ᠬᠦᠬᠡᠪᠣᠷ ᠭᠠᠴᠠᠭ᠎ᠠ
ᠨᠡᠶᠢᠲᠡᠯᠡᠭᠰᠡᠨ ᠴᠠᠭ᠄
2024/5/7
     ᠬᠦᠬᠡᠪᠣᠷ ᠭᠠᠴᠠᠭ᠎ᠠ ᠪᠣᠷᠣᠪᠠᠯᠭᠠᠰᠣ ᠪᠠᠯᠭᠠᠰᠣᠨ ᠠᠴᠠ ᠪᠠᠷᠠᠭᠤᠨ ᠬᠤᠶᠢᠰᠢ 42 ᠺᠢᠯᠣᠮᠧᠲᠷ ᠲᠤ ᠪᠠᠶᠢᠷᠢᠯᠠᠵᠣ᠂ ᠵᠡᠬᠦᠨᠰᠢ ᠪᠠᠨ ᠶᠡᠬᠡᠴᠠᠶᠢᠳᠠᠮ ᠭᠠᠴᠠᠭ᠎ᠠ ᠲᠠᠢ ᠰᠠᠪᠠᠯᠠᠨ᠂ ᠡᠮᠣᠨᠡᠰᠢ ᠪᠠᠨ ᠦᠳᠡ ᠶᠢᠨ ᠰᠢᠪᠡᠷ ᠭᠠᠴᠠᠭ᠎ᠠ ᠪᠣᠯᠣᠨ ᠪᠠᠶᠠᠨᠰᠢᠪᠡᠷ ᠭᠠᠴᠠᠭ᠎ᠠ ᠲᠠᠢ ᠬᠦᠷᠰᠢᠯᠡᠵᠣ᠂ ᠪᠠᠷᠠᠭᠤᠨᠰᠢ ᠪᠠᠨ ᠠᠷᠠᠯ ᠭᠠᠴᠠᠭ᠎ᠠ ᠲᠠᠢ ᠵᠠᠯᠭᠠᠯᠳᠣᠵᠣ᠂ ᠬᠤᠶᠢᠰᠢ ᠪᠠᠨ ᠨᠠᠩᠰᠣ ᠪᠠᠯᠭᠠᠰᠣᠨ ᠤ  ᠪᠠᠶᠠᠨ ᠬᠤᠷᠠᠬᠤ ᠭᠠᠴᠠᠭ᠎ᠠ ᠲᠠᠢ ᠵᠠᠬ᠎ᠠ ᠨᠡᠶᠢᠯᠡᠨ᠎ᠡ᠃ 2 ᠮᠠᠯᠵᠢᠯ ᠤᠨ ᠬᠤᠷᠰᠢᠶ᠎ᠠ᠂ 135 ᠡᠷᠣᠬᠡ 376 ᠬᠦᠮᠦᠨ ᠠᠮᠠ  ᠲᠠᠢ᠂ ᠪᠠᠶᠢᠩᠭᠤ ᠰᠠᠭᠤᠭ᠎ᠠ 81 ᠡᠷᠣᠬᠡ 235 ᠬᠦᠮᠦᠨ᠂ ᠴᠦᠬᠡᠨ ᠲᠣᠭᠠᠲᠣ ᠦᠨᠳᠣᠰᠣᠲᠡᠨ 326 ᠬᠦᠮᠦᠨ᠃ ᠶᠡᠷᠣᠩᠬᠡᠢ ᠲᠠᠯᠠᠪᠠᠢ 12.8 ᠲᠦᠮᠡᠨ ᠮᠣ᠋᠂ ᠨᠣᠲᠤᠭ ᠪᠡᠯᠴᠢᠬᠡᠷ 10.7 ᠲᠦᠮᠡᠨ ᠮᠣ᠋᠂ ᠣᠢ ᠶᠢᠨ ᠭᠠᠵᠠᠷ 1.4 ᠲᠦᠮᠡᠨ ᠮᠣ᠋᠂ ᠣᠰᠣᠨ ᠭᠠᠵᠠᠷ 5463 ᠮᠣ᠋᠂ ᠮᠠᠯ ᠤᠨ ᠶᠡᠷᠣᠩᠬᠡᠢ ᠲᠤᠭ᠎ᠠ 8748  ᠲᠣᠯᠣᠭᠠᠢ᠃ 2017 ᠣᠨ ᠤ ᠬᠦᠮᠦᠨ ᠲᠣᠮᠳᠠᠴᠢ ᠶᠢᠨ ᠴᠡᠪᠡᠷ ᠣᠷᠣᠯᠭ᠎ᠠ 11500 ᠲᠦᠬᠦᠷᠢᠭ᠂ 26 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 24᠂ ᠡᠮᠡᠭᠲᠡᠢ ᠨᠠᠮ ᠤᠨ ᠬᠡᠰᠢᠬᠦᠨ 8᠂ 60 ᠨᠠᠰᠣ ᠶᠢ ᠲᠠᠪᠠᠭᠰᠠᠨ ᠨᠠᠮ ᠤᠨ ᠬᠡᠰᠢᠬᠦᠨ 10 ᠪᠣᠢ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ