4 ᠰᠠᠷ᠎ᠠ ᠶᠢᠨ 2 ᠤᠨ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦ ᠯᠢᠨ | ᠬᠤᠰᠢᠭᠤ ᠠᠮᠣᠷ ᠳᠦᠪᠰᠢᠨ ᠤ ᠵᠦᠪᠯᠡᠯ ᠤᠨ 2024 ᠣᠨ ᠤ ᠬᠤᠶᠠᠳᠣᠭᠠᠷ ᠪᠦᠬᠦᠳᠡ ᠬᠤᠷᠠᠯ ᠵᠢᠴᠢ ᠠᠶᠤᠯᠬᠦᠢ ᠦᠢᠯᠡᠳᠪᠦᠷᠢᠯᠡᠯ ᠢ ᠦᠨᠳᠦᠰᠦᠨ ᠠᠴᠠ ᠨᠢ | ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠤ ᠠᠬᠢᠭᠤᠯᠤᠯᠲᠠ ᠶᠢᠨ ᠬᠤᠷᠠᠯ ᠳᠤ ᠣᠷᠣᠯᠴᠠᠪᠠ᠃ | 4 ᠰᠠᠷ᠎ᠠ ᠶᠢᠨ 7 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦ ᠯᠢᠨ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠡᠨ ᠴᠢᠩ᠂ ᠱᠢ ᠬᠤᠢ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ | ᠰᠡᠳᠦᠪᠲᠤ ᠬᠤᠷᠠᠯ ᠳᠤ ᠣᠷᠣᠯᠴᠠᠵᠤ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ 600 ᠲᠦᠮᠡᠨ ᠳᠣᠨ ᠰᠢᠨ᠎ᠡ ᠬᠡᠯᠪᠡᠷᠢ ᠶᠢᠨ ᠴᠡᠪᠡᠷ | ᠡᠨᠧᠷᠬᠢ ᠶᠢᠨ ᠬᠡᠦᠷᠰᠢᠬᠦᠯᠦᠯᠲᠡ ᠶᠢᠨ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠤᠨ ᠣᠴᠢᠷ ᠶᠠᠪᠤᠳᠠᠯ ᠢ ᠰᠣᠳᠣᠯᠪᠠ᠃ | 4 ᠰᠠᠷ᠎ᠠ ᠶᠢᠨ 8 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦ ᠯᠢᠨ ᠪᠦᠬᠦ | ᠬᠤᠰᠢᠭᠤᠨ ᠤ ᠲᠠᠪᠤᠳᠣᠭᠠᠷ ᠣᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ | ᠬᠤᠷᠠᠯᠳᠣᠭᠤᠯᠪᠠ᠃ | 4 ᠰᠠᠷ᠎ᠠ ᠶᠢᠨ 8 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠲᠢᠩᠬᠢᠮ ᠤᠨ ᠳᠡᠳ᠋ ᠳᠠᠷᠤᠭ᠎ᠠ ᠵᠤᠤ ᠢᠦᠢ | ᠱᠧᠩ ᠵᠡᠷᠭᠡ 4 ᠬᠦᠮᠦᠨ ᠮᠠᠨ ᠤ ᠬᠤᠰᠢᠭᠤᠨ ᠤ ᠲᠡᠵᠢᠬᠡᠯ ᠡᠪᠡᠰᠦ ᠪᠤᠷᠳᠣᠭᠠᠨ ᠤ ᠪᠤᠯᠪᠠᠰᠣᠷᠠᠭᠤᠯᠤᠯᠲᠠ᠂ ᠨᠤᠤᠯᠤᠭᠤᠷ ᠤᠨ ᠢᠮᠠᠭᠠᠨ ᠤ ᠲᠡᠵᠢᠬᠡᠪᠦᠷᠢ᠂ ᠪᠤᠷᠤ | ᠴᠠᠷᠭᠠᠰᠣ ᠶᠢᠨ ᠲᠠᠷᠢᠮᠠᠯ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠬᠦᠭᠵᠢᠯᠲᠡ ᠪᠠ ᠨᠣᠣᠯᠣᠭᠤᠷ ᠤᠨ ᠦᠢᠯᠡᠳᠪᠦᠷᠢ ᠶᠢᠨ ᠪᠠᠶᠢᠭᠤᠯᠤᠯᠲᠠ ᠡᠵᠡᠩᠨᠡᠯᠲᠡ ᠵᠡᠷᠭᠡ | ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠡᠨ ᠴᠢᠩ᠂ ᠬᠤᠰᠢᠭᠤ ᠮᠠᠯ | ᠲᠠᠷᠢᠶᠠᠯᠠᠩ ᠤᠨ ᠳᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃ | 4 ᠰᠠᠷ᠎ᠠ ᠶᠢᠨ 9 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦ ᠯᠢᠨ | ᠬᠤᠰᠢᠭᠤ ᠨᠠᠮ ᠤᠨ ᠬᠤᠷᠢᠶᠠᠨ ᠤ ᠰᠣᠷᠭᠠᠨ ᠬᠦᠮᠦᠵᠢᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ 2024 ᠣᠨ ᠤ ᠠᠩᠬᠠᠳᠣᠭᠠᠷ ᠬᠤᠷᠠᠯ ᠢ ᠡᠷᠬᠢᠯᠡᠨ | ᠬᠤᠷᠠᠯᠳᠣᠭᠤᠯᠪᠠ᠃ | ᠲᠤᠰ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠬᠤᠢ ᠬᠤᠰᠢᠭᠤ ᠠᠮᠢ ᠠᠬᠤᠢ ᠣᠷᠴᠢᠨ ᠬᠠᠮᠠᠭᠠᠯᠠᠯᠲᠠ ᠶᠢᠨ | ᠬᠤᠪᠢᠶᠠᠷᠢ ᠳᠣᠪᠴᠢᠶᠠᠨ ᠤ ᠲᠠᠰᠤᠭ ᠤᠨ ᠲᠡᠰ ᠠᠴᠠ ᠳᠡᠭᠡᠭᠰᠢᠬᠢ ᠺᠠᠳ᠋ᠷᠴᠣᠳ ᠢ ᠵᠤᠬᠢᠶᠠᠨ ᠪᠠᠶᠢᠭᠤᠯᠤᠨ ᠪᠦᠬᠦ ᠬᠤᠰᠢᠭᠤᠨ ᠤ ᠨᠢᠬᠡᠳᠦᠬᠡᠷ ᠣᠯᠠᠷᠢᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ ᠠᠵᠢᠯ ᠵᠢᠴᠢ ᠨᠠᠮ ᠤᠨ ᠰᠣᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠢ ᠬᠤᠷᠠᠯᠳᠣᠪᠠ᠃ | 4 ᠰᠠᠷ᠎ᠠ ᠶᠢᠨ 8 ᠤ ᠡᠳᠦᠷ ᠠᠴᠠ 10 ᠤ ᠡᠳᠦᠷ ᠪᠤᠯᠲᠠᠯ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠣᠸᠡᠨ ᡁᠢ ᠴᠢᠶᠠᠩ᠂ | ᠯᠢᠶᠠᠩ ᠶᠦᠩ ᠱᠧᠩ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠬᠦᠷᠴᠦ᠂ ᠣᠯᠣᠰ ᠤᠨ ᠴᠠᠬᠢᠯᠭᠠᠨ ᠤ ᠷᠦᠨ ᠶᠠᠩ ᠤᠨ 50 | ᠲᠦᠮᠡᠨ ᠺᠢᠯᠤᠸᠠᠲ ᠪᠤᠬᠢᠷᠳᠣᠯ ᠦᠬᠡᠢ ᠴᠠᠬᠢᠯᠭᠠᠨ ᠤ ᠲᠦᠷᠦᠯ ᠵᠦᠢᠯ᠂ ᠬᠠᠷᠴᠠᠭᠠᠢ ᠬᠦᠯᠦᠭ ᠨᠢᠬᠡᠳᠦᠬᠡᠷ ᠨᠣᠮᠧᠷᠲᠦ ᠨᠡᠬᠦᠷᠡᠰᠦᠨ ᠠᠭᠤᠷᠬᠠᠢ᠂ ᠣᠷᠳᠣᠰ ᠤᠨ | ᠪᠠᠷᠠᠭᠤᠨ ᠪᠡᠶ᠎ᠡ ᠶᠢᠨ ᠪᠤᠳᠠᠰ ᠤᠨ ᠬᠦᠢᠯᠬᠡᠬᠡᠨ ᠤ ᠶᠡᠷᠦᠩᠬᠡᠶᠢᠯᠡᠭᠰᠡᠨ ᠬᠦᠷᠢᠶᠡᠯᠡᠩ ᠤᠨ ᠲᠦᠷᠦᠯ ᠵᠦᠢᠯ᠂ ᠴᠠᠩᠴᠧᠩ ᠴᠠᠬᠢᠯᠭᠠᠨ ᠦᠢᠯᠡᠳᠪᠦᠷᠢ᠂ 4GW ᠰᠢᠨ᠎ᠡ | ᠡᠨᠧᠷᠬᠢ ᠶᠢᠨ ᠲᠤᠮᠤ ᠰᠠᠭᠤᠷᠢᠨ ᠤ ᠲᠦᠷᠦᠯ ᠵᠦᠢᠯ᠂ ᠶᠠ ᠬᠠᠢ ᠶᠢᠨ ᠲᠦᠷᠦᠯ ᠵᠦᠢᠯ᠂ ᠺᠧ ᠰᠢ ᠶᠢᠨ ᠵᠢᠯ ᠤᠨ ᠭᠠᠷᠤᠯᠲᠠ 40 ᠲᠦᠮᠡᠨ ᠳᠣᠨ ᠤ LNG ᠤᠨ | ᠲᠦᠷᠦᠯ ᠵᠦᠢᠯ᠂ ᠲᠢᠶᠡᠨ ᠯᠢ ᠹᠧᠩ ᠤᠨ ᠵᠢᠯ ᠤᠨ ᠭᠠᠷᠤᠯᠲᠠ 60 ᠲᠦᠮᠡᠨ ᠳᠣᠨ ᠤ LNG ᠤᠨ ᠲᠦᠷᠦᠯ ᠵᠦᠢᠯ ᠤᠨ ᠨᠢᠬᠡᠳᠦᠬᠡᠷ ᠬᠤᠭᠤᠴᠠᠭᠠᠨ ᠤ | ᠢᠨᠵᠧᠨᠧᠷᠢᠩ᠂ ᠬᠤᠢ ᠹᠠᠩ ᠵᠢᠦ ᠰᠢᠩ ᠤᠨ ᠲᠦᠷᠦᠯ ᠵᠦᠢᠯ᠂ ᠴᠠ ᠵᠦᠩ ᠠᠨ ᠠᠷᠠᠳ ᠤᠨ ᠬᠡᠷᠡᠭᠯᠡᠬᠡᠨ ᠤ ᠳᠡᠰᠦᠷᠡᠬᠦ ᠡᠳ᠋ ᠤᠨ ᠬᠢᠵᠠᠭᠠᠷᠲᠤ ᠬᠠᠷᠢᠭᠤᠴᠠᠯᠭᠠᠲᠤ | ᠺᠤᠮᠫᠠᠨᠢ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠵᠡᠷᠭᠡ ᠲᠦᠷᠦᠯ ᠵᠦᠢᠯ ᠪᠠ ᠠᠵᠢᠯ ᠤᠨ ᠪᠠᠶᠢᠳᠠᠯ ᠢ ᠪᠠᠶᠢᠴᠠᠭᠠᠨ ᠰᠣᠳᠣᠯᠪᠠ᠃ | 4 ᠰᠠᠷ᠎ᠠ ᠶᠢᠨ 10 ᠤ ᠡᠳᠦᠷ ᠠᠴᠠ 12 ᠤᠨ ᠡᠳᠦᠷ ᠪᠤᠯᠲᠠᠯ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ | ᠤ ᠳᠡᠳ᠋ ᠳᠠᠷᠤᠭ᠎ᠠ ᠴᠢᠦ ᠯᠢᠨ ᠪᠡᠬᠡᠵᠢᠩ ᠬᠤᠲᠠ᠂ ᠶᠢᠨ ᠴᠧᠩ ᠬᠤᠲᠠ ᠳᠤ ᠬᠦᠷᠴᠦ ᠪᠠᠯᠠᠩ ᠤᠨ ᠳᠣᠭᠠᠩ ᠨᠡᠬᠦᠷᠡᠰᠦᠨ ᠠᠭᠤᠷᠬᠠᠢ ᠶᠢᠨ ᠬᠤᠬᠢᠷᠠᠯ ᠢ ᠨᠡᠬᠡᠮᠵᠢᠯᠡᠨ | ᠬᠤᠬᠢᠷᠠᠯ ᠢ ᠪᠠᠭᠠᠰᠬᠠᠬᠤ ᠠᠵᠢᠯ ᠢ ᠵᠤᠬᠢᠴᠠᠭᠤᠯᠪᠠ᠃ | 4 ᠰᠠᠷ᠎ᠠ ᠶᠢᠨ 10 ᠤ ᠡᠳᠦᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠡᠨ ᠴᠢᠩ ᠦᠪᠡᠷᠲᠡᠭᠡᠨ ᠵᠠᠰᠠᠬᠤ ᠣᠷᠣᠨ ᠤ | ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠣᠳᠣᠷᠢᠳᠣᠯᠭ᠎ᠠ ᠶᠢ ᠪᠠᠷᠠᠭᠠᠳᠠᠨ ᠨᠣᠲᠤᠭ ᠪᠡᠯᠴᠢᠭᠡᠷ ᠤᠨ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠬᠤᠰᠢᠭᠤᠨ ᠤ ᠪᠠᠶᠢᠭᠤᠯᠤᠯᠲᠠ᠂ ᠨᠤᠲᠤᠭ ᠪᠡᠯᠴᠢᠭᠡᠷ ᠤᠨ ᠲᠤᠤᠷᠵᠢᠯ ᠬᠢᠨᠠᠨ ᠬᠠᠮᠢᠶᠠᠷᠤᠯᠲᠠ ᠵᠢᠴᠢ ︽ᠭᠤᠷᠪᠠᠨ ᠡᠷᠬᠡ | ᠶᠢᠨ ᠲᠤᠰᠠᠭᠠᠷᠯᠠᠯ︾ ᠤᠨ ᠲᠤᠷᠰᠢᠯᠲᠠ ᠶᠢᠨ ᠴᠡᠭ ᠤᠨ ᠠᠵᠢᠯ ᠤᠨ ᠪᠠᠶᠢᠳᠠᠯ ᠢ ᠪᠠᠶᠢᠴᠠᠭᠠᠨ ᠰᠣᠳᠣᠯᠪᠠ᠃ | 4 ᠰᠠᠷ᠎ᠠ ᠶᠢᠨ 15 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠺᠧ ᠪᠦᠬᠦ ᠬᠤᠲᠠ ᠶᠢᠨ | ︽ᠳᠣᠯᠠᠭᠠᠨ ᠢᠨᠵᠧᠨᠧᠷᠢᠩ︾ ᠤᠨ ᠲᠦᠪᠯᠡᠷᠡᠩᠬᠦᠢ ᠡᠬᠢᠯᠡᠯᠲᠡ ᠵᠢᠴᠢ ᠣᠲᠤᠭ ᠤᠨ ᠡᠮᠦᠨᠡᠲᠦ ᠬᠤᠰᠢᠭᠤᠨ ᠤ ︽ᠳᠣᠯᠠᠭᠠᠨ ᠢᠨᠵᠧᠨᠧᠷᠢᠩ︾ ᠤᠨ ᠡᠬᠢᠯᠡᠯᠲᠡ ᠶᠢᠨ | ᠶᠤᠰᠤᠯᠠᠯ ᠳᠤ ᠣᠷᠣᠯᠴᠠᠬᠤ ᠶᠢᠨ ᠬᠠᠮᠲᠤ ᠮᠠᠨ ᠤ ᠬᠤᠰᠢᠭᠤᠨ ᠤ ᠲᠦᠷᠦᠯ ᠵᠦᠢᠯ ᠤᠨ ᠶᠡᠷᠦᠩᠬᠡᠢ ᠪᠠᠶᠢᠳᠠᠯ ᠪᠠ ᠪᠠᠷᠢᠯᠭ᠎ᠠ ᠶᠢᠨ ᠪᠠᠶᠢᠳᠠᠯ ᠢᠶᠠᠨ ᠬᠠᠷᠢᠭᠤ ᠮᠡᠳᠡᠬᠦᠯᠪᠡ᠃ | | 4 ᠰᠠᠷ᠎ᠠ ᠶᠢᠨ 18 ᠤ ᠡᠳᠦᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠬᠤᠢ ᠪᠦᠬᠦ ᠬᠤᠰᠢᠭᠤᠨ ᠤ ᠬᠤᠳᠠᠯᠳᠣᠭᠠᠨ ᠤ | ᠶᠠᠪᠤᠳᠠᠯ ᠤᠨ ᠢᠲᠡᠬᠡᠮᠵᠢᠲᠤ ᠪᠠᠶᠢᠭᠤᠯᠤᠯᠲᠠ ᠶᠢᠨ ᠡᠬᠦᠷᠭᠡ ᠶᠢᠨ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠪᠠ᠃ | 4 ᠰᠠᠷ᠎ᠠ ᠶᠢᠨ 23 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠺᠧ ᠲᠤᠰᠬᠠᠢ | ᠰᠡᠳᠦᠪᠲᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠵᠣ᠂ ᠣᠳᠣ ᠦᠶ᠎ᠡ ᠶᠢᠨ ᠦᠢᠯᠡᠴᠢᠯᠡᠬᠡᠨ ᠤ ᠬᠡᠯᠪᠡᠷᠢ ᠶᠢᠨ ᠪᠤᠳᠠᠰ ᠤᠨ ᠬᠦᠢᠯᠬᠡᠬᠡᠨ ᠤ ᠶᠡᠷᠦᠩᠬᠡᠶᠢᠯᠡᠭᠰᠡᠨ | ᠬᠦᠷᠢᠶᠡᠯᠡᠩ ᠤᠨ ᠲᠦᠷᠦᠯ ᠵᠦᠢᠯ ᠤᠨ ᠠᠬᠢᠭᠤᠯᠤᠯᠲᠠ ᠶᠢᠨ ᠪᠠᠶᠢᠳᠠᠯ ᠵᠢᠴᠢ ᠱᠧᠨ᠋ᠵᠧᠨ ᠤ ᠡᠨᠧᠷᠬᠢ ᠶᠢᠨ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠲᠦᠷᠦᠯ | ᠵᠦᠢᠯ᠂ ᠷᠦᠨ ᠶᠠᠩ ᠶᠣᠸᠡᠢ ᠳ᠋ᠠ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠤᠨ ᠳᠦᠬᠦᠬᠡᠷᠦᠮᠵᠢ ᠶᠢ ᠰᠢᠯᠭᠠᠨ ᠬᠤᠷᠢᠶᠠᠬᠤ ᠬᠤᠯᠪᠤᠭᠳᠠᠯ ᠪᠦᠬᠦᠢ | ᠣᠴᠢᠷ ᠶᠠᠪᠤᠳᠠᠯ ᠢ ᠰᠣᠳᠣᠯᠪᠠ᠃ | 4 ᠰᠠᠷ᠎ᠠ ᠶᠢᠨ 25 ᠤ ᠡᠳᠦᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠬᠤᠢ 2024 ᠣᠨ ᠤ ︽ᠭᠠᠪᠰᠢᠭᠠᠶᠢᠯᠠᠨ | ᠳᠠᠪᠰᠢᠬᠤ ᠣᠲᠤᠭ ᠤᠨ ᠡᠮᠦᠨᠡᠲᠦ ᠬᠤᠰᠢᠭᠤᠨ ᠤ ᠳᠣᠯᠠᠭᠠᠨ ᠬᠤᠲᠠ ᠶᠢᠨ ᠠᠵᠤ ᠠᠬᠤᠶᠢᠯᠠᠯ︾ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠠᠩᠬᠠᠳᠣᠭᠠᠷ ᠣᠳᠠᠭᠠᠨ ᠤ ᠬᠤᠯᠪᠤᠭᠠᠲᠤ ᠰᠠᠭᠤᠳᠠᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠪᠠ᠃ | 4 ᠰᠠᠷ᠎ᠠ ᠶᠢᠨ 26 ᠤ ᠡᠳᠦᠷ᠂ ︽ᠦᠪᠦᠷ ᠮᠣᠩᠭᠤᠯ ᠱᠠᠨᠰᠢ ᠶᠢᠨ ᠬᠤᠪᠢᠰᠬᠠᠯᠲᠤ ᠰᠣᠶᠣᠯ ᠵᠢᠭᠤᠯᠴᠢᠯᠠᠯ ᠤᠨ ᠬᠤᠯᠪᠤᠭᠠᠯᠠᠯ︾ ᠢᠶᠠᠷ ᠭᠤᠤᠯ ᠰᠡᠳᠦᠪ | ᠪᠤᠯᠭᠠᠭᠰᠠᠨ ᠣᠷᠳᠣᠰ᠂ ᠶᠠᠨ ᠠᠨ᠂ ᠲᠦᠩ ᠴᠣᠸᠡᠨ ︽ᠭᠤᠷᠪᠠᠨ ᠬᠤᠲᠠ︾ ᠬᠤᠯᠪᠤᠭᠠᠯᠠᠭᠰᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠣᠷᠳᠣᠰ ᠬᠤᠲᠠ ᠶᠢᠨ | ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠣ ᠪᠠᠯᠭᠠᠰᠣᠨ ᠳᠤ ᠡᠬᠢᠯᠡᠪᠡ᠃ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ | ᠢᠦᠢ ᠴᠢᠶᠠᠩ ᠶᠤᠰᠤᠯᠠᠯ ᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦ ᠯᠢᠨ᠂ | ᠳᠡᠳ᠋ ᠳᠠᠷᠤᠭ᠎ᠠ ᠶᠢᠦ ᠵᠢᠶᠡᠨ ᠴᠢᠩ᠂ ᠹᠧᠩ ᠴᠦᠨ ᠬᠤᠸᠠ ᠶᠤᠰᠤᠯᠠᠯ ᠳᠤ ᠣᠷᠣᠯᠴᠠᠪᠠ᠃ | |