ᠤᠶᠢᠷ᠎ᠠ ᠳᠤ᠂ ᠦᠪᠤᠷ ᠮᠤᠩᠭᠤᠯ ᠤᠨ ᠪᠦᠯᠦᠭᠯᠡᠯ ᠤᠨ ᠤᠷᠳᠤᠰ ᠤᠨ ᠴᠠᠬᠢᠯᠭᠠᠨ ᠬᠠᠩᠭᠠᠬᠤ ᠺᠤᠮᠫᠠᠨᠢ ᠪᠠ ᠤᠳᠤᠭ ᠤᠨ ᠡᠮᠤᠨᠡᠳᠤ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠤᠯᠠᠨ ᠳᠠᠯ᠎ᠠ ᠶᠢᠨ ᠵᠤᠬᠢᠴᠠᠭᠤᠯᠭ᠎ᠠ ᠪᠠ ᠠᠬᠢᠭᠤᠯᠤᠯᠳᠠ ᠪᠠᠷ ᠳᠠᠮᠵᠢᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠡᠨᠧᠷᠬᠢ ᠶᠢᠨ ᠲᠦᠷᠤᠯ ᠵᠦᠢᠯ ᠤᠨ ᠨᠢᠬᠡ ᠪᠤᠯᠬᠤ ᠮᠠᠩᠬᠠᠳᠤ ᠴᠠᠬᠢᠯᠭᠠᠨ ᠬᠦᠷᠬᠡᠬᠦ ᠬᠦᠴᠤᠳᠠᠯ ᠦᠬᠡᠷᠡᠴᠢᠯᠡᠬᠦ ᠢᠨᠵᠧᠨᠧᠷᠢᠩ ︵ᠮᠠᠩᠬᠠᠳᠤ 500 ᠺᠢᠯᠤᠸᠠᠲ ᠤᠨ | ᠬᠦᠴᠤᠳᠠᠯ ᠦᠬᠡᠷᠡᠴᠢᠯᠡᠬᠦ ᠢᠨᠵᠧᠨᠧᠷᠢᠩ︶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠨᠧᠷᠬᠢ ᠶᠢᠨ ᠳᠤᠪᠴᠢᠶ᠎ᠠ ᠶᠢᠨ ᠬᠢᠨᠠᠨ ᠵᠦᠪᠰᠢᠶᠡᠷᠡᠯ ᠢ ᠤᠯᠪᠠ᠃ | | | | | | ᠤᠶᠢᠯᠠᠭᠠᠭᠰᠡᠨ ᠢᠶᠠᠷ᠂ ᠮᠠᠩᠬᠠᠳᠤ 500 ᠺᠢᠯᠤᠸᠠᠲ ᠤᠨ ᠬᠦᠴᠤᠳᠠᠯ ᠦᠬᠡᠷᠡᠴᠢᠯᠡᠬᠦ ᠦᠷᠳᠡᠭᠡ ᠶᠢ ᠤᠷᠳᠤᠰ ᠬᠤᠳᠠ ᠶᠢᠨ ᠤᠳᠤᠭ ᠤᠨ ᠡᠮᠤᠨᠡᠳᠤ | ᠬᠤᠰᠢᠭᠤᠨ ᠤ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠳᠤ ᠪᠠᠶᠢᠭᠤᠯᠬᠤ ᠪᠠᠷ ᠲᠦᠯᠤᠪᠯᠡᠵᠤ᠂ ᠤᠳᠤᠭ ᠤᠨ ᠡᠮᠤᠨᠡᠳᠤ ᠬᠤᠰᠢᠭᠤᠨ ᠤ | ᠠᠩᠬᠠᠳᠠᠭᠴᠢ ᠰᠢᠰᠲ᠋ᠧᠮ ᠤᠨ 500 ᠺᠢᠯᠤᠸᠠᠲ ᠤᠨ ᠬᠦᠴᠤᠳᠠᠯ ᠦᠬᠡᠷᠡᠴᠢᠯᠡᠬᠦ ᠦᠷᠳᠡᠭᠡ ᠪᠤᠯᠬᠤ ᠪᠦᠬᠡᠤᠨ ᠦᠪᠤᠷ ᠮᠤᠩᠭᠤᠯ ᠤᠨ ᠴᠠᠬᠢᠯᠭᠠᠨ ᠳᠤᠤᠷ ᠤᠨ | ᠪᠠᠷᠠᠭᠤᠨ ᠬᠡᠰᠡᠭ ᠤᠨ ᠴᠠᠬᠢᠯᠭᠠᠨ ᠢ ᠵᠡᠬᠦᠨᠰᠢ ᠬᠦᠷᠬᠡᠬᠦ ᠭᠤᠷᠪᠠᠳᠤᠭᠠᠷ ᠱᠤᠭᠤᠮ ᠤᠨ ᠴᠢᠬᠤᠯᠠ ᠪᠦᠷᠢᠯᠳᠤᠬᠦᠨ ᠬᠡᠰᠡᠭ ᠪᠤᠯᠪᠠ᠃ ᠳᠤᠰ ᠲᠦᠷᠤᠯ ᠵᠦᠢᠯ ᠤᠨ | ᠪᠦᠳᠤᠬᠡᠨ ᠪᠠᠶᠢᠭᠤᠯᠤᠯᠳᠠ ᠨᠢ ᠭᠠᠵᠠᠷ ᠤᠷᠤᠨ ᠤ ᠴᠠᠬᠢᠯᠭᠠᠨ ᠬᠠᠩᠭᠠᠬᠤ ᠴᠢᠳᠠᠪᠤᠷᠢ ᠶᠢ ᠳᠡᠬᠡᠭᠰᠢᠯᠡᠬᠦᠯᠵᠤ᠂ ᠷᠦᠨ ᠶᠠᠩ ᠲᠠᠩ ᠳᠡᠯᠡᠰᠳᠤ ᠴᠠᠬᠢᠭᠤᠷ᠂ ᠬᠤᠸᠠ ᠰᠢᠨ | ᠡᠨᠧᠷᠬᠢ ᠶᠢᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠤ ᠪᠠᠷ ᠤᠶᠢᠯᠡᠤᠨᠬᠦ ᠰᠢᠳᠠᠮᠠᠬᠠᠢ ᠬᠡᠢ᠂ ᠬᠠᠷᠴᠠᠭᠠᠢ ᠪᠦᠷᠬᠦᠤᠨ ᠨᠢᠬᠡᠳᠤᠬᠡᠷ | ᠬᠤᠶᠠᠳᠤᠭᠠᠷ ᠨᠤᠮᠧᠷᠳᠤ ᠨᠡᠬᠦᠷᠡᠰᠤᠨ ᠠᠭᠤᠷᠬᠠᠢ ᠵᠡᠷᠬᠡ ᠲᠦᠷᠤᠯ ᠵᠦᠢᠯ ᠤᠨ ᠬᠠᠮᠤᠭ ᠤᠨ ᠶᠡᠭᠡ 1445 ᠰᠠᠶ᠎ᠠ ᠸᠠᠲ ᠴᠠᠬᠢᠯᠭᠠᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠭᠠᠵᠠᠷ ᠤᠷᠤᠨ ᠤ ᠨᠡᠬᠦᠷᠡᠰᠤ᠂ ᠨᠡᠬᠦᠷᠡᠰᠤ ᠴᠠᠬᠢᠯᠭᠠᠨ᠂ ᠨᠡᠬᠦᠷᠡᠰᠤ ᠬᠢᠮᠢ ᠶᠢᠨ ᠠᠵᠤ ᠤᠶᠢᠯᠡᠤᠨᠪᠤᠷᠢ ᠪᠤᠯᠤᠨ ᠡᠬᠦᠯᠡᠨ ᠪᠤᠳᠤᠯᠳᠠ | ᠶᠢᠨ ᠠᠵᠤ ᠤᠶᠢᠯᠡᠰ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠤᠶᠢᠯᠡᠳᠤᠯ ᠦᠵᠡᠬᠦᠯᠬᠦ ᠪᠤᠯᠤᠨ᠎ᠠ᠃ |