ᠰᠦᠯᠳᠡ ᠭᠠᠴᠠᠭ᠎ᠠ
ᠨᠡᠶᠢᠲᠡᠯᠡᠭᠰᠡᠨ ᠴᠠᠭ᠄
2024/5/7
     ᠰᠦᠯᠳᠡ ᠭᠠᠴᠠᠭ᠎ᠠ ᠨᠠᠩᠰᠤ ᠪᠠᠯᠭᠠᠰᠤᠨ ᠠᠴᠠ ᠪᠠᠷᠠᠭᠤᠨᠰᠢ 14 ᠺᠢᠯᠤᠮᠧᠲᠷ ᠲᠤ ᠪᠠᠶᠢᠷᠢᠯᠠᠵᠤ᠂ 4 ᠮᠠᠯᠵᠢᠯ ᠤᠨ ᠬᠤᠷᠰᠢᠶ᠎ᠠ ᠲᠠᠢ᠂ ᠶᠡᠷᠦᠩᠬᠡᠢ ᠬᠦᠮᠦᠨ ᠠᠮᠠ 198 ᠡᠷᠦᠬᠡ 558 ᠬᠦᠮᠦᠨ᠂ ᠡᠭᠦᠨ ᠳᠤ ᠪᠠᠶᠢᠩᠭᠤ  ᠰᠠᠭᠤᠭ᠎ᠠ ᠬᠦᠮᠦᠨ 146 ᠡᠷᠦᠬᠡ 469 ᠬᠦᠮᠦᠨ ᠲᠠᠢ᠂ ᠮᠠᠯ ᠠᠵᠤ ᠠᠬᠤᠢ ᠪᠠᠷ ᠭᠤᠤᠯ ᠪᠣᠯᠭᠠᠨ᠂ ᠮᠠᠯ ᠲᠠᠷᠢᠶᠠᠯᠠᠩ ᠢ ᠬᠠᠮᠲᠤ ᠪᠠᠷ ᠬᠦᠭᠵᠢᠭᠦᠯᠦᠭᠰᠡᠨ ᠭᠠᠴᠠᠭ᠎ᠠ ᠪᠤᠯᠤᠨ᠎ᠠ᠃ ᠶᠡᠷᠦᠩᠬᠡᠢ ᠲᠡᠯᠡᠪᠡᠢ 32.7 ᠲᠦᠮᠡᠨ ᠮᠤ᠋᠂ ᠪᠦᠲᠦᠮᠵᠢᠲᠡᠢ ᠤᠰᠤᠯᠠᠯᠲᠠ ᠶᠢᠨ ᠲᠠᠯᠠᠪᠡᠢ 11800 ᠮᠤ᠋᠂ ᠮᠠᠯ ᠤᠨ ᠶᠡᠷᠦᠩᠬᠡᠢ ᠲᠤᠭ᠎ᠠ 26000 ᠭᠠᠷᠤᠢ ᠲᠤᠯᠤᠭᠠᠢ᠂ ᠬᠦᠮᠦᠨ ᠳᠣᠮᠳᠠᠴᠢ ᠶᠢᠨ ᠣᠷᠣᠯᠭ᠎ᠠ 1.5 ᠲᠦᠮᠡᠨ ᠲᠦᠭᠦᠷᠢᠭ᠃ ᠰᠦᠯᠳᠡ ᠲᠤᠰᠠᠯᠠᠯᠴᠠᠬᠤ ᠬᠤᠷᠰᠢᠶ᠎ᠠ ᠪᠠᠶᠢᠭᠤᠯᠵᠤ᠂ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠳᠤ ᠮᠡᠷᠭᠡᠵᠢᠯ ᠪᠠ ᠪᠡᠯᠡ ᠮᠦᠩᠭᠦᠨ ᠤ ᠲᠤᠰᠠᠯᠠᠮᠵᠢ ᠬᠠᠩᠭᠠᠨ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠬᠢ ᠪᠠᠶᠢᠭᠤᠯᠵᠤ᠂ ᠭᠠᠴᠠᠭᠠᠨ ᠤ ᠮᠠᠯᠴᠢᠨ ᠲᠠᠷᠢᠶᠠᠴᠢᠨ ᠳᠤ ᠬᠠᠭᠠᠯᠪᠤᠷᠢᠯᠠᠬᠤ᠂ ᠲᠠᠷᠢᠬᠤ᠂ ᠦᠷᠡᠯᠡᠬᠦ ᠦᠢᠯᠡᠴᠢᠯᠡᠭᠡ ᠬᠠᠩᠭᠠᠵᠤ ᠪᠤᠢ᠃ ᠭᠠᠴᠠᠭᠠᠨ ᠤ ᠴᠠᠬᠢᠯᠭᠠᠨ ᠨᠡᠪᠲᠡᠷᠡᠭᠰᠡᠨ ᠨᠣᠷᠮ᠎ᠠ 99% ᠠᠴᠠ ᠳᠠᠪᠠᠵᠤ᠂ ᠰᠢᠨ᠎ᠡ ᠪᠠᠷ ᠪᠠᠶᠢᠭᠤᠯᠤᠭᠰᠠᠨ ᠪᠠ ᠠᠷᠠᠴᠢᠯᠠᠵᠤ ᠪᠠᠶᠢᠭ᠎ᠠ ᠵᠠᠮ 29 ᠺᠢᠯᠤᠮᠧᠲᠷ ᠲᠤ ᠬᠦᠷᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ