ᠣᠶᠢᠷ᠎ᠠ ᠶᠢᠨ ᠡᠳᠦᠷ᠂ ᠣᠯᠵᠠᠴᠢ ᠪᠠᠯᠭᠠᠰᠣ ᠬᠤᠰᠢᠭᠤ ᠣᠷᠣᠨ ᠰᠠᠭᠤᠴᠠ ᠪᠠ ᠪᠦᠲᠦᠬᠡᠨ ᠪᠠᠶᠢᠭᠤᠯᠤᠯᠲᠠ ᠶᠢᠨ ᠲᠤᠪᠴᠢᠶ᠎ᠠ᠂ ᠬᠤᠲᠠ ᠶᠢᠨ ᠪᠠᠷᠢᠯᠭ᠎ᠠ ᠶᠢᠨ | ᠶᠠᠰᠣ ᠴᠢᠨᠠᠷ ᠤᠨ ᠬᠢᠨᠠᠨ ᠪᠠᠶᠢᠴᠠᠭᠠᠯᠲᠠ ᠶᠢᠨ ᠺᠣᠮᠫᠠᠨᠢ ᠶᠢᠨ ᠮᠡᠷᠬᠡᠵᠢᠯᠲᠡᠨ ᠲᠠᠢ ᠬᠠᠮᠲᠤᠷᠠᠨ ᠣᠯᠵᠠᠴᠢ ᠪᠠᠯᠭᠠᠰᠣᠨ ᠤ 12 ᠭᠠᠴᠠᠭ᠎ᠠ ᠲᠤᠰᠬᠤᠨ᠂ 7 ᠨᠡᠶᠢᠬᠡᠮ | ᠲᠤᠭᠤᠷᠢᠭ ᠤᠨ ᠰᠠᠭᠤᠭᠠᠯᠢ ᠠᠷᠠᠳ ᠤᠨ ᠦᠪᠡᠷ ᠢᠶᠠᠨ ᠪᠠᠷᠢᠭᠰᠠᠨ ᠣᠷᠣᠨ ᠰᠠᠭᠤᠴᠠ ᠶᠢᠨ ᠠᠶᠤᠯ ᠤᠨ ᠳᠠᠯᠳᠠ ᠬᠡᠮ ᠳᠤ ᠨᠣᠲᠠᠯᠠᠯᠲᠠ ᠬᠢᠪᠡ᠃ | ᠲᠣᠰ ᠣᠳᠠᠭ᠎ᠠ ᠰᠠᠭᠤᠭᠠᠯᠢ ᠠᠷᠠᠳ ᠤᠨ ᠦᠪᠡᠷ ᠢᠶᠠᠨ ᠪᠠᠷᠢᠭᠰᠠᠨ ᠣᠷᠣᠨ ᠰᠠᠭᠤᠴᠠ ᠶᠢᠨ 608 ᠲᠤᠯᠪᠤᠲᠤ ᠵᠢᠷᠤᠭ ᠢ ᠬᠢᠨᠠᠨ ᠲᠤᠭᠲᠠᠭᠠᠵᠤ᠂ ᠡᠬᠦᠨ ᠳᠤ | ᠠᠳᠠᠯᠢ ᠪᠤᠰᠣ ᠬᠡᠯᠪᠡᠷᠢ ᠶᠢᠨ ᠠᠶᠤᠯ ᠤᠨ ᠳᠠᠯᠳᠠ ᠬᠡᠮ ᠣᠷᠣᠰᠢᠵᠦ ᠪᠠᠶᠢᠭ᠎ᠠ ᠰᠣᠯᠠ ᠪᠠᠶᠢᠬᠤ ᠬᠡᠷ ᠪᠠᠶᠢᠰᠢᠩ ᠤᠨ ᠲᠤᠯᠪᠤᠲᠤ ᠵᠢᠷᠤᠭ ᠪᠠ ᠪᠤᠰᠣᠳ ᠭᠡᠷ ᠪᠠᠷᠢᠯᠭ᠎ᠠ | ᠶᠢᠨ ᠲᠤᠯᠪᠤᠲᠤ ᠵᠢᠷᠤᠭ 243 ᠪᠠᠶᠢᠵᠦ᠂ ᠬᠢᠨᠠᠨ ᠲᠤᠭᠲᠠᠭᠠᠯᠲᠠ ᠳᠣᠮᠳᠠ᠂ ᠠᠵᠢᠯᠲᠠᠨ ᠠᠴᠠ ᠡᠷᠦᠬᠡ ᠳᠤ ᠬᠦᠨᠵᠡᠬᠡᠶᠢᠷᠡᠬᠦ᠂ ᠲᠤᠬᠠᠢ ᠶᠢᠨ ᠲᠠᠯᠠᠪᠠᠢ ᠳᠤ ᠬᠦᠷᠴᠦ | ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠡᠷᠦᠬᠡ ᠳᠠᠷᠠᠭᠠᠯᠠᠨ ᠨᠡᠶᠢᠲᠡᠮ ᠪᠦᠬᠦ ᠲᠠᠯ᠎ᠠ ᠶᠢᠨ ᠪᠠᠶᠢᠴᠠᠭᠠᠯᠲᠠ ᠪᠠ ᠬᠡᠷ ᠪᠠᠶᠢᠰᠢᠩ ᠤᠨ ᠬᠢᠨᠠᠨ ᠲᠤᠭᠲᠠᠭᠠᠯᠲᠠ ᠶᠢᠨ | ᠠᠵᠢᠯ ᠢ ᠶᠠᠪᠤᠭᠳᠠᠭᠤᠯᠤᠨ᠂ ᠳᠠᠯᠳᠠ ᠬᠡᠮ ᠣᠷᠣᠰᠢᠵᠦ ᠪᠠᠶᠢᠭ᠎ᠠ ᠭᠡᠷ ᠪᠠᠶᠢᠰᠢᠩ ᠳᠤ ᠴᠢᠭᠯᠡᠬᠦᠯᠵᠦ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠠᠴᠠ ᠳᠡᠭᠡᠳᠦ | ᠱᠠᠲᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠬᠦᠯᠦᠨ᠂ ᠦᠮᠴᠢᠯᠡᠬᠦ ᠡᠷᠬᠡ ᠲᠠᠢ ᠬᠦᠮᠦᠰ ᠪᠠ ᠠᠷᠠᠴᠢᠯᠠᠨ ᠬᠠᠮᠠᠭᠠᠯᠠᠬᠤ | ᠬᠠᠷᠢᠭᠤᠴᠠᠯᠭ᠎ᠠ ᠶᠢ ᠲᠤᠲᠤᠷᠬᠠᠶᠢᠯᠠᠵᠦ᠂ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠲᠤᠭᠲᠠᠭᠠᠨ᠂ ᠬᠠᠷᠢᠶ᠎ᠠ ᠭᠠᠵᠠᠷ ᠤᠨ ᠦᠪᠡᠷ ᠢᠶᠠᠨ ᠪᠠᠷᠢᠭᠰᠠᠨ ᠣᠷᠣᠨ | ᠰᠠᠭᠤᠴᠠ ᠶᠢᠨ ᠠᠮᠣᠷ ᠳᠦᠪᠰᠢᠨ ᠤ ᠴᠡᠭᠴᠡᠯᠡᠯᠲᠡ ᠶᠢᠨ ᠠᠵᠢᠯ ᠳᠤ ᠡᠷᠴᠢᠮᠲᠡᠢ ᠲᠤᠭ᠎ᠠ ᠪᠠᠷᠢᠯᠲᠠ ᠶᠢᠨ ᠲᠤᠯᠭᠠᠭᠤᠷᠢᠯᠠᠯ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠣᠯᠵᠠᠴᠢ ᠪᠠᠯᠭᠠᠰᠣ ᠦᠪᠡᠷ ᠢᠶᠠᠨ ᠪᠠᠷᠢᠭᠰᠠᠨ ᠣᠷᠣᠨ ᠰᠠᠭᠤᠴᠠ ᠶᠢᠨ ᠬᠢᠨᠠᠨ ᠲᠤᠭᠲᠠᠭᠠᠯᠲᠠ ᠶᠢᠨ ᠬᠠᠮᠢᠶ᠎ᠠ ᠪᠦᠬᠦᠢ ᠠᠵᠢᠯ | ᠤᠨ ᠱᠠᠭᠠᠷᠳᠠᠯᠭ᠎ᠠ ᠶᠢ ᠦᠷᠬᠦᠯᠵᠢᠯᠡᠨ ᠴᠢᠩᠭ᠎ᠠ ᠨᠠᠶᠢᠲᠠᠪᠤᠷᠢᠵᠢᠭᠤᠯᠵᠤ᠂ ᠦᠪᠡᠷ ᠢᠶᠠᠨ ᠪᠠᠷᠢᠭᠰᠠᠨ ᠣᠷᠣᠨ ᠰᠠᠭᠤᠴᠠ ᠶᠢᠨ ᠬᠢᠨᠠᠨ ᠲᠤᠭᠲᠠᠭᠠᠯᠲᠠ ᠶᠢᠨ ᠠᠵᠢᠯ ᠬᠡᠷ | ᠪᠠᠶᠢᠰᠢᠩ᠂ ᠠᠶᠢᠯ ᠡᠷᠦᠬᠡ ᠶᠢ ᠨᠢᠬᠡ ᠴᠣ᠋ ᠣᠷᠬᠢᠭᠳᠠᠭᠤᠯᠤᠯ ᠦᠬᠡᠢ ᠪᠠᠶᠢᠬᠤ ᠶᠢ ᠪᠠᠲᠤᠯᠠᠨ᠂ ᠪᠤᠲᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠮᠢ ᠨᠠᠰᠣ ᠡᠳ᠋ | ᠬᠦᠷᠦᠩᠭᠡ ᠶᠢᠨ ᠠᠮᠣᠷ ᠳᠦᠪᠰᠢᠨ ᠢ ᠦᠨᠡᠨ ᠬᠦ ᠪᠠᠲᠤᠯᠠᠬᠤ ᠪᠠᠷ ᠪᠤᠢ᠃ |