ᠰᠢᠷ᠎ᠠ ᠵᠠᠳᠠᠭᠠᠢ ᠲᠣᠰᠬᠤᠨ
ᠨᠡᠶᠢᠲᠡᠯᠡᠭᠰᠡᠨ ᠴᠠᠭ᠄
2024/4/16
     ᠰᠢᠷ᠎ᠠ ᠵᠠᠳᠠᠭᠠᠢ ᠲᠣᠰᠬᠤᠨ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ  ᠠᠴᠠ 17 ᠺᠢᠯᠣᠮᠧᠲᠷ ᠵᠠᠶᠢᠲᠠᠢ᠃ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 6.2 ᠲᠦᠮᠡᠨ ᠮᠣ᠋᠂ ᠭᠠᠵᠠᠷ ᠤᠨ ᠪᠠᠶᠢᠴᠠ ᠨᠢ ᠴᠠᠶᠢᠳᠠᠮ ᠪᠠ ᠰᠢᠯᠢ ᠪᠠᠷ ᠭᠤᠣᠯᠯᠠᠨ᠎ᠠ᠂ ᠡᠬᠦᠨ ᠳᠤ ᠨᠣᠲᠤᠭ ᠪᠡᠯᠴᠢᠬᠡᠷ 10829 ᠮᠣ᠋᠂ ᠣᠢ ᠶᠢᠨ ᠭᠠᠵᠠᠷ 35787 ᠮᠣ᠋᠂ ᠣᠰᠣᠨ ᠭᠠᠵᠠᠷ 15423 ᠮᠣ᠋᠂ 6 ᠲᠠᠷᠢᠶᠠᠯᠠᠩ ᠤᠨ ᠬᠤᠷᠰᠢᠶ᠎ᠠ᠂ 375 ᠡᠷᠣᠬᠡ 1132 ᠬᠦᠮᠦᠨ ᠠᠮᠠ ᠲᠠᠢ᠂ ᠪᠠᠶᠢᠩᠭᠤ ᠰᠠᠭᠤᠭ᠎ᠠ 202 ᠡᠷᠣᠬᠡ 649 ᠬᠦᠮᠦᠨ᠂ 21 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 1᠂ 60 ᠨᠠᠰᠣ ᠶᠢ ᠲᠠᠪᠠᠭᠰᠠᠨ ᠨᠠᠮ ᠤᠨ ᠬᠡᠰᠢᠬᠦᠨ 12 ᠪᠣᠢ᠃  ᠯᠠᠵᠣᠣ ᠲᠠᠷᠢᠬᠤ ᠪᠠᠷ ᠭᠤᠣᠯ ᠠᠵᠣ ᠦᠢᠯᠡᠰ  ᠢᠶᠠᠨ ᠪᠣᠯᠭᠠᠵᠣ᠂ ᠠᠮᠣ ᠪᠣᠳᠠᠭᠠᠨ ᠤ ᠶᠡᠷᠣᠩᠬᠡᠢ ᠣᠨᠠᠯᠲᠠ 2000 ᠲᠣᠨ᠂ ᠵᠢᠯ ᠤᠨ ᠮᠠᠯ ᠤᠨ ᠪᠣᠷᠣᠯᠠᠭᠤᠯᠣᠯᠲᠠ 3.5 ᠲᠦᠮᠡᠨ ᠲᠣᠯᠣᠭᠠᠢ ᠬᠦᠷᠳᠡᠭ᠃ 2017 ᠣᠨ  ᠳᠤ ᠲᠣᠰᠬᠤᠨ ᠤ ᠬᠠᠮᠳᠣ ᠶᠢᠨ ᠠᠵᠣ ᠠᠬᠤᠢ ᠶᠢᠨ ᠣᠷᠣᠯᠭ᠎ᠠ 60000 ᠲᠦᠬᠦᠷᠢᠭ᠂ ᠪᠠᠶᠢᠩᠭᠤ ᠰᠠᠭᠤᠭ᠎ᠠ ᠬᠦᠮᠦᠨ ᠠᠮᠠ ᠶᠢᠨ ᠡᠵᠡᠮᠳᠡᠵᠣ ᠪᠣᠯᠬᠤ ᠲᠣᠮᠳᠠᠴᠢ ᠣᠷᠣᠯᠭ᠎ᠠ 22000 ᠲᠦᠬᠦᠷᠢᠭ ᠲᠤ ᠬᠦᠷᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ