1 - 4 ᠰᠠᠷ᠎ᠠ ᠣᠳᠤᠭ ᠤᠨ ᠡᠮᠦᠨᠡᠳᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠣᠴᠠ ᠪᠦᠬᠦ ᠬᠤᠳᠠ ᠠᠴᠠ 17.2 ᠵᠠᠭᠤᠨ ᠤ ᠨᠢᠭᠡᠴᠢ ᠦᠨᠳᠦᠷ ᠪᠣᠯᠵᠤ᠂ ᠪᠦᠬᠦ ᠬᠤᠳᠠ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/6/13
     ᠡᠨᠡ ᠵᠢᠯ ᠠᠴᠠ ᠨᠠᠭᠠᠰᠢ᠂ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠷᠴᠢᠳᠦ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤ ᠪᠠᠷ ᠢᠶᠠᠨ ᠭᠠᠷᠮᠠᠭᠠᠶᠢᠯᠠᠨ ᠤᠷᠤᠭᠰᠢᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠨᠠᠩ ᠥᠨᠳᠥᠷ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃     ᠨᠢᠭᠡ᠂ ᠠᠵᠤ ᠦᠢᠯᠡᠳᠪᠦᠷᠢ ᠶᠢᠨ ᠲᠥᠷᠥᠯ ᠵᠡᠷᠭᠡᠪᠡᠷ ᠨᠡᠮᠡᠭᠳᠡᠪᠡ     1 - 4 ᠰᠠᠷ᠎ᠠ ᠳᠤ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠨ᠂ ᠬᠠᠷᠢᠴᠠᠭᠤᠯᠵᠤ ᠪᠣᠯᠬᠤ ᠦᠨ᠎ᠡ ᠪᠠᠷ ᠪᠣᠳᠣᠪᠠᠯ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 24.7% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 2.9 ᠵᠠᠭᠤᠨ ᠤ ᠨᠢᠭᠡᠴᠢ ᠪᠠᠷ ᠨᠡᠮᠡᠭᠳᠡᠵᠦ᠂ ᠪᠦᠬᠦ ᠬᠤᠳᠠ ᠶᠢᠨ ᠨᠡᠮᠡᠭᠳᠡᠯ ᠤᠨ ᠬᠤᠷᠳᠤᠴᠠ ᠠᠴᠠ 17.2 ᠵᠠᠭᠤᠨ ᠤ ᠨᠢᠭᠡᠴᠢ ᠥᠨᠳᠥᠷ ᠪᠠᠶᠢᠵᠤ᠂ ᠪᠦᠬᠦ ᠬᠤᠳᠠ ᠶᠢᠨ ᠨᠢᠭᠡᠳᠦᠭᠡᠷ ᠲᠤ ᠣᠷᠣᠪᠠ᠃     ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 18.5% ᠪᠠᠷ ᠨᠡᠮᠡᠭᠳᠡᠪᠡ︔ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 59.7% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 10.6 ᠳ᠋ᠦᠩᠰᠢᠭᠤᠷ ᠭᠷᠠᠳᠦ᠋ᠰ ᠬᠦᠷᠴᠦ᠂ ᠠᠳᠠᠯᠢ ᠬᠤᠭᠤᠴᠠᠭᠠᠨ ᠤ ᠬᠢ ᠠᠴᠠ 38.2% ᠨᠡᠮᠡᠭᠳᠡᠪᠡ᠃     ᠬᠤᠶᠠᠷ᠂ ᠪᠦᠲᠦᠭᠡᠭᠳᠡᠬᠦᠨ ᠤ ᠭᠠᠷᠤᠯᠲᠠ ᠶᠢᠨ ᠨᠡᠮᠡᠭᠳᠡᠯ ᠢᠯᠡᠷᠭᠡᠢ ᠰᠠᠶᠢᠨ ᠪᠣᠯᠪᠠ     1 - 4 ᠰᠠᠷ᠎ᠠ ᠳᠤ᠂ ᠮᠠᠨ ᠤ ᠬᠤᠰᠢᠭᠤᠨ ᠤ ᠨᠡᠭᠦᠷᠡᠰᠦᠨ ᠤ ᠭᠠᠷᠤᠯᠲᠠ 849.06 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.92% ᠢᠶᠠᠷ ᠨᠡᠮᠡᠭᠳᠡᠪᠡ︔ ᠬᠡᠤᠷᠠᠰᠢᠭᠦᠯᠦᠭᠰᠡᠨ ᠨᠡᠭᠦᠷᠡᠰᠣᠨ ᠭᠠᠷᠤᠯᠲᠠ 37.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.04% ᠪᠠᠷ ᠨᠡᠮᠡᠭᠳᠡᠪᠡ︔ ᠰᠢᠩᠭᠡᠵᠢᠭᠦᠯᠦᠭᠰᠡᠨ ᠰᠢᠲᠠᠮᠠᠬᠠᠶ ᠬᠡᠶ ᠶᠢᠨ ᠭᠠᠷᠤᠯᠲᠠ 32.54 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 121.94 ᠳ᠋ᠦᠩᠰᠢᠭᠤᠷ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 59.11% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 110.3 % ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.5 ᠵᠠᠭᠤᠨ ᠤ ᠨᠢᠭᠡᠴᠢ ᠨᠡᠮᠡᠭᠳᠡᠪᠡ᠃       ᠭᠤᠷᠪᠠ᠂ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠨᠡᠮᠡᠭᠳᠡᠪᠡ     1 - 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠦᠷᠢ ᠶᠢᠨ ᠴᠢᠳᠠᠪᠤᠷᠢ ᠶᠡᠭᠡ ᠪᠠᠷ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 105.7 ᠳ᠋ᠦᠩᠰᠢᠭᠤᠷ ᠲᠥᠭᠦᠷᠢᠭ︔ ᠡᠵᠡᠩᠨᠡᠯᠲᠡ ᠶᠢᠨ ᠥᠪᠡᠷ ᠤᠨ ᠥᠷᠲᠡᠭ 83.2 ᠳ᠋ᠦᠩᠰᠢᠭᠤᠷ ᠲᠥᠭᠦᠷᠢᠭ︔ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 5.7 ᠳ᠋ᠦᠩᠰᠢᠭᠤᠷ ᠲᠥᠭᠦᠷᠢᠭ︔ ᠵᠠᠭᠤᠨ ᠲᠥᠭᠦᠷᠢᠭ ᠪᠦᠷᠢ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ ᠥᠷᠲᠡᠭ 78.7 ᠲᠥᠭᠦᠷᠢᠭ︔ ᠡᠳ᠋ ᠬᠥᠷᠥᠩᠭᠡ ᠨᠡᠶᠢᠲᠡ 614.5 ᠳ᠋ᠦᠩᠰᠢᠭᠤᠷ ᠲᠥᠭᠦᠷᠢᠭ︔ ᠥᠷᠢᠲᠦᠯ ᠨᠡᠶᠢᠲᠡ 439.4 ᠳ᠋ᠦᠩᠰᠢᠭᠤᠷ ᠲᠦᠬᠦᠷᠢᠭ︔ ᠡᠳ᠋ ᠬᠦᠷᠦᠩᠭᠡ ᠶᠢᠨ ᠦᠷᠢᠳᠦᠯ ᠤᠨ ᠨᠣᠷᠮ᠎ᠠ 71.5% ᠳᠤ ᠬᠦᠷᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ