1 — 2 ᠰᠠᠷ᠎ᠠ ᠳᠤ᠂ ᠣᠲᠤᠭ ᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠤᠨ ᠡᠷᠬᠢᠯᠲᠡ ᠶᠢᠨ ᠪᠠᠶᠢᠳᠠᠯ ᠣᠬᠢ ᠰᠠᠶᠢᠨ ᠪᠠᠶᠢᠵᠦ᠂ | ᠡᠵᠡᠩᠨᠡᠯᠲᠡ ᠶᠢᠨ ᠣᠷᠣᠯᠭ᠎ᠠ ᠲᠤᠭᠲᠠᠭᠤᠨ ᠢᠶᠠᠷ ᠨᠡᠮᠡᠭᠳᠡᠪᠡ᠃ 1 — 2 ᠰᠠᠷ᠎ᠠ ᠳᠤ᠂ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 18930 | ᠲᠦᠮᠡᠨ ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 49.2% ᠢᠶᠠᠷ ᠨᠡᠮᠡᠭᠳᠡᠨ᠂ ᠪᠦᠬᠦ | ᠬᠤᠲᠠ ᠶᠢᠨ ᠨᠡᠮᠡᠭᠳᠡᠯ ᠤᠨ ᠬᠤᠷᠳᠣᠴᠠ ᠠᠴᠠ ᠳᠠᠪᠠᠵᠤ᠂ ᠪᠦᠬᠦ ᠬᠤᠲᠠ ᠳᠤ ᠪᠠᠨ ᠲᠦᠷᠦᠬᠦᠯᠡᠪᠡ᠃ | ᠨᠢᠭᠡ᠂ ᠠᠵᠢᠯ ᠲᠦᠷᠦᠯ ᠤᠨ ᠲᠠᠯ᠎ᠠ ᠠᠴᠠ ᠲᠤᠭ᠎ᠠ ᠪᠠᠷᠢᠮᠲᠠ ᠶᠢᠨ ᠬᠤᠪᠢᠷᠠᠯᠲᠠ ᠶᠢ ᠦᠵᠡᠪᠡᠯ | 1 — 2 ᠰᠠᠷ᠎ᠠ ᠳᠤ᠂ ᠣᠲᠤᠭ ᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠨᠡᠶᠢᠲᠡ 11 ᠡᠷᠦᠬᠡ ᠪᠤᠯᠪᠠ᠃ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠲᠤᠭᠲᠠᠭᠤᠨ ᠢᠶᠠᠷ ᠰᠠᠶᠢᠵᠢᠷᠠᠵᠤ᠂ | ᠡᠵᠡᠩᠨᠡᠯᠲᠡ ᠶᠢᠨ ᠠᠰᠢᠭ ᠬᠤᠨᠵᠢᠪᠤᠷᠢ 6385 ᠲᠦᠮᠡᠨ ᠲᠦᠬᠦᠷᠢᠭ ᠬᠦᠷᠦᠨ᠂ ᠠᠳᠠᠯᠢ ᠬᠤᠭᠤᠴᠠᠭᠠᠨ ᠤ ᠬᠢ | ᠲᠠᠢ ᠬᠠᠷᠢᠴᠠᠭᠤᠯᠪᠠᠯ 400 ᠲᠦᠮᠡᠨ ᠲᠦᠬᠦᠷᠢᠭ ᠨᠡᠮᠡᠭᠳᠡᠪᠡ᠃ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ | ᠬᠠᠷᠢᠴᠠᠯ ᠨᠡᠯᠢᠶᠡᠳ ᠶᠡᠭᠡ ᠠᠵᠢᠯ ᠲᠦᠷᠦᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠬᠠᠲᠠᠭᠤ ᠪᠡᠶᠡᠲᠦ | ᠬᠠᠶᠠᠭᠳᠠᠮᠠᠯ ᠪᠤᠳᠠᠰ ᠤᠨ ᠵᠠᠰᠠᠯᠲᠠ ᠶᠢᠨ ᠦᠢᠯᠡᠰ ᠨᠡᠯᠢᠶᠡᠳ ᠳᠣᠪᠣᠶᠢᠮ᠎ᠠ ᠪᠠᠶᠢᠵᠦ᠂ ᠡᠵᠡᠩᠨᠡᠯᠲᠡ ᠶᠢᠨ ᠣᠷᠣᠯᠭ᠎ᠠ | ᠲᠤᠰ ᠲᠤᠰ 10071 ᠲᠦᠮᠡᠨ ᠲᠦᠬᠦᠷᠢᠭ᠂ 8736 ᠲᠦᠮᠡᠨ ᠲᠦᠬᠦᠷᠢᠭ ᠬᠦᠷᠦᠨ᠂ ᠠᠳᠠᠯᠢ ᠬᠤᠭᠤᠴᠠᠭᠠᠨ ᠤ | ᠬᠢ ᠠᠴᠠ 102%᠂ 16% ᠪᠠᠷ ᠨᠡᠮᠡᠭᠳᠡᠪᠡ᠃ ᠡᠨᠡ ᠬᠤᠶᠠᠷ ᠠᠵᠢᠯ ᠲᠦᠷᠦᠯ ᠤᠨ ᠡᠵᠡᠩᠨᠡᠯᠲᠡ ᠶᠢᠨ ᠣᠷᠣᠯᠭ᠎ᠠ | ᠲᠤᠰ ᠲᠤᠰ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ | 53%᠂ 46% ᠳᠤ ᠬᠦᠷᠪᠡ᠃ ᠰᠣᠷᠭᠠᠨ ᠬᠦᠮᠦᠵᠢᠯ ᠤᠨ ᠦᠢᠯᠡᠰ᠄ 1 — 2 ᠰᠠᠷ᠎ᠠ ᠳᠤ ᠡᠵᠡᠩᠨᠡᠯᠲᠡ ᠶᠢᠨ | ᠣᠷᠣᠯᠭ᠎ᠠ 14.6 ᠲᠦᠮᠡᠨ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 82.5% ᠪᠠᠷ ᠨᠡᠮᠡᠭᠳᠡᠪᠡ | ᠃ | ᠬᠤᠶᠠᠷ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠲᠤᠭᠲᠠᠭᠤᠨ ᠠᠬᠢᠯᠲᠠ ᠲᠠᠢ ᠪᠤᠯᠪᠠ | 2024 ᠣᠨ ᠳᠤ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ | ᠦᠢᠯᠡᠴᠢᠯᠡᠬᠡᠨ ᠤ ᠦᠢᠯᠡᠰ ᠤᠨ ᠠᠵᠤ ᠠᠬᠤᠶᠢᠯᠠᠯ ᠠᠳᠠᠯᠢ ᠬᠤᠭᠤᠴᠠᠭᠠᠨ ᠤ 2 ᠡᠷᠦᠬᠡ ᠠᠴᠠ ᠨᠡᠮᠡᠭᠳᠡᠨ 5 ᠡᠷᠦᠬᠡ | ᠪᠤᠯᠵᠤ᠂ ᠠᠳᠠᠯᠢ ᠬᠤᠭᠤᠴᠠᠭᠠᠨ ᠤ ᠬᠢ ᠠᠴᠠ 150% ᠪᠠᠷ ᠨᠡᠮᠡᠭᠳᠡᠪᠡ᠃ 1 — 2 ᠰᠠᠷ᠎ᠠ ᠳᠤ ᠡᠵᠡᠩᠨᠡᠯᠲᠡ ᠶᠢᠨ | ᠣᠷᠣᠯᠭ᠎ᠠ 954 ᠲᠦᠮᠡᠨ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠪᠡ᠃ | ᠳᠡᠭᠡᠷᠡᠬᠢ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠬᠤᠰᠢᠭᠤᠨ ᠤ ᠠᠷᠠᠳ ᠠᠴᠠ ᠡᠵᠡᠩᠨᠡᠭᠰᠡᠨ ᠦᠢᠯᠡᠴᠢᠯᠡᠬᠡᠨ ᠤ | ᠦᠢᠯᠡᠰ ᠤᠨ ᠠᠵᠤ ᠠᠬᠤᠶᠢᠯᠠᠯ ᠤᠨ ᠬᠦᠭᠵᠢᠯᠲᠡ ᠶᠢᠨ ᠪᠠᠶᠢᠳᠠᠯ ᠣᠬᠢ ᠰᠠᠶᠢᠨ ᠪᠠᠶᠢᠨ᠎ᠠ᠃ |