ 14562 ᠲᠦᠭᠦᠷᠢᠭ ᠲᠤ ᠬᠦᠷᠴᠦ᠂ ᠬᠠᠮᠲᠤ ᠶᠢᠨ ᠠᠵᠤ ᠠᠬᠤᠢ ᠶᠢᠨ ᠣᠷᠣᠯᠭ᠎ᠠ 6.8 ᠲᠦᠮᠡᠨ ᠲᠦᠭᠦᠷᠢᠭ ᠲᠤ ᠬᠦᠷᠪᠡ᠃ 2011 ᠣᠨ ᠠᠴᠠ | ᠡᠬᠢᠯᠡᠨ ᠪᠦᠬᠦ ᠬᠡᠰᠢᠭᠦᠳ ᠤᠨ ᠦᠨᠳᠦᠰᠦᠨ ᠨᠠᠰᠤᠵᠢᠯ ᠤᠨ ᠲᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠭᠡ ᠶᠢᠨ ᠵᠠᠷᠣᠳᠠᠯ ᠢ ᠭᠠᠴᠠᠭᠠᠨ | ᠠᠴᠠ ᠡᠭᠦᠷᠭᠡᠯᠡᠪᠡ᠃ ᠬᠤᠶᠢᠰᠢᠳᠠ᠂ ᠰᠢᠷ᠎ᠠ ᠬᠤᠰᠢᠭᠤ ᠭᠠᠴᠠᠭᠠᠨ ᠤ ᠨᠠᠮ ᠤᠨ ᠡᠭᠦᠷ ︽ᠦᠯᠵᠡᠶᠢᠲᠦ ᠮᠠᠯᠴᠢᠳ︾ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠲᠡᠭ | ᠢ ᠭᠡᠷᠡᠭᠵᠢᠬᠦᠯᠦᠨ᠂ ᠠᠮᠢ ᠠᠬᠤᠢ ᠶᠢ ᠰᠠᠶᠢᠵᠢᠷᠠᠭᠤᠯᠤᠨ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠪᠠ ᠮᠠᠯ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ | ᠳᠣᠬᠢᠷᠠᠭᠤᠯᠬᠤ ᠪᠠᠷ ᠠᠷᠭ᠎ᠠ ᠪᠠᠷᠢᠯ ᠪᠣᠯᠭᠠᠵᠤ᠂ ᠨᠠᠮ ᠤᠨ ᠡᠭᠦᠷ ᠠᠴᠠ ᠦᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠴᠢᠨᠡᠭᠡᠯᠢᠭᠵᠡᠯ ᠤᠨ ᠵᠠᠮ ᠢᠶᠠᠷ ᠵᠠᠮᠨᠠᠨ᠂ | ᠣᠳᠣ ᠦᠶ᠎ᠡ ᠶᠢᠨ ᠮᠠᠯ ᠠᠵᠤ ᠠᠬᠤᠢ ᠶᠢᠨ ᠬᠠᠮᠲᠤᠷᠠᠯ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠣᠳᠣ ᠦᠶ᠎ᠡ ᠶᠢᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ | ᠡᠷᠦᠬᠡ ᠶᠢ 10 ᠡᠷᠦᠬᠡ᠂ ︽ᠪᠡᠭᠡᠵᠢᠩ ᠠᠶᠢᠯ︾ ᠢ 15 ᠡᠷᠦᠬᠡ ᠨᠡᠮᠡᠭᠳᠡᠭᠦᠯᠦᠨ᠂ ᠦᠪᠡᠷ ᠤᠨ ᠣᠨᠴᠠᠯᠢᠭᠲᠤ ᠠᠵᠤ ᠦᠢᠯᠡᠰ ᠢ ᠢᠳᠡᠪᠬᠢᠲᠡᠢ ᠪᠠᠷ ᠬᠦᠭᠵᠢᠬᠦᠯᠦᠨ᠎ᠡ᠃ | |