ᠤᠳᠤᠭ ᠡᠮᠤᠨᠡᠳᠤ ᠵᠠᠰᠠᠭ ᠳᠠᠷᠬᠠᠭᠠᠬᠤ ﹇2024﹈ 5 ᠳᠤᠭᠠᠳᠤ
ᠨᠡᠶᠢᠲᠡᠯᠡᠭᠰᠡᠨ ᠴᠠᠭ᠄
2024/5/10

                   ︽ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ᠂ ᠳᠠᠬᠢᠯᠳᠤ ᠶᠢᠨ ᠭᠠᠵᠠᠷ ᠳᠤᠤᠷᠠᠬᠢ ᠤᠰᠤᠨ ᠤ

                   ᠬᠡᠳᠤ ᠠᠰᠢᠭᠯᠠᠯᠳᠠ ᠶᠢᠨ ᠤᠷᠤᠨ ᠤ ᠶᠡᠷᠤᠩᠬᠡᠶᠢᠯᠡᠭᠰᠡᠨ ᠵᠠᠰᠠᠯᠳᠠ ᠶᠢ ᠪᠠᠬᠢᠵᠢᠬᠦᠯᠬᠦ ᠲᠦᠷᠤ ᠶᠢᠨ ᠪᠤᠳᠤᠯᠭ᠎ᠠ ᠶᠢᠨ

                   ᠠᠷᠭ᠎ᠠ ᠠᠪᠴᠠᠯ ᠤᠳ︾ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ ᠡᠮᠤᠨᠡᠳᠤ  ᠬᠤᠰᠢᠭᠤᠨ ᠤ 

                   ᠠᠷᠠᠤᠨ ᠤᠨ ᠵᠠᠰᠠᠭ ᠤᠨ ᠤᠷᠳᠤᠨ ᠤ ᠮᠡᠳᠡᠭᠳᠡᠯ

ᠤᠯᠵᠠᠴᠢ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ

ᠤᠶᠢᠯᠡᠰ ᠤᠨ ᠨᠢᠬᠡᠴᠠ᠄

     ᠬᠤᠰᠢᠭᠤ ᠠᠷᠠᠤᠨ ᠤᠨ ᠵᠠᠰᠠᠭ ᠤᠨ ᠤᠷᠳᠤᠨ ᠤ 2024 ᠤᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠬᠦᠯᠤᠬᠡᠤᠨ᠂

ᠡᠳᠤᠬᠡ ︽ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ᠂ ᠳᠠᠬᠢᠯᠳᠤ ᠶᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ

ᠶᠡᠷᠤᠩᠬᠡᠶᠢᠯᠡᠭᠰᠡᠨ ᠵᠠᠰᠠᠯᠳᠠ ᠶᠢ ᠪᠠᠬᠢᠵᠢᠬᠦᠯᠬᠦ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠤᠳ︾ ᠢ ᠲᠠ ᠨᠠᠷ ᠲᠤ ᠳᠠᠷᠤᠮᠠᠯᠯᠠᠨ ᠳᠠᠷᠬᠠᠭᠠᠯ᠎ᠠ᠂ ᠪᠤᠳᠠᠳᠤ ᠪᠠᠶᠢᠳᠠᠯ

 ᠲᠠᠢ ᠪᠠᠨ ᠤᠶᠠᠯᠳᠤᠭᠤᠯᠤᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠰᠤᠬᠡᠢ᠃

                                     ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ

                                           2024 ᠤᠨ ᠤ 2 ᠰᠠᠷ᠎ᠠ ᠶᠢᠨ 21 ᠤ ᠡᠳᠤᠷ

           ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ᠂ ᠳᠠᠬᠢᠯᠳᠤ ᠶᠢᠨ ᠭᠠᠵᠠᠷ ᠳᠤᠤᠷᠠᠬᠢ ᠤᠰᠤᠨ ᠤ ᠬᠡᠳᠤ

      ᠠᠰᠢᠭᠯᠠᠯᠳᠠ ᠶᠢᠨ ᠤᠷᠤᠨ ᠤ ᠶᠡᠷᠤᠩᠬᠡᠶᠢᠯᠡᠭᠰᠡᠨ ᠵᠠᠰᠠᠯᠳᠠ ᠶᠢ ᠪᠠᠬᠢᠵᠢᠬᠦᠯᠬᠦ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠤᠳ

 

     ᠤᠯᠵᠠᠴᠢ ᠪᠠᠯᠭᠠᠰᠤ᠂ ᠳᠠᠬᠢᠯᠳᠤ ᠶᠢᠨ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠪᠦᠳᠤᠮᠵᠢ ᠶᠢ ᠦᠷᠬᠦᠯᠵᠢᠬᠦᠶᠢᠴᠠ ᠪᠠᠬᠢᠵᠢᠬᠦᠯᠤᠨ᠂ ᠤᠰᠤᠨ ᠡᠬᠢ

ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠭᠠᠵᠠᠷ ᠳᠤᠤᠷᠠᠬᠢ ᠤᠰᠤᠨ ᠡᠬᠢ ᠪᠠᠶᠠᠯᠢᠭ ᠢ ᠵᠦᠢ ᠵᠤᠬᠢᠰᠳᠠᠢ ᠨᠡᠬᠡᠬᠡᠨ 

ᠠᠰᠢᠭᠯᠠᠵᠤ ᠪᠦᠳᠤᠮᠵᠢᠳᠠᠢ ᠬᠠᠮᠠᠭᠠᠯᠠᠨ᠂ ᠤᠰᠤᠨ ᠡᠬᠢ ᠪᠠᠶᠠᠯᠢᠭ ᠤᠨ ᠦᠷᠬᠦᠯᠵᠢᠬᠦᠶᠢᠴᠠ ᠠᠰᠢᠭᠯᠠᠯᠳᠠ ᠶᠢ ᠠᠬᠢᠭᠤᠯᠵᠤ᠂ ᠵᠠᠰᠠᠯᠳᠠ ᠶᠢᠨ ᠳᠠᠭᠠᠭᠠᠮᠠᠭᠠᠢ ᠳᠤᠭᠳᠠᠴᠠ

 ᠶᠢ ᠪᠠᠶᠢᠭᠤᠯᠤᠨ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠪᠠᠶᠢᠩᠭᠤ ᠶᠢᠨ ᠵᠠᠰᠠᠯᠳᠠ ᠶᠢ ᠠᠬᠢᠭᠤᠯᠵᠤ᠂ ᠭᠠᠵᠠᠷ ᠳᠤᠤᠷᠠᠬᠢ ᠤᠰᠤᠨ ᠤ ᠬᠡᠳᠤ

ᠠᠰᠢᠭᠯᠠᠯᠳᠠ ᠶᠢᠨ ᠤᠷᠤᠨ ᠤ ᠮᠠᠯᠴᠢᠨ ᠳᠠᠷᠢᠶᠠᠴᠢᠤᠨ ᠤᠨ ︽ᠤᠰᠤ ᠶᠢ ᠪᠠᠭᠠᠰᠬᠠᠬᠤ ᠠᠴᠠ ᠪᠢᠰᠢ ᠤᠨᠠᠯᠳᠠ ᠶᠢ ᠪᠠᠭᠠᠰᠬᠠᠬᠤ ᠦᠬᠡᠢ᠂ ᠳᠠᠷᠢᠯᠳᠠ ᠶᠢ ᠪᠠᠭᠠᠰᠬᠠᠬᠤ

 ᠠᠴᠠ ᠪᠢᠰᠢ ᠤᠷᠤᠯᠭ᠎ᠠ ᠶᠢ ᠪᠠᠭᠠᠰᠬᠠᠬᠤ ᠦᠬᠡᠢ︾ ᠪᠠᠶᠢᠬᠤ ᠶᠢ ᠪᠠᠳᠤᠯᠬᠠᠤ ᠶᠢᠨ ᠬᠠᠮᠳᠤ ᠭᠠᠵᠠᠷ ᠳᠤᠤᠷᠠᠬᠢ ᠤᠰᠤᠨ ᠲᠦᠪᠰᠢᠨ ᠢ ᠳᠤᠭᠳᠠᠭᠤᠨ ᠢᠶᠠᠷ

ᠳᠡᠬᠡᠭᠰᠢᠯᠡᠬᠦᠯᠤᠨ᠎ᠠ᠃

     ᠨᠢᠬᠡ᠂ ᠬᠢᠵᠠᠭᠠᠷᠯᠠᠬᠤ ᠲᠦᠷᠤᠯ ᠤᠨ ᠲᠦᠷᠤ ᠶᠢᠨ ᠪᠤᠳᠤᠯᠭ᠎ᠠ

     ︵ᠨᠢᠬᠡ︶ ᠬᠡᠳᠤ ᠠᠰᠢᠭᠯᠠᠯᠳᠠ ᠶᠢᠨ ᠤᠷᠤᠨ ᠳᠤ 1 ᠲᠦᠮᠡᠨ ᠮᠤ᠋ ᠶᠢᠨ ᠦᠨᠵᠢᠬᠦᠯᠤᠨ ᠳᠠᠷᠢᠬᠤ ᠤᠰᠤᠯᠠᠯᠳᠠ ᠶᠢᠨ ᠳᠠᠷᠢᠶ᠎ᠠ ᠨᠠᠶᠢᠳᠠᠪᠤᠷᠢᠵᠢᠭᠤᠯᠤᠨ᠎ᠠ

    1. ︽ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ᠂ ᠳᠠᠬᠢᠯᠳᠤ ᠶᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ

ᠵᠠᠰᠠᠯᠳᠠ ᠪᠠᠬᠢᠵᠢᠬᠦᠯᠤᠯᠳᠠ ᠶᠢᠨ ᠬᠡᠷᠡᠭᠵᠢᠬᠦᠯᠬᠦ ᠲᠦᠰᠤᠯ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ

ᠤᠷᠳᠤᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ 2024 ᠤᠨ ᠳᠤ ᠬᠡᠳᠤ ᠠᠰᠢᠭᠯᠠᠯᠳᠠ ᠶᠢᠨ ᠤᠷᠤᠨ ᠳᠤ ᠡᠷᠬᠡᠪᠰᠢ 1 ᠲᠦᠮᠡᠨ ᠮᠤ᠋

 ᠶᠢᠨ ᠦᠨᠵᠢᠬᠦᠯᠤᠨ ᠳᠠᠷᠢᠬᠤ  ᠤᠰᠤᠯᠠᠯᠳᠠ ᠶᠢᠨ ᠳᠠᠷᠢᠶ᠎ᠠ ᠶᠢ ᠨᠠᠶᠢᠳᠠᠪᠤᠷᠢᠵᠢᠭᠤᠯᠤᠨ᠂ ᠨᠢᠬᠡᠨᠳᠠ ᠨᠤᠳᠠᠯᠠᠨ ᠳᠤᠭᠳᠠᠭᠠᠭᠰᠡᠨ ᠦᠨᠵᠢᠬᠦᠯᠤᠨ ᠳᠠᠷᠢᠬᠤ ᠤᠰᠤᠨ

ᠳᠠᠷᠢᠶ᠎ᠠ ᠳᠤ ᠮᠤ᠋ ᠪᠦᠷᠢ ᠳᠤ 1000 ᠲᠦᠬᠦᠷᠢᠭ ᠤᠨ ᠨᠦᠬᠦᠪᠤᠷᠢ ᠤᠯᠭᠤᠨ᠎ᠠ︔ ᠨᠤᠳᠠᠯᠠᠨ ᠳᠤᠭᠳᠠᠭᠠᠭᠰᠠᠨ ᠦᠬᠡᠢ ᠦᠨᠵᠢᠬᠦᠯᠤᠨ ᠳᠠᠷᠢᠬᠤ ᠤᠰᠤᠯᠠᠯᠳᠠ ᠶᠢᠨ

ᠳᠠᠷᠢᠶ᠎ᠠ ︵ᠳᠠᠷᠤᠢ ᠵᠦᠢ ᠵᠤᠬᠢᠰᠳᠠᠢ ᠬᠢᠨᠠᠨ  ᠵᠦᠪᠰᠢᠶᠡᠷᠡᠭᠰᠡᠨ ᠳᠠᠷᠢᠮᠠᠯ ᠪᠡᠯᠴᠢᠬᠡᠷ ᠪᠠ ︽ᠤᠯᠤᠰ ᠤᠨ ᠭᠠᠵᠠᠷ ᠰᠢᠷᠤᠢ ᠶᠢᠨ ᠭᠤᠷᠪᠠᠳᠤᠭᠠᠷ ᠤᠳᠠᠭᠠᠨ ᠤ

ᠪᠠᠶᠢᠴᠠᠭᠠᠯᠳᠠ︾ ᠪᠠᠷ ᠦᠨᠢ ᠡᠬᠦᠷᠢᠳᠠ ᠶᠢᠨ ᠦᠨᠳᠤᠰᠤᠨ ᠳᠠᠷᠢᠶᠠᠨ ᠭᠠᠵᠠᠷ᠂ ᠡᠩ ᠤᠨ ᠳᠠᠷᠢᠶᠠᠨ ᠭᠠᠵᠠᠷ ᠢᠶᠠᠷ ᠮᠠᠭᠠᠤᠨᠯᠠᠨ ᠳᠤᠭᠳᠠᠭᠠᠭᠰᠡᠨ︶ ᠳᠤ ᠮᠤ᠋ ᠪᠦᠷᠢ ᠳᠤ

700 ᠲᠦᠬᠦᠷᠢᠭ ᠤᠨ ᠨᠦᠬᠦᠪᠤᠷᠢ ᠤᠯᠭᠤᠨ᠎ᠠ᠃

    2. ᠬᠡᠳᠤ ᠠᠰᠢᠭᠯᠠᠯᠳᠠ ᠶᠢᠨ ᠤᠷᠤᠨ ᠳᠤᠳᠤᠷᠠᠬᠢ 1 ᠲᠦᠮᠡᠨ ᠮᠤ᠋ ᠶᠢᠨ ᠦᠨᠵᠢᠬᠦᠯᠤᠨ ᠳᠠᠷᠢᠬᠤ ᠤᠰᠤᠯᠠᠯᠳᠠ ᠶᠢᠨ ᠭᠠᠵᠠᠷ ᠠᠴᠠ ᠭᠠᠳᠠᠨ᠎ᠠ᠂ ᠰᠠᠶᠢᠨ ᠳᠤᠷ᠎ᠠ

 ᠠᠴᠠ ᠪᠠᠨ ᠦᠨᠵᠢᠬᠦᠯᠤᠨ ᠳᠠᠷᠢᠬᠤ ᠮᠠᠯᠴᠢᠨ ᠳᠠᠷᠢᠶᠠᠴᠢᠨ ᠡᠷᠤᠬᠡ ᠨᠢᠬᠡᠨᠳᠠ ᠨᠤᠳᠠᠯᠠᠨ ᠳᠤᠭᠳᠠᠭᠠᠭᠰᠠᠨ ᠪᠠ ᠨᠤᠳᠠᠯᠠᠨ ᠳᠤᠭᠳᠠᠭᠠᠭᠰᠡᠨ ᠦᠬᠡᠢ ᠤᠰᠤᠯᠠᠯᠳᠠ ᠶᠢᠨ

ᠭᠠᠵᠠᠷ ᠤᠨ ᠲᠦᠷᠤ ᠶᠢᠨ ᠪᠤᠳᠤᠯᠭ᠎ᠠ ᠶᠢᠨ ᠨᠦᠬᠦᠴᠡᠯ ᠳᠤ ᠨᠠᠶᠢᠴᠡᠪᠡᠯ ᠮᠦᠨ ᠴᠤ ᠠᠳᠠᠯᠢ ᠨᠦᠬᠦᠪᠤᠷᠢ ᠶᠢᠨ ᠲᠦᠷᠤ ᠶᠢᠨ ᠪᠤᠳᠤᠯᠭ᠎ᠠ ᠬᠦᠷᠳᠡᠵᠤ ᠪᠤᠯᠤᠨ᠎ᠠ᠂

ᠶᠡᠷᠤᠩᠬᠡᠢ ᠬᠡᠮᠵᠢᠶ᠎ᠡ ᠶᠢ 0.2 ᠲᠦᠮᠡᠨ ᠮᠤ᠋ ᠠᠴᠠ ᠬᠡᠳᠤᠷᠡᠬᠦᠯᠵᠤ ᠪᠤᠯᠬᠤ ᠦᠬᠡᠢ᠃

     2019 ᠤᠨ ᠤ 12 ᠰᠠᠷ᠎ᠠ ᠶᠢᠨ 31 ᠤ ᠡᠳᠤᠷ ᠤᠨ ︽ᠤᠯᠤᠰ ᠤᠨ ᠭᠠᠵᠠᠷ ᠰᠢᠷᠤᠢ ᠶᠢᠨ ᠭᠤᠷᠪᠠᠳᠤᠭᠠᠷ ᠤᠳᠠᠭᠠᠨ ᠤ ᠪᠠᠶᠢᠴᠠᠭᠠᠯᠳᠠ︾ ᠶᠢᠨ ᠳᠠᠷᠠᠭ᠎ᠠ

ᠰᠢᠨ᠎ᠠ ᠪᠠᠷ ᠬᠠᠭᠠᠯᠪᠤᠷᠢᠯᠠᠭᠰᠡᠨ ᠤᠰᠤᠯᠠᠯᠳᠠ ᠶᠢᠨ ᠭᠠᠵᠠᠷ ᠢ ᠬᠠᠮᠢᠶ᠎ᠠ ᠪᠦᠬᠦᠢ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠠᠴᠠ ᠬᠠᠤᠯᠢ ᠪᠤᠰᠤ ᠪᠠᠷ

ᠬᠠᠭᠠᠯᠪᠤᠷᠢᠯᠠᠭᠰᠡᠨ ᠭᠠᠵᠠᠷ ᠢᠶᠠᠷ ᠮᠠᠭᠠᠤᠨᠯᠠᠨ ᠳᠤᠭᠳᠠᠭᠠᠭᠰᠡᠨ ᠪᠤᠯ ᠶᠠᠮᠠᠷᠴᠤ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠬᠦᠷᠳᠡᠬᠡᠬᠦ ᠦᠬᠡᠢ᠃ ᠪᠠᠷᠢᠮᠵᠢᠶᠠᠳᠤ

ᠰᠦᠯᠢᠶᠤᠤ ᠭᠤᠯᠳᠤᠩ ᠰᠠᠷᠠᠪᠴᠢ ︵  ᠮᠦᠬᠦ ᠶᠢᠨ ᠰᠦᠯᠢᠶᠤᠤ ᠭᠤᠯᠳᠤᠩ ᠰᠠᠷᠠᠪᠴᠢ ᠶᠢ ᠪᠠᠭᠳᠠᠭᠠᠨ᠎ᠠ︶ ᠰᠤᠯᠢᠬᠤ ᠨᠦᠬᠦᠪᠤᠷᠢ ᠡᠳ᠋ᠯᠡᠭᠰᠡᠨ ᠳᠠᠷᠢᠮᠠᠯ ᠤᠨ ᠡᠷᠤᠬᠡ ᠳᠤ

ᠦᠨᠵᠢᠬᠦᠯᠤᠨ ᠳᠠᠷᠢᠬᠤ ᠨᠦᠬᠦᠪᠤᠷᠢ ᠬᠦᠷᠳᠡᠬᠡᠬᠦ ᠦᠬᠡᠢ᠃

     ︵ᠬᠤᠶᠠᠷ︶ ᠬᠡᠳᠤ ᠠᠰᠢᠭᠯᠠᠯᠳᠠ ᠶᠢᠨ ᠤᠷᠤᠨ ᠳᠤ ᠪᠠᠷᠢᠮᠵᠢᠶᠠᠳᠤ ᠰᠦᠯᠢᠶᠤᠤ ᠭᠤᠯᠳᠤᠩ ᠰᠠᠷᠠᠪᠴᠢ ᠳᠤ ᠳᠠᠷᠢᠬᠤ ᠪᠠᠷ ᠰᠤᠯᠢᠬᠤ

     3. ᠬᠡᠳᠤ ᠠᠰᠢᠭᠯᠠᠯᠳᠠ ᠶᠢᠨ ᠤᠷᠤᠨ ᠳᠤᠳᠤᠷᠠᠬᠢ 2022 ᠤᠨ ᠠᠴᠠ ᠨᠠᠭᠠᠰᠢ ᠵᠠᠰᠠᠭ ᠤᠨ ᠤᠷᠳᠤᠨ ᠠᠴᠠ ᠨᠦᠬᠦᠪᠤᠷᠢ ᠦᠭᠴᠤ ᠬᠡᠷᠡᠭᠵᠢᠬᠦᠯᠦᠭᠰᠡᠨ

617 ᠰᠠᠭᠤᠷᠢ ᠰᠤᠯᠢᠭᠰᠠᠨ ᠪᠠᠷᠢᠮᠵᠢᠶᠠᠳᠤ ᠰᠦᠯᠢᠶᠤᠤ ᠭᠤᠯᠳᠤᠩ ᠰᠠᠷᠠᠪᠴᠢ ᠶᠢ ᠠᠰᠢᠭᠯᠠᠯᠳᠠ ᠳᠤ ᠤᠷᠤᠭᠤᠯᠤᠨ᠎ᠠ ︵ᠰᠢᠨ᠎ᠠ ᠪᠠᠷ ᠪᠠᠶᠢᠭᠤᠯᠤᠭᠰᠡᠨ 0.8 ᠮᠤ᠋ ᠶᠢᠨ

ᠰᠦᠯᠢᠶᠤᠤ ᠭᠤᠯᠳᠤᠩ ᠰᠠᠷᠠᠪᠴᠢ ᠪᠠᠷ 9.2 ᠮᠤ᠋ ᠶᠢᠨ ᠤᠰᠤᠯᠠᠯᠳᠠ ᠶᠢᠨ ᠭᠠᠵᠠᠷ ᠰᠤᠯᠢᠨ᠎ᠠ᠂ 2022 ᠤᠨ ᠳᠤ 484 ᠰᠠᠭᠤᠷᠢ᠂ 2023 ᠤᠨ ᠳᠤ 133

ᠰᠠᠭᠤᠷᠢ︶᠃ ᠯᠠᠵᠤᠤ᠂ ᠳᠠᠷᠪᠤᠰ᠂ ᠠᠮᠳᠠᠳᠤ ᠬᠡᠮᠬᠡ ᠵᠡᠷᠬᠡ ᠠᠵᠤ ᠠᠬᠤᠢ ᠶᠢᠨ ᠳᠠᠷᠢᠮᠠᠯ ᠳᠠᠷᠢᠬᠤ ᠰᠦᠯᠢᠶᠤᠤ ᠭᠤᠯᠳᠤᠩ ᠰᠠᠷᠠᠪᠴᠢ ᠪᠦᠷᠢ ᠳᠤ 660 ᠪᠤᠰᠤᠭ᠎ᠠ

ᠲᠦᠷᠪᠡᠯᠵᠢᠨ ᠮᠧᠲᠷ ᠤᠰᠤ ᠬᠠᠩᠭᠠᠨ᠎ᠠ︔ ᠨᠠᠪᠴᠢᠯᠢᠭ ᠨᠤᠭᠤᠭᠠᠨ ᠤ ᠵᠦᠢᠯ ᠵᠡᠷᠬᠡ ᠪᠤᠰᠤᠤᠨ ᠳᠠᠷᠢᠮᠠᠯ ᠳᠠᠷᠢᠬᠤ ᠰᠦᠯᠢᠶᠤᠤ ᠭᠤᠯᠳᠤᠩ ᠰᠠᠷᠠᠪᠴᠢ ᠳᠤ ︽ᠤᠳᠤᠭ

 ᠤᠨ ᠡᠮᠤᠨᠡᠳᠤ ᠬᠤᠰᠢᠭᠤᠨ ᠤ ᠳᠠᠷᠢᠶᠠᠯᠠᠩ ᠤᠨ ᠤᠰᠤᠨ ᠦᠨ᠎ᠡ ᠶᠢᠨ ᠶᠡᠷᠤᠩᠬᠡᠶᠢᠯᠡᠭᠰᠡᠨ ᠦᠬᠡᠷᠡᠴᠢᠯᠠᠯᠳᠠ ᠶᠢᠨ ᠳᠤᠷᠰᠢᠯᠳᠠ ᠶᠢᠨ ᠴᠡᠭ ᠤᠨ ᠠᠵᠢᠯ ᠤᠨ ᠲᠦᠰᠤᠯ︾

︵ᠤᠳᠤᠭ ᠡᠮᠤᠨᠡᠳᠤ ᠵᠠᠰᠠᠭ ᠠᠯᠪᠠᠨ ᠳᠠᠷᠬᠠᠭᠠᠬᠤ ﹇2023﹈ 63 ᠳᠤᠭᠠᠳᠤ︶ ᠳᠠᠬᠢ ᠨᠤᠳᠠᠯᠠᠨ ᠳᠤᠭᠳᠠᠭᠠᠭᠰᠠᠨ ᠤᠰᠤᠯᠠᠯᠳᠠ ᠶᠢᠨ ᠭᠠᠵᠠᠷ ᠲᠠᠢ

ᠬᠠᠷᠢᠴᠠᠭᠤᠯᠤᠨ ᠤᠰᠤᠨ ᠬᠦᠢᠴᠡᠤᠨᠬᠡᠯ ᠳᠤᠭ᠎ᠠ ᠶᠢ ᠬᠤᠪᠢᠶᠠᠷᠢᠯᠠᠨ᠎ᠠ︔ ᠬᠡᠷᠡᠭᠯᠡᠵᠤ ᠠᠰᠢᠭᠯᠠᠭᠰᠡᠨ ᠦᠬᠡᠢ ᠰᠦᠯᠢᠶᠤᠤ ᠭᠤᠯᠳᠤᠩ ᠰᠠᠷᠠᠪᠴᠢ ᠳᠤ ᠤᠰᠤᠨ

ᠬᠦᠢᠴᠡᠤᠨᠬᠡᠯ ᠳᠤᠭ᠎ᠠ ᠬᠤᠪᠢᠶᠠᠷᠢᠯᠠᠬᠤ ᠦᠬᠡᠢ᠃

     4. ᠰᠤᠯᠢᠭᠰᠡᠨ ᠪᠠᠷᠢᠮᠵᠢᠶᠠᠳᠤ ᠰᠦᠯᠢᠶᠤᠤ ᠭᠤᠯᠳᠤᠩ ᠰᠠᠷᠠᠪᠴᠢ ᠳᠤ ᠨᠢᠬᠡᠨᠳᠠ ᠯᠠᠵᠤᠤ᠂ ᠳᠠᠷᠪᠤᠰ᠂ ᠠᠮᠳᠠᠳᠤ ᠬᠡᠮᠬᠡ ᠵᠡᠷᠬᠡ ᠠᠵᠤ ᠠᠬᠤᠢ ᠶᠢᠨ ᠳᠠᠷᠢᠮᠠᠯ

ᠳᠠᠷᠢᠭᠰᠠᠨ ᠪᠤᠯ ᠬᠤᠰᠢᠭᠤ ᠤᠰᠤᠨ ᠠᠰᠢᠭᠯᠠᠯᠳᠠ ᠶᠢᠨ ᠳᠤᠪᠴᠢᠶ᠎ᠠ ᠠᠴᠠ ᠮᠠᠯ ᠳᠠᠷᠢᠶᠠᠯᠠᠩ ᠤᠨ ᠳᠤᠪᠴᠢᠶ᠎ᠠ᠂ ᠤᠯᠵᠠᠴᠢ ᠪᠠᠯᠭᠠᠰᠤ ᠲᠠᠢ ᠬᠠᠮᠳᠤᠷᠠᠨ ᠪᠤᠳᠠᠳᠤ

ᠭᠠᠵᠠᠷ ᠲᠤ ᠨᠢ ᠰᠢᠯᠭᠠᠨ  ᠪᠠᠶᠢᠴᠠᠭᠠᠭᠠᠤᠨ ᠬᠢᠷᠢ ᠳᠡᠩᠴᠡᠭᠰᠡᠨ ᠤ ᠳᠠᠷᠠᠭ᠎ᠠ᠂ ᠰᠠᠷᠠᠪᠴᠢ ᠪᠦᠷᠢ ᠶᠢᠨ ᠰᠤᠯᠢᠭᠰᠡᠨ 9.2 ᠮᠤ᠋ ᠶᠢᠨ ᠤᠰᠤᠯᠠᠯᠳᠠ ᠶᠢᠨ ᠭᠠᠵᠠᠷ ᠲᠤ

︽ᠤᠳᠤᠭ ᠤᠨ ᠡᠮᠤᠨᠡᠳᠤ ᠬᠤᠰᠢᠭᠤᠨ ᠤ ᠳᠠᠷᠢᠶᠠᠯᠠᠩ ᠤᠨ ᠤᠰᠤᠨ ᠦᠨ᠎ᠡ ᠶᠢᠨ ᠶᠡᠷᠤᠩᠬᠡᠶᠢᠯᠡᠭᠰᠡᠨ ᠦᠬᠡᠷᠡᠴᠢᠯᠠᠯᠳᠠ ᠶᠢᠨ ᠳᠤᠷᠰᠢᠯᠳᠠ ᠶᠢᠨ ᠴᠡᠭ ᠤᠨ ᠠᠵᠢᠯ ᠤᠨ

ᠲᠦᠰᠤᠯ︾ ︵ᠤᠳᠤᠭ ᠡᠮᠤᠨᠡᠳᠤ ᠵᠠᠰᠠᠭ ᠠᠯᠪᠠᠨ ᠳᠠᠷᠬᠠᠭᠠᠬᠤ ﹇2023﹈ 63 ᠳᠤᠭᠠᠳᠤ︶ ᠳᠠᠬᠢ ᠨᠤᠳᠠᠯᠠᠨ ᠳᠤᠭᠳᠠᠭᠠᠭᠰᠠᠨ ᠦᠬᠡᠢ ᠤᠰᠤᠯᠠᠯᠳᠠ ᠶᠢᠨ ᠭᠠᠵᠠᠷ

 ᠲᠠᠢ ᠬᠠᠷᠢᠴᠠᠭᠤᠯᠤᠨ ᠤᠰᠤᠨ ᠤ ᠬᠦᠢᠴᠡᠤᠨᠬᠡᠯ ᠳᠤᠭ᠎ᠠ ᠬᠤᠪᠢᠶᠠᠷᠢᠯᠠᠨ᠎ᠠ᠃

     ︵ᠭᠤᠷᠪᠠ︶ ᠬᠡᠳᠤ ᠠᠰᠢᠭᠯᠠᠯᠳᠠ ᠶᠢᠨ ᠤᠷᠤᠨ ᠳᠤᠳᠤᠷ᠎ᠠ 5000 ᠮᠤ᠋ ᠶᠢᠨ ᠦᠨᠳᠤᠷ ᠪᠦᠳᠤᠮᠵᠢᠳᠤ ᠤᠰᠤ ᠠᠷᠪᠢᠯᠠᠬᠤ ᠤᠰᠤᠯᠠᠯᠳᠠ ᠶᠢᠨ ᠲᠦᠷᠤᠯ ᠵᠦᠢᠯ

 ᠢ ᠨᠠᠶᠢᠳᠠᠪᠤᠷᠢᠵᠢᠭᠤᠯᠤᠨ᠎ᠠ᠃

     5. ᠦᠨᠳᠤᠷ ᠪᠠᠷᠢᠮᠵᠢᠶᠠᠳᠤ ᠳᠠᠷᠢᠶᠠᠨ ᠭᠠᠵᠠᠷ ᠤᠨ ᠪᠠᠶᠢᠭᠤᠯᠤᠯᠳᠠ ᠶᠢᠨ ᠪᠠᠷᠢᠮᠵᠢᠶ᠎ᠠ ᠶᠤᠰᠤᠭᠠᠷ᠂ ︽ᠤᠷᠢᠳᠠᠪᠠᠷ ᠪᠠᠶᠢᠭᠤᠯᠵᠤ ᠰᠠᠬᠦᠯᠡᠷ ᠨᠢ ᠨᠦᠬᠦᠪᠤᠷᠢᠯᠡᠬᠦ︾

ᠠᠷᠭ᠎ᠠ ᠪᠠᠷ ᠤᠶᠤᠨᠴᠢ ᠦᠨᠳᠤᠷ ᠪᠦᠳᠤᠮᠵᠢᠳᠤ ᠤᠰᠤ ᠠᠷᠪᠢᠯᠠᠬᠤ ᠤᠰᠤᠯᠠᠯᠳᠠ ᠶᠢᠨ ᠳᠠᠷᠢᠶᠠᠨ ᠭᠠᠵᠠᠷ ᠢ 5000 ᠮᠤ᠋ ᠲᠦᠪᠯᠡᠷᠡᠩᠬᠦᠢ ᠪᠠᠶᠢᠭᠤᠯᠤᠨ᠎ᠠ᠂ ᠡᠬᠦᠨ ᠳᠤ

ᠰᠦᠯᠢᠶᠤᠤ ᠪᠦᠷᠬᠦᠪᠴᠢ ᠶᠢᠨ ᠳᠤᠤᠷ᠎ᠠ ᠳᠤᠰᠤᠯᠠᠭᠠᠨ ᠤᠰᠤᠯᠠᠬᠤ ᠮᠡᠷᠬᠡᠵᠢᠯ ᠤᠨ ᠳᠠᠷᠢᠯᠳᠠ ᠶᠢ 1000 ᠮᠤ᠋ ᠳᠡᠯᠬᠡᠷᠡᠬᠦᠯᠤᠨ᠂ ᠮᠠᠯ ᠳᠠᠷᠢᠶᠠᠯᠠᠩ ᠤᠨ ᠳᠤᠪᠴᠢᠶ᠎ᠠ

 ᠠᠴᠠ ᠨᠢᠬᠡᠳᠤᠯᠳᠠᠢ ᠲᠦᠯᠤᠪᠵᠢᠬᠦᠯᠤᠨ ᠬᠡᠷᠡᠭᠵᠢᠬᠦᠯᠵᠤ᠂ ᠤᠯᠵᠠᠴᠢ ᠪᠠᠯᠭᠠᠰᠤ ᠠᠴᠠ ᠭᠠᠵᠠᠷ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠂ ᠲᠦᠷᠤᠯ ᠵᠦᠢᠯ ᠤᠨ

ᠪᠠᠶᠢᠭᠤᠯᠤᠯᠳᠠ ᠶᠢᠨ ᠪᠡᠯᠡ ᠮᠦᠩᠬᠦ ᠶᠢ ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ ᠶᠢ ᠳᠡᠮᠡᠴᠡᠨ ᠤᠯᠬᠤ ᠪᠠᠷ ᠭᠤᠤᠯ ᠪᠤᠯᠭᠠᠵᠤ᠂ ᠬᠦᠷᠤᠯᠴᠡᠬᠦ

ᠦᠬᠡᠢ ᠬᠡᠰᠡᠭ ᠢ ᠨᠢ ᠬᠤᠰᠢᠭᠤ ᠡᠳ᠋ ᠤᠨ ᠵᠠᠰᠠᠭ ᠠᠴᠠ ᠬᠠᠷᠢᠭᠤᠴᠠᠨ᠎ᠠ᠃

     ᠬᠤᠶᠠᠷ᠂ ᠳᠡᠤᠨᠬᠦᠬᠦ ᠲᠦᠷᠤᠯ ᠤᠨ ᠲᠦᠷᠤ ᠶᠢᠨ ᠪᠤᠳᠤᠯᠭ᠎ᠠ

     ︵ᠲᠦᠷᠪᠡ︶ ᠬᠡᠳᠤ ᠠᠰᠢᠭᠯᠠᠯᠳᠠ ᠶᠢᠨ ᠤᠷᠤᠨ ᠳᠤᠳᠤᠷ᠎ᠠ ︽ᠬᠤᠤᠨᠳᠤᠭ ᠴᠠᠬᠢᠯᠭᠠᠨ ᠤ ᠬᠤᠤᠰ ᠡᠵᠡᠮᠳᠡᠯ︾ ᠤᠨ ᠲᠦᠬᠦᠬᠡᠷᠤᠮᠵᠢ ᠤᠭᠰᠠᠷᠠᠭᠰᠡᠨ ᠮᠠᠯᠴᠢᠨ

ᠳᠠᠷᠢᠶᠠᠴᠢᠨ ᠡᠷᠤᠬᠡ

     6. ᠬᠡᠳᠤ ᠠᠰᠢᠭᠯᠠᠯᠳᠠ ᠶᠢᠨ ᠤᠷᠤᠨ ᠳᠤᠳᠤᠷᠠᠬᠢ ᠦᠨᠵᠢᠬᠦᠯᠤᠨ ᠳᠠᠷᠢᠬᠤ ᠶᠢ ᠬᠡᠷᠡᠭᠵᠢᠬᠦᠯᠦᠭᠰᠡᠨ ᠦᠬᠡᠢ ᠮᠠᠯᠴᠢᠨ ᠳᠠᠷᠢᠶᠠᠴᠢᠨ ᠡᠷᠤᠬᠡ ᠳᠤ ᠡᠷᠤᠬᠡ ᠪᠠᠷ

ᠨᠢᠬᠡᠴᠢ ᠪᠤᠯᠭᠠᠨ ᠤᠰᠤᠯᠠᠯᠳᠠ ᠶᠢᠨ ᠭᠠᠵᠠᠷ ᠨᠢ 15 ᠮᠤ᠋ ᠠᠴᠠ ᠳᠤᠷᠤᠭᠰᠢᠬᠢ ᠮᠠᠯᠴᠢᠨ ᠳᠠᠷᠢᠶᠠᠴᠢᠨ ᠡᠷᠤᠬᠡ ︵15 ᠮᠤ᠋ ᠶᠢ ᠪᠠᠭᠳᠠᠭᠠᠨ᠎ᠠ︶ ᠳᠤ ᠮᠤ᠋ ᠪᠦᠷᠢ ᠳᠤ

400 ᠲᠦᠬᠦᠷᠢᠭ ᠨᠦᠬᠦᠪᠤᠷᠢᠯᠡᠨ᠎ᠡ︔ ᠤᠰᠤᠯᠠᠯᠳᠠ ᠶᠢᠨ ᠭᠠᠵᠠᠷ ᠨᠢ 20 ᠮᠤ᠋ ᠠᠴᠠ ᠳᠤᠷᠤᠭᠰᠢᠬᠢ ᠮᠠᠯᠴᠢᠨ ᠳᠠᠷᠢᠶᠠᠴᠢᠨ ᠡᠷᠤᠬᠡ ︵20 ᠮᠤ᠋ ᠶᠢ ᠪᠠᠭᠳᠠᠭᠠᠨ᠎ᠠ︶

 ᠳᠤ ᠮᠤ᠋ ᠪᠦᠷᠢ ᠳᠤ 275 ᠲᠦᠬᠦᠷᠢᠭ ᠨᠦᠬᠦᠪᠤᠷᠢᠯᠡᠨ᠎ᠡ︔ ᠤᠰᠤᠯᠠᠯᠳᠠ ᠶᠢᠨ ᠭᠠᠵᠠᠷ ᠨᠢ 25 ᠮᠤ᠋ ᠠᠴᠠ ᠳᠤᠷᠤᠭᠰᠢᠬᠢ ᠮᠠᠯᠴᠢᠨ ᠳᠠᠷᠢᠶᠠᠴᠢᠨ ᠡᠷᠤᠬᠡ ︵25 ᠮᠤ᠋

 ᠶᠢ ᠪᠠᠭᠳᠠᠭᠠᠨ᠎ᠠ︶ ᠳᠤ ᠮᠤ᠋ ᠪᠦᠷᠢ ᠳᠤ 200 ᠲᠦᠬᠦᠷᠢᠭ ᠨᠦᠬᠦᠪᠤᠷᠢᠯᠡᠨ᠎ᠡ᠃

     7. ᠬᠡᠳᠤ ᠠᠰᠢᠭᠯᠠᠯᠳᠠ ᠶᠢᠨ ᠤᠷᠤᠨ ᠳᠤᠳᠤᠷᠠᠬᠢ ᠦᠨᠵᠢᠬᠦᠯᠤᠨ ᠳᠠᠷᠢᠬᠤ ᠶᠢ ᠬᠡᠷᠡᠭᠵᠢᠬᠦᠯᠦᠭᠰᠡᠨ ᠦᠬᠡᠢ ᠶᠠᠳᠠᠭᠤ ᠠᠴᠠ ᠠᠩᠬᠢᠵᠢᠷᠠᠭᠤᠯᠤᠭᠰᠡᠨ ᠡᠷᠤᠬᠡ ᠪᠠ

ᠬᠦᠳᠡᠯᠤᠩᠬᠦᠢ ᠬᠢᠨᠠᠨ ᠡᠵᠡᠮᠳᠡᠯ ᠤᠨ ᠡᠷᠤᠬᠡ ᠨᠢᠬᠡᠨᠳᠠ ᠨᠤᠳᠠᠯᠠᠨ ᠳᠤᠭᠳᠠᠭᠠᠭᠰᠠᠨ ᠤᠰᠤᠯᠠᠯᠳᠠ ᠶᠢᠨ ᠭᠠᠵᠠᠷ᠂ 2019 ᠤᠨ ᠤ 12 ᠰᠠᠷ᠎ᠠ ᠶᠢᠨ 31 ᠤ ᠡᠳᠤᠷ

 ᠠᠴᠠ  ᠡᠮᠤᠨᠡᠬᠢ ᠨᠤᠳᠠᠯᠠᠨ ᠳᠤᠭᠳᠠᠭᠠᠭᠰᠠᠨ ᠦᠬᠡᠢ ᠤᠰᠤᠯᠠᠯᠳᠠ ᠶᠢᠨ ᠭᠠᠵᠠᠷ ᠲᠤ ᠳᠠᠷᠢᠭᠰᠡᠨ ᠪᠠᠶᠢᠪᠠᠯ ᠮᠤ᠋ ᠪᠦᠷᠢ ᠳᠤ 200 ᠲᠦᠬᠦᠷᠢᠭ ᠨᠦᠬᠦᠪᠤᠷᠢᠯᠡᠨ᠎ᠡ᠃

     ︵ᠳᠠᠪᠤ︶ ᠬᠡᠳᠤ ᠠᠰᠢᠭᠯᠠᠯᠳᠠ ᠶᠢᠨ ᠤᠷᠤᠨ ᠳᠤ ᠵᠢᠬᠡᠯᠡᠯᠬᠡ ᠶᠢᠨ ᠳᠠᠮ ᠬᠦᠤ ᠶᠢᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ

     8. ᠬᠡᠳᠤ ᠠᠰᠢᠭᠯᠠᠯᠳᠠ ᠶᠢᠨ ᠤᠷᠤᠨ ᠳᠠᠬᠢ ᠮᠠᠯᠴᠢᠨ ᠳᠠᠷᠢᠶᠠᠴᠢᠨ ᠡᠷᠤᠬᠡ ᠳᠤ ᠦᠷᠬᠦᠯᠵᠢᠯᠡᠨ ᠭᠤᠷᠪᠠᠨ ᠵᠢᠯ ᠵᠢᠬᠡᠯᠡᠯᠬᠡ ᠶᠢᠨ ᠳᠠᠮ ᠬᠦᠤ ᠶᠢᠨ ᠨᠦᠬᠦᠪᠤᠷᠢ

ᠬᠠᠩᠭᠠᠨ᠂ ᠬᠠᠮᠤᠭ ᠦᠨᠳᠤᠷ ᠲᠤ ᠪᠠᠨ 10 ᠲᠦᠮᠡᠨ ᠲᠦᠬᠦᠷᠢᠭ ᠤᠨ ᠵᠢᠬᠡᠯᠡᠯᠬᠡ ᠳᠠᠯᠪᠢᠨ᠎ᠠ᠃ ᠡᠬᠦᠨ ᠳᠤ᠂ ᠳᠠᠷᠢᠵᠤ ᠳᠡᠵᠢᠬᠡᠨ ᠦᠷᠡᠵᠢᠬᠦᠯᠬᠦ ᠤᠶᠢᠯᠡᠰ ᠤᠨ

ᠬᠦᠭᠵᠢᠯᠳᠠ ᠳᠤ ᠬᠡᠷᠡᠭᠯᠡᠪᠡᠯ᠂ ᠮᠠᠯᠴᠢᠨ ᠳᠠᠷᠢᠶᠠᠴᠢᠨ ᠡᠷᠤᠬᠡ ᠳᠤ ᠵᠢᠬᠡᠯᠡᠯᠬᠡ ᠶᠢᠨ ᠡᠬᠡ ᠮᠦᠩᠬᠦ ᠶᠢᠨ 2 ᠯᠢ ᠵᠤᠭᠤᠰ ᠤᠨ ᠳᠠᠮ ᠬᠦᠤ ᠶᠢᠨ ᠨᠦᠬᠦᠪᠤᠷᠢ

ᠨᠦᠬᠦᠪᠤᠷᠢᠯᠡᠨ᠎ᠡ︔ ᠪᠠᠷᠢᠮᠵᠢᠶᠠᠵᠢᠭᠤᠯᠤᠭᠰᠡᠨ ᠠᠯᠠᠰᠢᠨ ᠮᠠᠯ ᠪᠤᠷᠳᠤᠬᠤ ᠳᠡᠵᠢᠬᠡᠨ ᠦᠷᠡᠵᠢᠬᠦᠯᠬᠡ ᠶᠢᠨ ᠬᠠᠰᠢᠶ᠎ᠠ ᠰᠠᠷᠠᠪᠴᠢ ᠪᠠᠶᠢᠭᠤᠯᠬᠤ ᠳᠤ ᠬᠡᠷᠡᠭᠯᠡᠪᠡᠯ᠂ ᠮᠠᠯᠴᠢᠨ

ᠳᠠᠷᠢᠶᠠᠴᠢᠨ ᠡᠷᠤᠬᠡ ᠳᠤ ᠦᠪᠡᠰᠤᠪᠡᠨ ᠴᠤᠭᠯᠠᠭᠤᠯᠤᠭᠰᠡᠨ 50% ᠶᠢᠨ ᠪᠦᠳᠤᠬᠡᠨ ᠪᠠᠶᠢᠭᠤᠯᠤᠯᠳᠠ ᠶᠢᠨ ᠵᠠᠷᠤᠳᠠᠯ ᠤᠨ 2 ᠯᠢ ᠵᠤᠭᠤᠰ ᠤᠨ ᠳᠠᠮ ᠬᠦᠤ ᠶᠢᠨ

ᠨᠦᠬᠦᠪᠤᠷᠢ ᠨᠦᠬᠦᠪᠤᠷᠢᠯᠡᠨ᠎ᠡ︔  ᠪᠠᠷᠢᠮᠵᠢᠶᠠᠳᠤ ᠮᠦᠬᠦ ᠶᠢᠨ ᠰᠦᠯᠢᠶᠤᠤ ᠰᠠᠷᠠᠪᠴᠢ ᠶᠢ ᠰᠢᠨ᠎ᠠ ᠪᠠᠷ ᠪᠠᠶᠢᠭᠤᠯᠤᠭᠰᠡᠨ ᠪᠤᠶᠤ ᠦᠬᠡᠷᠡᠴᠢᠯᠡᠨ ᠪᠠᠶᠢᠭᠤᠯᠤᠭᠰᠡᠨ

ᠮᠦᠷᠳᠡᠬᠡᠨ ᠦᠷᠬᠦᠯᠵᠢᠯᠡᠨ ᠭᠤᠷᠪᠠᠨ ᠵᠢᠯ ᠬᠡᠷᠡᠭᠯᠡᠭᠰᠡᠨ ᠪᠤᠯ ᠮᠠᠯᠴᠢᠨ ᠳᠠᠷᠢᠶᠠᠴᠢᠨ ᠡᠷᠤᠬᠡ ᠳᠤ ᠦᠪᠡᠰᠤᠪᠡᠨ ᠴᠤᠭᠯᠠᠭᠤᠯᠤᠭᠰᠡᠨ 50% ᠶᠢᠨ ᠪᠦᠳᠤᠬᠡᠨ

ᠪᠠᠶᠢᠭᠤᠯᠤᠯᠳᠠ ᠶᠢᠨ ᠵᠠᠷᠤᠳᠠᠯ ᠪᠠ ᠮᠦᠬᠦ ᠳᠠᠷᠢᠬᠤ ᠪᠤᠭᠤᠳᠠᠯ ᠬᠤᠳᠠᠯᠳᠤᠨ ᠠᠪᠤᠭᠰᠡᠨ ᠨᠠᠶᠢᠳᠠ 10 ᠲᠦᠮᠡᠨ ᠲᠦᠬᠦᠷᠢᠭ ᠠᠴᠠ ᠦᠯᠤ ᠬᠡᠳᠤᠷᠡᠬᠦ ᠡᠬᠡ ᠮᠦᠩᠬᠦ ᠶᠢᠨ

ᠪᠦᠬᠦ ᠳᠤᠭᠠᠨ ᠤ ᠳᠠᠮ ᠬᠦᠤ ᠶᠢᠨ ᠨᠦᠬᠦᠪᠤᠷᠢ ᠨᠦᠬᠦᠪᠤᠷᠢᠯᠡᠨ᠎ᠡ᠃

     ᠭᠤᠷᠪᠠ᠂ ᠬᠦᠳᠤᠯᠤᠨ ᠵᠢᠯᠤᠭᠤᠤᠨᠬᠤ ᠲᠦᠷᠤᠯ ᠤᠨ ᠲᠦᠷᠤ ᠶᠢᠨ ᠪᠤᠳᠤᠯᠭ᠎ᠠ

     ︵ᠵᠢᠷᠭᠤᠭ᠎ᠠ︶ ᠬᠡᠳᠤ ᠠᠰᠢᠭᠯᠠᠯᠳᠠ ᠶᠢᠨ ᠤᠷᠤᠨ ᠳᠤ ᠳᠡᠵᠢᠬᠡᠨ ᠦᠷᠡᠵᠢᠬᠦᠯᠬᠡ ᠶᠢᠨ ᠬᠦᠷᠢᠶᠡᠯᠡᠩ ᠳᠤᠭᠤᠷᠢᠭ ᠪᠠᠶᠢᠭᠤᠯᠬᠤ

     9. ᠬᠡᠳᠤ ᠠᠰᠢᠭᠯᠠᠯᠳᠠ ᠶᠢᠨ ᠤᠷᠤᠨ ᠳᠤᠳᠤᠷᠠᠬᠢ ᠨᠦᠬᠦᠴᠡᠯ ᠳᠤ ᠨᠡᠶᠢᠴᠡᠬᠦ ᠮᠦᠷᠳᠡᠬᠡᠨ ᠦᠨᠵᠢᠬᠦᠯᠤᠨ ᠳᠠᠷᠢᠬᠤ ᠶᠢ ᠬᠡᠷᠡᠭᠵᠢᠬᠦᠯᠤᠬᠡᠳᠤᠢ ᠮᠠᠯᠴᠢᠨ

ᠳᠠᠷᠢᠶᠠᠴᠢᠨ ᠡᠷᠤᠬᠡ᠂ 2024 ᠤᠨ ᠠᠴᠠ 2026 ᠤᠨ ᠪᠤᠯᠳᠠᠯ᠎ᠠ ᠰᠠᠶᠢᠨ ᠳᠤᠷ᠎ᠠ ᠠᠴᠠ ᠪᠠᠨ ᠵᠢᠯ ᠪᠦᠷᠢ 25 ᠮᠤ᠋ ᠠᠴᠠ ᠳᠡᠬᠡᠭᠰᠢ ᠦᠨᠵᠢᠬᠦᠯᠤᠨ ᠳᠠᠷᠢᠬᠤ᠂

ᠳᠡᠵᠢᠬᠡᠨ ᠦᠷᠡᠵᠢᠬᠦᠯᠬᠦ ᠰᠠᠨᠠᠭ᠎ᠠ ᠲᠠᠢ᠂ ᠬᠦᠳᠡᠯᠮᠤᠷᠢ ᠬᠦᠴᠤ ᠲᠠᠢ ᠪᠠ ᠳᠡᠵᠢᠬᠡᠨ ᠦᠷᠡᠵᠢᠬᠦᠯᠬᠡ ᠶᠢᠨ ᠬᠠᠰᠢᠶ᠎ᠠ ᠰᠠᠷᠠᠪᠴᠢ ᠪᠠᠶᠢᠭᠤᠯᠬᠤ ᠭᠠᠵᠠᠷ ᠲᠠᠢ ᠮᠦᠷᠳᠡᠬᠡᠨ

ᠤᠳᠤᠬᠠᠨ ᠳᠤ ᠠᠯᠠᠰᠢᠨ ᠮᠠᠯ ᠤᠨ ᠳᠡᠵᠢᠬᠡᠨ ᠦᠷᠡᠵᠢᠬᠦᠯᠬᠡ ᠶᠢᠨ ᠬᠠᠰᠢᠶ᠎ᠠ ᠰᠠᠷᠠᠪᠴᠢ ᠪᠠᠶᠢᠬᠤ ᠦᠬᠡᠢ ᠮᠠᠯᠴᠢᠨ ᠳᠠᠷᠢᠶᠠᠴᠢᠨ ᠡᠷᠤᠬᠡ᠃

     ︽ᠤᠷᠢᠳᠠᠪᠠᠷ ᠪᠠᠶᠢᠭᠤᠯᠵᠤ ᠳᠠᠷᠠᠭ᠎ᠠ ᠪᠠᠷ ᠨᠢ ᠨᠦᠬᠦᠪᠤᠷᠢᠯᠡᠬᠦ︾ ᠠᠷᠭ᠎ᠠ ᠪᠠᠷ ᠪᠠᠷᠢᠮᠵᠢᠶᠠᠵᠢᠭᠤᠯᠤᠭᠰᠡᠨ ᠠᠯᠠᠰᠢᠨ ᠮᠠᠯ ᠪᠤᠷᠳᠤᠵᠤ ᠳᠡᠵᠢᠬᠡᠨ ᠦᠷᠡᠵᠢᠬᠦᠯᠬᠦ

ᠬᠠᠰᠢᠶ᠎ᠠ ᠰᠠᠷᠠᠪᠴᠢ ᠶᠢ ᠰᠢᠨ᠎ᠠ ᠪᠠᠷ 1 ᠰᠠᠭᠤᠷᠢ ᠪᠠᠶᠢᠭᠤᠯᠬᠤ ᠪᠦᠷᠢ᠂ ᠮᠠᠯ ᠳᠠᠷᠢᠶᠠᠯᠠᠩ ᠤᠨ ᠳᠤᠪᠴᠢᠶ᠎ᠠ ᠠᠴᠠ ᠤᠯᠵᠠᠴᠢ ᠪᠠᠯᠭᠠᠰᠤ ᠲᠠᠢ ᠬᠠᠮᠳᠤᠷᠠᠨ ᠰᠢᠯᠭᠠᠨ

ᠬᠤᠷᠢᠶᠠᠵᠤ ᠬᠢᠷᠢ ᠳᠡᠩᠴᠡᠭᠰᠡᠨ ᠤ ᠳᠠᠷᠠᠭ᠎ᠠ 50% ᠶᠢᠨ ᠪᠠᠶᠢᠭᠤᠯᠤᠯᠳᠠ ᠶᠢᠨ ᠵᠠᠷᠤᠳᠠᠯ ᠤᠨ ᠨᠦᠬᠦᠪᠤᠷᠢ ᠶᠢ ᠨᠢᠬᠡᠯᠡ ᠤᠳᠠᠭ᠎ᠠ ᠳᠤ ᠤᠯᠭᠤᠨ᠎ᠠ︔ ᠦᠯᠡᠳᠡᠭᠰᠡᠨ

50% ᠶᠢᠨ ᠪᠠᠶᠢᠭᠤᠯᠤᠯᠳᠠ ᠶᠢᠨ ᠵᠠᠷᠤᠳᠠᠯ ᠢ ︽ᠨᠢᠬᠡ ᠵᠢᠯ ᠳᠤ ᠨᠢᠬᠡ ᠰᠢᠯᠭᠠᠨ ᠬᠤᠷᠢᠶᠠᠬᠤ᠂ ᠭᠤᠷᠪᠠᠨ ᠵᠢᠯ ᠳᠤ ᠪᠦᠬᠦᠨ ᠢ ᠨᠦᠬᠦᠪᠤᠷᠢᠯᠡᠬᠦ︾ ᠵᠠᠷᠴᠢᠮ

ᠶᠤᠰᠤᠭᠠᠷ᠂ ᠮᠠᠯ ᠳᠠᠷᠢᠶᠠᠯᠠᠩ ᠤᠨ ᠳᠤᠪᠴᠢᠶ᠎ᠠ ᠤᠯᠵᠠᠴᠢ ᠪᠠᠯᠭᠠᠰᠤ ᠲᠠᠢ ᠬᠠᠮᠳᠤᠷᠠᠨ ᠳᠡᠵᠢᠬᠡᠨ ᠦᠷᠡᠵᠢᠬᠦᠯᠬᠡ ᠶᠢᠨ ᠬᠡᠪᠴᠢᠶᠡᠵᠢᠯ ᠪᠠᠷᠢᠮᠵᠢᠶ᠎ᠡ ᠳᠤ ᠬᠦᠷᠬᠦ᠂

ᠲᠦᠷᠤᠯ ᠡᠬᠦᠯᠳᠡᠷ ᠨᠢᠬᠡᠳᠤᠯᠳᠠᠢ ᠪᠠᠶᠢᠬᠤ᠂ ᠦᠷ᠎ᠠ ᠠᠰᠢᠭ ᠪᠠᠷᠢᠮᠵᠢᠶ᠎ᠠ ᠳᠤ ᠬᠦᠷᠬᠦ ᠵᠡᠷᠬᠡ ᠠᠭᠤᠯᠭ᠎ᠠ ᠪᠠᠷ ᠰᠢᠯᠭᠠᠨ ᠬᠤᠷᠢᠶᠠᠵᠤ ᠬᠢᠷᠢ ᠳᠡᠩᠴᠡᠭᠰᠡᠨ ᠤ ᠳᠠᠷᠠᠭ᠎ᠠ᠂

ᠵᠢᠯ ᠬᠤᠪᠢᠶᠠᠨ ᠨᠦᠬᠦᠪᠤᠷᠢ ᠶᠢᠨ ᠪᠡᠯᠡ ᠮᠦᠩᠬᠦ ᠤᠯᠭᠤᠵᠤ᠂ ᠳᠡᠵᠢᠬᠡᠨ ᠦᠷᠡᠵᠢᠬᠦᠯᠬᠡ ᠶᠢᠨ ᠲᠦᠬᠦᠬᠡᠷᠤᠮᠵᠢ ᠰᠤᠯᠠ ᠤᠷᠬᠢᠭᠳᠠᠬᠤ ᠦᠵᠡᠭᠳᠡᠯ ᠡᠬᠦᠰᠬᠦ ᠶᠢ

ᠪᠦᠳᠤᠮᠵᠢᠳᠠᠢ ᠰᠡᠷᠬᠡᠶᠢᠯᠡᠨ ᠬᠤᠷᠢᠭᠯᠠᠨ᠎ᠠ᠃

     15 ᠡᠷᠤᠬᠡ ᠠᠴᠠ ᠳᠡᠬᠡᠭᠰᠢᠬᠢ ᠮᠠᠯ ᠳᠠᠷᠢᠶᠠᠯᠠᠩ ᠤᠨ ᠬᠤᠷᠰᠢᠶᠠᠵᠢᠯ ᠳᠤ᠂ ᠮᠠᠯ ᠳᠠᠷᠢᠶᠠᠯᠠᠩ ᠤᠨ ᠳᠤᠪᠴᠢᠶ᠎ᠠ᠂ ᠤᠯᠵᠠᠴᠢ ᠪᠠᠯᠭᠠᠰᠤ ᠠᠴᠠ ᠠᠯᠠᠰᠢᠨ ᠮᠠᠯ ᠤᠨ

ᠳᠡᠵᠢᠬᠡᠨ ᠦᠷᠡᠵᠢᠬᠦᠯᠬᠡ ᠶᠢᠨ ᠬᠦᠷᠢᠶᠡᠯᠡᠩ ᠳᠤᠭᠤᠷᠢᠭ ᠤᠨ ᠲᠦᠬᠦᠷᠴᠢᠯᠡᠭᠰᠡᠨ ᠰᠠᠭᠤᠷᠢ ᠲᠦᠬᠦᠬᠡᠷᠤᠮᠵᠢ ᠶᠢ ᠨᠢᠬᠡᠳᠤᠯᠳᠠᠢ ᠲᠦᠯᠤᠪᠵᠢᠬᠦᠯᠤᠨ ᠲᠦᠪᠯᠡᠷᠡᠩᠬᠦᠢ

ᠪᠠᠶᠢᠭᠤᠯᠵᠤ᠂  ᠨᠢᠬᠡᠳᠤᠯᠳᠠᠢ ᠡᠬᠦᠯᠳᠡᠷ ᠤᠨ ᠳᠡᠵᠢᠬᠡᠨ ᠦᠷᠡᠵᠢᠬᠦᠯᠬᠡ᠂ ᠨᠢᠬᠡᠳᠤᠯᠳᠠᠢ ᠳᠡᠵᠢᠬᠡᠬᠦ ᠪᠠᠷᠢᠮᠵᠢᠶ᠎ᠠ᠂ ᠨᠢᠬᠡᠳᠤᠯᠳᠠᠢ ᠬᠠᠮᠢᠶᠠᠷᠤᠯᠳᠠ ᠶᠢᠨ ᠵᠠᠭᠪᠤᠷ᠂

ᠨᠢᠬᠡᠳᠤᠯᠳᠠᠢ ᠬᠢᠵᠢᠭ ᠡᠪᠡᠤᠨᠴᠢᠨ ᠤ ᠰᠡᠷᠬᠡᠶᠢᠯᠡᠯᠳᠠ ᠵᠠᠰᠠᠯᠳᠠ᠂ ᠨᠢᠬᠡᠳᠤᠯᠳᠠᠢ ᠪᠤᠷᠤᠯᠠᠭᠤᠯᠭ᠎ᠠ ᠶᠢᠨ ᠠᠷᠭ᠎ᠠ ᠵᠠᠮ᠂ ᠨᠢᠬᠡᠳᠤᠯᠳᠠᠢ ᠨᠠᠷ᠎ᠠ ᠳᠡᠮᠳᠡᠭ ᠤᠨ ᠡᠵᠡᠩᠨᠡᠯᠳᠠ

 ᠶᠢᠨ ︽ᠵᠢᠷᠭᠤᠭᠠᠨ ᠨᠢᠬᠡᠳᠤᠯᠳᠠᠢ︾ ᠵᠠᠭᠪᠤᠷ ᠢ ᠬᠡᠷᠡᠭᠵᠢᠬᠦᠯᠤᠨ᠂ ᠤᠯᠵᠠᠴᠢ ᠪᠠᠯᠭᠠᠰᠤ ᠠᠴᠠ ᠬᠤᠷᠰᠢᠶᠠᠵᠢᠯ ᠢ ᠵᠤᠬᠢᠶᠠᠨ ᠪᠠᠶᠢᠭᠤᠯᠤᠨ ᠲᠦᠷᠤᠯ ᠵᠦᠢᠯ ᠤᠨ

ᠪᠠᠶᠢᠭᠤᠯᠤᠯᠳᠠ ᠶᠢᠨ ᠭᠠᠵᠠᠷ ᠢ ᠨᠠᠶᠢᠳᠠᠪᠤᠷᠢᠵᠢᠭᠤᠯᠤᠨ᠎ᠠ᠃

     ︵ᠳᠤᠯᠤᠭ᠎ᠠ︶ ᠬᠡᠳᠤ ᠠᠰᠢᠭᠯᠠᠯᠳᠠ ᠶᠢᠨ ᠤᠷᠤᠨ ᠳᠤ ᠮᠦᠬᠦ ᠶᠢ ᠨᠠᠷᠢᠯᠢᠭ ᠪᠤᠯᠪᠠᠰᠤᠷᠠᠭᠤᠯᠬᠤ ᠤᠨᠴᠠᠯᠢᠭᠳᠤ ᠠᠵᠤ ᠤᠶᠢᠯᠡᠰ ᠤᠨ ᠬᠦᠷᠢᠶᠡᠯᠡᠩ ᠪᠠᠶᠢᠭᠤᠯᠬᠤ

ᠲᠦᠷᠤᠯ ᠵᠦᠢᠯ

     10. ᠮᠦᠬᠦ ᠶᠢ ᠨᠠᠷᠢᠯᠢᠭ ᠪᠤᠯᠪᠠᠰᠤᠷᠠᠭᠤᠯᠬᠤ ᠤᠨᠴᠠᠯᠢᠭᠳᠤ ᠠᠵᠤ ᠤᠶᠢᠯᠡᠰ ᠤᠨ ᠬᠦᠷᠢᠶᠡᠯᠡᠩ ᠤᠨ ᠪᠠᠶᠢᠭᠤᠯᠤᠯᠳᠠ ᠶᠢ ᠠᠬᠢᠭᠤᠯᠤᠨ᠂ ᠳᠠᠷᠢᠯᠳᠠ ᠶᠢᠨ

ᠬᠡᠪᠴᠢᠶ᠎ᠡ ᠶᠢ ᠦᠷᠬᠡᠤᠨᠬᠡᠵᠤ᠂ ᠬᠡᠳᠤ ᠠᠰᠢᠭᠯᠠᠯᠳᠠ ᠶᠢᠨ ᠤᠷᠤᠨ ᠤ ᠮᠠᠯᠴᠢᠨ ᠳᠠᠷᠢᠶᠠᠴᠢᠨ ᠳᠤ ᠠᠵᠢᠯ ᠤᠨ ᠪᠠᠶᠢᠷᠢ ᠬᠠᠩᠭᠠᠨ᠎ᠠ᠃

     10 ᠮᠤ᠋ ᠶᠢᠨ ᠬᠠᠤᠯᠢ ᠶᠤᠰᠤᠨ ᠤ ᠤᠰᠤᠯᠠᠯᠳᠠ ᠶᠢᠨ ᠭᠠᠵᠠᠷ ᠢᠶᠠᠨ ᠰᠠᠶᠢᠨ ᠳᠤᠷ᠎ᠠ ᠠᠴᠠ ᠪᠠᠨ ᠨᠢᠬᠡ ᠰᠠᠭᠤᠷᠢ 0.8 ᠮᠤ᠋ ᠠᠴᠠ ᠳᠡᠬᠡᠭᠰᠢᠬᠢ ᠪᠠᠷᠢᠮᠵᠢᠶᠠᠳᠤ

ᠮᠦᠬᠦ ᠶᠢᠨ ᠰᠦᠯᠢᠶᠤᠤ ᠭᠤᠯᠳᠤᠩ ᠰᠠᠷᠠᠪᠴᠢ ᠰᠤᠯᠢᠨ ᠰᠢᠨ᠎ᠠ ᠪᠠᠷ ᠪᠠᠶᠢᠭᠤᠯᠬᠤ ᠮᠦᠷᠳᠡᠬᠡᠨ ᠦᠯᠡᠳᠡᠭᠰᠡᠨ 9.2 ᠮᠤ᠋ ᠪᠠᠨ ᠰᠠᠶᠢᠨ ᠳᠤᠷ᠎ᠠ ᠠᠴᠠ ᠪᠠᠨ

ᠦᠷᠬᠦᠯᠵᠢᠯᠠᠨ 3 ᠵᠢᠯ  ᠪᠤᠷᠤᠭᠠᠨ ᠳᠤ ᠲᠦᠰᠢᠭᠯᠡᠨ ᠬᠠᠭᠤᠷᠠᠢ ᠪᠠᠷ ᠳᠠᠷᠢᠬᠤ ᠪᠤᠶᠤ ᠤᠰᠤ ᠬᠢᠵᠠᠭᠠᠷᠯᠠᠨ ᠡᠯᠳᠡᠪ ᠠᠮᠤ ᠳᠠᠷᠢᠬᠤ ︵ᠵᠢᠯ ᠳᠤ 3 ᠤᠳᠠᠭ᠎ᠠ ᠤᠰᠤᠯᠠᠬᠤ

 ᠪᠠᠷ ᠬᠢᠵᠠᠭᠠᠷᠯᠠᠨ᠂ ᠮᠤ᠋ ᠪᠦᠷᠢ ᠶᠢᠨ ᠬᠡᠷᠡᠭᠯᠡᠬᠦ ᠤᠰᠤ ᠶᠢ 60 ᠪᠤᠰᠤᠭ᠎ᠠ ᠲᠦᠷᠪᠡᠯᠵᠢᠨ ᠮᠧᠲᠷ ᠠᠴᠠ ᠬᠡᠳᠤᠷᠡᠬᠦᠯᠵᠤ ᠪᠤᠯᠬᠤ ᠦᠬᠡᠢ︶ ᠮᠠᠯᠴᠢᠨ ᠳᠠᠷᠢᠶᠠᠴᠢᠨ ᠡᠷᠤᠬᠡ

 ᠳᠤ ᠰᠦᠯᠢᠶᠤᠤ ᠭᠤᠯᠳᠤᠩ ᠰᠠᠷᠠᠪᠴᠢ ᠪᠦᠷᠢ ᠳᠤ 50% ᠶᠢᠨ ᠪᠦᠳᠤᠬᠡᠨ ᠪᠠᠶᠢᠭᠤᠯᠤᠯᠳᠠ ᠶᠢᠨ ᠵᠠᠷᠤᠳᠠᠯ ᠤᠨ ᠨᠦᠬᠦᠪᠤᠷᠢ ᠤᠯᠭᠤᠨ᠎ᠠ︔

     ᠬᠡᠳᠤ ᠠᠰᠢᠭᠯᠠᠯᠳᠠ ᠶᠢᠨ ᠤᠷᠤᠨ ᠳᠠᠬᠢ 2022 ᠤᠨ ᠠᠴᠠ ᠨᠠᠭᠠᠰᠢ ᠪᠠᠶᠢᠭᠤᠯᠤᠭᠰᠡᠨ 617 ᠰᠠᠭᠤᠷᠢ ᠪᠠᠷᠢᠮᠵᠢᠶᠠᠳᠤ ᠰᠦᠯᠢᠶᠤᠤ ᠭᠤᠯᠳᠤᠩ ᠰᠠᠷᠠᠪᠴᠢ

ᠰᠤᠯᠢᠭᠰᠡᠨ ᠮᠠᠯᠴᠢᠨ ᠳᠠᠷᠢᠶᠠᠴᠢᠨ ᠡᠷᠤᠬᠡ ᠰᠠᠶᠢᠨ ᠳᠤᠷ᠎ᠠ ᠠᠴᠠ ᠪᠠᠨ ᠮᠦᠬᠦ ᠶᠢᠨ ᠰᠦᠯᠢᠶᠤᠤ ᠭᠤᠯᠳᠤᠩ ᠰᠠᠷᠠᠪᠴᠢ ᠪᠠᠨ ᠦᠬᠡᠷᠡᠴᠢᠯᠡᠨ ᠪᠠᠶᠢᠭᠤᠯᠵᠤ ᠮᠦᠬᠦ

ᠳᠠᠷᠢᠬᠤ ᠮᠦᠷᠳᠡᠬᠡᠨ ᠦᠯᠡᠳᠡᠭᠰᠡᠨ 9.2 ᠮᠤ᠋ ᠪᠠᠨ ᠰᠠᠶᠢᠨ ᠳᠤᠷ᠎ᠠ ᠠᠴᠠ ᠪᠠᠨ  ᠪᠤᠷᠤᠭᠠᠨ ᠳᠤ ᠲᠦᠰᠢᠭᠯᠡᠨ ᠬᠠᠭᠤᠷᠠᠢ ᠪᠠᠷ ᠳᠠᠷᠢᠬᠤ ᠪᠤᠶᠤ ᠤᠰᠤ ᠬᠢᠵᠠᠭᠠᠷᠯᠠᠨ

ᠡᠯᠳᠡᠪ ᠠᠮᠤ  ᠳᠠᠷᠢᠪᠠᠯ ︵ᠵᠢᠯ ᠳᠤ 3 ᠤᠳᠠᠭ᠎ᠠ ᠤᠰᠤᠯᠠᠬᠤ ᠪᠠᠷ ᠬᠢᠵᠠᠭᠠᠷᠯᠠᠨ᠂ ᠮᠤ᠋ ᠪᠦᠷᠢ ᠶᠢᠨ ᠬᠡᠷᠡᠭᠯᠡᠬᠦ ᠤᠰᠤ ᠶᠢ 60 ᠪᠤᠰᠤᠭ᠎ᠠ ᠲᠦᠷᠪᠡᠯᠵᠢᠨ ᠮᠧᠲᠷ ᠠᠴᠠ

ᠬᠡᠳᠤᠷᠡᠬᠦᠯᠵᠤ ᠪᠤᠯᠬᠤ ᠦᠬᠡᠢ︶ ᠰᠦᠯᠢᠶᠤᠤ ᠭᠤᠯᠳᠤᠩ ᠰᠠᠷᠠᠪᠴᠢ ᠪᠦᠷᠢ ᠳᠤ 1 ᠲᠦᠮᠡᠨ ᠲᠦᠬᠦᠷᠢᠭ ᠤᠨ ᠦᠬᠡᠷᠡᠴᠢᠯᠡᠨ ᠪᠠᠶᠢᠭᠤᠯᠬᠤ ᠵᠠᠷᠤᠳᠠᠯ ᠤᠨ ᠨᠦᠬᠦᠪᠤᠷᠢ

ᠤᠯᠭᠤᠨ᠂ ᠤᠯᠵᠠᠴᠢ ᠪᠠᠯᠭᠠᠰᠤ ᠠᠴᠠ ᠨᠢᠬᠡᠳᠤᠯᠳᠠᠢ ᠵᠤᠬᠢᠶᠠᠨ ᠪᠠᠶᠢᠭᠤᠯᠵᠤ᠂ ᠭᠠᠴᠠᠭ᠎ᠠ ᠳᠤᠰᠬᠤᠨ ᠤ ᠵᠦᠪᠯᠡᠯ ᠠᠴᠠ ᠪᠤᠳᠠᠳᠠᠢ ᠦᠬᠡᠷᠡᠴᠢᠯᠡᠨ ᠬᠡᠷᠡᠭᠵᠢᠬᠦᠯᠬᠦ ᠠᠵᠢᠯ

 ᠢ ᠬᠠᠷᠢᠭᠤᠴᠠᠨ᠎ᠠ᠃

     11. ᠠᠵᠤ ᠤᠶᠢᠯᠡᠰ ᠤᠨ ᠬᠦᠷᠢᠶᠡᠯᠡᠩ ᠤᠨ ᠮᠦᠬᠦ ᠶᠢᠨ ᠵᠢᠯ ᠤᠨ ᠭᠠᠷᠤᠯᠳᠠ 1000 ᠲᠤᠨ ᠬᠦᠷᠬᠦ ᠦᠶᠡᠰ ᠵᠢᠯ ᠤᠨ ᠭᠠᠷᠤᠯᠳᠠ 500 ᠲᠤᠨ ᠤ ᠮᠦᠬᠦ

 ᠶᠢ ᠨᠠᠷᠢᠯᠢᠭ ᠪᠤᠯᠪᠠᠰᠤᠷᠠᠭᠤᠯᠬᠤ ᠤᠶᠢᠯᠡᠤᠨᠪᠤᠷᠢ ᠶᠢ 1 ᠰᠠᠭᠤᠷᠢ ᠨᠢᠬᠡᠳᠤᠯᠳᠠᠢ ᠲᠦᠯᠤᠪᠵᠢᠬᠦᠯᠤᠨ ᠪᠠᠶᠢᠭᠤᠯᠵᠤ᠂ ︽ᠠᠵᠤ ᠠᠬᠤᠶᠢᠯᠠᠯ  + ᠬᠠᠮᠳᠤ ᠶᠢᠨ

ᠬᠤᠷᠰᠢᠶᠠᠵᠢᠯ + ᠮᠠᠯᠴᠢᠨ ᠳᠠᠷᠢᠶᠠᠴᠢᠨ ᠡᠷᠤᠬᠡ︾ ᠶᠢᠨ ᠬᠠᠮᠳᠤᠷᠠᠯᠴᠠᠭᠠᠨ ᠤ ᠵᠠᠭᠪᠤᠷ ᠢ ᠪᠠᠶᠢᠭᠤᠯᠤᠨ᠂ ᠭᠠᠴᠠᠭ᠎ᠠ ᠳᠤᠰᠬᠤᠨ ᠤ ᠬᠠᠮᠳᠤ ᠨᠠᠶᠢᠳᠠ ᠪᠠ ᠮᠠᠯᠴᠢᠨ

ᠳᠠᠷᠢᠶᠠᠴᠢᠨ ᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠤᠨ ᠪᠠᠶᠠᠵᠢᠭᠤᠯᠤᠨ᠎ᠠ᠃

 ︵ᠨᠠᠢᠮᠠ︶ ᠬᠡᠳᠤ ᠠᠰᠢᠭᠯᠠᠯᠳᠠ ᠶᠢᠨ ᠤᠷᠤᠨ ᠳᠤ ᠳᠠᠷᠬᠠᠢ ᠮᠠᠶ᠋ᠢᠭ ᠤᠨ ᠨᠠᠷᠠᠨ ᠡᠨᠧᠷᠬᠢ ᠶᠢᠨ ᠲᠦᠷᠤᠯ ᠵᠦᠢᠯ ᠢ ᠨᠠᠶᠢᠳᠠᠪᠤᠷᠢᠵᠢᠭᠤᠯᠤᠨ᠎ᠠ

    12. ᠬᠡᠳᠤ ᠠᠰᠢᠭᠯᠠᠯᠳᠠ ᠶᠢᠨ ᠤᠷᠤᠨ ᠳᠤ ᠡᠩ ᠳᠡᠷᠢᠬᠦᠨ ᠳᠤ ᠳᠠᠷᠬᠠᠢ ᠮᠠᠶ᠋ᠢᠭ ᠤᠨ ᠨᠠᠷᠠᠨ ᠡᠨᠧᠷᠬᠢ ᠶᠢ ᠬᠡᠷᠡᠭᠵᠢᠬᠦᠯᠤᠨ᠂ ᠲᠦᠷᠤᠯ ᠵᠦᠢᠯ ᠢᠶᠠᠷ ᠮᠠᠯᠴᠢᠨ

ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠤᠨ᠎ᠠ᠃ ᠤᠯᠵᠠᠴᠢ ᠪᠠᠯᠭᠠᠰᠤ ᠪᠠ ᠴᠠᠬᠢᠯᠭᠠᠨ ᠬᠠᠩᠭᠠᠬᠤ ᠺᠤᠮᠫᠠᠨᠢ ᠠᠴᠠ ᠬᠡᠳᠤ ᠠᠰᠢᠭᠯᠠᠯᠳᠠ ᠶᠢᠨ ᠤᠷᠤᠨ ᠳᠠᠬᠢ

ᠬᠦᠴᠤᠳᠠᠯ ᠦᠬᠡᠷᠡᠴᠢᠯᠡᠭᠴᠢ ᠶᠢᠨ ᠳᠤᠭ᠎ᠠ ᠬᠡᠮᠵᠢᠶ᠎ᠡ ᠪᠠᠭᠳᠠᠭᠠᠮᠵᠢ ᠴᠠᠬᠢᠯᠭᠠᠨ ᠬᠠᠩᠭᠠᠬᠤ ᠵᠠᠮ ᠱᠤᠭᠤᠮ ᠢ ᠪᠠᠶᠢᠴᠠᠭᠠᠨ ᠤᠶᠢᠯᠠᠭᠠᠵᠤ᠂ ᠲᠦᠷᠤᠯ ᠵᠦᠢᠯ ᠤᠨ

ᠨᠠᠶᠢᠳᠠᠪᠤᠷᠢᠵᠢᠭᠤᠯᠤᠯᠳᠠ ᠬᠡᠷᠡᠭᠵᠢᠬᠦᠯᠤᠯᠳᠠ ᠳᠤ ᠡᠮᠤᠨᠡᠬᠢ ᠬᠤᠭᠤᠴᠠᠭᠠᠨ ᠤ ᠪᠡᠯᠡᠤᠨᠬᠡᠯ ᠠᠵᠢᠯ ᠢ ᠰᠠᠶᠢᠳᠤᠷ ᠬᠢᠨ᠎ᠠ᠃

     ᠲᠦᠷᠪᠡ᠂ ᠬᠠᠮᠢᠶᠠᠷᠤᠯᠳᠠ ᠶᠢᠨ ᠲᠦᠷᠤᠯ ᠤᠨ ᠲᠦᠷᠤ ᠶᠢᠨ ᠪᠤᠳᠤᠯᠭ᠎ᠠ

     ︵ᠶᠢᠰᠤ︶ ᠬᠡᠳᠤ ᠠᠰᠢᠭᠯᠠᠯᠳᠠ ᠶᠢᠨ ᠤᠷᠤᠨ ᠳᠤ ᠪᠦᠬᠦ ᠶᠠᠪᠤᠴᠠ ᠶᠢᠨ ᠮᠡᠷᠬᠡᠵᠢᠯ ᠤᠨ ᠤᠶᠢᠯᠡᠴᠢᠯᠡᠭᠡ ᠬᠠᠩᠭᠠᠨ᠎ᠠ

     13. ᠬᠡᠮᠵᠢᠨ ᠵᠢᠷᠤᠬᠤ ᠵᠡᠷᠬᠡ ᠰᠠᠭᠤᠷᠢ ᠠᠵᠢᠯ ᠤᠨ ᠵᠠᠷᠤᠳᠠᠯ ᠳᠤᠬᠢᠷᠠᠭᠤᠯᠤᠨ᠂ ᠤᠯᠵᠠᠴᠢ ᠪᠠᠯᠭᠠᠰᠤ ᠠᠴᠠ ᠬᠢᠷᠢ ᠬᠡᠮ ᠲᠠᠢ ᠬᠡᠮᠵᠢᠨ ᠵᠢᠷᠤᠬᠤ ᠺᠤᠮᠫᠠᠨᠢ

ᠤᠷᠢᠵᠤ᠂ ᠬᠡᠳᠤ ᠠᠰᠢᠭᠯᠠᠯᠳᠠ ᠶᠢᠨ ᠣᠷᠤᠨ ᠳᠤᠳᠤᠷᠠᠬᠢ ᠪᠦᠬᠦᠶᠢᠯᠡ ᠤᠰᠤᠯᠠᠯᠳᠠ ᠶᠢᠨ ᠭᠠᠵᠠᠷ ᠢ ᠬᠡᠮᠵᠢᠵᠤ ᠵᠢᠷᠤᠨ ᠡᠯ᠎ᠡ ᠲᠦᠷᠤᠯ ᠤᠨ ᠪᠠᠬᠢᠵᠢᠬᠦᠯᠤᠨ ᠵᠠᠰᠠᠬᠤ

ᠲᠦᠷᠤ ᠶᠢᠨ ᠪᠤᠳᠤᠯᠭ᠎ᠠ ᠳᠤ ᠦᠨᠳᠤᠰᠤᠯᠠᠯ ᠬᠠᠩᠭᠠᠨ᠎ᠠ᠃

     14. ᠬᠡᠳᠤ ᠠᠰᠢᠭᠯᠠᠯᠳᠠ ᠶᠢᠨ ᠤᠷᠤᠨ ᠳᠤ ᠮᠡᠷᠬᠡᠵᠢᠯ ᠤᠨ ᠤᠶᠢᠯᠡᠴᠢᠯᠡᠭᠡ ᠶᠢᠨ ᠵᠠᠷᠤᠳᠠᠯ ᠳᠤᠬᠢᠷᠠᠭᠤᠯᠤᠨ᠂ ᠮᠠᠯ ᠳᠠᠷᠢᠶᠠᠯᠠᠩ ᠤᠨ ᠳᠤᠪᠴᠢᠶ᠎ᠠ ᠠᠴᠠ

ᠨᠢᠬᠡᠳᠤᠯᠳᠠᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠮᠡᠷᠬᠡᠵᠢᠯ ᠲᠠᠢ ᠪᠤᠳᠠᠳᠤ ᠬᠦᠴᠤᠨ ᠲᠠᠢ ᠬᠤᠪᠢ ᠬᠦᠮᠤᠨ ᠪᠠ ᠪᠦᠯᠬᠦᠮ ᠨᠠᠶᠢᠳᠠ ᠤᠷᠢᠬᠤ ᠪᠠᠷ ᠳᠡᠮᠵᠢᠭᠤᠯᠤᠨ

ᠮᠠᠯᠴᠢᠨ ᠳᠠᠷᠢᠶᠠᠴᠢᠨ ᠳᠤ ᠪᠦᠬᠦ ᠶᠠᠪᠤᠴᠠ ᠶᠢᠨ ᠳᠡᠷᠢᠵᠤ ᠳᠡᠵᠢᠬᠡᠵᠤ ᠦᠷᠡᠵᠢᠬᠦᠯᠬᠦ ᠮᠡᠷᠬᠡᠵᠢᠯ ᠤᠨ ᠤᠶᠢᠯᠡᠴᠢᠯᠡᠭᠡ ᠬᠠᠩᠭᠠᠨ᠎ᠠ᠃ ᠡᠬᠦᠨ ᠠᠴᠠ ᠭᠠᠳᠠᠨ᠎ᠠ᠂ ᠤᠯᠵᠠᠴᠢ

ᠪᠠᠯᠭᠠᠰᠤ ᠠᠴᠠ ᠬᠡᠳᠤ ᠠᠰᠢᠭᠯᠠᠯᠳᠠ ᠶᠢᠨ ᠤᠷᠤᠨ ᠳᠠᠬᠢ ᠮᠠᠯᠴᠢᠨ ᠳᠠᠷᠢᠶᠠᠴᠢᠨ ᠡᠷᠤᠬᠡ ᠶᠢᠨ ᠤᠰᠤᠯᠠᠯᠳᠠ ᠶᠢᠨ ᠭᠠᠵᠠᠷ ᠤᠨ ᠰᠢᠨᠵᠢ ᠴᠢᠨᠠᠷ᠂ ᠡᠷᠤᠬᠡ ᠨᠢᠬᠡᠪᠤᠷᠢ

 ᠶᠢᠨ ᠤᠰᠤᠯᠠᠯᠳᠠ ᠶᠢᠨ ᠭᠠᠵᠠᠷ ᠤᠨ ᠳᠠᠯᠠᠪᠠᠢ᠂ ᠦᠨᠵᠢᠬᠦᠯᠤᠨ ᠳᠠᠷᠢᠬᠤ ᠭᠠᠵᠠᠷ᠂ ᠦᠨᠳᠤᠷ ᠪᠦᠳᠤᠮᠵᠢᠳᠠᠢ ᠤᠰᠤ ᠠᠷᠪᠢᠯᠠᠬᠤ ᠤᠰᠤᠯᠠᠯᠳᠠ ᠶᠢᠨ ᠭᠠᠵᠠᠷ᠂

ᠪᠠᠶᠢᠭᠤᠯᠤᠭᠰᠡᠨ ᠭᠤᠯᠳᠤᠩ ᠰᠠᠷᠠᠪᠴᠢ᠂ ᠵᠢᠬᠡᠯᠡᠯᠬᠡ ᠠᠪᠬᠤ ᠬᠡᠷᠡᠭᠴᠡᠭᠡ ᠱᠠᠭᠠᠷᠳᠠᠯᠭ᠎ᠠ ᠲᠠᠢ ᠮᠠᠯᠴᠢᠨ ᠳᠠᠷᠢᠶᠠᠴᠢᠨ ᠡᠷᠤᠬᠡ ᠵᠡᠷᠬᠡ ᠦᠨᠳᠤᠰᠤᠨ ᠪᠠᠶᠢᠳᠠᠯ ᠢ

ᠪᠦᠷᠢᠤᠨᠬᠡᠵᠤ᠂ ᠲᠦᠪᠯᠡᠷᠡᠩᠬᠦᠢ ᠳᠡᠵᠢᠬᠡᠨ ᠦᠷᠡᠵᠢᠬᠦᠯᠬᠡ᠂ ᠳᠠᠷᠬᠠᠢ ᠮᠠᠶ᠋ᠢᠭ ᠤᠨ ᠨᠠᠷᠠᠨ ᠡᠨᠧᠷᠬᠢ᠂ ᠮᠦᠬᠦ ᠳᠠᠷᠢᠬᠤ ᠲᠦᠷᠤᠯ ᠵᠦᠢᠯ ᠤᠨ ᠲᠦᠷᠤ ᠶᠢᠨ ᠪᠤᠳᠤᠯᠭ᠎ᠠ ᠶᠢ

ᠡᠳ᠋ᠯᠡᠬᠦ ᠰᠠᠨᠠᠭ᠎ᠠ ᠲᠠᠢ ᠮᠠᠯᠴᠢᠨ ᠳᠠᠷᠢᠶᠠᠴᠢᠨ ᠡᠷᠤᠬᠡ ᠶᠢ ᠨᠤᠳᠠᠯᠠᠬᠤ ᠶᠢᠨ ᠬᠠᠮᠳᠤ ᠬᠠᠷᠠᠭᠠᠯᠵᠠᠭᠰᠡᠨ ᠳᠠᠩᠰᠠ ᠡᠪᠬᠡᠮᠡᠯ ᠪᠠᠶᠢᠭᠤᠯᠵᠤ ᠡᠯ᠎ᠡ ᠲᠦᠷᠤᠯ ᠤᠨ ᠠᠵᠢᠯ

ᠡᠬᠦᠷᠬᠡ ᠶᠢ ᠠᠬᠢᠭᠤᠯᠤᠨ ᠨᠠᠶᠢᠳᠠᠪᠤᠷᠢᠵᠢᠭᠤᠯᠬᠤ ᠳᠤ ᠲᠦᠬᠦᠮ ᠪᠤᠯᠭᠠᠬᠤ ᠬᠡᠷᠡᠭᠳᠠᠢ᠃ ᠤᠰᠤᠨ ᠠᠰᠢᠭᠯᠠᠯᠳᠠ ᠶᠢᠨ ᠳᠤᠪᠴᠢᠶ᠎ᠠ ᠠᠴᠠ ᠬᠡᠳᠤ ᠠᠰᠢᠭᠯᠠᠯᠳᠠ ᠶᠢᠨ

ᠤᠷᠤᠨ ᠳᠤ ᠨᠢᠬᠡ ᠪᠦᠯᠦᠭ ᠰᠠᠪᠠ ᠭᠠᠵᠠᠷ ᠢ ᠵᠠᠰᠠᠬᠤ᠂ ᠠᠮᠢ ᠠᠬᠤᠢ ᠶᠢᠨ ᠤᠰᠤ ᠨᠦᠬᠦᠪᠤᠷᠢᠯᠡᠬᠦ ᠵᠡᠷᠬᠡ ᠲᠦᠷᠤᠯ ᠵᠦᠢᠯ ᠢ ᠢᠳᠡᠪᠬᠢᠳᠠᠢ ᠰᠦᠪᠡᠭᠴᠢᠯᠡᠨ ᠴᠢᠷᠮᠠᠶᠢᠨ

ᠬᠡᠷᠡᠭᠵᠢᠬᠦᠯᠵᠤ᠂ ᠨᠢᠬᠡᠨᠳᠠ ᠪᠠᠶᠢᠭᠤᠯᠤᠭᠰᠡᠨ ᠨᠦᠯᠤᠮᠡᠯ ᠭᠠᠵᠠᠷ ᠤᠨ ᠬᠠᠰᠢᠯᠭ᠎ᠠ ᠵᠡᠷᠬᠡ ᠤᠰᠤ ᠬᠠᠳᠠᠭᠠᠯᠠᠬᠤ ᠢᠨᠵᠧᠨᠧᠷᠢᠩ ᠤᠨ ᠤᠰᠤ ᠡᠯᠪᠡᠭ ᠬᠤᠭᠤᠴᠠᠭᠠᠨ ᠤ

ᠤᠰᠤ ᠬᠠᠳᠠᠭᠠᠯᠠᠬᠤ ᠪᠠ ᠤᠰᠤ ᠰᠢᠷᠬᠢᠬᠦ ᠬᠤᠭᠤᠴᠠᠭᠠᠨ ᠤ ᠤᠰᠤ ᠨᠦᠬᠦᠪᠤᠷᠢᠯᠡᠬᠦ ᠴᠢᠳᠠᠪᠬᠢ ᠶᠢ ᠬᠦᠢᠴᠡᠤᠨ ᠪᠠᠳᠠᠷᠠᠭᠤᠯᠤᠨ ᠤᠰᠤᠨ ᠡᠬᠢ ᠪᠠᠶᠠᠯᠢᠭ ᠤᠨ

ᠠᠰᠢᠭᠯᠠᠯᠳᠠ ᠶᠢᠨ ᠨᠤᠷᠮ᠎ᠠ ᠶᠢ ᠦᠨᠡᠨᠬᠦ ᠳᠡᠬᠡᠭᠰᠢᠯᠡᠬᠦᠯᠬᠦ ᠬᠡᠷᠡᠭᠳᠠᠢ᠃ ᠮᠠᠯ ᠳᠠᠷᠢᠶᠠᠯᠠᠩ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ ᠪᠠ ᠴᠠᠬᠢᠯᠭᠠᠨ

ᠬᠠᠩᠭᠠᠬᠤ ᠺᠤᠮᠫᠠᠨᠢ ᠠᠴᠠ ᠳᠤᠰᠬᠠᠢ ᠬᠦᠮᠤᠨ ᠰᠤᠩᠭᠤᠨ ᠤᠶᠢᠯᠡᠴᠢᠯᠡᠬᠡᠨ ᠤ ᠠᠩᠬᠢ ᠪᠠᠶᠢᠭᠤᠯᠵᠤ᠂ ᠳᠡᠷᠢᠵᠤ ᠳᠡᠵᠢᠬᠡᠨ ᠦᠷᠡᠵᠢᠬᠦᠯᠬᠦ ᠲᠦᠷᠤᠯ ᠡᠬᠦᠯᠳᠡᠷ ᠢ

ᠰᠤᠩᠭᠤᠬᠤ᠂ ︽ᠬᠤᠤᠨᠳᠤᠭ ᠴᠠᠬᠢᠯᠭᠠᠨ ᠤ ᠬᠤᠤᠰ ᠡᠵᠡᠮᠳᠡᠯ︾ ᠤᠨ ᠤᠰᠤ ᠬᠡᠷᠡᠭᠯᠡᠬᠦ᠂ ᠪᠤᠷᠳᠤᠭᠤᠷ ᠤᠷᠤᠭᠤᠯᠬᠤ ᠡᠪᠡᠰᠤ ᠠᠷᠢᠯᠭᠠᠬᠤ ᠵᠡᠷᠬᠡ ᠡᠯ᠎ᠡ ᠳᠠᠯ᠎ᠠ ᠠᠴᠠ

ᠪᠦᠬᠦ ᠶᠠᠪᠤᠴᠠ ᠶᠢᠨ ᠮᠡᠷᠬᠡᠵᠢᠯ ᠤᠨ ᠵᠢᠯᠤᠭᠤᠳᠤᠯᠭ᠎ᠠ ᠬᠠᠩᠭᠠᠨ᠂ ᠮᠡᠷᠬᠡᠵᠢᠯ ᠤᠨ ᠵᠢᠯᠤᠭᠤᠳᠤᠯᠭ᠎ᠠ᠂ ᠤᠰᠤ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠡᠵᠡᠮᠳᠡᠯ ᠵᠡᠷᠬᠡ ᠶᠢ

ᠰᠠᠶᠢᠳᠤᠷ ᠬᠢᠵᠤ᠂ ᠮᠠᠯᠴᠢᠨ ᠳᠠᠷᠢᠶᠠᠴᠢᠨ ᠢ ᠵᠢᠯᠤᠭᠤᠳᠤᠨ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠵᠤ ᠨᠠᠷᠢᠯᠢᠭ ᠤᠨᠤᠪᠴᠢᠳᠠᠢ ᠤᠰᠤᠯᠠᠨ᠂ ᠳᠠᠷᠢᠮᠠᠯ ᠤᠨ

ᠤᠷᠭᠤᠯᠳᠠ ᠶᠢ ᠨᠦᠯᠤᠬᠡᠯᠡᠬᠦ ᠦᠬᠡᠢ ᠶᠢ ᠪᠠᠳᠤᠯᠠᠵᠤ᠂ ᠮᠠᠯᠴᠢᠨ ᠳᠠᠷᠢᠶᠠᠴᠢᠨ ᠳᠤ ᠤᠰᠤ ᠠᠷᠪᠢᠯᠠᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠳᠤ

ᠤᠷᠤᠯᠭ᠎ᠠ ᠶᠢ ᠨᠢ ᠪᠠᠭᠤᠷᠠᠭᠤᠯᠬᠤ ᠦᠬᠡᠢ ᠪᠠᠶᠢᠬᠤ ᠬᠡᠷᠡᠭᠳᠠᠢ᠃ ᠬᠤᠰᠢᠭᠤ ᠮᠠᠯ ᠳᠠᠷᠢᠶᠠᠯᠠᠩ ᠤᠨ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ

ᠠᠩᠬᠢ᠂ ᠤᠯᠵᠠᠴᠢ ᠪᠠᠯᠭᠠᠰᠤ ᠶᠢᠨ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤᠪᠴᠢᠶ᠎ᠠ ᠠᠴᠠ ᠤᠯᠵᠠᠴᠢ ᠪᠠᠯᠭᠠᠰᠤ ᠶᠢᠨ ᠬᠡᠪᠴᠢᠶᠠᠨ ᠳᠠᠬᠢ

ᠪᠤᠢ ᠪᠦᠬᠦᠢ ᠮᠠᠰᠢᠨ ᠴᠠᠬᠢᠯᠭᠠᠨ ᠬᠤᠤᠨᠳᠤᠭ ᠢ ᠪᠦᠬᠦ ᠳᠠᠯ᠎ᠠ ᠪᠠᠷ ᠬᠢᠨᠡᠨ ᠪᠠᠶᠢᠴᠠᠭᠠᠵᠤ᠂ ᠬᠠᠤᠯᠢ ᠪᠤᠰᠤ ᠪᠠᠷ ᠬᠤᠤᠨᠳᠤᠭ ᠦᠷᠤᠮᠳᠡᠬᠦ᠂ ᠬᠠᠤᠯᠢ ᠪᠤᠰᠤ ᠪᠠᠷ ᠤᠰᠤ

ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠳᠠᠢ᠃

     ᠤᠯᠵᠠᠴᠢ ᠪᠠᠯᠭᠠᠰᠤ᠂ ᠮᠠᠯ ᠳᠠᠷᠢᠶᠠᠯᠠᠩ ᠤᠨ ᠳᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ᠂ ᠤᠰᠤᠨ ᠠᠰᠢᠭᠯᠠᠯᠳᠠ ᠶᠢᠨ ᠳᠤᠪᠴᠢᠶ᠎ᠠ᠂

ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ ᠵᠡᠷᠬᠡ ᠰᠠᠯᠠᠭ᠎ᠠ ᠮᠦᠴᠢᠷ ᠤᠨ ᠬᠢᠨ ᠳᠤᠰ ᠰᠠᠷ᠎ᠠ ᠶᠢᠨ ᠰᠡᠬᠦᠯᠴᠢ ᠠᠴᠠ ᠡᠮᠤᠨ᠎ᠡ᠂ 14 ᠲᠦᠷᠤᠯ ᠤᠨ ᠪᠠᠬᠢᠵᠢᠬᠦᠯᠤᠨ

ᠵᠠᠰᠠᠬᠤ ᠲᠦᠷᠤ ᠶᠢᠨ ᠪᠤᠳᠤᠯᠭ᠎ᠠ ᠠᠷᠭ᠎ᠠ ᠠᠪᠴᠠᠯ ᠤᠨ ᠳᠤᠭᠤᠷᠢᠨ ᠳᠤ ᠪᠤᠳᠠᠳᠠᠢ ᠬᠡᠷᠡᠭᠵᠢᠬᠦᠯᠬᠦ ᠪᠠᠷᠢᠮᠵᠢᠶ᠎ᠠ ᠪᠠ ᠰᠢᠯᠭᠠᠨ ᠬᠤᠷᠢᠶᠠᠬᠤ ᠠᠷᠭ᠎ᠠ ᠶᠢ ᠵᠤᠷᠪᠤᠰ

ᠳᠠᠷᠠᠭᠠᠯᠠᠨ ᠳᠤᠭᠳᠠᠭᠠᠬᠤ ᠶᠢᠨ ᠬᠠᠮᠳᠤ ᠳᠤᠰᠬᠠᠢ ᠬᠦᠮᠤᠨ ᠬᠠᠷᠢᠭᠤᠴᠠᠵᠤ ᠳᠠᠩᠰᠠ ᠪᠠᠶᠢᠭᠤᠯᠤᠨ ᠠᠯᠬᠤᠮ ᠠᠯᠬᠤᠮ ᠢᠶᠠᠷ ᠠᠬᠢᠭᠤᠯᠵᠤ᠂ ᠡᠯ᠎ᠡ ᠲᠦᠷᠤᠯ ᠤᠨ ᠲᠦᠷᠤ

 ᠶᠢᠨ ᠪᠤᠳᠤᠯᠭ᠎ᠠ ᠠᠷᠭ᠎ᠠ ᠠᠪᠴᠠᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠤ ᠪᠤᠳᠠᠳᠤ ᠪᠦᠳᠤᠮᠵᠢ ᠤᠯᠬᠤ ᠶᠢ ᠠᠬᠢᠭᠤᠯᠬᠤ ᠬᠡᠷᠡᠭᠳᠠᠢ᠃

 

ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠡᠲ᠋ᠧᠷᠢᠶᠡᠯ