ᠮᠠᠨᠳᠤᠯ᠎ᠠ ᠨᠡᠶᠢᠬᠡᠮ ᠲᠤᠭᠤᠷᠢᠭ 2004 ᠤᠨ ᠤ 10 ᠰᠠᠷ᠎ᠠ ᠳᠤ ᠣᠣᠯ ᠤᠨ ᠤᠯᠵᠠᠴᠢ ᠪᠠᠯᠭᠠᠰᠤᠨ ᠤ ᠨᠢᠭᠡᠳᠦᠭᠡᠷ ᠰᠠᠭᠤᠭᠠᠯᠢ ᠠᠷᠠᠳ ᠤᠨ ᠵᠦᠪᠯᠡᠯ ᠤᠨ | ᠰᠠᠭᠤᠷᠢᠨ ᠳᠡᠭᠡᠷ᠎ᠡ ᠪᠠᠶᠢᠭᠤᠯᠤᠭᠳᠠᠨ᠂ ᠤᠯᠵᠠᠴᠢ ᠪᠠᠯᠭᠠᠰᠤᠨ ᠲᠦᠪ ᠤᠨ ᠬᠤᠶᠢᠲᠤ ᠪᠡᠶ᠎ᠡ ᠶᠢᠨ ᠰᠢᠷ᠎ᠠ ᠲᠠᠯ᠎ᠠ ᠵᠡᠭᠡᠯᠢ ᠳᠤ ᠪᠠᠶᠢᠷᠢᠯᠠᠵᠤ ᠪᠤᠢ᠂ ᠬᠠᠷᠢᠶ᠎ᠠ ᠭᠠᠵᠠᠷ ᠤᠨ | ᠲᠠᠯᠠᠪᠠᠢ 1.68 ᠳᠡᠭᠰᠢ ᠳᠦᠷᠪᠡᠯᠵᠢᠨ ᠺᠢᠯᠤᠮᠧᠲᠷ᠂ 20 ᠰᠠᠭᠤᠭᠠᠯᠢ ᠠᠷᠠᠳ ᠤᠨ ᠲᠤᠭᠤᠷᠢᠭ ᠲᠠᠢ᠃ ᠣᠶᠢᠷ᠎ᠠ ᠶᠢᠨ ᠵᠢᠯ ᠳᠤ ᠮᠠᠨᠳᠣᠯ᠎ᠠ ᠨᠠᠶᠢᠬᠡᠮ ᠲᠤᠭᠤᠷᠢᠭ ᠤᠨ | ᠨᠠᠮ ᠤᠨ ᠡᠭᠦᠷ ᠠᠷᠠᠳ ᠤᠨ ᠰᠤᠶᠤᠯ ᠤᠨ ᠨᠡᠷᠡᠲᠤ ᠲᠡᠮᠲᠡᠭᠲᠤ ᠨᠠᠶᠢᠬᠡᠮ ᠲᠤᠭᠤᠷᠢᠭ ᠤᠨ ᠪᠠᠶᠢᠭᠤᠯᠤᠯᠲᠠ ᠪᠠᠷ ᠠᠴᠢᠶᠠᠯᠠᠭᠴᠢ ᠪᠤᠯᠭᠠᠨ᠂ ︽ᠪᠠᠭ᠋ᠠᠷᠤᠮ᠎ᠠ ᠰᠠᠶᠢᠬᠠᠨ | ᠮᠠᠨᠳᠤᠯ᠎ᠠ︾ ᠨᠠᠮ ᠤᠨ ᠪᠠᠶᠢᠭᠤᠯᠤᠯᠲᠠ ᠶᠢᠨ ᠨᠡᠷᠡᠲᠤ ᠲᠡᠮᠲᠡᠭ ᠢ ᠦᠷᠭᠦᠯᠵᠢᠯᠡᠨ ᠭᠦᠨᠵᠡᠭᠡᠢ ᠲᠡᠭᠦᠯᠳᠡᠷᠵᠢᠭᠦᠯᠵᠦ᠂ ︽ᠨᠢᠭᠡ ᠭᠤᠤᠯᠳᠠᠯᠭ᠎ᠠ ᠭᠤᠷᠪᠠᠨ ᠠᠭᠤᠰᠤᠯᠴᠠᠯ︾ | ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠭᠲᠠᠴᠠ ᠪᠠᠷ ᠰᠠᠭᠤᠷᠢᠯᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠪᠠᠨ ᠬᠤᠯᠪᠤᠭᠠᠯᠠᠨ ᠴᠤᠭᠴᠠᠯᠠᠬᠤ᠂ ᠡᠬᠢ | ᠰᠤᠷᠪᠤᠯᠵᠢ ᠪᠠᠨ ᠬᠤᠯᠪᠤᠭᠠᠯᠠᠨ ᠬᠡᠷᠡᠭᠯᠡᠬᠦ᠂ ᠨᠠᠮ ᠤᠨ ᠭᠡᠰᠢᠭᠦᠳ ᠢᠶᠠᠨ ᠬᠤᠯᠪᠤᠭᠠᠯᠠᠨ ᠬᠠᠮᠢᠶᠠᠷᠬᠤ᠂ ᠠᠵᠢᠯᠯᠠᠭ᠎ᠠ ᠪᠠᠨ ᠬᠤᠯᠪᠤᠭᠠᠯᠠᠨ ᠦᠷᠨᠢᠭᠦᠯᠬᠦ᠂ ᠦᠢᠯᠡᠴᠢᠯᠡᠭᠡ | ᠪᠠᠨ ᠬᠤᠯᠪᠤᠭᠠᠯᠠᠨ ᠬᠢᠬᠦ ᠵᠠᠷᠴᠢᠮ ᠶᠣᠰᠣᠭᠠᠷ ᠮᠠᠨᠳᠣᠯ᠎ᠠ ᠨᠠᠶᠢᠬᠡᠮ ᠲᠤᠭᠤᠷᠢᠭ ᠤᠨ ᠬᠤᠯᠪᠤᠭᠠᠲᠤ ᠨᠠᠮ ᠤᠨ ᠬᠤᠷᠢᠶ᠎ᠠ ᠶᠢ ᠪᠠᠶᠢᠭᠤᠯᠵᠤ᠂ ᠨᠠᠶᠢᠬᠡᠮ ᠲᠤᠭᠤᠷᠢᠭ ᠤᠨ | ᠠᠵᠢᠯᠲᠠᠨ ᠤ ᠡᠩᠨᠡᠭᠡ᠂ ᠨᠡᠶᠢᠬᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢ ᠬᠦᠴᠦᠷᠬᠡᠭᠵᠢᠬᠦᠯᠬᠦ ᠪᠠᠷ ᠳᠠᠮᠵᠢᠭᠤᠯᠤᠨ᠂ ᠪᠤᠲᠠᠲᠤ | ᠠᠵᠢᠯᠯᠠᠭ᠎ᠠ ᠶᠢᠨ ᠦᠢᠯᠡᠴᠢᠯᠡᠭᠡ᠂ ᠰᠦᠯᠵᠢᠶᠡᠨ ᠳᠡᠭᠡᠷᠡᠬᠢ ᠦᠢᠯᠡᠴᠢᠯᠡᠭᠡ᠂ ᠴᠠᠭ ᠰᠤᠯᠪᠢᠭᠰᠠᠨ ᠦᠢᠯᠡᠴᠢᠯᠡᠭᠡ ᠵᠡᠷᠭᠡ ᠭᠤᠷᠪᠠᠨ ᠲᠦᠷᠦᠯ ᠤᠨ ᠦᠢᠯᠡᠴᠢᠯᠡᠭᠡ ᠶᠢ | ᠬᠡᠷᠡᠭᠵᠢᠭᠦᠯᠵᠦ᠂ ᠶᠤᠰᠤ ᠰᠤᠷᠲᠠᠬᠤᠨ ᠢᠶᠠᠷ ᠵᠠᠰᠠᠬᠤ᠂ ᠦᠪᠡᠷᠲᠡᠭᠡᠨ ᠵᠠᠰᠠᠬᠤ᠂ ᠬᠠᠮᠲᠤ ᠪᠠᠷ ᠵᠠᠰᠠᠬᠤ᠂ ᠬᠠᠤᠯᠢ ᠪᠠᠷ ᠵᠠᠰᠠᠬᠤ ᠳᠦᠷᠪᠡᠨ ᠲᠦᠷᠦᠯ ᠤᠨ ᠵᠠᠰᠠᠯᠲᠠ ᠶᠢ | ᠭᠦᠨᠵᠡᠭᠡᠶᠢᠷᠡᠭᠦᠯᠵᠦ᠂ ᠭᠡᠰᠢᠭᠦᠳ ᠤᠨ ᠠᠵᠢᠯᠯᠠᠭᠠᠨ ᠤ ᠦᠷᠦᠭᠡ᠂ ᠰᠠᠭᠤᠭᠠᠯᠢ ᠠᠷᠠᠳ ᠤᠨ ᠠᠵᠢᠯᠯᠠᠭᠠᠨ ᠤ ᠦᠷᠦᠭᠡ᠂ ᠰᠠᠶᠢᠨ ᠳᠣᠷᠠᠴᠤᠳ ᠤᠨ ᠠᠵᠢᠯᠯᠠᠬᠤ | ᠡᠷᠦᠬᠡ᠂ ᠨᠠᠰᠤᠲᠠᠶᠢᠴᠤᠳ ᠤᠨ ᠠᠵᠢᠯᠯᠠᠭᠠᠨ ᠤ ᠦᠷᠦᠬᠡ᠂ ᠪᠠᠭᠠᠴᠤᠳ ᠬᠡᠤᠬᠡᠳ ᠤᠨ ᠠᠵᠢᠯᠯᠠᠭᠠᠨ ᠤ ᠦᠷᠦᠭᠡ ᠶᠢ ᠪᠠᠶᠢᠭᠤᠯᠤᠨ᠂ ᠬᠠᠮᠲᠤ ᠪᠠᠷ ᠪᠠᠶᠢᠭᠤᠯᠬᠤ | ᠰᠢᠨ᠎ᠡ ᠪᠠᠶᠢᠳᠠᠯ ᠢ ᠡᠭᠦᠳᠦᠭᠰᠡᠨ ᠠᠴᠠ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠬᠢᠷᠢ ᠳᠦᠪᠰᠢᠨ ᠲᠠᠰᠤᠷᠠᠯᠲᠠ ᠦᠭᠡᠢ ᠳᠡᠭᠡᠭᠰᠢᠯᠡᠵᠤ᠂ ᠣᠷᠢᠳ ᠬᠤᠵᠢᠳ ᠪᠦᠬᠦ | ᠣᠯᠣᠰ ᠤᠨ ᠰᠢᠶᠡᠨ ᠤ ᠲᠡᠰ ᠤᠨ ᠪᠣᠯᠪᠠᠰᠤᠨ ᠬᠤᠲᠠ ᠶᠢᠨ ᠴᠤᠭᠴᠠᠯᠠᠯᠲᠠ ᠶᠢᠨ ᠲᠡᠷᠢᠭᠦᠨ ᠤ ᠬᠠᠮᠲᠤ ᠨᠡᠶᠢᠲᠡ ᠵᠡᠷᠭᠡ ᠶᠢᠨ ᠢᠷᠠᠭᠤ ᠠᠯᠳᠠᠷ ᠢ ᠬᠦᠷᠲᠡᠵᠡᠢ᠃ |