ᠬᠡᠵᠣᠣᠷ ᠲᠣᠰᠬᠤᠨ
ᠨᠡᠶᠢᠲᠡᠯᠡᠭᠰᠡᠨ ᠴᠠᠭ᠄
2024/6/13
     ᠬᠡᠵᠣᠣᠷ ᠲᠣᠰᠬᠤᠨ ᠪᠣᠷᠣᠪᠠᠯᠭᠠᠰᠣ ᠪᠠᠯᠭᠠᠰᠣᠨ ᠠᠴᠠ ᠪᠠᠷᠠᠭᠤᠨᠰᠢ 43 ᠺᠢᠯᠣᠮᠧᠲᠷ ᠲᠤ ᠪᠠᠶᠢᠷᠢᠯᠠᠵᠣ᠂ ᠡᠮᠣᠨᠡᠰᠢ ᠪᠠᠨ ᠱᠠᠨᠰᠢ ᠮᠣᠵᠢ ᠶᠢᠨ ᠪᠠᠶᠠᠨ ᠲᠦᠬᠦᠮ ᠪᠠᠯᠭᠠᠰᠣ ᠲᠠᠢ ᠬᠦᠷᠰᠢᠯᠡᠵᠣ ᠪᠣᠢ᠃ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 9.6 ᠲᠦᠮᠡᠨ ᠮᠣ᠋᠂ ᠣᠰᠣᠨ ᠭᠠᠵᠠᠷ 1 ᠲᠦᠮᠡᠨ ᠮᠣ᠋᠂ ᠰᠢᠪᠠᠭ᠂ ᠪᠣᠷᠭᠠᠰᠣ᠂ ᠣᠯᠢᠶᠠᠰᠣ᠂ ᠲᠡᠷᠡᠰᠣ ᠵᠡᠷᠬᠡ ᠣᠷᠭᠤᠮᠠᠯ ᠲᠠᠢ ᠴᠠᠶᠢᠳᠠᠮ ᠭᠠᠵᠠᠷ ᠢᠶᠠᠷ ᠭᠤᠣᠯᠯᠠᠵᠣ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ ᠪᠠᠶᠠᠯᠢᠭ ᠤᠨ ᠪᠣᠯᠠᠭᠳᠠᠴᠠ ᠲᠠᠢ᠃ 3 ᠮᠠᠯᠵᠢᠯ ᠤᠨ ᠬᠤᠷᠰᠢᠶ᠎ᠠ᠂ 210 ᠡᠷᠣᠬᠡ 645 ᠬᠦᠮᠦᠨ ᠠᠮᠠ ᠲᠠᠢ᠂ ᠪᠠᠶᠢᠩᠭᠤ ᠰᠠᠭᠤᠭ᠎ᠠ 148 ᠡᠷᠣᠬᠡ 513 ᠬᠦᠮᠦᠨ᠂ 26 ᠨᠠᠮ ᠤᠨ ᠬᠡᠰᠢᠬᠦᠨ ᠲᠠᠢ᠂ ᠡᠬᠦᠨ ᠳᠤ 60 ᠨᠠᠰᠣ ᠶᠢ ᠲᠠᠪᠠᠭᠰᠠᠨ ᠠᠬᠠᠮᠠᠳ ᠨᠠᠮ ᠤᠨ ᠬᠡᠰᠢᠬᠦᠨ 8᠂ ᠡᠮᠡᠭᠲᠡᠢ ᠨᠠᠮ ᠤᠨ ᠬᠡᠰᠢᠬᠦᠨ 6 ᠪᠣᠢ᠃ ᠯᠠᠵᠣᠣ᠂ ᠲᠠᠷᠪᠣᠰ᠂ ᠲᠦᠮᠦᠰᠣ᠂ ᠡᠷᠳᠡᠨᠢ ᠰᠢᠰᠢ ᠲᠠᠷᠢᠬᠤ ᠪᠠᠷ ᠭᠤᠣᠯ ᠠᠵᠣ ᠦᠢᠯᠡᠰ  ᠢᠶᠠᠨ ᠪᠣᠯᠭᠠᠵᠣ᠂ ᠵᠢᠯ ᠤᠨ ᠮᠠᠯ ᠤᠨ ᠪᠣᠷᠣᠯᠠᠭᠤᠯᠣᠯᠲᠠ 1.5 ᠲᠦᠮᠡᠨ ᠲᠣᠯᠣᠭᠠᠢ ᠬᠦᠷᠳᠡᠭ᠃ 2017 ᠣᠨ ᠳᠤ ᠲᠣᠰᠬᠤᠨ ᠤ ᠬᠠᠮᠳᠣ ᠶᠢᠨ ᠠᠵᠣ ᠠᠬᠤᠢ ᠶᠢᠨ ᠣᠷᠣᠯᠭ᠎ᠠ 5000 ᠲᠦᠬᠦᠷᠢᠭ᠂ ᠪᠠᠶᠢᠩᠭᠤ ᠰᠠᠭᠤᠭ᠎ᠠ ᠬᠦᠮᠦᠨ ᠠᠮᠠ ᠶᠢᠨ ᠡᠵᠡᠮᠳᠡᠵᠣ ᠪᠣᠯᠬᠤ ᠲᠣᠮᠳᠠᠴᠢ ᠣᠷᠣᠯᠭ᠎ᠠ 1.4 ᠲᠦᠮᠡᠨ ᠲᠦᠬᠦᠷᠢᠭ ᠲᠤ ᠬᠦᠷᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ