ᠳᠠᠬᠢᠯᠲᠤ ᠨᠡᠶᠢᠬᠡᠮ ᠲᠤᠭᠤᠷᠢᠭ ᠪᠣᠯ 2006 ᠣᠨ ᠤ 1 ᠰᠠᠷ᠎ᠠ ᠳᠤ ᠣᠣᠯ ᠤᠨ ᠲᠠᠬᠢᠯᠲᠤ ᠰᠠᠭᠤᠭᠠᠯᠢ ᠠᠷᠠᠳ ᠤᠨ ᠵᠦᠪᠯᠡᠯ ᠢ ᠦᠭᠡᠷᠡᠴᠢᠯᠡᠨ | ᠪᠠᠶᠢᠭᠤᠯᠤᠭᠰᠠᠨ ᠣᠲᠤᠭ ᠤᠨ ᠡᠮᠦᠨᠡᠲᠦ ᠬᠤᠰᠢᠭᠤᠨ ᠤ ᠠᠩᠬᠠᠳᠠᠭᠴᠢ ᠬᠦᠳᠡᠭᠡ ᠲᠤᠰᠬᠤᠨ ᠤ ᠨᠠᠶᠢᠬᠡᠮ ᠲᠤᠭᠤᠷᠢᠭ ᠪᠣᠯᠣᠨ᠎ᠠ᠃ ᠣᠯᠵᠠᠴᠢ ᠪᠠᠯᠭᠠᠰᠤᠨ ᠠᠴᠠ | ᠪᠠᠷᠠᠭᠤᠨ ᠡᠮᠦᠨ᠎ᠡ 10 ᠺᠢᠯᠤᠮᠧᠲᠷ ᠵᠠᠶᠢᠲᠠᠢ᠂ ᠦᠪᠦᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠣᠷᠣᠨ ᠤ ᠠᠭᠤᠯᠵᠠᠷ ᠭᠠᠵᠠᠷ ᠲᠤ ᠪᠠᠶᠢᠷᠢᠯᠠᠵᠤ ᠪᠤᠢ᠃ | ᠬᠠᠷᠢᠶ᠎ᠠ ᠲᠤᠭᠤᠷᠢᠭ ᠤᠨ ᠶᠡᠷᠦᠩᠬᠡᠢ ᠲᠡᠯᠡᠪᠡᠢ 2.4 ᠳᠡᠭᠰᠢ ᠳᠦᠷᠪᠡᠯᠵᠢᠨ ᠺᠢᠯᠤᠮᠧᠲᠷ᠂ 2005 ᠣᠨ ᠳᠤ ᠤᠯᠤᠰ ᠤᠨ ᠲᠠᠷᠢᠶᠠᠯᠠᠩ ᠤᠨ ᠶᠠᠮᠤᠨ ᠠᠴᠠ | ᠨᠡᠷᠡᠶᠢᠳᠦᠭᠰᠡᠨ ᠳᠠᠬᠢᠯᠲᠤ ᠶᠢᠨ ᠠᠮᠢᠲᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ 2006 ᠤᠨ ᠳᠤ ᠪᠠᠶᠢᠭᠤᠯᠤᠭᠰᠠᠨ ᠪᠦᠬᠦ ᠬᠤᠰᠢᠭᠤᠨ ᠤ ᠮᠠᠯᠴᠢᠨ | ᠲᠠᠷᠢᠶᠠᠴᠢᠨ ᠤ ᠪᠤᠯᠪᠠᠰᠤᠷᠠᠯ ᠤᠨ ᠦᠢᠯᠡᠴᠢᠯᠡᠭᠡᠨ ᠤ ᠲᠦᠪ ᠲᠠᠢ᠃ | ᠣᠶᠢᠷ᠎ᠠ ᠶᠢᠨ ᠵᠢᠯ ᠳᠤ ᠳᠠᠬᠢᠯᠲᠤ ᠨᠠᠶᠢᠬᠡᠮ ᠲᠤᠭᠤᠷᠢᠭ ᠤᠨ ᠨᠠᠮ ᠤᠨ ᠡᠭᠦᠷ ︽ᠨᠢᠭᠡ ᠭᠤᠷᠪᠠ ᠲᠠᠪᠤ︾ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ︵ | ︽ᠨᠢᠭᠡ︾ ᠭᠡᠳᠡᠭ ᠪᠣᠯ ᠳᠠᠷᠣᠢ ᠨᠡᠶᠢᠬᠡᠮ ᠲᠤᠭᠤᠷᠢᠭ ᠤᠨ ᠨᠠᠮ ᠤᠨ ᠡᠭᠦᠷ ᠢᠶᠠᠷ ᠭᠤᠤᠯ ᠪᠤᠯᠭᠠᠵᠤ᠂ ︽ᠨᠡᠶᠢᠬᠡᠮ ᠲᠤᠭᠤᠷᠢᠭ ᠲᠤ ᠬᠠᠶᠢᠷ᠎ᠠ ᠬᠠᠯᠠᠮᠵᠢ ᠪᠠᠨ | ᠨᠡᠮᠡᠷᠢᠯᠡᠵᠦ᠂ ᠡᠶ᠎ᠡ ᠵᠤᠬᠢᠴᠠᠩᠭᠤᠢ ᠭᠡᠷ ᠣᠷᠣᠨ ᠢᠶᠠᠨ ᠪᠠᠶᠢᠭᠤᠯᠬᠤ︾ ᠪᠠᠷ ᠠᠴᠢᠶᠠᠯᠠᠭᠴᠢ ᠪᠤᠯᠭᠠᠨ᠂ ᠨᠡᠶᠢᠬᠡᠮ ᠲᠤᠭᠤᠷᠢᠭ ᠤᠨ ᠡᠯ᠎ᠡ ᠲᠦᠷᠦᠯ ᠤᠨ ᠠᠵᠢᠯ ᠢ | ᠠᠬᠢᠭᠤᠯᠤᠨ᠎ᠠ︔ ︽ᠭᠤᠷᠪᠠ︾ ᠭᠡᠳᠡᠭ ᠪᠣᠯ ᠳᠠᠷᠤᠢ ᠨᠠᠮ ᠤᠨ ᠭᠡᠰᠢᠭᠦᠳ᠂ ᠰᠠᠶᠢᠨ ᠳᠣᠷᠠᠴᠤᠳ᠂ ᠲᠤᠤᠷᠵᠢᠯ ᠬᠠᠮᠢᠶᠠᠷᠤᠯᠲᠠ ᠶᠢᠨ ᠭᠡᠰᠢᠭᠦᠳ ᠵᠡᠷᠭᠡ ᠭᠤᠷᠪᠠᠨ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ︔ ︽ᠲᠠᠪᠤ︾ ᠭᠡᠳᠡᠭ ᠪᠤᠯ ᠳᠠᠷᠤᠢ ᠲᠦᠪᠯᠡᠷᠡᠩᠭᠦᠢ ᠦᠢᠯᠡᠴᠢᠯᠡᠭᠡ᠂ ᠬᠠᠤᠯᠢ ᠴᠠᠭᠠᠵᠠ ᠶᠢᠨ ᠦᠢᠯᠡᠴᠢᠯᠡᠭᠡ᠂ | ᠰᠣᠶᠣᠯ ᠴᠡᠩᠭᠡᠭᠦᠨ᠂ ᠬᠡᠪ ᠴᠢᠨᠠᠷ ᠤᠨ ᠳᠡᠭᠡᠭᠰᠢᠯᠡᠭᠦᠯᠦᠯᠲᠡ᠂ ᠵᠠᠮ ᠬᠠᠷᠢᠯᠴᠠᠭᠠᠨ ᠤ ᠠᠮᠤᠷ ᠳᠦᠪᠰᠢᠨ ᠵᠡᠷᠭᠡ ᠠᠷᠠᠳ ᠲᠤ ᠳᠦᠭᠦᠮ ᠦᠵᠡᠭᠦᠯᠬᠦ ᠲᠠᠪᠤᠨ | ᠦᠢᠯᠡᠴᠢᠯᠡᠭᠡᠨ ᠤ ᠳᠠᠪᠴᠠᠩ ᠢ ᠪᠠᠶᠢᠭᠤᠯᠤᠨ᠎ᠠ︶ ᠢ ᠰᠦᠪᠡᠭᠴᠢᠯᠡᠨ ᠬᠡᠷᠡᠭᠵᠢᠬᠦᠯᠵᠦ᠂ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠠᠴᠢᠶᠠᠯᠠᠭᠴᠢ ᠶᠢ ᠣᠯᠠᠮ ᠨᠢᠭᠡ | ᠠᠯᠬᠤᠮ ᠦᠷᠭᠡᠳᠬᠡᠨ᠂ ᠦᠢᠯᠡᠴᠢᠯᠡᠭᠡᠨ ᠤ ᠬᠢᠷᠢ ᠳᠦᠪᠰᠢᠨ ᠢ ᠢᠯᠡᠳᠲᠡ ᠳᠡᠭᠡᠭᠰᠢᠯᠡᠭᠦᠯᠪᠡ᠃ |