︽ᠣᠲᠤᠭ ᠤᠨ ᠡᠮᠦᠨᠡᠲᠦ ᠬᠤᠰᠢᠭᠤᠨ ᠤ ᠣᠯᠣᠰ ᠤᠨ ᠴᠢᠬᠤᠯᠠ ᠮᠠᠯ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠴᠢᠨᠠᠷᠯᠢᠭ ᠪᠠᠶᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠠᠭᠤᠷᠢᠶᠠᠯ ᠣᠷᠣᠨ ᠢ ᠲᠦᠷᠭᠡᠳᠬᠡᠨ | ᠪᠠᠶᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠳ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠄ | ︽ᠣᠲᠤᠭ ᠤᠨ ᠡᠮᠦᠨᠡᠲᠦ ᠬᠤᠰᠢᠭᠤᠨ ᠤ ᠣᠯᠣᠰ ᠤᠨ ᠴᠢᠬᠤᠯᠠ ᠮᠠᠯ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷᠯᠢᠭ | ᠪᠠᠶᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠠᠭᠤᠷᠢᠶᠠᠯ ᠣᠷᠣᠨ ᠢ ᠲᠦᠷᠭᠡᠳᠬᠡᠨ ᠪᠠᠶᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ | ᠤᠳ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠤᠲᠠᠲᠠᠢ ᠲᠠᠢ ᠪᠠᠨ | ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 19 ᠤ ᠡᠳᠦᠷ | | ᠣᠲᠤᠭ ᠤᠨ ᠡᠮᠦᠨᠡᠲᠦ ᠬᠤᠰᠢᠭᠤᠨ ᠤ ᠣᠯᠣᠰ ᠤᠨ ᠴᠢᠬᠤᠯᠠ ᠮᠠᠯ ᠲᠠᠷᠢᠶᠠᠯᠠᠩ ᠤᠨ ᠪᠦᠲᠦᠬᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠴᠢᠨᠠᠷᠯᠢᠭ ᠪᠠᠶᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠳᠠᠭᠤᠷᠢᠶᠠᠯ ᠣᠷᠣᠨ ᠢ ᠲᠦᠷᠭᠡᠳᠬᠡᠨ ᠪᠠᠶᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠳ | | | ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠣᠯᠣᠰ ᠤᠨ ᠴᠢᠬᠤᠯᠠ ᠮᠠᠯ ᠲᠠᠷᠢᠶᠠᠯᠠᠩ ᠤᠨ ᠪᠦᠲᠦᠬᠡᠭᠳᠡᠬᠦᠨ | ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠠ ᠪᠦᠬᠦ ᠬᠤᠲᠠ ᠶᠢᠨ ᠨᠢᠬᠡᠳᠦᠬᠡᠷ ᠠᠵᠤ ᠦᠢᠯᠡᠰ ᠢ ᠳᠠᠬᠢᠨ ᠴᠤᠭᠴᠠᠯᠠᠬᠤ ᠱᠠᠭᠠᠷᠳᠠᠯᠭ᠎ᠠ ᠳᠤ ᠠᠩᠬᠠᠷᠤᠯ ᠢᠶᠠᠨ | ᠲᠦᠪᠯᠡᠷᠡᠬᠦᠯᠦᠨ᠂ ᠲᠦᠪ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠮᠠᠯ ᠲᠠᠷᠢᠶᠠᠯᠠᠩ ᠳᠤ ᠬᠤᠯᠪᠤᠭᠳᠠᠬᠤ ᠲᠦᠷᠦ ᠶᠢᠨ ᠪᠤᠳᠣᠯᠭ᠎ᠠ ᠶᠢᠨ ᠲᠦᠷᠦᠯ ᠵᠦᠢᠯ ᠪᠠ | ᠪᠡᠯᠡ ᠮᠦᠩᠭᠦ ᠶᠢ ᠨᠢᠭᠡᠳᠦᠯᠲᠡᠢ ᠲᠦᠯᠦᠪᠵᠢᠬᠦᠯᠵᠦ᠂ ᠮᠠᠯ ᠲᠠᠷᠢᠶᠠᠯᠠᠩ ᠤᠨ ᠠᠵᠤ ᠦᠢᠯᠡᠰ ᠤᠨ ︽ᠬᠡᠪᠴᠢᠶᠡᠵᠢᠭᠰᠡᠨ᠂ ᠠᠵᠤ ᠦᠢᠯᠡᠰᠴᠢᠯᠡᠭᠰᠡᠨ᠂ ᠨᠡᠷ᠎ᠡ | ᠲᠡᠮᠲᠡᠭᠴᠢᠯᠡᠭᠰᠡᠨ᠂ ᠲᠤᠭᠠᠴᠠᠯᠠᠭᠰᠠᠨ︾ ᠬᠦᠭᠵᠢᠯᠲᠡ ᠶᠢ ᠠᠬᠢᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠠᠭᠤᠷᠢᠶᠠᠯ ᠣᠷᠣᠨ ᠢ ᠪᠠᠶᠢᠭᠤᠯᠬᠤ | ᠶᠢᠨ ᠲᠤᠰᠠᠳᠠ᠂ ᠮᠠᠨ ᠤ ᠬᠤᠰᠢᠭᠤᠨ ᠤ ᠪᠤᠲᠠᠲᠠᠢ ᠲᠠᠢ ᠪᠠᠨ ᠣᠶᠠᠯᠳᠣᠭᠤᠯᠣᠨ᠂ ᠳᠣᠣᠷᠠᠬᠢ ᠲᠦᠷᠦ ᠶᠢᠨ ᠪᠤᠳᠤᠯᠭ᠎ᠠ ᠶᠢ ᠲᠤᠭᠲᠠᠭᠠᠪᠠ᠃ | ᠨᠢᠭᠡ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠭᠵᠢᠬᠦᠯᠵᠦ᠂ ᠮᠠᠯ ᠲᠠᠷᠢᠶᠠᠯᠠᠩ ᠤᠨ ᠠᠵᠤ ᠦᠢᠯᠡᠰ ᠤᠨ ᠬᠡᠪᠴᠢᠶᠡᠵᠢᠭᠰᠡᠨ ᠬᠦᠭᠵᠢᠯᠲᠡ ᠶᠢ | ᠠᠬᠢᠭᠤᠯᠤᠨ᠎ᠠ | ︵ᠨᠢᠭᠡ︶ ᠲᠠᠷᠢᠮᠠᠯ ᠤᠨ ᠦᠢᠯᠡᠰ ᠤᠨ ᠬᠦᠭᠵᠢᠯᠲᠡ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ | 1. ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠪᠤᠯᠭᠠᠨ ᠠᠯᠬᠤᠮ ᠠᠯᠬᠤᠮ ᠢᠶᠠᠷ ᠪᠠᠶᠢᠭᠤᠯᠤᠨ᠂ ᠲᠤᠰᠬᠠᠢ ᠲᠦᠷᠦᠯ ᠤᠨ ᠦᠭᠴᠡᠭᠡᠨ ᠲᠡᠮᠲᠡᠭ ᠭᠤᠶᠤᠴᠢᠯᠠᠬᠤ᠂ ᠮᠦᠩᠭᠦᠨ | ᠬᠦᠢᠯᠬᠡᠬᠡᠨ ᠤ ᠵᠢᠭᠡᠯᠡᠯᠭᠡ ᠶᠢᠨ ᠬᠦᠦ ᠮᠦᠩᠭᠦ ᠶᠢ ᠣᠷᠣᠯᠠᠨ ᠦᠭᠭᠦ᠂ ᠨᠡᠶᠢᠬᠡᠮ ᠤᠨ ᠪᠡᠯᠡ ᠮᠦᠩᠭᠦ ᠶᠢ ᠣᠷᠣᠭᠤᠯᠣᠨ ᠠᠪᠴᠢᠷᠠᠬᠤ᠂ ᠣᠷᠢᠳᠠᠪᠠᠷ ᠪᠠᠶᠢᠭᠤᠯᠵᠤ | ᠰᠡᠬᠦᠯᠡᠷ ᠨᠦᠬᠦᠪᠦᠷᠢᠯᠡᠬᠦ ᠪᠠ ᠬᠦᠳᠡᠯᠮᠦᠷᠢᠯᠡᠬᠦ ᠪᠠᠷ ᠳᠡᠳᠬᠦᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ | ᠪᠠᠶᠢᠭᠤᠯᠤᠯᠲᠠ ᠶᠢ ᠠᠬᠢᠭᠤᠯᠤᠨ᠎ᠠ᠃ ᠠᠮᠤ ᠪᠤᠳᠠᠭᠠᠨ ᠤ ᠭᠤᠤᠯᠳᠠᠯᠭᠠᠲᠤ ᠭᠠᠷᠤᠯᠲᠠ ᠶᠢᠨ ᠣᠷᠣᠨ ᠪᠠ ᠬᠡᠪᠴᠢᠶᠡᠵᠢᠭᠰᠡᠨ ᠲᠠᠷᠢᠮᠠᠯ ᠤᠨ ᠣᠷᠣᠨ ᠤ ᠪᠠᠶᠢᠭᠤᠯᠤᠯᠲᠠ ᠶᠢ | ᠲᠡᠷᠢᠬᠦᠨ ᠳᠤ ᠳᠡᠮᠵᠢᠵᠦ᠂ ᠲᠦᠬᠡᠮᠡᠯᠵᠢᠬᠦᠯᠵᠦ ᠪᠤᠯᠬᠤ᠂ ᠬᠠᠭᠤᠯᠪᠤᠷᠢᠯᠠᠵᠤ ᠪᠤᠯᠬᠤ ᠦᠨᠳᠦᠷ ᠪᠠᠷᠢᠮᠵᠢᠶᠠᠲᠤ ᠵᠢᠱᠢᠶ᠎ᠡ ᠦᠵᠡᠬᠦᠯᠬᠦ ᠲᠠᠷᠢᠶᠠᠨ ᠭᠠᠵᠠᠷ ᠢ ᠪᠠᠶᠢᠭᠤᠯᠤᠨ᠂ | ᠲᠦᠪ᠂ ᠦᠪᠡᠷᠲᠡᠭᠡᠨ ᠵᠠᠰᠠᠬᠤ ᠣᠷᠣᠨ ᠤ ᠨᠦᠬᠦᠪᠦᠷᠢ ᠮᠦᠩᠭᠦ ᠶᠢ ᠨᠠᠶᠢᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠤᠲᠠ ᠶᠢᠨ ᠱᠠᠲᠤᠨ ᠤ ᠱᠠᠩᠨᠠᠬᠤ ᠪᠠᠷ | ᠨᠦᠬᠦᠪᠦᠷᠢᠯᠡᠬᠦ ᠶᠢ ᠣᠷᠣᠯᠠᠭᠤᠯᠬᠤ ᠪᠡᠯᠡ ᠮᠦᠩᠭᠦ ᠶᠢᠨ ᠳᠡᠮᠵᠢᠯᠬᠡ ᠶᠢ ᠣᠯᠬᠤ ᠪᠠᠷ ᠴᠢᠷᠮᠠᠶᠢᠨ᠎ᠠ᠃ | 2. ᠠᠮᠣ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠬᠡᠭᠳᠡᠬᠦᠨ ᠤ ᠬᠠᠩᠭᠠᠯᠭ᠎ᠠ ᠶᠢ ᠴᠢᠩᠭᠠᠳᠬᠠᠨ᠎ᠠ᠃ ᠠᠮᠣ ᠪᠤᠳᠠᠭᠠᠨ ᠤ ᠲᠠᠷᠢᠮᠠᠯ ᠤᠨ ᠲᠠᠯᠠᠪᠠᠢ ᠶᠢᠨ | ᠣᠨᠠᠯᠲᠠ ᠶᠢ ᠶᠡᠭᠡ ᠬᠡᠮᠵᠢᠶ᠎ᠡ ᠪᠠᠷ ᠳᠡᠭᠡᠭᠰᠢᠯᠡᠬᠦᠯᠬᠦ ᠠᠵᠢᠯᠯᠠᠭ᠎ᠠ ᠶᠢ ᠬᠡᠷᠡᠭᠵᠢᠬᠦᠯᠦᠨ᠂ ᠠᠮᠣ ᠪᠤᠳᠠᠭᠠᠨ ᠤ ᠲᠠᠷᠢᠮᠠᠯ ᠤᠨ ᠲᠠᠯᠠᠪᠠᠢ ᠶᠢ ᠲᠤᠭᠲᠠᠪᠤᠷᠢᠵᠢᠭᠤᠯᠵᠤ᠂ | ᠣᠨᠠᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠂ ᠣᠨᠴᠠᠯᠢᠭᠲᠤ ᠲᠠᠷᠢᠮᠠᠯ ᠤᠨ ᠣᠨᠠᠯᠲᠠ ᠵᠢᠴᠢ ᠦᠷ᠎ᠡ ᠠᠰᠢᠭ ᠢ ᠳᠡᠭᠡᠭᠰᠢᠯᠡᠬᠦᠯᠵᠦ᠂ ᠲᠠᠷᠢᠶᠠᠨ ᠭᠠᠵᠠᠷ ᠤᠨ | ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠦᠬᠦᠪᠦᠷᠢ ᠪᠠ ᠡᠷᠳᠡᠨᠢ ᠰᠢᠰᠢ ᠰᠢᠷ᠎ᠠ ᠪᠤᠷᠴᠠᠭ ᠤᠨ ᠦᠢᠯᠡᠳᠪᠦᠷᠢᠯᠡᠭᠴᠢ ᠳᠤ ᠨᠦᠬᠦᠪᠦᠷᠢ ᠦᠭᠭᠦ ᠲᠦᠷᠦ ᠶᠢᠨ | ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃ | 3. ᠬᠠᠭᠤᠷᠠᠢ ᠰᠣᠷᠭᠤᠭ ᠬᠤᠶᠠᠷ ᠬᠡᠷᠡᠭᠴᠡᠭᠡᠲᠦ ᠯᠠᠵᠤᠤ ᠶᠢᠨ ᠲᠠᠷᠢᠮᠠᠯ ᠢ ᠳᠡᠮᠵᠢᠨ᠎ᠡ᠃ ᠬᠠᠭᠤᠷᠠᠢ ᠰᠣᠷᠭᠤᠭ ᠬᠤᠶᠠᠷ ᠬᠡᠷᠡᠭᠴᠡᠭᠡᠲᠦ ᠯᠠᠵᠤᠤ ᠲᠠᠷᠢᠬᠤ ᠶᠢ | ᠲᠦᠬᠡᠮᠡᠯᠵᠢᠬᠦᠯᠦᠨ᠂ ᠬᠠᠤᠯᠢ ᠶᠤᠰᠣᠨ ᠤ ᠣᠰᠣᠯᠠᠯᠲᠠ ᠶᠢᠨ ᠭᠠᠵᠠᠷ ᠳᠡᠭᠡᠷ᠎ᠡ ᠲᠠᠷᠢᠭᠰᠠᠨ ᠡᠵᠡᠩᠨᠡᠯᠲᠡ ᠶᠢᠨ ᠭᠤᠤᠯ ᠴᠣᠭᠴᠠ ᠳᠤ ᠨᠢ ᠮᠣ᠋ ᠪᠦᠷᠢ ᠳᠤ 300 | ᠲᠦᠬᠦᠷᠢᠭ ᠤᠨ ᠴᠢᠬᠢ ᠪᠤᠶᠢᠵᠢᠭᠤᠯᠬᠤ ᠨᠦᠬᠦᠪᠦᠷᠢ ᠤᠯᠭᠤᠨ᠎ᠠ︔ ᠦᠨᠳᠦᠷ ᠪᠦᠲᠦᠮᠵᠢᠲᠡᠢ ᠣᠰᠣ ᠪᠤᠷᠳᠣᠭᠤᠷ ᠶᠢ ᠴᠤᠭᠴᠠᠵᠢᠭᠤᠯᠤᠭᠰᠠᠨ ᠳᠦᠬᠦᠬᠡᠷᠦᠮᠵᠢ | ᠬᠡᠷᠡᠭᠯᠡᠭᠰᠡᠨ ᠳᠤ ᠨᠢ ᠮᠣ᠋ ᠪᠦᠷᠢ ᠳᠤ 80 ᠲᠦᠬᠦᠷᠢᠭ ᠤᠨ ᠨᠦᠬᠦᠪᠦᠷᠢ ᠤᠯᠭᠤᠨ᠎ᠠ᠃ ᠨᠡᠶᠢᠬᠡᠮᠴᠢᠯᠡᠭᠰᠡᠨ ᠦᠢᠯᠡᠴᠢᠯᠡᠬᠡᠨ ᠤ ᠲᠦᠷᠦᠯ ᠵᠦᠢᠯ ᠢ ᠲᠡᠷᠢᠬᠦᠨ ᠳᠤ | ᠳᠡᠮᠵᠢᠨ᠎ᠡ᠃ | 4. ᠨᠠᠷᠠᠨ ᠬᠦᠯᠡᠮᠵᠢ ᠶᠢ ᠰᠢᠨ᠎ᠡ ᠪᠠᠷ ᠪᠠᠶᠢᠭᠤᠯᠤᠨ᠎ᠠ᠃ ᠬᠠᠷᠢᠴᠠᠩᠭᠤᠢ ᠪᠠᠷ ᠲᠦᠪᠯᠡᠷᠡᠨ ᠵᠠᠯᠭᠠᠯᠳᠣᠭᠰᠠᠨ 30 ᠮᠣ᠋ ᠠᠴᠠ ᠳᠡᠭᠡᠭᠰᠢ ᠰᠢᠨ᠎ᠡ ᠪᠠᠷ | ᠪᠠᠶᠢᠭᠤᠯᠤᠭᠠᠳ᠂ ᠮᠠᠯ ᠲᠠᠷᠢᠶᠠᠯᠠᠩ ᠤᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠮᠠᠯᠴᠢᠨ ᠲᠠᠷᠢᠶᠠᠴᠢᠳ ᠲᠤ ᠬᠦᠯᠡᠮᠵᠢ ᠶᠢᠨ ᠲᠡᠯᠡᠪᠡᠢ | ᠪᠠᠷ ᠮᠣ᠋ ᠪᠦᠷᠢ ᠳᠤ 6 ᠲᠦᠮᠡᠨ ᠲᠦᠬᠦᠷᠢᠭ ᠨᠦᠬᠦᠪᠦᠷᠢᠯᠡᠨ᠎ᠡ᠃ | 5. ᠰᠦᠯᠢᠶᠤᠤ ᠬᠦᠯᠡᠮᠵᠢ ᠶᠢ ᠰᠢᠨ᠎ᠡ ᠪᠠᠷ ᠪᠠᠶᠢᠭᠤᠯᠤᠨ᠎ᠠ᠃ ᠬᠠᠷᠢᠴᠠᠩᠭᠤᠢ ᠪᠠᠷ ᠲᠦᠪᠯᠡᠷᠡᠨ ᠵᠠᠯᠭᠠᠯᠳᠣᠭᠰᠠᠨ 50 ᠮᠣ᠋ ᠠᠴᠠ ᠳᠡᠭᠡᠭᠰᠢ ᠰᠢᠨ᠎ᠡ ᠪᠠᠷ | ᠪᠠᠶᠢᠭᠤᠯᠤᠭᠠᠳ᠂ ᠮᠠᠯ ᠲᠠᠷᠢᠶᠠᠯᠠᠩ ᠤᠨ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠤ ᠳᠠᠩᠰᠠᠯᠠᠭᠤᠯᠤᠭᠰᠠᠨ ᠪᠣᠯ᠂ ᠪᠠᠶᠢᠭᠤᠯᠤᠯᠲᠠ ᠶᠢᠨ ᠵᠠᠷᠤᠳᠠᠯ ᠤᠨ 40% | ᠪᠠᠷ ᠨᠦᠬᠦᠪᠦᠷᠢᠯᠡᠵᠦ᠂ ᠬᠦᠯᠡᠮᠵᠢ ᠶᠢᠨ ᠲᠠᠯᠠᠪᠠᠢ ᠪᠠᠷ ᠮᠣ᠋ ᠪᠦᠷᠢ ᠶᠢᠨ ᠨᠦᠬᠦᠪᠦᠷᠢ ᠶᠢ 1 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ | 6. ᠰᠣᠯᠠ ᠪᠠᠶᠢᠭ᠎ᠠ ᠬᠠᠭᠤᠴᠢᠨ ᠬᠠᠶᠠᠭᠳᠠᠮᠠᠯ ᠬᠦᠯᠡᠮᠵᠢ ᠶᠢ ᠰᠡᠯᠪᠢᠨ ᠵᠠᠰᠠᠨ᠎ᠠ᠃ ᠨᠢᠬᠡᠨᠲᠡ ᠪᠠᠶᠢᠭᠤᠯᠤᠭᠰᠠᠨ ᠬᠠᠷᠢᠴᠠᠩᠭᠤᠢ ᠪᠠᠷ ᠲᠦᠪᠯᠡᠷᠡᠨ ᠵᠠᠯᠭᠠᠯᠳᠣᠭᠰᠠᠨ | 10 ᠮᠣ᠋ ᠠᠴᠠ ᠳᠡᠭᠡᠭᠰᠢ᠂ 2 ᠵᠢᠯ ᠠᠴᠠ ᠳᠡᠭᠡᠭᠰᠢ ᠬᠤᠭᠤᠴᠠᠭ᠎ᠠ ᠲᠠᠢ ᠣᠷᠬᠢᠭᠰᠠᠨ ᠬᠠᠭᠤᠴᠢᠨ ᠬᠦᠯᠡᠮᠵᠢ ᠶᠢ ᠰᠡᠯᠪᠢᠨ ᠵᠠᠰᠠᠬᠤ ᠪᠠᠷ ᠳᠠᠮᠵᠢᠨ ᠳᠠᠬᠢᠨ ᠠᠰᠢᠭᠯᠠᠪᠠᠯ᠂ | ᠰᠡᠯᠪᠢᠨ ᠵᠠᠰᠠᠬᠤ ᠣᠷᠣᠭᠤᠯᠣᠯᠲᠠ ᠶᠢᠨ 40% ᠶᠢ ᠨᠦᠬᠦᠪᠦᠷᠢᠯᠡᠵᠦ᠂ ᠬᠦᠯᠡᠮᠵᠢ ᠶᠢᠨ ᠲᠠᠯᠠᠪᠠᠢ ᠪᠠᠷ ᠮᠣ᠋ ᠪᠦᠷᠢ ᠶᠢᠨ ᠨᠦᠬᠦᠪᠦᠷᠢ ᠶᠢ 2 ᠲᠦᠮᠡᠨ ᠲᠦᠬᠦᠷᠢᠭ | ᠠᠴᠠ ᠳᠠᠪᠠᠭᠤᠯᠬᠤ ᠦᠬᠡᠢ᠃ | 7. ᠳᠦᠬᠦᠬᠡᠷᠦᠮᠵᠢᠲᠤ ᠲᠠᠷᠢᠶᠠᠯᠠᠩ ᠤᠨ ᠦᠢᠯᠡᠰ ᠤᠨ ᠲᠠᠯᠠᠪᠠᠢ ᠶᠢ ᠨᠡᠮᠡᠭᠳᠡᠬᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠳᠦᠬᠦᠬᠡᠷᠦᠮᠵᠢᠲᠤ ᠲᠠᠷᠢᠶᠠᠯᠠᠩ ᠤᠨ | ᠦᠢᠯᠡᠰ ᠤᠨ ᠲᠠᠯᠠᠪᠠᠢ ᠲᠦᠮᠡᠨ ᠮᠣ᠋ ᠠᠴᠠ ᠳᠡᠭᠡᠭᠰᠢ ᠬᠦᠷᠦᠭᠰᠡᠨ ᠮᠦᠷᠲᠡᠭᠡᠨ ᠰᠢᠨᠵᠢᠯᠡᠭᠡ ᠮᠡᠷᠬᠡᠵᠢᠯ ᠤᠨ ᠠᠭᠤᠯᠤᠭᠳᠠᠴᠠ ᠦᠨᠳᠦᠷ᠂ ᠣᠶᠣᠨᠴᠢᠯᠠᠯᠲᠠ ᠶᠢᠨ | ᠳᠦᠪᠰᠢᠨ ᠦᠨᠳᠦᠷ ᠳᠦᠬᠦᠬᠡᠷᠦᠮᠵᠢᠲᠤ ᠲᠠᠷᠢᠶᠠᠯᠠᠩ ᠤᠨ ᠠᠵᠤ ᠠᠬᠤᠶᠢᠯᠠᠯ ᠳᠤ ᠬᠤᠰᠢᠭᠤ ᠡᠳ᠋ ᠤᠨ ᠵᠠᠰᠠᠭ ᠠᠴᠠ ︽ᠠᠰ ᠠᠰ ᠢᠶᠠᠷ ᠨᠢ ᠵᠦᠪᠯᠡᠬᠦ︾ ᠮᠠᠶ᠋ᠢᠭ ᠢᠶᠠᠷ | ᠳᠡᠮᠵᠢᠯᠬᠡ ᠦᠵᠡᠬᠦᠯᠦᠨ᠎ᠡ᠃ ᠲᠦᠪ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠳᠦᠬᠦᠬᠡᠷᠦᠮᠵᠢᠲᠤ ᠲᠠᠷᠢᠶᠠᠯᠠᠩ ᠤᠨ ᠦᠢᠯᠡᠰ ᠤᠨ ᠳᠡᠮᠵᠢᠯᠬᠡ ᠶᠢᠨ ᠲᠦᠷᠦ | ᠶᠢᠨ ᠪᠣᠳᠣᠯᠭ᠎ᠠ ᠶᠢ ᠠᠮᠢᠳᠣᠯᠢᠭ ᠬᠡᠷᠡᠭᠯᠡᠨ᠂ ᠳᠦᠬᠦᠬᠡᠷᠦᠮᠵᠢᠲᠤ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠳᠦᠪᠰᠢᠨ ᠢ ᠳᠡᠭᠡᠭᠰᠢᠯᠡᠬᠦᠯᠦᠨ᠎ᠡ᠃ | 8. ᠬᠡᠪᠴᠢᠶᠡᠵᠢᠭᠰᠡᠨ ᠦᠢᠯᠡᠳᠪᠦᠷᠢᠯᠡᠯ ᠢ ᠠᠬᠢᠭᠤᠯᠤᠨ᠎ᠠ᠃ ᠭᠤᠸ᠎ᠠ ᠵᠢᠮᠢᠰ ᠢᠳᠡᠰᠢᠨ ᠨᠤᠭᠤᠭ᠎ᠠ ᠲᠠᠷᠢᠬᠤ ᠬᠡᠪᠴᠢᠶᠡᠵᠢᠯ ᠢ 500 ᠮᠣ᠋ ᠠᠴᠠ ᠳᠡᠭᠡᠭᠰᠢ | ᠬᠦᠷᠬᠡᠬᠦ ᠪᠤᠶᠤ ᠡᠯᠳᠡᠪ ᠠᠮᠤ ᠲᠠᠷᠢᠬᠤ ᠬᠡᠪᠴᠢᠶᠡᠵᠢᠯ ᠢ 200 ᠮᠣ᠋ ᠠᠴᠠ ᠳᠡᠭᠡᠭᠰᠢ ᠬᠦᠷᠦᠬᠦᠯᠬᠦ ᠶᠢᠨ ᠬᠠᠮᠲᠤ ᠪᠠᠷᠢᠮᠵᠢᠶᠠᠵᠢᠭᠤᠯᠤᠨ ᠲᠠᠷᠢᠬᠤ ᠮᠡᠷᠬᠡᠵᠢᠯ ᠢ | ᠬᠡᠷᠡᠭᠯᠡᠭᠰᠡᠨ ᠡᠵᠡᠩᠨᠡᠯᠲᠡ ᠶᠢᠨ ᠭᠤᠤᠯ ᠴᠣᠭᠴᠠ ᠳᠤ ᠮᠤ᠋ ᠪᠦᠷᠢ ᠳᠤ 200 ᠲᠦᠬᠦᠷᠢᠭ ᠱᠠᠩᠨᠠᠨ ᠬᠦᠬᠢᠬᠦᠯᠦᠨ᠎ᠡ᠃ | ︵ᠬᠤᠶᠠᠷ︶ ᠲᠡᠵᠢᠬᠡᠪᠦᠷᠢ ᠶᠢᠨ ᠦᠢᠯᠡᠰ ᠤᠨ ᠠᠵᠤ ᠦᠢᠯᠡᠰᠴᠢᠯᠡᠭᠰᠡᠨ ᠳᠦᠪᠰᠢᠨ ᠢ ᠳᠡᠭᠡᠭᠰᠢᠯᠡᠬᠦᠯᠦᠨ᠎ᠡ᠃ | 9. ᠲᠤᠮᠤ ᠬᠡᠯᠪᠡᠷᠢ ᠶᠢᠨ ᠦᠷᠡᠵᠢᠬᠦᠯᠦᠨ ᠪᠤᠶᠢᠵᠢᠭᠤᠯᠬᠤ ᠲᠠᠯᠠᠪᠠᠢ ᠶᠢᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠪᠠᠶᠢᠭᠤᠯᠤᠭᠰᠠᠨ ᠪᠤᠶᠤ ᠦᠷᠬᠡᠳᠬᠡᠨ | ᠪᠠᠶᠢᠭᠤᠯᠤᠭᠰᠠᠨ ᠮᠦᠷᠲᠡᠭᠡᠨ 5000 ᠪᠠ 10000 ᠲᠤᠯᠤᠭᠠᠢ ᠠᠴᠠ ᠳᠡᠭᠡᠭᠰᠢ ᠦᠨᠢᠶ᠎ᠡ ᠲᠠᠢ ᠲᠤᠮᠤ ᠬᠡᠯᠪᠡᠷᠢ ᠶᠢᠨ ᠦᠷᠡᠵᠢᠬᠦᠯᠦᠨ ᠪᠤᠶᠢᠵᠢᠭᠤᠯᠬᠤ ᠲᠡᠯᠠᠪᠠᠢ | ︵ᠦᠪᠡᠰᠦᠪᠡᠨ ᠦᠷᠡᠵᠢᠬᠦᠯᠦᠨ ᠦᠪᠡᠰᠦᠪᠡᠨ ᠪᠤᠶᠢᠵᠢᠭᠤᠯᠬᠤ ᠲᠠᠯᠠᠪᠠᠢ ᠪᠠᠭᠲᠠᠨ᠎ᠠ︶ ᠳᠤ᠂ ᠬᠤᠲᠠ ᠶᠢᠨ ᠱᠠᠲᠣᠨ ᠤ ︽ᠱᠠᠩᠨᠠᠬᠤ ᠪᠠᠷ ᠨᠦᠬᠦᠪᠦᠷᠢᠯᠡᠬᠦ ᠶᠢ | ᠣᠷᠣᠯᠠᠭᠤᠯᠬᠤ︾ ᠮᠠᠶ᠋ᠢᠭ ᠢᠶᠠᠷ ᠠᠵᠤ ᠠᠬᠤᠶᠢᠯᠠᠯ ᠤᠨ ᠭᠤᠤᠯ ᠴᠤᠭᠴᠠ ᠶᠢᠨ ᠲᠡᠵᠢᠬᠡᠪᠦᠷᠢ ᠶᠢᠨ ᠲᠠᠯᠠᠪᠠᠢ ᠶᠢᠨ ᠦᠨᠳᠦᠰᠦᠨ ᠪᠠᠶᠢᠭᠤᠯᠤᠯᠲᠠ᠂ ᠲᠤᠨᠤᠭ | ᠳᠦᠬᠦᠬᠡᠷᠦᠮᠵᠢ ᠵᠡᠷᠭᠡ ᠲᠠᠯ᠎ᠠ ᠶᠢᠨ ᠶᠡᠷᠦᠩᠬᠡᠢ ᠣᠷᠣᠭᠤᠯᠣᠯᠲᠠ ᠶᠢᠨ 30% ᠠᠴᠠ ᠳᠠᠪᠠᠭᠤᠯᠬᠤ ᠦᠬᠡᠢ ᠱᠠᠩᠨᠠᠯ ᠣᠯᠭᠤᠵᠣ᠂ ᠱᠠᠩᠨᠠᠯ ᠤᠨ ᠮᠦᠩᠭᠦ ᠶᠢ ᠬᠠᠮᠤᠭ | ᠦᠨᠳᠦᠷ ᠲᠡᠭᠡᠨ 1000 ᠲᠦᠮᠡᠨ ᠲᠦᠬᠦᠷᠢᠭ ᠪᠠ 2000 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ ᠡᠬᠦᠨ ᠤ ᠰᠠᠭᠤᠷᠢᠨ ᠳᠡᠭᠡᠷ᠎ᠡ᠂ ᠬᠤᠰᠢᠭᠤ ᠡᠳ᠋ | ᠤᠨ ᠵᠠᠰᠠᠭ ᠠᠴᠠ ᠳᠠᠬᠢᠨ ᠠᠵᠤ ᠠᠬᠤᠶᠢᠯᠠᠯ ᠤᠨ ᠭᠤᠤᠯ ᠴᠤᠭᠴᠠ ᠶᠢᠨ ᠶᠡᠷᠦᠩᠬᠡᠢ ᠤᠷᠤᠭᠤᠯᠤᠯᠲᠠ ᠶᠢᠨ 10% ᠳᠠᠪᠠᠭᠤᠯᠬᠤ ᠦᠬᠡᠢ ᠳᠤᠨᠢ ᠱᠠᠩᠨᠠᠯ ᠣᠯᠭᠤᠨ᠂ | ᠱᠠᠩᠨᠠᠯ ᠤᠨ ᠮᠦᠩᠭᠦ ᠶᠢ ᠬᠠᠮᠤᠭ ᠦᠨᠳᠦᠷ ᠲᠡᠭᠡᠨ 300 ᠲᠦᠮᠡᠨ ᠲᠦᠬᠦᠷᠢᠭ ᠪᠠ 600 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ | 10. ᠦᠨᠢᠶ᠎ᠡ ᠶᠢᠨ ᠰᠦᠷᠦᠭ ᠢ ᠦᠷᠬᠡᠳᠬᠡᠨ ᠨᠡᠮᠡᠭᠳᠡᠬᠦᠯᠬᠦ ᠶᠢ ᠳᠡᠮᠵᠢᠨ᠎ᠡ᠃ ︽ᠣᠷᠢᠳᠠᠪᠠᠷ ᠦᠵᠡᠵᠦ ᠳᠠᠷᠠᠭ᠎ᠠ ᠨᠢ ᠨᠦᠬᠦᠪᠦᠷᠢᠯᠡᠬᠦ︾ ᠮᠠᠶ᠋ᠢᠭ ᠢᠶᠠᠷ | ᠳᠠᠮᠵᠢᠭᠤᠯᠤᠨ᠂ ᠳᠠᠷᠤᠢ ︽ᠦᠨᠢᠶ᠎ᠡ ᠦᠵᠡᠬᠦ᠂ ᠭᠠᠷᠳᠠᠮ ᠦᠵᠡᠬᠦ᠂ ᠣᠳᠣᠮ ᠤᠨ ᠴᠠᠳᠢᠭ ᠤᠨ ᠳᠠᠩᠰᠠ ᠦᠵᠡᠬᠦ᠂ ᠬᠤᠳᠠᠯᠳᠣᠨ ᠠᠪᠤᠭᠴᠢ ᠲᠠᠢ ᠠᠭᠤᠯᠵᠠᠬᠤ︾ | ᠵᠡᠷᠭᠡ ᠳᠦᠷᠪᠡ ᠶᠢ ᠦᠵᠡᠭᠰᠡᠨ ᠳᠠᠷᠠᠭ᠎ᠠ ᠨᠦᠬᠦᠪᠦᠷᠢ ᠣᠯᠭᠤᠵᠣ᠂ ᠭᠠᠳᠠᠭᠠᠲᠤ ᠠᠴᠠ ᠣᠷᠣᠭᠤᠯᠣᠭᠰᠠᠨ ᠰᠠᠶᠢᠨ ᠡᠬᠦᠯᠳᠡᠷ ᠤᠨ ᠦᠨᠢᠶ᠎ᠡ ᠪᠦᠷᠢ ᠳᠤ 4000 | ᠲᠦᠬᠦᠷᠢᠭ ᠨᠦᠬᠦᠪᠦᠷᠢᠯᠡᠨ᠎ᠡ︔ ︽ᠲᠤᠭᠤᠯᠯᠠᠭᠰᠠᠨ ᠤ ᠳᠠᠷᠠᠭ᠎ᠠ ᠨᠦᠬᠦᠪᠦᠷᠢᠯᠡᠬᠦ︾ ᠪᠠᠷ ᠳᠠᠮᠵᠢᠭᠤᠯᠤᠨ᠂ ᠣᠯᠣᠰ ᠤᠨ ᠲᠤᠲᠤᠭᠠᠲᠤ ᠶᠢᠨ ᠡᠬᠦᠯᠳᠡᠷ ᠤᠨ ᠦᠨᠢᠶ᠎ᠡ | ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠠᠴᠠ ᠬᠤᠳᠠᠯᠳᠣᠨ ᠠᠪᠤᠭᠰᠠᠨ ᠦᠨᠢᠶ᠎ᠡ ᠲᠤᠭᠤᠯᠯᠠᠭᠰᠠᠨ ᠤ ᠳᠠᠷᠠᠭ᠎ᠠ ᠮᠠᠯ ᠲᠠᠷᠢᠶᠠᠯᠠᠩ ᠤᠨ ᠰᠠᠯᠠᠭ᠎ᠠ ᠮᠦᠴᠢᠷ | ᠢᠶᠠᠷ ᠬᠢᠨᠠᠨ ᠲᠤᠭᠲᠠᠭᠠᠯᠭᠠᠵᠤ ᠬᠢᠷᠢ ᠲᠡᠩᠴᠡᠭᠰᠡᠨ ᠪᠤᠯ᠂ ᠲᠤᠯᠤᠭᠠᠢ ᠪᠦᠷᠢ ᠳᠤ 2000 ᠲᠦᠬᠦᠷᠢᠭ ᠨᠦᠬᠦᠪᠦᠷᠢᠯᠡᠨ᠎ᠡ᠃ ︽ᠤᠷᠳᠣᠰ ᠬᠤᠲᠠ ᠶᠢᠨ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠬᠦᠯᠦᠯᠲᠡ ᠶᠢᠨ ᠮᠦᠩᠭᠦᠨ ᠬᠦᠢᠯᠭᠡᠭᠡᠨ ᠢᠶᠠᠷ ᠠᠵᠤ ᠦᠢᠯᠡᠰ ᠤᠨ ᠬᠦᠭᠵᠢᠯᠲᠡ ᠶᠢ | ᠳᠡᠮᠵᠢᠬᠦ ᠠᠷᠭ᠎ᠠ︾ ᠶᠢ ᠡᠳ᠋ᠯᠡᠬᠦᠯᠦᠭᠰᠡᠨ ᠰᠠᠭᠤᠷᠢᠨ ᠳᠡᠭᠡᠷ᠎ᠡ᠂ ᠬᠤᠰᠢᠭᠤ ᠡᠳ᠋ ᠤᠨ ᠵᠠᠰᠠᠭ ᠠᠴᠠ ᠨᠠᠭᠠᠲᠤ ᠵᠠᠬ᠎ᠠ ᠶᠢ ᠪᠠᠲᠤᠯᠠᠭᠰᠠᠨ ᠬᠦᠦ ᠮᠦᠩᠭᠦ ᠶᠢ ᠨᠢ ᠣᠷᠣᠯᠠᠨ | ᠦᠭᠭᠦᠨ᠎ᠡ᠃ | 11. ᠪᠠᠷᠢᠮᠵᠢᠶᠠᠵᠢᠭᠤᠯᠤᠭᠰᠠᠨ ᠲᠡᠵᠢᠬᠡᠨ ᠲᠠᠷᠭᠤᠯᠠᠭᠤᠯᠬᠤ ᠲᠠᠯᠠᠪᠠᠢ ᠶᠢᠨ ᠪᠠᠶᠢᠭᠤᠯᠤᠯᠲᠠ ᠶᠢ ᠳᠡᠮᠵᠢᠨ᠎ᠡ᠃ ᠮᠠᠯᠴᠢᠨ ᠲᠠᠷᠢᠶᠠᠴᠢᠳ ᠢ ᠵᠢᠯᠤᠭᠤᠳᠣᠨ ᠵᠣᠬᠢᠬᠤ | ᠬᠡᠪᠴᠢᠶᠡᠵᠢᠯ ᠪᠦᠬᠦᠢ ᠠᠯᠠᠰᠢᠨ ᠦᠬᠡᠷ ᠤᠨ ᠲᠡᠵᠢᠬᠡᠪᠦᠷᠢ ᠶᠢ ᠬᠦᠭᠵᠢᠬᠦᠯᠵᠦ᠂ ︽ᠶᠠᠭᠤ ᠲᠤᠲᠠᠪᠠᠯ ᠶᠠᠭᠤ ᠶᠢ ᠨᠦᠬᠦᠪᠦᠷᠢᠯᠡᠬᠦ︾ ᠵᠠᠷᠴᠢᠮ ᠶᠤᠰᠤᠭᠠᠷ᠂ ᠰᠢᠨ᠎ᠡ ᠪᠠᠷ | ᠪᠠᠶᠢᠭᠤᠯᠤᠭᠰᠠᠨ ᠪᠤᠶᠤ ᠦᠬᠡᠷᠡᠴᠢᠯᠡᠵᠦ ᠦᠷᠬᠡᠳᠬᠡᠭᠰᠡᠨ ᠪᠠᠷᠢᠮᠵᠢᠶᠠᠲᠤ ᠲᠡᠵᠢᠬᠡᠨ ᠲᠠᠷᠭᠤᠯᠠᠭᠤᠯᠬᠤ ᠲᠠᠯᠠᠪᠠᠢ ︵ᠰᠠᠭᠤᠷᠢ ᠦᠨᠢᠶ᠎ᠡ 100 ᠲᠤᠯᠤᠭᠠᠢ ᠠᠴᠠ ᠳᠡᠭᠡᠭᠰᠢ | ᠪᠤᠶᠤ ᠲᠡᠵᠢᠬᠡᠨ ᠲᠠᠷᠭᠤᠯᠠᠭᠤᠯᠬᠤ ᠦᠬᠡᠷ 200 ᠲᠤᠯᠤᠭᠠᠢ ᠠᠴᠠ ᠳᠡᠭᠡᠭᠰᠢ︶ ᠲᠤ ᠨᠢᠬᠡᠯᠡ ᠣᠳᠠᠭ᠎ᠠ ᠳᠤ 20 ᠲᠦᠮᠡᠨ ᠲᠦᠬᠦᠷᠢᠭ ᠱᠠᠩᠨᠠᠨ᠂ ᠰᠠᠭᠤᠷᠢ ᠦᠨᠢᠶ᠎ᠡ | 50 ᠲᠤᠯᠤᠭᠠᠢ ᠪᠤᠶᠤ ᠲᠡᠵᠢᠬᠡᠨ ᠲᠠᠷᠭᠤᠯᠠᠭᠤᠯᠬᠤ ᠦᠬᠡᠷ 100 ᠲᠤᠯᠤᠭᠠᠢ ᠨᠡᠮᠡᠭᠳᠡᠬᠦᠯᠬᠦ ᠪᠦᠷᠢ ᠳᠤ ᠳᠠᠬᠢᠨ 10 ᠲᠦᠮᠡᠨ ᠲᠦᠬᠦᠷᠢᠭ ᠱᠠᠩᠨᠠᠨ᠎ᠠ᠃ ᠱᠠᠩᠨᠠᠯ ᠤᠨ | ᠪᠡᠯᠡ ᠮᠦᠩᠭᠦ ᠶᠢ ᠭᠤᠤᠯᠳᠠᠭᠤ ᠰᠠᠭᠤᠷᠢ ᠳᠦᠬᠦᠭᠡᠷᠦᠮᠵᠢ ᠶᠢᠨ ᠪᠠᠶᠢᠭᠤᠯᠤᠯᠲᠠ᠂ ᠲᠤᠨᠤᠭ ᠳᠦᠬᠦᠬᠡᠷᠦᠮᠵᠢ ᠶᠢᠨ ᠬᠤᠳᠠᠯᠳᠣᠨ ᠠᠪᠤᠯᠲᠠ ᠵᠡᠷᠭᠡ ᠳᠤ ᠬᠡᠷᠡᠭᠯᠡᠨ᠎ᠡ᠃ | 12. ᠡᠷᠦᠬᠡ ᠠᠴᠠ ᠲᠡᠵᠢᠬᠡᠨ ᠠᠷᠠᠴᠢᠯᠠᠵᠤ ᠠᠵᠤ ᠠᠬᠤᠶᠢᠯᠠᠯ ᠠᠴᠠ ᠦᠷᠡᠵᠢᠬᠦᠯᠦᠨ ᠲᠠᠷᠭᠤᠯᠠᠭᠤᠯᠬᠤ ᠮᠠᠯᠴᠢᠨ ᠲᠠᠷᠢᠶᠠᠴᠢᠳ ᠢ ᠳᠠᠶᠢᠴᠢᠯᠠᠨ ᠬᠤᠯᠪᠤᠭᠠᠯᠠᠬᠤ | ᠬᠦᠭᠵᠢᠯᠲᠡ ᠶᠢ ᠳᠡᠮᠵᠢᠨ᠎ᠡ᠃ ︽ᠡᠷᠦᠬᠡ ᠠᠴᠠ ᠠᠷᠠᠴᠢᠯᠠᠬᠤ ᠠᠵᠤ ᠠᠬᠤᠶᠢᠯᠠᠯ ᠠᠴᠠ ᠲᠠᠷᠭᠤᠯᠠᠭᠤᠯᠬᠤ︾ ᠬᠠᠮᠲᠤᠷᠠᠯᠴᠠᠭᠠᠨ ᠤ ᠲᠡᠵᠢᠬᠡᠪᠦᠷᠢ ᠶᠢᠨ ᠵᠠᠭᠪᠤᠷ ᠢ | ᠶᠡᠬᠡᠪᠡᠷ ᠲᠦᠬᠡᠮᠡᠯᠵᠢᠬᠦᠯᠵᠦ᠂ ᠲᠡᠵᠢᠬᠡᠪᠦᠷᠢ ᠶᠢᠨ ᠠᠵᠤ ᠠᠬᠤᠶᠢᠯᠠᠯ ᠠᠴᠠ ᠡᠬᠦᠯᠳᠡᠷ ᠤᠨ ᠦᠬᠡᠷ ᠢ ᠲᠡᠵᠢᠬᠡᠨ ᠦᠷᠡᠵᠢᠬᠦᠯᠬᠦ ᠪᠠ ᠲᠤᠭᠤᠯ ᠢ ᠲᠡᠵᠢᠬᠡᠨ | ᠲᠠᠷᠭᠤᠯᠠᠭᠤᠯᠬᠤ ᠶᠢ ᠬᠠᠷᠢᠭᠤᠴᠠᠨ᠂ ᠡᠷᠦᠬᠡ ᠠᠴᠠ ᠰᠠᠭᠤᠷᠢ ᠦᠨᠢᠶ᠎ᠡ ᠲᠡᠵᠢᠬᠡᠨ ᠠᠷᠠᠴᠢᠯᠠᠬᠤ ᠪᠠ ᠲᠤᠭᠤᠯ ᠲᠤᠰᠢᠶᠠᠨ ᠬᠤᠳᠠᠯᠳᠣᠬᠤ ᠶᠢ ᠬᠠᠷᠢᠭᠤᠴᠠᠨ᠎ᠠ᠃ | ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠶᠤᠰᠤᠭᠠᠷ᠂ ︽ᠡᠷᠦᠬᠡ ᠠᠴᠠ ᠠᠷᠠᠴᠢᠯᠠᠵᠤ ᠠᠵᠤ ᠠᠬᠤᠶᠢᠯᠠᠯ ᠠᠴᠠ ᠲᠠᠷᠭᠤᠯᠠᠭᠤᠯᠬᠤ︾ | ᠲᠡᠵᠢᠬᠡᠪᠦᠷᠢ ᠶᠢᠨ ᠡᠷᠦᠬᠡ ᠠᠴᠠ ᠠᠵᠤ ᠠᠬᠤᠶᠢᠯᠠᠯ ᠳᠤ ᠪᠠᠷᠢᠮᠵᠢᠶᠠᠨ ᠳᠤ ᠬᠦᠷᠦᠭᠰᠡᠨ ᠲᠤᠭᠤᠯ ᠢ ᠲᠤᠰᠢᠶᠠᠨ ᠬᠤᠳᠠᠯᠳᠣᠪᠠᠯ᠂ ᠲᠤᠯᠤᠭᠠᠢ ᠪᠦᠷᠢ ᠳᠤ ᠨᠢᠬᠡᠯᠡ | ᠣᠳᠠᠭ᠎ᠠ ᠳᠤ 500 ᠲᠦᠬᠦᠷᠢᠭ ᠱᠠᠩᠨᠠᠨ᠎ᠠ᠃ ᠡᠨᠡᠬᠦ ᠰᠠᠭᠤᠷᠢᠨ ᠳᠡᠭᠡᠷ᠎ᠡ᠂ ᠲᠡᠵᠢᠬᠡᠪᠦᠷᠢ ᠶᠢᠨ ᠠᠵᠤ ᠠᠬᠤᠶᠢᠯᠠᠯ ᠠᠴᠠ ᠡᠷᠦᠬᠡ ᠳᠤ 100 ᠲᠤᠯᠤᠭᠠᠢ ᠠᠴᠠ | ᠳᠡᠭᠡᠭᠰᠢ ᠠᠩᠭᠧᠰ᠂ ᠰᠢᠮᠧᠨ᠋ᠳᠠᠷ ᠵᠡᠷᠭᠡ ᠰᠠᠶᠢᠨ ᠡᠬᠦᠯᠳᠡᠷ ᠤᠨ ᠰᠠᠭᠤᠷᠢ ᠦᠨᠢᠶ᠎ᠡ ᠶᠢ ᠬᠠᠩᠭᠠᠨ᠂ ᠲᠡᠵᠢᠬᠡᠪᠦᠷᠢ ᠶᠢᠨ ᠡᠷᠦᠬᠡ ᠠᠴᠠ ᠲᠤᠭᠤᠯ ᠢ ᠨᠢ ᠬᠤᠳᠠᠯᠳᠣᠨ | ᠠᠪᠤᠪᠠᠯ ᠬᠤᠰᠢᠭᠤ ᠡᠳ᠋ ᠤᠨ ᠵᠠᠰᠠᠭ ᠠᠴᠠ ᠠᠵᠤ ᠠᠬᠤᠶᠢᠯᠠᠯ ᠳᠤ ᠨᠢᠬᠡᠯᠡ ᠣᠳᠠᠭ᠎ᠠ ᠳᠤ ᠲᠤᠭᠤᠯ ᠪᠦᠷᠢ ᠳᠤ 500 ᠲᠦᠬᠦᠷᠢᠭ ᠱᠠᠩᠨᠠᠵᠤ᠂ 50 ᠲᠤᠯᠤᠭᠠᠢ | ᠨᠡᠮᠡᠭᠳᠡᠬᠦ ᠪᠦᠷᠢ ᠳᠤ 2.5 ᠲᠦᠮᠡᠨ ᠲᠦᠬᠦᠷᠢᠭ ᠱᠠᠩᠨᠠᠨ᠎ᠠ᠃ | 13. ᠪᠡᠯᠡ ᠬᠠᠮᠲᠤᠳᠬᠠᠭᠰᠠᠨ ᠦᠬᠡᠷ ᠤᠨ ᠲᠠᠯᠠᠪᠠᠢ ᠶᠢᠨ ᠪᠠᠶᠢᠭᠤᠯᠤᠯᠲᠠ ᠶᠢ ᠳᠡᠮᠵᠢᠨ᠎ᠡ᠃ ︽ᠭᠠᠴᠠᠭ᠎ᠠ ᠲᠤᠰᠬᠤᠨ ᠠᠴᠠ ᠮᠠᠯᠵᠢᠯ ᠤᠨ ᠲᠠᠯᠠᠪᠠᠢ | ᠪᠠᠶᠢᠭᠤᠯᠬᠤ + ᠲᠡᠵᠢᠬᠡᠪᠦᠷᠢ ᠶᠢᠨ ᠭᠤᠤᠯ ᠴᠤᠭᠴᠠ ᠠᠴᠠ ᠡᠵᠡᠩᠨᠡᠬᠦ︾ ᠬᠦᠭᠵᠢᠯᠲᠡ ᠶᠢᠨ ᠵᠠᠭᠪᠤᠷ ᠢ ᠶᠡᠬᠡᠪᠡᠷ ᠲᠦᠬᠡᠮᠡᠯᠵᠢᠬᠦᠯᠵᠦ᠂ ᠡᠯ᠎ᠡ ᠪᠠᠯᠭᠠᠰᠣ ᠲᠤᠰᠬᠠᠢ | ᠦᠭᠴᠡᠭᠡ ᠪᠠᠷ ᠲᠡᠵᠢᠬᠡᠪᠦᠷᠢ ᠶᠢᠨ ᠲᠠᠯᠠᠪᠠᠢ ᠰᠢᠨ᠎ᠡ ᠪᠠᠷ ᠪᠠᠶᠢᠭᠤᠯᠬᠤ ᠪᠤᠶᠤ ᠭᠠᠵᠠᠷ ᠰᠢᠷᠤᠢ ᠶᠢᠨ ᠡᠬᠢ ᠰᠣᠷᠪᠣᠯᠵᠢ ᠶᠢ ᠠᠰᠢᠭᠯᠠᠬᠤ ᠵᠡᠷᠭᠡ ᠪᠠᠷ ᠲᠤᠯᠤᠭᠠᠶᠢᠯᠠᠭᠴᠢ | ᠠᠵᠤ ᠠᠬᠤᠶᠢᠯᠠᠯ ᠲᠠᠢ ᠬᠠᠮᠲᠤᠪᠡᠷ ᠪᠡᠯᠡ ᠣᠷᠣᠭᠤᠯᠣᠨ ᠲᠠᠯᠠᠪᠠᠢ ᠪᠠᠶᠢᠭᠤᠯᠬᠤ ᠶᠢ ᠵᠤᠷᠢᠭᠵᠢᠭᠤᠯᠤᠨ᠂ ᠲᠦᠷᠢᠶᠡᠰᠦᠯᠡᠬᠦ᠂ ᠣᠯᠵᠠᠪᠤᠷᠢ ᠬᠤᠪᠢᠶᠠᠬᠤ ᠵᠡᠷᠭᠡ ᠠᠷᠭ᠎ᠠ | ᠮᠠᠶ᠋ᠢᠭ ᠢᠶᠠᠷ ᠬᠠᠮᠲᠤ ᠶᠢᠨ ᠣᠷᠣᠯᠭ᠎ᠠ ᠶᠢ ᠲᠠᠰᠣᠷᠠᠯᠲᠠ ᠦᠬᠡᠢ ᠪᠤᠵᠠᠭᠠᠶᠢᠷᠠᠭᠤᠯᠤᠨ᠎ᠠ᠃ ᠲᠤᠰᠬᠠᠢ ᠦᠭᠴᠡᠭᠡ᠂ ᠮᠦᠩᠭᠦᠨ ᠬᠦᠢᠯᠬᠡᠬᠡᠨ ᠤ ᠳᠡᠮᠵᠢᠯᠭᠡ ᠶᠢᠨ ᠲᠠᠯ᠎ᠠ ᠪᠠᠷ | ᠭᠤᠤᠯᠳᠠᠯᠭ᠎ᠠ ᠲᠠᠢ ᠳᠡᠮᠵᠢᠨ᠎ᠡ᠃ | 14. ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠳᠡᠮᠵᠢᠨ᠎ᠡ᠃ ︽ᠠᠷᠠᠴᠢᠯᠠᠬᠤ ᠲᠠᠷᠭᠤᠯᠠᠭᠤᠯᠬᠤ ᠪᠤᠯᠪᠠᠰᠣᠷᠠᠭᠤᠯᠬᠤ ᠶᠢ ᠴᠤᠭᠴᠠᠵᠢᠭᠤᠯᠤᠭᠰᠠᠨ︾ | ︵ᠡᠷᠦᠬᠡ ᠠᠴᠠ ᠠᠷᠠᠴᠢᠯᠠᠵᠤ ᠠᠵᠤ ᠠᠬᠤᠶᠢᠯᠠᠯ ᠠᠴᠠ ᠲᠠᠷᠭᠤᠯᠠᠭᠤᠯᠬᠤ + ᠨᠠᠷᠢᠯᠢᠭ ᠪᠤᠯᠪᠠᠰᠣᠷᠠᠭᠤᠯᠬᠤ︶ ᠵᠠᠭᠪᠤᠷ ᠢ ᠠᠰᠢᠭᠯᠠᠵᠤ᠂ ᠵᠢᠯ ᠳᠤ ᠠᠯᠠᠰᠢᠨ ᠦᠬᠡᠷ ᠤᠨ | ᠪᠤᠷᠤᠯᠠᠭᠤᠯᠭ᠎ᠠ 1 ᠲᠦᠮᠡ ᠠᠴᠠ ᠳᠡᠭᠡᠭᠰᠢ ᠵᠢᠴᠢ ᠰᠠᠶᠢᠨ ᠡᠬᠦᠯᠳᠡᠷ ᠤᠨ ᠠᠯᠠᠰᠢᠨ ᠮᠠᠯ ᠤᠨ ᠲᠡᠵᠢᠬᠡᠪᠦᠷᠢ ᠶᠢᠨ ᠬᠡᠪᠴᠢᠶᠡᠵᠢᠯ 10 ᠲᠦᠮᠡ ᠠᠴᠠ ᠳᠠᠪᠠᠭᠰᠠᠨ᠂ | ᠮᠠᠯᠴᠢᠨ ᠲᠠᠷᠢᠶᠠᠴᠢᠳ ᠢ ᠳᠠᠶᠢᠴᠢᠯᠠᠨ ᠬᠤᠯᠪᠤᠭᠠᠯᠠᠵᠤ ᠪᠦᠬᠦᠢ ᠠᠵᠤ ᠦᠢᠯᠡᠰ ᠤᠨ ᠬᠤᠯᠪᠤᠭᠠᠲᠤ ᠴᠤᠭᠴᠠ ᠳᠤ ᠲᠡᠵᠢᠬᠡᠪᠦᠷᠢ ᠶᠢᠨ ᠬᠡᠪᠴᠢᠶᠡᠵᠢᠯ ᠢ ᠦᠨᠳᠦᠰᠦᠯᠡᠨ | ᠨᠢᠬᠡᠯᠡ ᠣᠳᠠᠭ᠎ᠠ ᠳᠤ 500 ᠲᠦᠮᠡᠨ ᠲᠦᠬᠦᠷᠢᠭ ᠠᠴᠠ ᠳᠠᠪᠠᠭᠤᠯᠬᠤ ᠦᠬᠡᠢ ᠪᠡᠯᠡ ᠮᠦᠩᠭᠦ ᠱᠠᠩᠨᠠᠨ ᠨᠦᠬᠦᠪᠦᠷᠢᠯᠡᠨ᠎ᠡ᠃ ᠡᠨᠡᠬᠦ ᠰᠠᠭᠤᠷᠢᠨ ᠳᠡᠭᠡᠷ᠎ᠡ᠂ ᠰᠢᠨ᠎ᠡ ᠪᠠᠷ | ᠪᠠᠶᠢᠭᠤᠯᠤᠭᠰᠠᠨ ᠲᠡᠵᠢᠬᠡᠪᠦᠷᠢ ᠶᠢᠨ ᠬᠦᠷᠢᠶᠡᠯᠡᠩ ᠲᠤᠭᠤᠷᠢᠭ ᠲᠤ᠂ ᠡᠯ᠎ᠡ ᠲᠦᠷᠦᠯ ᠤᠨ ᠲᠦᠷᠦᠯ ᠵᠦᠢᠯ ᠤᠨ ᠲᠠᠯ᠎ᠠ ᠪᠠᠷ ᠭᠤᠤᠯᠳᠠᠯᠭ᠎ᠠ ᠲᠠᠢ ᠳᠡᠮᠵᠢᠨ᠎ᠡ᠃ | 15. ᠲᠤᠮᠤ ᠮᠠᠯᠵᠢᠯ ᠤᠨ ᠲᠠᠯᠠᠪᠠᠢ ᠶᠢᠨ ᠪᠠᠶᠢᠭᠤᠯᠤᠯᠲᠠ ᠶᠢ ᠳᠡᠮᠵᠢᠨ᠎ᠡ᠃ ᠭᠠᠴᠠᠭ᠎ᠠ ᠲᠤᠰᠬᠤᠨ ᠠᠴᠠ ᠲᠤᠮᠤ ᠮᠠᠯᠵᠢᠯ ᠤᠨ ᠲᠠᠯᠠᠪᠠᠢ ᠶᠢᠨ ᠪᠠᠶᠢᠭᠤᠯᠤᠯᠲᠠ ᠶᠢ | ᠪᠦᠬᠦᠯᠢ ᠴᠤᠭᠴᠠ ᠪᠠᠷ ᠠᠬᠢᠭᠤᠯᠪᠠᠯ᠂ ᠡᠩ ᠲᠡᠷᠢᠬᠦᠨ ᠳᠤ ᠡᠯ᠎ᠡ ᠲᠦᠷᠦᠯ ᠤᠨ ᠲᠦᠷᠦᠯ ᠵᠦᠢᠯ ᠢ ᠬᠠᠷᠢᠶ᠎ᠠ ᠭᠠᠴᠠᠭ᠎ᠠ ᠲᠤᠰᠬᠤᠨ ᠳᠤ ᠲᠤᠬᠢᠷᠠᠭᠤᠯᠵᠤ᠂ ᠬᠤᠰᠢᠭᠤ | ᠡᠳ᠋ ᠤᠨ ᠵᠠᠰᠠᠭ ᠠᠴᠠ 300 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠭᠦ ᠲᠤᠬᠢᠷᠠᠭᠤᠯᠤᠨ᠎ᠠ᠃ | 16. ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠲᠡᠵᠢᠬᠡᠪᠦᠷᠢ ᠶᠢᠨ ᠦᠢᠯᠡᠰ ᠤᠨ ᠬᠦᠭᠵᠢᠯᠲᠡ ᠶᠢ ᠳᠡᠮᠵᠢᠨ᠎ᠡ᠃ ᠳᠡᠭᠡᠳᠦ ᠱᠠᠲᠤᠨ | ᠤ ᠲᠤᠰᠬᠠᠢ ᠪᠡᠯᠡ ᠮᠦᠩᠭᠦ ᠶᠢ ᠣᠯᠬᠤ ᠠᠷᠭ᠎ᠠ ᠮᠠᠶ᠋ᠢᠭ ᠢᠶᠠᠷ ᠬᠡᠲᠦ ᠠᠰᠢᠭᠯᠠᠯᠲᠠ ᠶᠢᠨ ᠣᠷᠣᠨ ᠤ ᠮᠠᠯᠴᠢᠨ ᠲᠠᠷᠢᠶᠠᠴᠢᠳ ᠤᠨ ᠲᠡᠵᠢᠬᠡᠪᠦᠷᠢ ᠶᠢᠨ ᠳᠦᠬᠦᠬᠡᠷᠦᠮᠵᠢ | ᠶᠢᠨ ᠲᠡᠬᠦᠯᠳᠡᠷᠵᠢᠬᠦᠯᠦᠯᠲᠡ ᠶᠢᠨ ᠠᠰᠠᠭᠤᠳᠠᠯ ᠢ ᠲᠡᠷᠢᠬᠦᠨ ᠳᠤ ᠰᠢᠢᠳᠪᠦᠷᠢᠯᠡᠵᠦ᠂ ᠬᠦᠷᠦᠯᠴᠡᠬᠦ ᠦᠬᠡᠢ ᠪᠡᠯᠡ ᠮᠦᠩᠭᠦ ᠶᠢ ᠬᠤᠰᠢᠭᠤ ᠡᠳ᠋ ᠤᠨ ᠵᠠᠰᠠᠭ ᠠᠴᠠ | ᠪᠠᠲᠤᠯᠠᠨ᠎ᠠ᠃ | 17. ᠲᠡᠵᠢᠬᠡᠯ ᠡᠪᠡᠰᠦ ᠪᠤᠷᠳᠤᠭ᠎ᠠ ᠶᠢᠨ ᠰᠠᠭᠤᠷᠢᠨ ᠤ ᠰᠢᠯᠵᠢᠬᠦᠯᠦᠯᠲᠡ ᠶᠢ ᠳᠡᠮᠵᠢᠨ᠎ᠡ᠃ ︽ᠬᠤᠷᠰᠢᠶᠠᠵᠢᠯ + ᠮᠠᠯᠴᠢᠨ ᠲᠠᠷᠢᠶᠠᠴᠢᠳ + ᠭᠠᠴᠠᠭ᠎ᠠ | ᠲᠤᠰᠬᠤᠨ ᠤ ᠬᠠᠮᠲᠤ ᠶᠢᠨ ᠠᠵᠤ ᠠᠬᠤᠢ︾ ᠶᠢᠨ ᠬᠦᠭᠵᠢᠯᠲᠡ ᠶᠢᠨ ᠵᠠᠭᠪᠤᠷ ᠢ ᠶᠡᠬᠡᠪᠡᠷ ᠲᠦᠬᠡᠮᠡᠯᠵᠢᠬᠦᠯᠵᠦ᠂ ᠮᠠᠯᠴᠢᠨ ᠲᠠᠷᠢᠶᠠᠴᠢᠳ ᠤᠨ ᠭᠠᠵᠠᠷ ᠰᠢᠷᠤᠢ ᠶᠢᠨ | ᠬᠤᠪᠢ ᠣᠷᠣᠭᠤᠯᠣᠯᠲᠠ ᠶᠢᠨ ᠬᠤᠷᠰᠢᠶᠠᠵᠢᠯ ᠪᠠᠶᠢᠭᠤᠯᠬᠤ ᠶᠢ ᠵᠤᠷᠢᠭᠵᠢᠭᠤᠯᠤᠨ᠂ ᠭᠠᠵᠠᠷ ᠰᠢᠷᠤᠢ ᠪᠠᠷ ᠬᠤᠪᠢ ᠣᠷᠣᠭᠤᠯᠬᠤ᠂ ᠬᠠᠮᠲᠤᠷᠠᠨ ᠡᠵᠡᠩᠨᠡᠬᠦ ᠵᠡᠷᠭᠡ ᠠᠷᠭ᠎ᠠ | ᠮᠠᠶ᠋ᠢᠭ ᠢᠶᠠᠷ ᠠᠯᠠᠰᠢᠨ ᠦᠬᠡᠷ ᠤᠨ ᠲᠡᠵᠢᠬᠡᠪᠦᠷᠢ ᠶᠢᠨ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠶᠢᠭᠤᠯᠵᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ | ᠶᠢ ᠲᠠᠰᠣᠷᠠᠯᠲᠠ ᠦᠬᠡᠢ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠬᠦᠯᠦᠨ᠎ᠡ᠃ ᠠᠯᠠᠰᠢᠨ ᠦᠬᠡᠷ ᠤᠨ ᠲᠡᠵᠢᠬᠡᠪᠦᠷᠢ ᠶᠢᠨ ᠲᠠᠯᠠᠪᠠᠢ | ᠳᠤ ᠰᠢᠯᠵᠢᠬᠦᠯᠬᠦ ᠭᠠᠵᠠᠷ ᠰᠢᠷᠤᠢ ᠶᠢᠨ ᠬᠡᠷ᠎ᠡ ᠶᠢᠨ ᠬᠤᠭᠤᠴᠠᠭ᠎ᠠ 3 ᠵᠢᠯ ᠠᠴᠠ ᠳᠡᠭᠡᠭᠰᠢ ᠬᠦᠷᠦᠭᠰᠡᠨ ᠭᠠᠵᠠᠷ ᠰᠢᠷᠤᠢ ᠶᠢᠨ ᠬᠤᠪᠢ ᠣᠷᠣᠭᠤᠯᠣᠯᠲᠠ ᠶᠢᠨ | ᠬᠤᠷᠰᠢᠶᠠᠵᠢᠯ ᠳᠤ ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠶᠤᠰᠤᠭᠠᠷ ᠵᠢᠯ ᠪᠤᠯᠭᠠᠨ ᠮᠣ᠋ ᠪᠦᠷᠢ ᠳᠤ 100 ᠲᠦᠬᠦᠷᠢᠭ ᠱᠠᠩᠨᠠᠨ᠎ᠠ᠃ | 18. ᠲᠡᠵᠢᠬᠡᠯ ᠡᠪᠡᠰᠦᠨ ᠤ ᠠᠵᠤ ᠦᠢᠯᠡᠰ ᠤᠨ ᠬᠦᠭᠵᠢᠯᠲᠡ ᠶᠢ ᠳᠡᠮᠵᠢᠨ᠎ᠡ᠃ ᠠᠭᠤᠷᠬᠠᠢ ᠶᠢᠨ ᠣᠷᠣᠨ ᠤ ᠳᠠᠬᠢᠨ ᠬᠠᠭᠠᠯᠪᠤᠷᠢᠯᠠᠬᠤ ᠣᠷᠣᠨ᠂ ᠨᠠᠷᠠᠨ | ᠡᠨᠧᠷᠬᠢ ᠶᠢᠨ ᠰᠠᠭᠤᠷᠢᠨ᠂ ᠡᠯᠡᠰᠦᠷᠬᠡᠭ ᠣᠷᠣᠨ ᠤ ᠦᠭᠡᠷᠡᠴᠢᠯᠡᠨ ᠰᠠᠶᠢᠵᠢᠷᠠᠭᠤᠯᠤᠭᠰᠠᠨ ᠭᠠᠵᠠᠷ᠂ ᠬᠤᠵᠢᠷᠯᠢᠭ ᠭᠠᠵᠠᠷ ᠵᠡᠷᠭᠡ ᠶᠢ ᠠᠰᠢᠭᠯᠠᠨ ᠡᠪᠡᠰᠦᠨ ᠤ ᠠᠵᠤ | ᠦᠢᠯᠡᠰ ᠢ ᠬᠦᠭᠵᠢᠬᠦᠯᠬᠦ ᠶᠢ ᠵᠤᠷᠢᠭᠵᠢᠭᠤᠯᠵᠤ᠂ ᠪᠤᠷᠤ ᠴᠠᠷᠭᠠᠰᠣ᠂ ᠬᠦᠬᠡ ᠪᠠᠷ ᠳᠠᠷᠣᠰᠢᠭᠤᠯᠬᠤ ᠡᠷᠳᠡᠨᠢ ᠰᠢᠰᠢ ᠵᠡᠷᠭᠡ ᠴᠢᠨᠠᠷ ᠰᠠᠶᠢᠲᠠᠢ ᠲᠡᠵᠢᠬᠡᠯ ᠡᠪᠡᠰᠦᠨ ᠤ | ᠰᠠᠭᠤᠷᠢᠨ ᠢ ᠪᠠᠶᠢᠭᠤᠯᠤᠨ᠂ ᠬᠡᠪᠴᠢᠶᠡᠵᠢᠯ ᠨᠢ 1 ᠲᠦᠮᠡᠨ ᠮᠣ᠋ ᠠᠴᠠ ᠳᠡᠭᠡᠭᠰᠢ ᠬᠦᠷᠪᠡᠯ᠂ ᠮᠣ᠋ ᠪᠦᠷᠢ ᠳᠤ ᠨᠢᠬᠡᠯᠡ ᠣᠳᠠᠭ᠎ᠠ ᠳᠤ 200 ᠲᠦᠬᠦᠷᠢᠭ | ᠨᠦᠬᠦᠪᠦᠷᠢᠯᠡᠨ᠎ᠡ᠃ ᠣᠯᠣᠰ ᠤᠨ ᠴᠢᠨᠠᠷ ᠰᠠᠶᠢᠲᠠᠢ ᠪᠤᠷᠤ ᠴᠠᠷᠭᠠᠰᠣ ᠶᠢᠨ ᠶᠠᠰᠣ ᠴᠢᠨᠠᠷ ᠢ ᠳᠡᠭᠡᠭᠰᠢᠯᠡᠬᠦᠯᠦᠨ ᠣᠨᠠᠯᠲᠠ ᠶᠢ ᠨᠡᠮᠡᠭᠳᠡᠬᠦᠯᠵᠦ᠂ 500 ᠮᠣ᠋ ᠠᠴᠠ ᠳᠡᠭᠡᠭᠰᠢ | ᠲᠦᠪᠯᠡᠷᠡᠩᠬᠦᠢ ᠪᠠᠷ ᠪᠠᠷᠢᠮᠵᠢᠶᠠᠵᠢᠭᠤᠯᠤᠨ ᠲᠠᠷᠢᠭᠰᠠᠨ ᠮᠦᠷᠲᠡᠭᠡᠨ ᠲᠡᠵᠢᠬᠡᠪᠦᠷᠢ ᠶᠢᠨ ᠲᠠᠯᠠᠪᠠᠢ ︵ᠡᠷᠦᠬᠡ︶ ᠲᠠᠢ ᠲᠡᠵᠢᠬᠡᠯ ᠡᠪᠡᠰᠦ ᠬᠤᠳᠠᠯᠳᠣᠨ ᠠᠪᠬᠤ ᠬᠡᠷ᠎ᠡ | ᠲᠤᠭᠲᠠᠭᠰᠠᠨ ᠲᠠᠷᠢᠮᠠᠯ ᠤᠨ ᠠᠵᠤ ᠠᠬᠤᠶᠢᠯᠠᠯ ︵ᠬᠤᠷᠰᠢᠶᠠᠵᠢᠯ᠂ ᠲᠠᠷᠢᠮᠠᠯ ᠤᠨ ᠡᠷᠦᠬᠡ︶ ᠳᠤ ᠮᠣ᠋ ᠪᠦᠷᠢ ᠳᠤ 3 ᠵᠢᠯ ᠨᠡᠶᠢᠲᠡ 1000 ᠲᠦᠬᠦᠷᠢᠭ | ᠨᠦᠬᠦᠪᠦᠷᠢᠯᠡᠨ᠎ᠡ᠃ | ︵ᠭᠤᠷᠪᠠ︶ ᠦᠢᠯᠡᠴᠢᠯᠡᠬᠡᠨ ᠤ ᠪᠠᠲᠤᠯᠠᠭ᠎ᠠ ᠶᠢᠨ ᠳᠦᠪᠰᠢᠨ ᠢ ᠳᠡᠭᠡᠭᠰᠢᠯᠡᠬᠦᠯᠦᠨ᠎ᠡ | 19. ᠡᠬᠦᠯᠳᠡᠷ ᠤᠨ ᠦᠢᠯᠡᠰ ᠤᠨ ᠬᠦᠭᠵᠢᠬᠦᠯᠦᠯᠲᠡ ᠶᠢ ᠠᠬᠢᠭᠤᠯᠤᠨ᠎ᠠ᠃ ᠣᠷᠣᠨ ᠨᠣᠲᠤᠭ ᠤᠨ ᠠᠮᠣ ᠪᠤᠳᠠᠭᠠᠨ ᠤ ᠡᠬᠦᠯᠳᠡᠷ᠂ ᠮᠠᠯ ᠤᠨ ᠡᠬᠦᠯᠳᠡᠷ᠂ | ᠡᠪᠡᠰᠦᠨ ᠡᠬᠦᠯᠳᠡᠷ ᠤᠨ ᠬᠠᠮᠠᠭᠠᠯᠠᠯᠲᠠ ᠪᠤᠶᠢᠵᠢᠭᠤᠯᠤᠯᠲᠠ ᠶᠢ ᠴᠢᠩᠭᠠᠳᠬᠠᠵᠤ᠂ ᠡᠬᠦᠯᠳᠡᠷ ᠬᠠᠮᠠᠭᠠᠯᠠᠬᠤ ᠬᠦᠮᠦᠷᠭᠡ ︵ᠲᠠᠯᠠᠪᠠᠢ︶᠂ ᠭᠤᠤᠯ ᠰᠦᠷᠦᠭ ᠤᠨ | ᠪᠠᠶᠢᠭᠤᠯᠤᠯᠲᠠ ᠶᠢ ᠳᠡᠮᠵᠢᠨ᠎ᠡ᠃ ᠨᠣᠣᠯᠣᠭᠤᠷ ᠤᠨ ᠢᠮᠠᠭᠠᠨ ᠤ ᠡᠬᠦᠯᠳᠡᠷ ᠪᠤᠶᠢᠵᠢᠭᠤᠯᠬᠤ ᠲᠠᠯᠠᠪᠠᠢ ᠪᠠᠶᠢᠭᠤᠯᠬᠤ ᠶᠢ ᠳᠡᠮᠵᠢᠵᠦ᠂ 2027 ᠣᠨ ᠪᠤᠯᠬᠤ ᠳᠤ | ᠦᠪᠡᠷᠲᠡᠭᠡᠨ ᠵᠠᠰᠠᠬᠤ ᠣᠷᠣᠨ ᠤ ᠲᠡᠰ ᠤᠨ ᠡᠬᠦᠯᠳᠡᠷ ᠤᠨ ᠢᠷᠡᠯᠲᠡ ᠶᠢᠨ ᠰᠠᠭᠤᠷᠢᠨ ᠢ ᠪᠠᠶᠢᠭᠤᠯᠤᠨ᠂ 2030 ᠣᠨ ᠪᠤᠯᠬᠤ ᠳᠤ ᠣᠯᠣᠰ ᠤᠨ ᠲᠡᠰ ᠤᠨ ᠡᠬᠦᠯᠳᠡᠷ | ᠤᠨ ᠢᠷᠡᠯᠲᠡ ᠶᠢᠨ ᠰᠠᠭᠤᠷᠢᠨ ᠢ ᠪᠠᠶᠢᠭᠤᠯᠤᠨ᠎ᠠ᠃ ᠮᠣᠩᠭᠤᠯ ᠬᠤᠨᠢᠨ ᠤ ᠰᠠᠭᠤᠷᠢ ᠦᠷᠡᠵᠢᠯ ᠤᠨ ᠮᠠᠯ ᠪᠦᠷᠢ ᠳᠤ 107 ᠲᠦᠬᠦᠷᠢᠭ ︵ᠡᠬᠦᠨ ᠳᠤ | ᠦᠢᠯᠡᠳᠪᠦᠷᠢᠯᠡᠯ ᠤᠨ ᠴᠢᠳᠠᠮᠵᠢ ᠶᠢ ᠬᠢᠨᠠᠨ ᠲᠤᠭᠲᠠᠭᠠᠬᠤ ᠵᠠᠷᠤᠳᠠᠯ 7 ᠲᠦᠬᠦᠷᠢᠭ᠂ ᠨᠦᠬᠦᠪᠦᠷᠢ 100 ᠲᠦᠬᠦᠷᠢᠭ︶ ᠨᠦᠬᠦᠪᠦᠷᠢᠯᠡᠵᠦ᠂ ᠬᠤᠰᠢᠭᠤ ᠲᠡᠰ ᠤᠨ | ᠨᠦᠬᠦᠪᠦᠷᠢ ᠶᠢᠨ ᠶᠡᠷᠦᠩᠬᠡᠢ ᠲᠤᠭ᠎ᠠ 160.5 ᠲᠦᠮᠡᠨ ᠲᠦᠬᠦᠷᠢᠭ︔ ᠲᠠᠩᠭᠤᠳ ᠬᠤᠴᠠ ᠪᠦᠷᠢ ᠳᠤ 1600 ᠲᠦᠬᠦᠷᠢᠭ ᠨᠦᠬᠦᠪᠦᠷᠢᠯᠡᠨ᠂ ᠣᠷᠳᠣᠰ ᠤᠨ ᠨᠠᠷᠢᠨ | ᠨᠣᠣᠰᠣᠲᠣ ᠬᠤᠴᠠ ᠪᠦᠷᠢ ᠳᠤ 2500 ᠲᠦᠬᠦᠷᠢᠭ ᠨᠦᠬᠦᠪᠦᠷᠢᠯᠡᠵᠦ᠂ ᠠᠷᠪᠠᠰ ᠤᠨ ᠨᠣᠣᠯᠣᠭᠤᠷ ᠤᠨ ᠣᠬᠤᠨ᠎ᠠ ᠪᠦᠷᠢ ᠳᠤ 2500 ᠲᠦᠬᠦᠷᠢᠭ ᠨᠦᠬᠦᠪᠦᠷᠢᠯᠡᠨ᠂ | ᠣᠷᠣᠭᠤᠯᠣᠨ ᠠᠪᠴᠢᠷᠠᠭᠰᠠᠨ ᠡᠬᠦᠯᠳᠡᠷ ᠤᠨ ᠰᠠᠹᠧᠺ ᠵᠡᠷᠭᠡ ᠠᠯᠠᠰᠢᠨ ᠮᠠᠯ ᠤᠨ ᠡᠬᠦᠯᠳᠡᠷ ᠤᠨ ᠬᠤᠴᠠ ᠪᠦᠷᠢ ᠳᠤ 3000 ᠲᠦᠬᠦᠷᠢᠭ ᠨᠦᠬᠦᠪᠦᠷᠢᠯᠡᠨ᠎ᠡ᠃ | ᠡᠬᠦᠯᠳᠡᠷ ᠪᠤᠶᠢᠵᠢᠭᠤᠯᠬᠤ ᠮᠡᠷᠭᠡᠵᠢᠯ ᠤᠨ ᠰᠢᠨᠡᠴᠢᠯᠡᠯᠲᠡ ᠪᠠ ᠰᠢᠨ᠎ᠡ ᠡᠬᠦᠯᠳᠡᠷ ᠤᠨ ᠪᠤᠶᠢᠵᠢᠭᠤᠯᠤᠯᠲᠠ ᠶᠢ ᠵᠣᠷᠢᠭᠵᠢᠭᠤᠯᠤᠨ᠎ᠠ᠃ ᠣᠯᠣᠰ᠂ ᠦᠪᠡᠷᠲᠡᠭᠡᠨ ᠵᠠᠰᠠᠬᠤ | ᠣᠷᠣᠨ ᠤ ᠲᠡᠰ ᠤᠨ ᠡᠬᠦᠯᠳᠡᠷ ᠬᠠᠮᠠᠭᠠᠯᠠᠬᠤ ᠲᠠᠯᠠᠪᠠᠢ ᠪᠠ ᠰᠠᠶᠢᠨ ᠡᠬᠦᠯᠳᠡᠷ ᠪᠤᠶᠢᠵᠢᠭᠤᠯᠬᠤ ᠲᠠᠯᠠᠪᠠᠢ ᠳᠤ ᠲᠤᠰᠬᠠᠢ ᠪᠡᠯᠡ ᠮᠦᠩᠭᠦ ᠦᠭᠭᠦᠨ᠎ᠡ᠃ ︽ ᠣᠷᠣᠭᠤᠯᠣᠨ | ᠪᠣᠶᠢᠵᠢᠭᠤᠯᠵᠣ ᠦᠷᠡᠵᠢᠬᠦᠯᠦᠨ ᠳᠡᠯᠭᠡᠷᠡᠬᠦᠯᠬᠦ︾ ᠶᠢ ᠴᠤᠭᠴᠠᠵᠢᠭᠤᠯᠤᠭᠰᠠᠨ ᠲᠦᠷᠦᠯ ᠵᠦᠢᠯ ᠢ ᠬᠦᠭᠵᠢᠬᠦᠯᠦᠨ᠂ ᠲᠠᠷᠢᠮᠠᠯ ᠤᠨ ᠡᠬᠦᠯᠳᠡᠷ ᠤᠨ ᠰᠠᠭᠤᠷᠢᠨ ᠤ | ᠪᠠᠶᠢᠭᠤᠯᠤᠯᠲᠠ ᠪᠠ ᠲᠡᠵᠢᠬᠡᠪᠦᠷᠢ ᠶᠢᠨ ᠴᠡᠪᠡᠷ ᠡᠬᠦᠯᠳᠡᠷ ᠤᠨ ᠦᠷᠭᠡᠳᠬᠡᠯ ᠢ ᠠᠬᠢᠭᠤᠯᠬᠤ ᠶᠢᠨ ᠬᠠᠮᠲᠤ ᠪᠡᠯᠡ ᠮᠦᠩᠭᠦᠨ ᠤ ᠲᠠᠯ᠎ᠠ ᠪᠠᠷ ᠳᠡᠮᠵᠢᠯᠭᠡ ᠬᠠᠩᠭᠠᠨ᠎ᠠ᠃ | 20. ᠰᠠᠶᠢᠨ ᠡᠬᠦᠯᠳᠡᠷ ᠤᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ᠃ ᠲᠡᠵᠢᠬᠡᠪᠦᠷᠢ ᠶᠢᠨ ᠲᠠᠯᠠᠪᠠᠢ ︵ᠡᠷᠦᠬᠡ︶ ᠠᠴᠠ ᠴᠢᠨᠠᠷ ᠰᠠᠶᠢᠲᠠᠢ ᠢᠴᠡᠬᠡᠮᠡᠯ | ᠦᠷ᠎ᠡ ᠠᠰᠢᠭᠯᠠᠪᠠᠯ ᠨᠦᠬᠦᠪᠦᠷᠢ ᠦᠭᠴᠦ᠂ ᠦᠨᠢᠶ᠎ᠡ ᠲᠡᠵᠢᠬᠡᠨ ᠦᠷᠡᠵᠢᠬᠦᠯᠬᠦ ᠬᠤᠷᠳᠣᠴᠠ ᠶᠢ ᠲᠦᠷᠬᠡᠳᠬᠡᠨ᠂ ᠠᠯᠠᠰᠢᠨ ᠦᠬᠡᠷ ᠤᠨ ᠰᠦᠷᠦᠭ ᠢ ᠦᠷᠬᠡᠳᠬᠡᠨ | ᠲᠤᠭ᠎ᠠ ᠬᠡᠮᠵᠢᠶ᠎ᠡ ᠶᠢ ᠨᠡᠮᠡᠭᠳᠡᠬᠦᠯᠬᠦ ᠶᠢ ᠠᠬᠢᠭᠤᠯᠵᠤ᠂ ᠦᠨᠢᠶ᠎ᠡ ᠪᠦᠷᠢ ᠵᠢᠯ ᠳᠤ 2 ᠭᠤᠤᠷᠰᠣ ᠴᠢᠨᠠᠷ ᠰᠠᠶᠢᠲᠠᠢ ᠠᠯᠠᠰᠢᠨ ᠦᠭᠡᠷ ᠤᠨ ᠢᠴᠡᠭᠡᠮᠡᠯ ᠦᠷ᠎ᠡ ᠬᠠᠩᠭᠠᠨ᠂ | ᠭᠤᠤᠷᠰᠣ ᠪᠦᠷᠢ ᠳᠤ 30 ᠲᠦᠬᠦᠷᠢᠭ ᠨᠦᠬᠦᠪᠦᠷᠢᠯᠡᠨ᠎ᠡ︔ ᠠᠯᠠᠰᠢᠨ ᠦᠭᠡᠷ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠳᠡᠮᠵᠢᠨ | ᠪᠤᠶᠢᠵᠢᠭᠤᠯᠵᠤ᠂ ︽ᠣᠷᠢᠳᠠᠪᠠᠷ ᠨᠡᠮᠡᠭᠳᠡᠬᠦᠯᠦᠨ ᠰᠡᠬᠦᠯᠡᠷ ᠨᠦᠬᠦᠪᠦᠷᠢᠯᠡᠬᠦ︾ ᠠᠷᠭ᠎ᠠ ᠮᠠᠶ᠋ᠢᠭ᠂ ᠳᠠᠷᠤᠢ ︽ᠲᠤᠭᠤᠯ ᠦᠵᠡᠬᠦ᠂ ᠲᠡᠵᠢᠬᠡᠪᠦᠷᠢ ᠶᠢᠨ ᠡᠷᠦᠬᠡ ᠳᠤ | ᠣᠴᠢᠬᠤ᠂ ᠳᠠᠩᠰᠠ ᠡᠪᠬᠡᠮᠡᠯ ᠢ ᠪᠠᠶᠢᠴᠠᠭᠠᠬᠤ︾ ᠪᠠᠷ ᠳᠠᠮᠵᠢᠭᠤᠯᠤᠨ ᠲᠤᠰ ᠵᠢᠯ ᠳᠤ 100 ᠣᠳᠠᠭ᠎ᠠ ᠠᠴᠠ ᠳᠡᠭᠡᠭᠰᠢ ᠬᠡᠬᠡᠯᠳᠦᠬᠦᠯᠬᠡ ᠬᠢᠭᠰᠡᠨ ᠨᠡᠶᠢᠬᠡᠮᠴᠢᠯᠡᠭᠰᠡᠨ | ᠦᠢᠯᠡᠴᠢᠯᠡᠬᠡᠨ ᠤ ᠵᠤᠬᠢᠶᠠᠨ ᠪᠠᠶᠢᠭᠤᠯᠤᠯᠲᠠ ᠳᠤ ᠰᠢᠨ᠎ᠡ ᠨᠡᠮᠡᠭᠳᠡᠭᠰᠡᠨ ᠲᠤᠭᠤᠯ ᠨᠢᠬᠡᠪᠦᠷᠢ ᠪᠠᠷ 260 ᠲᠦᠬᠦᠷᠢᠭ ᠱᠠᠩᠨᠠᠨ᠎ᠠ᠃ ᠠᠯᠠᠰᠢᠨ ᠮᠠᠯ ᠤᠨ ᠵᠤᠬᠢᠶᠠᠮᠠᠯ | ᠬᠡᠬᠡᠯᠳᠦᠬᠦᠯᠬᠡ ᠶᠢ ᠭᠠᠴᠠᠭ᠎ᠠ ᠲᠤᠰᠬᠤᠨ ᠳᠤ ᠪᠦᠬᠦᠶᠢᠯᠡ ᠴᠤᠭᠴᠠ ᠪᠠᠷ ᠠᠬᠢᠭᠤᠯᠬᠤ ᠲᠤᠷᠰᠢᠯᠲᠠ ᠶᠢ ᠶᠠᠪᠤᠭᠳᠠᠭᠤᠯᠵᠤ᠂ ᠠᠯᠠᠰᠢᠨ ᠮᠠᠯ ᠤᠨ ᠠᠵᠤ ᠦᠢᠯᠡᠰ ᠤᠨ | ᠬᠦᠭᠵᠢᠯᠲᠡ ᠨᠡᠯᠢᠶᠡᠳ ᠬᠦᠴᠦᠷᠬᠡᠭ ᠭᠠᠴᠠᠭ᠎ᠠ ᠲᠤᠰᠬᠤᠨ ᠢ 2 ᠰᠣᠩᠭᠤᠨ᠂ ᠨᠡᠶᠢᠬᠡᠮᠴᠢᠯᠡᠭᠰᠡᠨ ᠦᠢᠯᠡᠴᠢᠯᠡᠬᠡᠨ ᠤ ᠲᠦᠷᠦᠯ ᠵᠦᠢᠯ ᠢ ᠲᠤᠬᠢᠷᠠᠭᠤᠯᠵᠤ᠂ ᠢᠵᠢᠯ | ᠬᠤᠭᠤᠴᠠᠭᠠᠨ ᠳᠤ ᠣᠷᠣᠭᠠᠯᠠᠬᠤ᠂ ᠨᠢᠬᠡᠳᠦᠯᠲᠡᠢ ᠬᠡᠬᠡᠯᠳᠦᠬᠦᠯᠬᠦ᠂ ᠲᠦᠪᠯᠡᠷᠡᠩᠬᠦᠢ ᠲᠦᠯᠯᠡᠬᠦ ᠮᠡᠷᠬᠡᠵᠢᠯ ᠢ ᠬᠡᠷᠡᠭᠵᠢᠬᠦᠯᠦᠨ᠂ ᠴᠢᠨᠠᠷ ᠰᠠᠶᠢᠲᠠᠢ ᠠᠯᠠᠰᠢᠨ ᠮᠠᠯ ᠤᠨ | ᠡᠬᠦᠯᠳᠡᠷ ᠤᠨ ᠳᠠᠭᠤᠷᠢᠶᠠᠯ ᠲᠦᠬᠡᠮᠡᠯᠵᠢᠬᠦᠯᠦᠯᠲᠡ ᠶᠢᠨ ᠪᠦᠲᠦᠮᠵᠢ ᠶᠢ ᠳᠡᠭᠡᠭᠰᠢᠯᠡᠬᠦᠯᠦᠨ᠎ᠡ᠃ | 21. ᠮᠠᠯ ᠲᠠᠷᠢᠶᠠᠯᠠᠩ ᠤᠨ ᠦᠢᠯᠡᠰ ᠤᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠢ ᠠᠬᠢᠭᠤᠯᠤᠨ᠎ᠠ᠃ ᠬᠤᠰᠢᠭᠤ ᠡᠳ᠋ ᠤᠨ ᠵᠠᠰᠠᠭ ᠠᠴᠠ 403. | 2 ᠲᠦᠮᠡᠨ ᠲᠦᠬᠦᠷᠢᠭ ᠲᠤᠬᠢᠷᠠᠭᠤᠯᠵᠤ᠂ ᠬᠠᠤᠯᠢ ᠶᠤᠰᠤᠨ ᠤ ᠣᠰᠣᠯᠠᠯᠲᠠ ᠶᠢᠨ ᠭᠠᠵᠠᠷ ᠳᠡᠭᠡᠷ᠎ᠡ ᠯᠠᠵᠤᠤ ᠲᠠᠷᠢᠵᠦ ᠳᠠᠭᠠᠳᠬᠠᠯ ᠳᠤ ᠣᠷᠣᠭᠰᠠᠨ ᠡᠷᠦᠬᠡ ᠳᠤ ᠮᠣ᠋ | ᠪᠦᠷᠢ ᠶᠢᠨ ᠳᠠᠭᠠᠳᠬᠠᠯ ᠤᠨ ᠵᠠᠷᠤᠳᠠᠯ ᠤᠨ 70%᠂ 100.8 ᠲᠦᠬᠦᠷᠢᠭ ᠨᠦᠬᠦᠪᠦᠷᠢᠯᠡᠨ᠎ᠡ᠃ ᠡᠩᠭᠧᠰ᠂ ᠰᠢᠮᠧᠨ᠋ᠳ᠋ᠷ ᠵᠡᠷᠭᠡ ᠴᠢᠨᠠᠷ ᠰᠠᠶᠢᠲᠠᠢ ᠠᠯᠠᠰᠢᠨ ᠦᠬᠡᠷ | ᠤᠨ ᠳᠠᠭᠠᠳᠬᠠᠯ ᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠡᠨ ᠪᠠ ᠮᠠᠯᠴᠢᠨ ᠲᠠᠷᠢᠶᠠᠴᠢᠳ ᠤᠨ 4᠄ 2᠄ 2᠄ 2 ᠬᠠᠷᠢᠴᠠᠯ ᠶᠤᠰᠤᠭᠠᠷ᠂ | ᠬᠤᠰᠢᠭᠤ ᠱᠠᠲᠤᠨ ᠠᠴᠠ ᠦᠬᠡᠷ ᠪᠦᠷᠢ 70 ᠲᠦᠬᠦᠷᠢᠭ ᠤᠨ ᠳᠠᠭᠠᠳᠬᠠᠯ ᠤᠨ ᠵᠠᠷᠤᠳᠠᠯ ᠢ ᠳᠠᠭᠠᠭᠠᠴᠢᠯᠠᠨ᠎ᠠ᠃ ᠨᠣᠣᠯᠣᠭᠤᠷ ᠤᠨ ᠢᠮᠠᠭᠠᠨ ᠤ ᠨᠤᠤᠯᠤᠭᠤᠷ ᠤᠨ | ᠶᠠᠰᠣ ᠴᠢᠨᠠᠷ ᠤᠨ ᠬᠦᠢᠴᠡᠳᠬᠡᠯ ᠲᠤᠭᠠᠨ ᠤ ᠳᠠᠭᠠᠳᠬᠠᠯ ᠢ ᠠᠶᠢᠮᠠᠭ ᠬᠤᠲᠠ᠂ ᠬᠤᠰᠢᠭᠤ ᠰᠢᠶᠡᠨ ᠪᠠ ᠮᠠᠯᠴᠢᠨ ᠲᠠᠷᠢᠶᠠᠴᠢᠳ ᠤᠨ 7᠄ 1᠄ 2 ᠬᠠᠷᠢᠴᠠᠯ | ᠶᠤᠰᠤᠭᠠᠷ᠂ ᠬᠤᠰᠢᠭᠤ ᠱᠠᠲᠤᠨ ᠠᠴᠠ ᠢᠮᠠᠭ᠎ᠠ ᠪᠦᠷᠢ 3.2 ᠲᠦᠬᠦᠷᠢᠭ ᠤᠨ ᠳᠠᠭᠠᠳᠬᠠᠯ ᠤᠨ ᠵᠠᠷᠤᠳᠠᠯ ᠢ ᠳᠠᠭᠠᠭᠠᠴᠢᠯᠠᠨ᠎ᠠ᠃ | 22., ᠠᠮᠢᠲᠠᠨ ᠤ ᠬᠢᠵᠢᠭ ᠡᠪᠡᠳᠴᠢᠨ ᠤ ᠰᠡᠷᠬᠡᠶᠢᠯᠡᠨ ᠡᠵᠡᠮᠳᠡᠯ ᠢ ᠠᠬᠢᠭᠤᠯᠤᠨ᠎ᠠ᠃ ᠬᠤᠰᠢᠭᠤ ᠡᠳ᠋ ᠤᠨ ᠵᠠᠰᠠᠭ ᠠᠴᠠ 364.2 ᠲᠦᠮᠡᠨ ᠲᠦᠬᠦᠷᠢᠭ ᠤᠨ | ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠨᠡᠶᠢᠬᠡᠮᠴᠢᠯᠡᠭᠰᠡᠨ ᠦᠢᠯᠡᠴᠢᠯᠡᠬᠡᠨ ᠤ ᠵᠠᠷᠣᠳᠠᠯ ᠲᠤᠬᠢᠷᠠᠭᠤᠯᠵᠤ᠂ ᠬᠢᠵᠢᠭ ᠡᠪᠡᠳᠴᠢᠨ ᠤ ᠬᠢᠨᠠᠨ ᠡᠵᠡᠮᠰᠢᠯ ᠢ | ᠶᠠᠪᠤᠭᠳᠠᠭᠤᠯᠤᠨ ᠡᠪᠡᠳᠴᠢᠨ ᠢᠶᠠᠷ ᠦᠬᠦᠭᠰᠡᠨ ᠮᠠᠯ ᠵᠢᠬᠦᠷᠲᠡᠨ ᠢ ᠬᠤᠤᠷ ᠦᠬᠡᠶᠢᠳᠡᠬᠦᠯᠦᠨ ᠰᠢᠢᠳᠪᠦᠷᠢᠯᠡᠬᠦ᠂ 50 ᠴᠡᠭ ᠤᠨ ᠠᠵᠢᠯᠯᠠᠮᠵᠢ ᠳᠤ ᠪᠠᠲᠤᠯᠠᠭ᠎ᠠ | ᠬᠠᠩᠭᠠᠨ᠎ᠠ᠃ | 23. ᠮᠠᠯ ᠲᠠᠷᠢᠶᠠᠯᠠᠩ ᠤᠨ ᠦᠢᠯᠡᠰ ᠤᠨ ᠪᠤᠬᠢᠷᠳᠣᠯ ᠦᠬᠡᠢ ᠬᠦᠭᠵᠢᠯᠲᠡ ᠶᠢ ᠠᠬᠢᠭᠤᠯᠤᠨ᠎ᠠ᠃ ᠪᠤᠬᠢᠷᠳᠣᠯ ᠦᠬᠡᠢ ᠳᠣᠣᠷ᠎ᠠ ᠨᠡᠬᠦᠷᠡᠰᠦᠳᠦ᠋ᠷᠦᠭᠴᠢᠲᠦ | ᠬᠦᠭᠵᠢᠯᠲᠡ ᠶᠢ ᠪᠠᠷᠢᠮᠲᠠᠯᠠᠨ᠂ ᠣᠯᠠᠨ ᠡᠬᠢᠲᠤ ᠪᠤᠬᠢᠷᠳᠣᠯ ᠤᠨ ᠰᠡᠷᠬᠡᠶᠢᠯᠡᠨ ᠵᠠᠰᠠᠯᠲᠠ ᠶᠢᠨ ᠪᠡᠯᠡ ᠮᠦᠩᠬᠦ ᠶᠢ ᠲᠦᠬᠦᠷᠴᠢᠯᠡᠵᠦ᠂ ᠪᠤᠷᠳᠣᠭᠤᠷ ᠢ ᠬᠢᠵᠠᠭᠠᠷᠯᠠᠨ ᠦᠷ᠎ᠡ | ᠠᠰᠢᠭ ᠢ ᠨᠡᠮᠡᠭᠳᠡᠬᠦᠯᠬᠦ᠂ ᠲᠠᠷᠢᠶᠠᠯᠠᠩ ᠤᠨ ᠡᠮ ᠢ ᠬᠢᠵᠠᠭᠠᠷᠯᠠᠨ ᠬᠦᠨᠦᠬᠡᠯ ᠢ ᠪᠠᠭᠠᠰᠬᠠᠬᠤ᠂ ᠣᠰᠣ ᠶᠢ ᠬᠢᠵᠠᠭᠠᠷᠯᠠᠨ ᠬᠤᠷᠤᠭᠳᠠᠯ ᠢ ᠪᠠᠭᠠᠰᠬᠠᠬᠤ᠂ ᠪᠦᠷᠬᠦᠬᠦᠯ ᠢ | ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠬᠦᠯᠬᠦ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠡ᠃ | 24. ᠦᠬᠡᠷᠡᠴᠢᠯᠡᠯᠲᠡ ᠰᠢᠨᠡᠴᠢᠯᠡᠯᠲᠡ ᠶᠢ ᠠᠬᠢᠭᠤᠯᠤᠨ᠎ᠠ᠃ ᠦᠬᠡᠷᠡᠴᠢᠯᠡᠯᠲᠡ ᠶᠢᠨ ᠠᠷᠭ᠎ᠠ ᠮᠠᠶ᠋ᠢᠭ ᠢᠶᠠᠷ ᠭᠠᠵᠠᠷ ᠰᠢᠷᠤᠢ ᠶᠢᠨ ᠴᠡᠭᠴᠡᠵᠢᠬᠦᠯᠦᠯᠲᠡ᠂ ᠣᠰᠣ | ᠰᠣᠷᠪᠣᠯᠵᠢ ᠶᠢᠨ ᠠᠷᠪᠢᠯᠠᠯᠲᠠ ᠪᠠ ᠨᠡᠬᠦᠷᠡᠰᠦᠳᠦ᠋ᠷᠦᠭᠴᠢᠲᠦ ᠶᠢᠨ ᠬᠤᠷᠠᠮᠳᠣᠯ ᠤᠨ ᠠᠷᠠᠯᠵᠢᠶᠠᠨ ᠤ ᠠᠵᠢᠯ ᠢ ᠰᠠᠶᠢᠲᠤᠷ ᠬᠢᠬᠦ ᠶᠢ ᠵᠣᠷᠢᠭᠵᠢᠭᠤᠯᠵᠤ᠂ ᠲᠤᠭᠲᠠᠭᠠᠯ | ᠶᠤᠰᠤᠭᠠᠷ ᠪᠦᠬᠦ ᠪᠡᠯᠡ ᠮᠦᠩᠭᠦ ᠶᠢ ᠡᠩ ᠲᠡᠷᠢᠬᠦᠨ ᠳᠤ ᠮᠠᠯ ᠲᠠᠷᠢᠶᠠᠯᠠᠩ ᠤᠨ ᠦᠢᠯᠡᠰ ᠤᠨ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢᠨ ᠠᠷᠠᠴᠢᠯᠠᠯᠲᠠ ᠪᠠ | ᠠᠵᠤ ᠦᠢᠯᠡᠰ ᠤᠨ ᠬᠦᠭᠵᠢᠯᠲᠡ ᠳᠤ ᠬᠡᠷᠡᠭᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠣᠯᠠ ᠪᠠᠶᠢᠬᠤ ᠡᠳ᠋ ᠬᠦᠷᠦᠩᠭᠡ ᠶᠢᠨ ᠰᠣᠷᠪᠣᠯᠵᠢ ᠶᠢ ᠪᠦᠲᠦᠮᠵᠢᠲᠡᠢ | ᠠᠮᠢᠳᠣᠯᠢᠭᠵᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠡᠬᠢ ᠰᠣᠷᠪᠣᠯᠵᠢ ᠶᠢᠨ ᠬᠦᠴᠦᠨ ᠵᠦᠢᠯ ᠤᠨ ᠰᠢᠯᠵᠢᠯᠲᠡ ᠶᠢ ᠠᠬᠢᠭᠤᠯᠤᠨ᠎ᠠ᠃ ᠪᠡᠯᠡ ᠮᠦᠩᠭᠦᠨ ᠤ | ᠪᠠᠲᠤᠯᠠᠭ᠎ᠠ ᠶᠢ ᠴᠢᠩᠭᠠᠳᠬᠠᠵᠤ᠂ ᠭᠤᠷᠪᠠᠳᠣᠭᠠᠷ ᠡᠲᠡᠭᠡᠳ ᠤᠨ ᠪᠠᠶᠢᠭᠤᠯᠤᠮᠵᠢ ᠢ ᠣᠷᠢᠵᠦ ᠲᠦᠯᠦᠪᠵᠢᠬᠦᠯᠬᠡ ᠶᠢᠨ ᠲᠤᠭᠤᠷᠪᠢᠯᠲᠠ᠂ ᠲᠦᠷᠦ ᠶᠢᠨ ᠪᠤᠳᠤᠯᠭ᠎ᠠ ᠶᠢᠨ | ᠯᠠᠪᠯᠠᠯᠲᠠ᠂ ᠭᠤᠤᠯᠳᠠᠯᠭᠠᠲᠤ ᠲᠦᠷᠦᠯ ᠵᠦᠢᠯ ᠤᠨ ᠦᠨᠡᠯᠡᠯᠲᠡ ᠪᠠ ᠲᠦᠰᠦᠪᠯᠡᠯ ᠢ ᠶᠠᠪᠤᠭᠳᠠᠭᠤᠯᠤᠨ᠂ ᠬᠤᠰᠢᠭᠤ ᠡᠳ᠋ ᠤᠨ ᠵᠠᠰᠠᠭ ᠠᠴᠠ 200 ᠲᠦᠮᠡᠨ | ᠲᠦᠬᠦᠷᠢᠭ ᠤᠨ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠵᠠᠷᠣᠳᠠᠯ ᠢ ᠲᠤᠬᠢᠷᠠᠭᠤᠯᠤᠨ᠎ᠠ᠃ ᠮᠠᠯ ᠲᠠᠷᠢᠶᠠᠯᠠᠩ ᠤᠨ ᠦᠢᠯᠡᠰ ᠤᠨ ᠳᠦᠭᠰᠢᠬᠦᠷᠢ ᠶᠢᠨ | ᠰᠡᠷᠬᠡᠶᠢᠯᠡᠯᠲᠡ ᠶᠢ ᠴᠢᠩᠭᠠᠳᠬᠠᠵᠤ᠂ ᠬᠢᠨᠠᠨ ᠡᠵᠡᠮᠰᠢᠯ ᠤᠨ ᠣᠷᠢᠳᠴᠢᠯᠠᠨ ᠰᠡᠷᠡᠮᠵᠢᠯᠡᠬᠦᠯᠦᠯ ᠢ ᠴᠢᠩᠭᠠᠷᠠᠭᠤᠯᠤᠨ᠂ ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠨ | ᠭᠠᠮᠰᠢᠭ ᠠᠴᠠ ᠠᠪᠤᠷᠠᠬᠤ ᠲᠤᠭᠲᠠᠴᠠ ᠶᠢ ᠲᠡᠬᠦᠯᠳᠡᠷᠵᠢᠬᠦᠯᠦᠨ᠂ ᠬᠠᠪᠤᠷ ᠤᠨ ᠣᠯᠠᠷᠢᠯ ᠤᠨ ᠭᠠᠩ ᠲᠠᠢ ᠲᠡᠮᠡᠴᠡᠬᠦ ᠲᠡᠵᠢᠬᠡᠯ ᠡᠪᠡᠰᠦᠨ ᠤ ᠨᠦᠬᠡᠴᠡᠯᠡᠯᠲᠡ ᠶᠢᠨ | ᠬᠦᠮᠦᠷᠬᠡ ᠶᠢᠨ ᠪᠠᠶᠢᠭᠤᠯᠤᠯᠲᠠ ᠶᠢ ᠳᠡᠮᠵᠢᠵᠦ᠂ ᠲᠠᠷᠢᠶ᠎ᠠ ᠲᠠᠷᠢᠬᠤ ᠮᠠᠯ ᠲᠡᠵᠢᠬᠡᠬᠦ ᠮᠠᠯᠴᠢᠨ ᠲᠠᠷᠢᠶᠠᠴᠢᠳ ᠪᠠ ᠡᠵᠡᠩᠨᠡᠯᠲᠡ ᠶᠢᠨ ᠭᠤᠤᠯ ᠴᠣᠭᠴᠠ ᠶᠢᠨ ᠠᠰᠢᠭ | ᠲᠤᠰᠠ ᠶᠢᠨ ᠪᠠᠲᠤᠯᠠᠭ᠎ᠠ ᠶᠢᠨ ᠲᠤᠭᠲᠠᠴᠠ ᠶᠢ ᠲᠡᠬᠦᠯᠳᠡᠷᠵᠢᠬᠦᠯᠦᠨ᠎ᠡ᠃ | ᠬᠤᠶᠠᠷ᠂ ᠮᠠᠯ ᠲᠠᠷᠢᠶᠠᠯᠠᠩ ᠤᠨ ᠦᠢᠯᠡᠰ ᠤᠨ ᠬᠡᠯᠬᠢᠶᠡᠵᠢᠯ ᠢ ᠣᠷᠲᠣᠳᠬᠠᠵᠤ᠂ ᠮᠠᠯ ᠲᠠᠷᠢᠶᠠᠯᠠᠩ ᠤᠨ ᠦᠢᠯᠡᠰ ᠤᠨ ᠠᠵᠤ ᠦᠢᠯᠡᠰᠴᠢᠯᠡᠭᠰᠡᠨ ᠬᠦᠭᠵᠢᠯᠲᠡ ᠶᠢ | ᠠᠬᠢᠭᠤᠯᠤᠨ᠎ᠠ | ︵ᠨᠢᠭᠡ︶ ᠡᠵᠡᠩᠨᠡᠯᠲᠡ ᠶᠢᠨ ᠭᠤᠤᠯ ᠴᠤᠭᠴᠠ ᠶᠢᠨ ᠬᠦᠭᠵᠢᠯᠲᠡ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 25. ᠲᠤᠯᠤᠭᠠᠶᠢᠯᠠᠭᠴᠢ ᠠᠵᠤ ᠠᠬᠤᠶᠢᠯᠠᠯ ᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ᠰᠢᠨ᠎ᠡ ᠪᠠᠷ ᠬᠢᠨᠠᠨ ᠲᠤᠭᠲᠠᠭᠠᠭᠰᠠᠨ ᠦᠢᠯᠡᠳᠪᠦᠷᠢᠯᠡᠯ ᠤᠨ ᠡᠵᠡᠩᠨᠡᠯᠲᠡ | ᠰᠠᠶᠢᠨ᠂ ᠠᠰᠢᠭ ᠲᠤᠰᠠ ᠶᠢᠨ ᠬᠤᠯᠪᠤᠭᠠᠲᠤ ᠲᠤᠭᠲᠠᠴᠠ ᠨᠢᠭᠲᠠ᠂ ᠳᠠᠶᠢᠴᠢᠯᠠᠯᠲᠠ ᠶᠢᠨ ᠬᠦᠴᠦᠨ ᠴᠢᠩᠭ᠎ᠠ ᠣᠯᠣᠰ᠂ ᠦᠪᠡᠷᠲᠡᠭᠡᠨ ᠵᠠᠰᠠᠬᠤ ᠣᠷᠣᠨ᠂ ᠬᠤᠲᠠ | ᠶᠢᠨ ᠲᠡᠰ ᠤᠨ ᠮᠠᠯ ᠲᠠᠷᠢᠶᠠᠯᠠᠩ ᠤᠨ ᠠᠵᠤ ᠦᠢᠯᠡᠰᠴᠢᠯᠡᠭᠰᠡᠨ ᠲᠤᠯᠤᠭᠠᠶᠢᠯᠠᠭᠴᠢ ᠠᠵᠤ ᠠᠬᠤᠶᠢᠯᠠᠯ ᠳᠤ ᠬᠤᠰᠢᠭᠤ ᠡᠳ᠋ ᠤᠨ ᠵᠠᠰᠠᠭ ᠠᠴᠠ 100 ᠲᠦᠮᠡᠨ | ᠲᠦᠬᠦᠷᠢᠭ ᠤᠨ ᠵᠢᠯᠤᠭᠤᠳᠤᠨ ᠬᠦᠬᠢᠬᠦᠯᠬᠦ ᠪᠡᠯᠡ ᠮᠦᠩᠭᠦ ᠶᠢ ᠲᠤᠬᠢᠷᠠᠭᠤᠯᠵᠤ᠂ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠳᠡᠮᠵᠢᠨ᠎ᠡ᠃ ᠣᠯᠣᠰ | ᠤᠨ 500 ᠰᠣᠳᠣᠨ᠂ 500 ᠰᠣᠳᠣᠨ ᠲᠠᠷᠢᠶᠠᠯᠠᠩ ᠤᠨ ᠠᠵᠤ ᠠᠬᠤᠶᠢᠯᠠᠯ᠂ ᠮᠠᠯ ᠲᠠᠷᠢᠶᠠᠯᠠᠩ ᠤᠨ ᠦᠢᠯᠡᠰ ᠤᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠵᠢᠴᠢ | ᠭᠤᠤᠯᠳᠠᠯᠭᠠᠲᠤ ᠠᠵᠤ ᠦᠢᠯᠡᠰ ᠤᠨ ᠬᠡᠯᠬᠢᠶᠡᠵᠢᠯ ᠤᠨ ᠭᠤᠤᠯ ᠠᠵᠤ ᠠᠬᠤᠶᠢᠯᠠᠯ ᠲᠠᠢ ᠢᠳᠡᠪᠬᠢᠲᠡᠢ ᠪᠠᠷ ᠵᠤᠬᠢᠴᠠᠭᠤᠯᠤᠨ᠂ ᠮᠠᠯ ᠲᠠᠷᠢᠶᠠᠯᠠᠩ ᠤᠨ ᠦᠢᠯᠡᠰ ᠤᠨ | ᠦᠢᠯᠡᠳᠪᠦᠷᠢᠯᠡᠯ ᠤᠨ ᠡᠳ᠋ᠰᠢᠬᠦᠯᠦᠯᠲᠡ ᠶᠢᠨ ᠰᠠᠭᠤᠷᠢᠨ ᠤ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠦᠢᠯᠡᠳᠬᠦᠨ ᠤ ᠦᠷᠲᠡᠭ 10 ᠳ᠋ᠦᠩᠰᠢᠭᠤᠷ ᠲᠦᠬᠦᠷᠢᠭ | ᠠᠴᠠ ᠳᠠᠪᠠᠭᠰᠠᠨ ᠠᠵᠤ ᠠᠬᠤᠶᠢᠯᠠᠯ ᠵᠢᠴᠢ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠮᠠᠯᠴᠢᠨ | ᠲᠠᠷᠢᠶᠠᠴᠢᠳ ᠲᠠᠢ ᠠᠰᠢᠭ ᠲᠣᠰᠠ ᠶᠢᠨ ᠬᠤᠯᠪᠤᠭᠠᠲᠤ ᠲᠤᠭᠲᠠᠴᠠ ᠨᠢᠭᠲᠠ ᠠᠵᠤ ᠠᠬᠤᠶᠢᠯᠠᠯ ᠤᠨ ᠪᠦᠯᠦᠭᠯᠡᠯ ᠳᠤ ᠪᠦᠬᠦ ᠬᠤᠲᠠ ᠶᠢᠨ ᠠᠵᠤ ᠠᠬᠤᠢ ᠶᠢᠨ | ᠴᠢᠨᠠᠷᠯᠢᠭ ᠬᠦᠭᠵᠢᠯᠲᠡ ᠶᠢ ᠳᠡᠮᠵᠢᠬᠦ ᠰᠢᠷᠢᠰ ᠲᠦᠷᠦ ᠶᠢᠨ ᠪᠤᠳᠤᠯᠭ᠎ᠠ ᠶᠢ ᠡᠳ᠋ᠯᠡᠬᠦᠯᠬᠦ ᠠᠴᠠ ᠭᠠᠳᠠᠨ᠎ᠠ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ | 40% ᠪᠠᠷ ᠬᠦᠦ ᠮᠦᠩᠭᠦ ᠶᠢ ᠨᠢ ᠣᠷᠣᠯᠠᠨ ᠲᠤᠰᠢᠶᠠᠬᠤ ᠵᠢᠬᠡᠯᠡᠯᠬᠡ ᠦᠭᠴᠦ᠂ ᠬᠦᠦ ᠮᠦᠩᠭᠦ ᠶᠢ ᠬᠠᠮᠤᠭ ᠤᠨ ᠦᠨᠳᠦᠷ ᠲᠡᠭᠡᠨ 500 ᠲᠦᠮᠡᠨ ᠲᠦᠬᠦᠷᠢᠭ ᠠᠴᠠ | ᠳᠠᠪᠠᠭᠤᠯᠬᠤ ᠦᠬᠡᠢ᠂ ᠡᠬᠦᠨ ᠤ ᠬᠠᠮᠲᠤ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠶᠢ ᠠᠰᠢᠭᠯᠠᠬᠤ ᠵᠡᠷᠭᠡ ᠣᠯᠠᠨ ᠵᠦᠢᠯ ᠤᠨ ᠠᠷᠭ᠎ᠠ | ᠪᠠᠷ ᠳᠡᠮᠵᠢᠨ᠎ᠡ᠃ ᠮᠠᠯ ᠲᠠᠷᠢᠶᠠᠯᠠᠩ ᠤᠨ ᠦᠢᠯᠡᠰ ᠤᠨ ᠭᠤᠤᠯᠯᠠᠬᠤ ᠠᠵᠤ ᠦᠢᠯᠡᠰ ᠤᠨ ᠬᠤᠪᠢ ᠨᠡᠮᠡᠷᠢ ᠳᠣᠪᠣᠶᠢᠮ᠎ᠠ᠂ ᠮᠠᠯᠴᠢᠨ ᠲᠠᠷᠢᠶᠠᠴᠢᠳ ᠢ ᠬᠤᠯᠪᠤᠭᠠᠯᠠᠨ | ᠳᠠᠶᠢᠴᠢᠯᠠᠬᠤ ᠲᠤᠭᠲᠠᠴᠠ ᠨᠢᠭᠲᠠ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠪᠠᠮᠠᠯ ᠲᠠᠷᠢᠶᠠᠯᠠᠩ ᠤᠨ ᠠᠵᠤ ᠦᠢᠯᠡᠰᠴᠢᠯᠡᠭᠰᠡᠨ ᠭᠤᠤᠯᠳᠠᠯᠭᠠᠲᠤ | ᠲᠤᠯᠤᠭᠠᠶᠢᠯᠠᠭᠴᠢ ᠠᠵᠤ ᠠᠬᠤᠶᠢᠯᠠᠯ ᠵᠠᠬ᠎ᠠ ᠳᠤ ᠭᠠᠷᠪᠠᠯ ︽ᠠᠰ ᠠᠰᠠ ᠢᠶᠠᠷ ᠨᠢ ᠵᠦᠪᠯᠡᠬᠦ︾ ᠠᠷᠭ᠎ᠠ ᠮᠠᠶ᠋ᠢᠭ ᠢᠶᠠᠷ ᠳᠡᠮᠵᠢᠨ᠎ᠡ᠃ | 26. ᠬᠤᠰᠢᠭᠤ ᠬᠡᠪᠴᠢᠶᠡᠨ ᠤ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠤᠨ᠎ᠠ᠃ ︽ᠨᠢᠬᠡ ᠪᠠᠯᠭᠠᠰᠣ ᠨᠢᠬᠡ ᠣᠨᠴᠠᠯᠢᠭ︾ ᠬᠦᠭᠵᠢᠯᠲᠡ ᠶᠢᠨ | ᠰᠡᠳᠬᠢᠮᠵᠢ ᠶᠤᠰᠤᠭᠠᠷ᠂ ᠣᠯᠣᠰ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠠᠵᠤ ᠦᠢᠯᠡᠰ ᠤᠨ ᠬᠦᠷᠢᠶᠡᠯᠡᠩ ᠪᠠ ᠠᠵᠤ ᠦᠢᠯᠡᠰ ᠤᠨ ᠬᠦᠴᠦᠷᠬᠡᠭ | ᠪᠠᠯᠭᠠᠰᠣ ᠶᠢᠨ ᠬᠦᠭᠵᠢᠬᠦᠯᠦᠯᠲᠡ ᠶᠢᠨ ᠠᠵᠢᠯᠯᠠᠭᠠᠨ ᠢ ᠶᠠᠪᠤᠭᠳᠠᠭᠤᠯᠵᠤ᠂ ᠳᠡᠭᠡᠳᠦ ᠱᠠᠲᠤᠨ ᠤ ᠲᠤᠰᠬᠠᠢ ᠪᠡᠯᠡ ᠮᠦᠩᠭᠦ ᠶᠢ ᠣᠯᠬᠤ ᠶᠢᠨ ᠬᠠᠮᠲᠤ ᠬᠠᠷᠢᠴᠠᠯ | ᠶᠤᠰᠤᠭᠠᠷ ᠬᠤᠰᠢᠭᠤ ᠲᠡᠰ ᠤᠨ ᠪᠡᠯᠡ ᠮᠦᠩᠭᠦ ᠶᠢ ᠲᠦᠬᠦᠷᠴᠢᠯᠡᠵᠦ᠂ ᠳᠠᠪᠠᠭᠤᠯᠢᠭ ᠭᠤᠤᠯ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠤᠨ᠎ᠠ᠃ | 27. ᠠᠵᠤ ᠦᠢᠯᠡᠰ ᠤᠨ ᠲᠦᠪᠯᠡᠷᠡᠯ ᠳᠡᠭᠡᠭᠰᠢᠯᠡᠯᠲᠡ ᠶᠢ ᠠᠬᠢᠭᠤᠯᠤᠨ᠎ᠠ᠃ ᠠᠮᠣ ᠪᠤᠳᠠᠭ᠎ᠠ᠂ ᠢᠮᠠᠭᠠᠨ ᠨᠣᠣᠯᠣᠭᠤᠷ᠂ ᠠᠯᠠᠰᠢᠨ ᠮᠠᠯ᠂ ᠠᠯᠠᠰᠢᠨ ᠦᠬᠡᠷ᠂ | ᠰᠦᠨ ᠠᠵᠤ ᠦᠢᠯᠡᠰ ᠢ ᠪᠦᠬᠦ ᠠᠵᠤ ᠦᠢᠯᠡᠰ ᠤᠨ ᠬᠡᠯᠬᠢᠶᠡᠵᠢᠯ ᠢᠶᠠᠷ ᠪᠠᠶᠢᠭᠤᠯᠵᠤ᠂ ᠶᠡᠷᠦᠩᠬᠡᠢ ᠦᠷᠲᠡᠭ 10 ᠳ᠋ᠦᠩᠰᠢᠭᠤᠷ ᠲᠦᠬᠦᠷᠢᠭ ᠠᠴᠠ ᠳᠠᠪᠠᠭᠰᠠᠨ᠂ | ᠭᠤᠤᠯᠯᠠᠬᠤ ᠠᠵᠤ ᠦᠢᠯᠡᠰ ᠮᠠᠯ ᠲᠠᠷᠢᠶᠠᠯᠠᠩ ᠤᠨ ᠦᠢᠯᠡᠰ ᠤᠨ ᠶᠡᠷᠦᠩᠬᠡᠢ ᠦᠷᠲᠡᠭ ᠤᠨ 50% ᠠᠴᠠ ᠳᠡᠭᠡᠭᠰᠢ ᠡᠵᠡᠯᠡᠭᠰᠡᠨ ᠣᠳᠣ ᠦᠶ᠎ᠡ ᠶᠢᠨ ᠮᠠᠯ ᠲᠠᠷᠢᠶᠠᠯᠠᠩ | ᠤᠨ ᠠᠵᠤ ᠦᠢᠯᠡᠰ ᠤᠨ ᠬᠦᠷᠢᠶᠡᠯᠡᠩ ᠢ ᠳᠡᠮᠵᠢᠨ ᠪᠤᠶᠢᠵᠢᠭᠤᠯᠵᠤ᠂ ᠬᠦᠷᠢᠶᠡᠯᠡᠩ ᠪᠦᠷᠢ ᠳᠤ 1000 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠭᠦ | ᠦᠭᠭᠦᠨ᠎ᠡ︔ ᠶᠡᠷᠦᠩᠬᠡᠢ ᠦᠷᠲᠡᠭ ᠳ᠋ᠦᠩᠰᠢᠭᠤᠷ ᠲᠦᠬᠦᠷᠢᠭ ᠠᠴᠠ ᠳᠠᠪᠠᠭᠰᠠᠨ ᠴᠢᠨᠠᠷᠯᠢᠭ ᠣᠨᠴᠠᠯᠢᠭᠲᠤ ᠠᠵᠤ ᠦᠢᠯᠡᠰ ᠤᠨ ᠰᠠᠭᠤᠷᠢᠨ ᠢ ᠳᠡᠮᠵᠢᠨ ᠪᠤᠶᠢᠵᠢᠭᠤᠯᠵᠤ᠂ | ᠰᠠᠭᠤᠷᠢᠨ ᠪᠦᠷᠢ ᠳᠤ 300 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠭᠦ ᠦᠭᠭᠦᠨ᠎ᠡ᠃ ᠡᠮᠦᠨ᠎ᠡ ᠬᠤᠭᠤᠴᠠᠭᠠᠨ ᠤ ᠲᠦᠷᠦᠯ ᠵᠦᠢᠯ ᠤᠨ | ᠬᠡᠷᠡᠭᠵᠢᠬᠦᠯᠦᠯᠲᠡ ᠶᠢᠨ ᠪᠦᠲᠦᠮᠵᠢ ᠣᠬᠢ ᠰᠠᠶᠢᠨ ᠲᠦᠷᠦᠯ ᠵᠦᠢᠯ ᠢ ᠦᠷᠬᠦᠯᠵᠢᠯᠡᠨ ᠳᠡᠮᠵᠢᠵᠦ᠂ ᠨᠢᠬᠡ ᠲᠦᠷᠦᠯ ᠵᠦᠢᠯ ᠤᠨ ᠳᠡᠮᠵᠢᠯᠬᠡ ᠶᠢ ᠭᠤᠷᠪᠠᠨ ᠵᠢᠯ ᠠᠴᠠ | ᠳᠠᠪᠠᠭᠤᠯᠵᠤ ᠪᠤᠯᠬᠤ ᠦᠬᠡᠢ᠃ | 28. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠤᠨ᠎ᠠ᠃ ᠦᠢᠯᠡᠳᠪᠦᠷᠢᠯᠡᠯ ᠤᠨ ᠡᠵᠡᠩᠨᠡᠯᠲᠡ ᠰᠠᠶᠢᠨ᠂ ᠠᠰᠢᠭ ᠲᠣᠰᠠ ᠶᠢᠨ | ᠬᠤᠯᠪᠤᠭᠠᠲᠤ ᠲᠤᠭᠲᠠᠴᠠ ᠨᠢᠭᠲᠠ᠂ ᠳᠠᠶᠢᠴᠢᠯᠠᠯᠲᠠ ᠶᠢᠨ ᠬᠦᠴᠦᠨ ᠴᠢᠩᠭ᠎ᠠ ᠳᠠᠭᠤᠷᠢᠶᠠᠯ ᠮᠠᠯᠵᠢᠯ ᠲᠠᠷᠢᠶᠠᠯᠠᠩ ᠤᠨ ᠲᠡᠯᠡᠪᠡᠢ᠂ ᠮᠠᠯᠴᠢᠨ ᠲᠠᠷᠢᠶᠠᠴᠢᠳ ᠤᠨ | ᠵᠢᠱᠢᠶᠡᠴᠢ ᠬᠤᠷᠰᠢᠶᠠᠵᠢᠯ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠮᠠᠯ ᠲᠠᠷᠢᠶᠠᠯᠠᠩ ᠤᠨ ᠠᠵᠤ ᠦᠢᠯᠡᠰᠴᠢᠯᠡᠭᠰᠡᠨ | ᠬᠤᠯᠪᠤᠭᠠᠲᠤ ᠡᠵᠡᠩᠨᠡᠯᠲᠡ ᠶᠢᠨ ᠭᠤᠤᠯ ᠴᠤᠭᠴᠠ ᠳᠤ ᠤᠯᠤᠰ᠂ ᠦᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠶᠢ ᠨᠢᠬᠡᠳᠦᠯᠲᠡᠢ ᠲᠦᠯᠦᠪᠵᠢᠬᠦᠯᠦᠭᠰᠡᠨ | ᠰᠠᠭᠤᠷᠢᠨ ᠳᠡᠭᠡᠷ᠎ᠡ᠂ ᠭᠤᠤᠯ ᠴᠤᠭᠴᠠ ᠪᠦᠷᠢ ᠠᠴᠠ ᠰᠢᠯᠭᠠᠷᠠᠭᠤᠯᠤᠨ ᠨᠢᠬᠡᠯᠡ ᠣᠳᠠᠭ᠎ᠠ ᠳᠤ 30 ᠲᠦᠮᠡᠨ ᠲᠦᠬᠦᠷᠢᠭ᠂ 50 ᠲᠦᠮᠡᠨ ᠲᠦᠬᠦᠷᠢᠭ᠂ 80 | ᠲᠦᠮᠡᠨ ᠲᠦᠬᠦᠷᠢᠭ᠂ 100 ᠲᠦᠮᠡᠨ ᠲᠦᠬᠦᠷᠢᠭ ᠤᠨ ᠪᠡᠯᠡ ᠮᠦᠩᠭᠦᠨ ᠤ ᠳᠡᠮᠵᠢᠯᠬᠡ ᠦᠭᠭᠦᠨ᠎ᠡ᠃ ᠮᠠᠯ ᠲᠠᠷᠢᠶᠠᠯᠠᠩ ᠤᠨ ᠦᠢᠯᠡᠰ ᠤᠨ ᠨᠡᠶᠢᠬᠡᠮᠴᠢᠯᠡᠭᠰᠡᠨ | ᠦᠢᠯᠡᠴᠢᠯᠡᠭᠡ᠂ ᠮᠠᠯ ᠲᠠᠷᠢᠶᠠᠯᠠᠩ ᠤᠨ ᠦᠢᠯᠡᠰ ᠤᠨ ᠮᠧᠬᠠᠨᠢᠭᠵᠢᠭᠰᠠᠨ ᠳᠦᠬᠦᠭᠡᠷᠦᠮᠵᠢ ᠶᠢᠨ ᠳᠡᠮᠵᠢᠯᠬᠡ ᠶᠢᠨ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠤ᠂ | ᠳᠣᠪᠣᠶᠢᠮ᠎ᠠ ᠬᠤᠪᠢ ᠨᠡᠮᠡᠷᠢ ᠦᠵᠡᠬᠦᠯᠦᠭᠰᠡᠨ ᠨᠡᠶᠢᠬᠡᠮᠴᠢᠯᠡᠭᠰᠡᠨ ᠦᠢᠯᠡᠴᠢᠯᠡᠬᠡᠨ ᠤ ᠵᠤᠬᠢᠶᠠᠨ ᠪᠠᠶᠢᠭᠤᠯᠤᠯᠲᠠ ᠶᠢ ︽ᠠᠰ ᠠᠰ ᠢᠶᠠᠷ ᠨᠢ ᠵᠦᠪᠯᠡᠬᠦ︾ ᠠᠷᠭ᠎ᠠ ᠮᠠᠶ᠋ᠢᠭ | ᠢᠶᠠᠷ ᠳᠡᠮᠵᠢᠨ᠎ᠡ᠃ | 29. ᠪᠠᠷᠢᠮᠵᠢᠶᠠᠵᠢᠭᠤᠯᠤᠭᠰᠠᠨ ᠴᠢᠬᠢ ᠪᠤᠶᠢᠵᠢᠭᠤᠯᠬᠤ ᠲᠦᠪ ᠢ ᠬᠦᠭᠵᠢᠬᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠵᠢᠯ ᠤᠨ ᠴᠢᠬᠢ ᠪᠤᠶᠢᠵᠢᠭᠤᠯᠬᠤ ᠴᠢᠳᠠᠪᠤᠷᠢ | ᠨᠢ 500 ᠲᠦᠮᠡᠨ ᠰᠠᠭᠤᠷᠢ ︵ᠨᠦᠬᠡ ᠪᠦᠷᠢ ᠬᠤᠶᠠᠷ ᠠᠴᠠ ᠳᠡᠭᠡᠭᠰᠢᠬᠢ ᠶᠢ ᠨᠢᠬᠡ ᠰᠠᠭᠤᠷᠢ ᠪᠠᠷ ᠲᠤᠭᠠᠴᠢᠨ᠎ᠠ︶ ᠠᠴᠠ ᠳᠠᠪᠠᠭᠰᠠᠨ᠂ ᠡᠷᠴᠢᠮᠵᠢᠬᠦᠯᠦᠭᠰᠡᠨ ᠴᠢᠬᠢ | ᠪᠤᠶᠢᠵᠢᠭᠤᠯᠤᠯᠲᠠ ᠶᠢᠨ ᠠᠷᠭ᠎ᠠ ᠶᠢ ᠬᠡᠷᠡᠭᠯᠡᠭᠰᠡᠨ ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠲᠦᠪ ᠲᠤ᠂ ᠪᠠᠶᠢᠭᠤᠯᠤᠯᠲᠠ ᠶᠢᠨ ᠵᠠᠷᠤᠳᠠᠯ ︵ᠭᠠᠵᠠᠷ ᠰᠢᠷᠤᠢ ᠶᠢᠨ | ᠬᠠᠮᠢᠶ᠎ᠠ ᠪᠦᠬᠦᠢ ᠵᠠᠷᠣᠳᠠᠯ ᠪᠠᠭᠲᠠᠬᠤ ᠦᠬᠡᠢ︶ ᠤᠨ 40% ᠪᠠᠷ ᠨᠦᠬᠦᠪᠦᠷᠢᠯᠡᠨ᠎ᠡ᠂ ᠪᠠᠶᠢᠭᠤᠯᠵᠤ ᠳᠠᠭᠤᠰᠣᠭᠰᠠᠨ ᠤ ᠳᠠᠷᠠᠭ᠎ᠠ ᠴᠢᠬᠢ ᠪᠤᠶᠢᠵᠢᠭᠤᠯᠬᠤ | ᠦᠢᠯᠡᠳᠪᠦᠷᠢᠯᠡᠯ ᠢ ᠦᠷᠬᠦᠯᠵᠢᠯᠡᠨ ᠭᠤᠷᠪᠠᠨ ᠵᠢᠯ ᠠᠴᠠ ᠳᠡᠭᠡᠭᠰᠢ ᠪᠠᠲᠤᠯᠠᠬᠤ ᠴᠢᠬᠤᠯᠠᠲᠠᠢ᠂ ᠡᠰᠡᠪᠡᠯ ᠨᠦᠬᠦᠪᠦᠷᠢ ᠶᠢ ᠬᠤᠷᠢᠶᠠᠨ ᠠᠪᠤᠨ᠎ᠠ᠂ ᠨᠦᠬᠦᠪᠦᠷᠢ ᠮᠦᠩᠭᠦ ᠶᠢ | 500 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ ᠵᠢᠯ ᠤᠨ ᠴᠢᠬᠢ ᠪᠤᠶᠢᠵᠢᠭᠤᠯᠤᠯᠲᠠ ᠶᠢᠨ ᠪᠤᠷᠤᠯᠠᠭᠤᠯᠭ᠎ᠠ 500 ᠲᠦᠮᠡᠨ ᠰᠠᠭᠤᠷᠢ ᠠᠴᠠ ᠳᠠᠪᠠᠭᠰᠠᠨ | ᠡᠵᠡᠩᠨᠡᠯᠲᠡ ᠶᠢᠨ ᠭᠤᠤᠯ ᠴᠤᠭᠴᠠ ᠳᠤ 30 ᠲᠦᠮᠡᠨ ᠲᠦᠬᠦᠷᠢᠭ ᠱᠠᠩᠨᠠᠨ᠎ᠠ᠃ | 30. ᠰᠢᠨ᠎ᠡ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠭᠵᠢᠬᠦᠯᠦᠨ᠎ᠡ᠃ ᠨᠢᠭᠡᠳᠦᠬᠡᠷ ᠬᠤᠶᠠᠳᠣᠭᠠᠷ ᠭᠤᠷᠪᠠᠳᠣᠭᠠᠷ ᠠᠵᠤ ᠦᠢᠯᠡᠰ ᠤᠨ | ᠠᠭᠤᠰᠤᠯᠴᠠᠯ ᠬᠦᠭᠵᠢᠯᠲᠡ ᠶᠢ ᠠᠬᠢᠭᠤᠯᠵᠤ᠂ ᠨᠢᠬᠡ ᠪᠦᠯᠦᠭ ᠲᠤᠮᠤ ᠬᠡᠯᠪᠡᠷᠢ ᠶᠢᠨ ᠮᠠᠯ ᠲᠠᠷᠢᠶᠠᠯᠠᠩ ᠰᠣᠶᠣᠯ ᠵᠢᠭᠤᠯᠴᠢᠯᠠᠯ ᠡᠷᠡᠬᠦᠯᠵᠢᠯ ᠰᠣᠪᠢᠯᠠᠯ ᠤᠨ ᠳᠠᠭᠤᠷᠢᠶᠠᠯ | ᠰᠠᠭᠤᠷᠢᠨ ᠢ ᠪᠠᠶᠢᠭᠤᠯᠤᠨ᠂ ᠦᠢᠯᠡᠳᠬᠦᠨ ᠤ ᠦᠷᠲᠡᠭ ᠳ᠋ᠦᠩᠰᠢᠭᠤᠷ ᠲᠦᠬᠦᠷᠢᠭ ᠠᠴᠠ ᠳᠠᠪᠠᠭᠰᠠᠨ ᠬᠦᠷᠢᠶᠡᠯᠡᠩ ᠲᠤᠭᠤᠷᠢᠭ ᠪᠦᠷᠢ ᠳᠤ ᠲᠤᠭᠲᠠᠮᠠᠯ ᠬᠦᠷᠦᠩᠭᠡ ᠶᠢᠨ | ᠪᠡᠯᠡ ᠣᠷᠣᠭᠤᠯᠣᠯᠲᠠ ᠶᠢᠨ 40% ᠪᠠᠷ ᠨᠦᠬᠦᠪᠦᠷᠢᠯᠡᠵᠦ᠂ ᠬᠠᠮᠤᠭ ᠤᠨ ᠶᠡᠭᠡ ᠳᠡᠭᠡᠨ 300 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ ᠣᠷᠣᠰᠢᠨ | ᠰᠠᠭᠤᠬᠤ ᠦᠢᠯᠡᠰ ᠪᠤᠰᠬᠠᠬᠤ ᠳᠤ ᠲᠤᠬᠢᠷᠠᠮᠵᠢᠲᠠᠢ ᠭᠤᠶᠢᠲᠠ ᠬᠦᠳᠡᠭᠡ ᠲᠤᠰᠬᠤᠨ ᠤ ᠪᠠᠶᠢᠭᠤᠯᠤᠯᠲᠠ ᠲᠠᠢ ᠣᠶᠠᠯᠳᠣᠭᠤᠯᠣᠨ᠂ ᠬᠤᠲᠠ ᠬᠦᠳᠡᠭᠡ ᠶᠢᠨ ᠠᠭᠤᠯᠵᠠᠷ | ᠭᠠᠵᠠᠷ ᠤᠨ ︽ᠮᠠᠯ ᠲᠠᠷᠢᠶᠠᠯᠠᠩ ᠤᠨ ᠦᠢᠯᠡᠰ +︾ ᠬᠦᠭᠵᠢᠯᠲᠡ ᠶᠢᠨ ᠵᠠᠭᠪᠤᠷ ᠢ ᠠᠬᠢᠭᠤᠯᠵᠤ᠂ ᠮᠠᠯ ᠲᠠᠷᠢᠶᠠᠯᠠᠩ ᠤᠨ ᠦᠢᠯᠡᠰ ᠪᠠ ᠵᠤᠭᠠᠴᠠᠯ ᠰᠡᠯᠡᠬᠦᠴᠡᠯ᠂ | ᠲᠡᠬᠦᠬᠦ᠂ ᠰᠣᠳᠣᠯᠭ᠎ᠠ ᠰᠣᠷᠣᠯᠴᠠᠯᠭ᠎ᠠ᠂ ᠡᠷᠡᠬᠦᠯᠵᠢᠯ ᠰᠣᠪᠢᠯᠠᠯ᠂ ᠰᠣᠶᠣᠯ ᠵᠢᠭᠤᠯᠴᠢᠯᠠᠯ ᠤᠨ ᠠᠭᠤᠰᠣᠯᠴᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ | ᠬᠦᠭᠵᠢᠬᠦᠯᠬᠦ ᠶᠢ ᠵᠤᠷᠢᠭᠵᠢᠭᠤᠯᠤᠨ᠎ᠠ᠃ ᠲᠤᠭᠠᠴᠠᠯᠠᠭᠰᠠᠨ ᠬᠦᠳᠡᠭᠡ ᠲᠤᠰᠬᠤᠨ ᠢ ᠪᠠᠶᠢᠭᠤᠯᠤᠨ᠂ ᠪᠠᠶᠢᠭᠤᠯᠤᠯᠲᠠ ᠶᠢᠨ ᠭᠤᠤᠯ ᠴᠤᠭᠴᠠ ᠳᠤ ᠵᠢᠯ ᠤᠨ ᠬᠦᠦ ᠮᠦᠩᠭᠦ | ᠶᠢᠨ 3% ᠶᠢ ᠣᠷᠣᠯᠠᠨ ᠲᠤᠰᠢᠶᠠᠬᠤ ᠳᠡᠮᠵᠢᠯᠬᠡ ᠬᠠᠩᠭᠠᠵᠤ᠂ ᠬᠦᠦ ᠮᠦᠩᠬᠦ ᠶᠢᠨ ᠣᠷᠣᠯᠠᠨ ᠲᠤᠰᠢᠶᠠᠯᠲᠠ ᠶᠢ ᠬᠠᠮᠤᠭ ᠤᠨ ᠶᠡᠭᠡ ᠳᠡᠭᠡᠨ 200 ᠲᠦᠮᠡᠨ | ᠲᠦᠬᠦᠷᠢᠭ ᠠᠴᠠ ᠳᠠᠪᠠᠭᠤᠯᠬᠤ ᠦᠬᠡᠢ᠃ | 31. ᠬᠤᠶᠠᠳᠣᠭᠠᠷ ᠠᠵᠤ ᠦᠢᠯᠡᠰ ᠢᠶᠠᠷ ᠨᠢᠬᠡᠳᠦᠬᠡᠷ ᠠᠵᠤ ᠦᠢᠯᠡᠰ ᠢ ᠳᠠᠶᠢᠴᠢᠯᠠᠬᠤ ᠶᠢ ᠠᠬᠢᠭᠤᠯᠤᠨ᠎ᠠ᠃ ᠣᠷᠣᠨ ᠨᠣᠲᠤᠭ ᠤᠨ ᠲᠤᠮᠤ ᠬᠡᠪᠴᠢᠶᠡᠨ ᠤ | ᠡᠨᠧᠷᠬᠢ ᠶᠢᠨ ᠠᠵᠤ ᠠᠬᠤᠶᠢᠯᠠᠯ ᠢ ᠳᠠᠶᠢᠴᠢᠯᠠᠨ ᠬᠦᠳᠡᠭᠡ ᠲᠤᠰᠬᠤᠨ ᠤ ᠬᠦᠭᠵᠢᠯ ᠮᠠᠨᠳᠣᠯ᠂ ᠭᠤᠶᠢᠲᠠ ᠰᠠᠶᠢᠬᠠᠨ ᠬᠦᠳᠡᠭᠡ ᠲᠤᠰᠬᠤᠨ ᠤ ᠪᠠᠶᠢᠭᠤᠯᠤᠯᠲᠠ ᠪᠠ | ᠨᠢᠬᠡᠳᠦᠬᠡᠷ ᠠᠵᠤ ᠦᠢᠯᠡᠰ ᠤᠨ ᠳᠠᠬᠢᠨ ᠴᠤᠭᠴᠠᠯᠠᠯᠲᠠ ᠵᠡᠷᠭᠡ ᠳᠤ ᠢᠳᠡᠪᠬᠢᠲᠡᠢ ᠪᠠᠷ ᠣᠷᠣᠯᠴᠠᠭᠤᠯᠵᠤ᠂ ᠲᠤᠬᠠᠢ ᠶᠢᠨ ᠭᠠᠵᠠᠷ ᠤᠨ ᠭᠤᠤᠯᠯᠠᠬᠤ ᠠᠵᠤ ᠦᠢᠯᠡᠰ ᠤᠨ | ᠬᠦᠭᠵᠢᠨ ᠪᠤᠵᠠᠭᠠᠶᠢᠷᠠᠯ ᠳᠤ ᠬᠦᠴᠦ ᠨᠡᠮᠡᠷᠢᠯᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠬᠤᠰᠢᠭᠤᠨ ᠳᠤ ᠪᠠᠶᠢᠭ᠎ᠠ ᠦᠢᠯᠡᠳᠪᠦᠷᠢ | ᠠᠭᠤᠷᠬᠠᠢ᠂ ᠠᠷᠠᠯᠵᠢᠶ᠎ᠠ ᠬᠤᠳᠠᠯᠳᠣᠭᠠᠨ ᠤ ᠠᠵᠤ ᠠᠬᠤᠶᠢᠯᠠᠯ ᠤᠨ ᠬᠢᠨ ᠪᠠᠯᠭᠠᠰᠣ᠂ ᠭᠠᠴᠠᠭ᠎ᠠ ᠲᠤᠰᠬᠤᠨ ᠤ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠯᠤᠭ᠎ᠠ | ᠬᠠᠮᠲᠤᠷᠠᠯᠴᠠᠭ᠎ᠠ ᠪᠠᠶᠢᠭᠤᠯᠬᠤ ᠶᠢ ᠵᠤᠷᠢᠭᠵᠢᠭᠤᠯᠵᠤ᠂ ︽ᠬᠠᠮᠲᠤᠪᠡᠷ ᠪᠠᠶᠢᠭᠤᠯᠬᠤ᠂ ᠬᠠᠮᠲᠤᠷᠠᠨ ᠬᠤᠯᠪᠤᠭᠠᠯᠠᠬᠤ᠂ ᠬᠠᠮᠲᠤᠪᠡᠷ ᠡᠳ᠋ᠯᠡᠬᠦ︾ ᠠᠷᠭ᠎ᠠ ᠮᠠᠶ᠋ᠢᠭ ᠢᠶᠠᠷ | ᠬᠦᠳᠡᠯᠮᠦᠷᠢ ᠬᠠᠮᠠᠭᠠᠯᠠᠯ ᠤᠨ ᠬᠡᠷᠡᠭᠰᠡᠯ᠂ ᠬᠦᠩᠭᠡᠨ ᠦᠢᠯᠡᠳᠪᠦᠷᠢ ᠶᠢᠨ ᠪᠦᠲᠦᠬᠡᠭᠳᠡᠬᠦᠨ᠂ ᠮᠠᠯ ᠲᠠᠷᠢᠶᠠᠯᠠᠩ ᠤᠨ ᠪᠦᠲᠦᠬᠡᠭᠳᠡᠬᠦᠨ᠂ ᠬᠦᠳᠡᠯᠮᠦᠷᠢ ᠬᠦᠴᠦᠨ ᠤ | ᠦᠢᠯᠡᠴᠢᠯᠡᠭᠡ ᠵᠡᠷᠭᠡ ᠬᠠᠮᠲᠤ ᠶᠢᠨ ᠠᠵᠤ ᠠᠬᠤᠢ ᠶᠢ ᠬᠦᠭᠵᠢᠬᠦᠯᠦᠨ᠎ᠡ᠃ ᠭᠠᠴᠠᠭ᠎ᠠ ᠲᠤᠰᠬᠤᠨ ᠤ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ᠂ ᠭᠠᠴᠠᠭ᠎ᠠ | ᠲᠤᠰᠬᠤᠨ ᠤ ᠪᠡᠯᠡ ᠣᠷᠣᠭᠤᠯᠣᠯᠲᠠ ᠶᠢᠨ ᠺᠣᠮᠫᠠᠨᠢ ᠶᠢᠨ ᠬᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠠᠶᠢᠭᠤᠯᠤᠯᠲᠠ ᠶᠢᠨ ᠭᠠᠵᠠᠷ ᠵᠡᠷᠭᠡ ᠡᠬᠢ ᠰᠣᠷᠪᠣᠯᠵᠢ | ᠡᠳ᠋ ᠬᠦᠷᠦᠩᠭᠡ ᠶᠢ ᠬᠦᠢᠴᠡᠳ ᠠᠰᠢᠭᠯᠠᠨ ᠡᠨᠧᠷᠬᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠣᠷᠣᠭᠤᠯᠣᠨ ᠠᠪᠴᠢᠷᠠᠵᠤ ᠠᠵᠤ ᠠᠬᠤᠶᠢᠯᠠᠯ | ᠡᠷᠬᠢᠯᠡᠬᠦ ᠶᠢ ᠵᠤᠷᠢᠭᠵᠢᠭᠤᠯᠤᠨ᠂ ᠪᠡᠯᠡ ᠣᠷᠣᠭᠤᠯᠣᠯᠲᠠ ᠶᠢᠨ ᠬᠡᠪᠴᠢᠶᠡᠵᠢᠯ᠂ ᠮᠠᠯᠴᠢᠨ ᠲᠠᠷᠢᠶᠠᠴᠢᠳ ᠢ ᠬᠤᠯᠪᠤᠭᠠᠯᠠᠨ ᠳᠠᠶᠢᠴᠢᠯᠠᠬᠤ᠂ ᠠᠵᠢᠯ ᠣᠯᠭᠤᠯᠲᠠ ᠶᠢ | ᠠᠬᠢᠭᠤᠯᠬᠤ ᠵᠡᠷᠭᠡ ᠶᠢ ᠦᠨᠳᠦᠰᠦᠯᠡᠵᠦ᠂ ᠵᠢᠬᠡᠯᠡᠯᠬᠡ ᠶᠢᠨ ᠬᠦᠦ ᠮᠦᠩᠭᠦ ᠶᠢᠨ ᠣᠷᠣᠯᠠᠨ ᠦᠭᠭᠦᠯᠲᠡ᠂ ᠪᠡᠯᠡ ᠮᠦᠩᠬᠦᠨ ᠤ ᠣᠷᠣᠭᠤᠯᠣᠯᠲᠠ᠂ ᠰᠠᠭᠤᠷᠢᠨ ᠭᠠᠵᠠᠷ | ᠤᠨ ᠳᠡᠮᠵᠢᠯᠬᠡ ᠵᠡᠷᠭᠡ ᠠᠷᠭ᠎ᠠ ᠮᠠᠶ᠋ᠢᠭ ᠢᠶᠠᠷ ᠳᠡᠮᠵᠢᠨ᠎ᠡ᠃ | ︵ᠬᠤᠶᠠᠷ︶ ᠮᠠᠯ ᠲᠠᠷᠢᠶᠠᠯᠠᠩ ᠤᠨ ᠪᠦᠲᠦᠬᠡᠭᠳᠡᠬᠦᠨ ᠤ ᠨᠠᠷᠢᠯᠢᠭ ᠬᠦᠨᠵᠡᠬᠡᠢ ᠡᠳ᠋ᠰᠢᠬᠦᠯᠦᠯᠲᠡ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 32. ᠴᠢᠨᠠᠷ ᠰᠠᠶᠢᠲᠠᠢ ᠠᠯᠠᠰᠢᠨ ᠮᠠᠯ ᠠᠯᠠᠰᠢᠨ ᠦᠬᠡᠷ ᠨᠢᠳᠣᠯᠠᠬᠤ ᠶᠢ ᠠᠬᠢᠭᠤᠯᠤᠨ᠎ᠠ᠃ ᠣᠷᠣᠨ ᠨᠣᠲᠤᠭ ᠤᠨ ᠠᠵᠤ ᠠᠬᠤᠶᠢᠯᠠᠯ ᠬᠤᠰᠢᠭᠤᠨ ᠳᠠᠬᠢ | ᠲᠡᠵᠢᠬᠡᠪᠦᠷᠢ ᠶᠢᠨ ᠴᠢᠨᠠᠷ ᠰᠠᠶᠢᠲᠠᠢ ᠠᠯᠠᠰᠢᠨ ᠮᠠᠯ᠂ ᠠᠯᠠᠰᠢᠨ ᠦᠬᠡᠷ ᠨᠢᠳᠣᠯᠠᠨ ᠪᠤᠷᠤᠯᠠᠭᠤᠯᠪᠠᠯ ᠮᠠᠯ ᠪᠦᠷᠢ 20 ᠲᠦᠬᠦᠷᠢᠭ ᠨᠦᠬᠦᠪᠦᠷᠢᠯᠡᠵᠦ᠂ ᠠᠯᠠᠰᠢᠨ ᠦᠬᠡᠷ | ᠪᠦᠷᠢ ᠳᠤ 100 ᠲᠦᠬᠦᠷᠢᠭ ᠤᠨ ᠨᠦᠬᠦᠪᠦᠷᠢ ᠦᠭᠭᠦᠨ᠎ᠡ᠃ ᠠᠵᠤ ᠠᠬᠤᠶᠢᠯᠠᠯ ᠤᠨ ᠬᠢᠨ ︽ᠠᠵᠤ ᠠᠬᠤᠶᠢᠯᠠᠯ + ᠮᠠᠯᠴᠢᠨ ᠲᠠᠷᠢᠶᠠᠴᠢᠨ︾ ᠠᠷᠭ᠎ᠠ ᠮᠠᠶ᠋ᠢᠭ ᠢᠶᠠᠷ | ᠮᠠᠯᠵᠢᠯ ᠤᠨ ᠲᠠᠯᠠᠪᠠᠢ ᠬᠦᠭᠵᠢᠬᠦᠯᠬᠦ ᠶᠢ ᠵᠤᠷᠢᠭᠵᠢᠭᠤᠯᠤᠨ᠎ᠠ᠃ | 33. ᠠᠯᠠᠰᠢᠨ ᠦᠬᠡᠷ ᠨᠠᠷᠢᠯᠢᠭ ᠡᠳ᠋ᠰᠢᠬᠦᠯᠬᠦ ᠶᠢ ᠠᠬᠢᠭᠤᠯᠤᠨ᠎ᠠ᠃ ᠣᠳᠣ ᠪᠠᠶᠢᠭ᠎ᠠ ᠡᠳ᠋ᠰᠢᠬᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ | ᠦᠬᠡᠷᠡᠴᠢᠯᠡᠭᠰᠡᠨ ᠤ ᠳᠠᠷᠠᠭ᠎ᠠ ᠵᠢᠯ ᠤᠨ ᠡᠳ᠋ᠰᠢᠬᠦᠯᠬᠦ ᠴᠢᠳᠠᠪᠤᠷᠢ ᠲᠦᠮᠡᠨ ᠲᠤᠯᠤᠭᠠᠢ ᠠᠴᠠ ᠳᠠᠪᠠᠭ᠋ᠤ ᠪᠤᠶᠤ ᠵᠢᠯ ᠤᠨ ᠪᠤᠷᠤᠯᠠᠭᠤᠯᠭ᠎ᠠ ᠶᠢᠨ ᠣᠷᠣᠯᠭ᠎ᠠ ᠳ᠋ᠦᠩᠰᠢᠭᠤᠷ | ᠲᠦᠬᠦᠷᠢᠭ ᠠᠴᠠ ᠳᠠᠪᠠᠭᠰᠠᠨ ᠠᠵᠤ ᠠᠬᠤᠶᠢᠯᠠᠯ ᠳᠤ ︽ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠡ | ᠣᠷᠣᠭᠤᠯᠣᠯᠲᠠ ᠶᠢᠨ 20% ᠪᠠᠷ ᠨᠢᠬᠡᠯᠡ ᠣᠳᠠᠭ᠎ᠠ ᠳᠤ ᠬᠦᠬᠢᠬᠦᠯᠦᠨ᠎ᠡ ᠂ ᠬᠦᠬᠢᠬᠦᠯᠦᠯ ᠤᠨ ᠮᠦᠩᠭᠦ ᠶᠢ ᠬᠠᠮᠤᠭ ᠤᠨ ᠶᠡᠭᠡ ᠳᠡᠭᠡᠨ 500 ᠲᠦᠮᠡᠨ ᠲᠦᠬᠦᠷᠢᠭ | ᠠᠴᠠ ᠳᠠᠪᠠᠭᠤᠯᠬᠤ ᠦᠬᠡᠢ︔ ᠰᠢᠨ᠎ᠡ ᠪᠠᠷ ᠪᠠᠶᠢᠭᠤᠯᠤᠭᠰᠠᠨ ᠡᠳ᠋ᠰᠢᠬᠦᠯᠬᠦ ᠦᠢᠯᠡᠳᠪᠦᠷᠢ ᠶᠢᠨ ᠵᠢᠯ ᠤᠨ ᠡᠳ᠋ᠰᠢᠬᠦᠯᠬᠦ ᠴᠢᠳᠠᠪᠤᠷᠢ 3 ᠲᠦᠮᠡᠨ ᠲᠤᠯᠤᠭᠠᠢ ᠠᠴᠠ ᠳᠠᠪᠠᠭ᠋ᠤ | ᠪᠤᠶᠤ ᠵᠢᠯ ᠤᠨ ᠪᠤᠷᠤᠯᠠᠭᠤᠯᠭ᠎ᠠ ᠶᠢᠨ ᠣᠷᠣᠯᠭ᠎ᠠ 4 ᠳ᠋ᠦᠩᠰᠢᠭᠤᠷ ᠲᠦᠬᠦᠷᠢᠭ ᠠᠴᠠ ᠳᠠᠪᠠᠭᠰᠠᠨ ᠠᠵᠤ ᠠᠬᠤᠶᠢᠯᠠᠯ᠂ ᠵᠢᠯ ᠤᠨ ᠡᠳ᠋ᠰᠢᠬᠦᠯᠬᠦ ᠴᠢᠳᠠᠪᠤᠷᠢ 5 ᠲᠦᠮᠡᠨ | ᠲᠤᠯᠤᠭᠠᠢ ᠠᠴᠠ ᠳᠠᠪᠠᠭ᠋ᠤ ᠪᠤᠶᠤ ᠵᠢᠯ ᠤᠨ ᠪᠤᠷᠤᠯᠠᠭᠤᠯᠭ᠎ᠠ ᠶᠢᠨ ᠣᠷᠣᠯᠭ᠎ᠠ 6 ᠳ᠋ᠦᠩᠰᠢᠭᠤᠷ ᠲᠦᠬᠦᠷᠢᠭ ᠠᠴᠠ ᠳᠠᠪᠠᠭᠰᠠᠨ ᠠᠵᠤ ᠠᠬᠤᠶᠢᠯᠠᠯ ᠳᠤ ︽ᠱᠠᠩᠨᠠᠬᠤ ᠪᠠᠷ | ᠨᠦᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠡ ᠣᠷᠣᠭᠤᠯᠣᠯᠲᠠ ᠶᠢᠨ 20% ᠪᠠᠷ ᠨᠢᠬᠡᠯᠡ ᠣᠳᠠᠭ᠎ᠠ ᠳᠤ ᠱᠠᠩᠨᠠᠵᠤ᠂ | ᠬᠦᠬᠢᠬᠦᠯᠦᠯ ᠤᠨ ᠮᠦᠩᠭᠦ ᠶᠢ ᠬᠠᠮᠤᠭ ᠤᠨ ᠶᠡᠭᠡ ᠳᠡᠭᠡᠨ 1000 ᠲᠦᠮᠡᠨ ᠲᠦᠬᠦᠷᠢᠭ ᠪᠠ 3000 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ | 34. ᠢᠮᠠᠭᠠᠨ ᠨᠣᠣᠯᠣᠭᠤᠷ ᠬᠤᠷᠢᠶᠠᠨ ᠨᠦᠬᠡᠴᠡᠯᠡᠬᠦ ᠲᠦᠪ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠢᠮᠠᠭᠠᠨ ᠨᠣᠣᠯᠣᠭᠤᠷ | ᠬᠤᠷᠢᠶᠠᠨ ᠨᠦᠬᠡᠴᠡᠯᠡᠬᠦ ᠲᠦᠪ ᠪᠠᠶᠢᠭᠤᠯᠬᠤ ᠶᠢ ᠵᠤᠷᠢᠭᠵᠢᠭᠤᠯᠤᠨ᠂ ︽ᠣᠷᠳᠣᠰ ᠬᠤᠲᠠ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ | ᠪᠣᠳᠣᠯᠭ᠎ᠠ ᠶᠢᠨ ᠬᠡᠷᠡᠭᠵᠢᠬᠦᠯᠦᠯᠲᠡ ᠶᠢᠨ ᠮᠦᠩᠭᠦᠨ ᠬᠦᠢᠯᠬᠡᠬᠡ ᠪᠠᠷ ᠠᠵᠤ ᠦᠢᠯᠡᠰ ᠤᠨ ᠬᠦᠭᠵᠢᠯᠲᠡ ᠶᠢ ᠳᠡᠮᠵᠢᠬᠦ ᠠᠷᠭ᠎ᠠ︾ ᠶᠢ ᠡᠳ᠋ᠯᠡᠬᠦᠯᠦᠭᠰᠡᠨ ᠰᠠᠭᠤᠷᠢᠨ | ᠳᠡᠭᠡᠷ᠎ᠡ᠂ ᠬᠤᠰᠢᠭᠤ ᠡᠳ᠋ ᠤᠨ ᠵᠠᠰᠠᠭ ᠠᠴᠠ ᠬᠦᠦ ᠮᠦᠩᠭᠦ ᠶᠢ ᠨᠢ ᠣᠷᠣᠯᠠᠨ ᠦᠭᠭᠦᠨ᠎ᠡ᠃ | 35. ᠢᠮᠠᠭᠠᠨ ᠨᠣᠣᠯᠣᠭᠤᠷ ᠤᠨ ᠠᠵᠤ ᠦᠢᠯᠡᠰ ᠤᠨ ᠬᠡᠯᠬᠢᠶᠡᠵᠢᠯ ᠢ ᠣᠷᠲᠣᠳᠬᠠᠨᠠ᠃ ᠮᠠᠨ ᠤ ᠬᠤᠰᠢᠭᠤᠨ ᠳᠠᠬᠢ ᠨᠣᠯᠣᠭᠤᠣᠷ ᠤᠨ ᠢᠮᠠᠭᠠᠨ ᠤ | ᠲᠡᠵᠢᠬᠡᠪᠦᠷᠢ ᠶᠢᠨ ᠡᠷᠦᠬᠡ ᠶᠢᠨ ᠨᠣᠣᠯᠣᠭᠤᠷ ᠤᠨ ᠨᠠᠷᠢᠴᠠ ᠨᠢ 14 ᠮᠢᠺᠷᠤᠨ ᠠᠴᠠ ᠳᠣᠷᠣᠭᠰᠢᠬᠢ ᠳᠤ ᠨᠢ ᠵᠢᠩ ᠪᠦᠷᠢ 100 ᠲᠦᠬᠦᠷᠢᠭ ᠨᠦᠬᠦᠪᠦᠷᠢᠯᠡᠵᠦ᠂ 14. | 1 — 14.5 ᠮᠢᠺᠷᠣᠨ ᠳᠤ ᠨᠢ ᠵᠢᠩ ᠪᠦᠷᠢ 75 ᠲᠦᠭᠦᠷᠢᠭ ᠤᠨ ᠨᠦᠬᠦᠪᠦᠷᠢ ᠤᠯᠭᠤᠨ᠎ᠠ᠃ 14.6 — 15 ᠮᠢᠺᠷᠤᠨ ᠳᠤ ᠨᠢ ᠵᠢᠩ ᠪᠦᠷᠢ ᠳᠤ 50 | ᠲᠦᠬᠦᠷᠢᠭ ᠤᠨ ᠨᠦᠬᠦᠪᠦᠷᠢ ᠦᠭᠭᠦᠨ᠎ᠡ᠃ ᠬᠤᠲᠠ ᠶᠢᠨ ᠲᠡᠰ᠂ ᠦᠪᠡᠷᠲᠡᠭᠡᠨ ᠵᠠᠰᠠᠬᠤ ᠣᠷᠣᠨ ᠤ ᠲᠡᠰ ᠤᠨ ᠨᠠᠷᠢᠯᠢᠭ ᠡᠳ᠋ᠰᠢᠬᠦᠯᠬᠦ ᠲᠦᠷᠦ ᠶᠢᠨ ᠪᠤᠳᠤᠯᠭ᠎ᠠ ᠶᠢᠨ | ᠨᠦᠬᠦᠪᠦᠷᠢ ᠶᠢ ᠣᠯᠣᠨ᠂ ᠰᠡᠮᠡᠳᠡᠰᠦ ᠡᠭᠡᠷᠡᠬᠦ᠂ ᠨᠡᠬᠡᠮᠡᠯ᠂ ᠪᠡᠯᠡᠨ ᠬᠤᠪᠴᠠᠰᠣ ᠣᠶᠣᠬᠤ ᠠᠵᠤ ᠦᠢᠯᠡᠰ ᠪᠤᠶᠤ ᠣᠯᠣᠰ ᠤᠨ ᠲᠤᠲᠤᠭᠠᠲᠤ ᠭᠠᠳᠠᠭᠠᠲᠤ ᠶᠢᠨ ᠢᠮᠠᠭᠠᠨ | ᠨᠣᠯᠣᠭᠤᠣᠷ ᠤᠨ ᠪᠠᠷᠠᠭ᠎ᠠ ᠪᠦᠲᠦᠬᠡᠭᠳᠡᠬᠦᠨ ᠤ ᠠᠵᠤ ᠠᠬᠤᠶᠢᠯᠠᠯ ᠬᠤᠳᠠᠯᠳᠣᠨ ᠠᠪᠬᠤ ᠶᠢ ᠭᠤᠤᠯᠳᠠᠯᠭ᠎ᠠ ᠲᠠᠢ ᠳᠡᠮᠵᠢᠵᠦ᠂ ᠢᠮᠠᠭᠠᠨ ᠨᠣᠯᠣᠭᠤᠣᠷ ᠤᠨ ᠠᠵᠤ | ᠦᠢᠯᠡᠰ ᠤᠨ ᠨᠡᠮᠡᠯᠲᠡ ᠦᠷᠲᠡᠭ ᠢ ᠳᠡᠭᠡᠭᠰᠢᠯᠡᠬᠦᠯᠦᠨ᠎ᠡ᠃ | 36. ᠪᠦᠲᠦᠬᠡᠭᠳᠡᠬᠦᠨ ᠤ ᠨᠠᠷᠢᠯᠢᠭ ᠡᠳ᠋ᠰᠢᠬᠦᠯᠦᠯᠲᠡ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠡᠯᠳᠡᠪ ᠠᠮᠣ ᠡᠳ᠋ᠰᠢᠬᠦᠯᠬᠦ ︵ᠰᠢᠯᠢᠨ ᠰᠣᠩᠭᠤᠬᠤ᠂ | ᠪᠤᠭᠤᠳᠠᠯᠯᠠᠬᠤ︶ ᠦᠢᠯᠡᠳᠪᠦᠷᠢᠯᠡᠯ ᠤᠨ ᠱᠣᠭᠤᠮ ᠪᠤᠶᠤ ᠰᠢᠨ᠎ᠡ ᠪᠠᠷ ᠪᠠᠶᠢᠭᠤᠯᠤᠭᠰᠠᠨ ᠭᠤᠸ᠎ᠠ ᠵᠢᠮᠢᠰ ᠢᠳᠡᠰᠢᠨ ᠨᠣᠭᠤᠭ᠎ᠠ ᠡᠳ᠋ᠰᠢᠬᠦᠯᠬᠦ ︵ᠣᠰᠣ ᠦᠬᠡᠶᠢᠳᠡᠬᠦᠯᠬᠦ᠂ | ᠳᠠᠪᠤᠰᠣᠯᠠᠨ ᠢᠰᠬᠡᠬᠦ᠂ ᠰᠢᠬᠦᠰᠦ ᠰᠢᠬᠠᠬᠤ᠂ ᠰᠢᠯᠢᠨ ᠰᠣᠩᠭᠤᠬᠤ᠂ ᠪᠤᠭᠤᠳᠠᠯᠯᠠᠬᠤ︶ ᠲᠦᠷᠦᠯ ᠵᠦᠢᠯ ᠳᠤ᠂ ᠳᠦᠬᠦᠬᠡᠷᠦᠮᠵᠢ ᠬᠤᠳᠠᠯᠳᠣᠨ ᠠᠪᠤᠭᠰᠠᠨ ᠵᠠᠷᠤᠳᠠᠯ | ᠤᠨ 50% ᠪᠠᠷ ᠨᠦᠬᠦᠪᠦᠷᠢᠯᠡᠵᠦ᠂ ᠨᠦᠬᠦᠪᠦᠷᠢ ᠮᠦᠩᠭᠦ ᠶᠢ 500 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ ᠲᠤᠰ ᠵᠢᠯ ᠤᠨ ᠮᠠᠯ ᠲᠠᠷᠢᠶᠠᠯᠠᠩ ᠤᠨ | ᠪᠦᠲᠦᠬᠡᠭᠳᠡᠬᠦᠨ ᠨᠠᠷᠢᠯᠢᠭ ᠡᠳ᠋ᠰᠢᠬᠦᠯᠬᠦ ᠬᠡᠮᠵᠢᠶ᠎ᠡ 1000 ᠳᠣᠨ ᠠᠴᠠ ᠳᠠᠪᠠᠭ᠋ᠤ ᠪᠤᠶᠤ ᠵᠢᠯ ᠤᠨ ᠪᠤᠷᠣᠯᠠᠭᠤᠯᠭ᠎ᠠ ᠶᠢᠨ ᠣᠷᠣᠯᠭ᠎ᠠ 2 ᠳ᠋ᠦᠩᠰᠢᠭᠤᠷ ᠲᠦᠬᠦᠷᠢᠭ ᠠᠴᠠ | ᠳᠠᠪᠠᠭᠰᠠᠨ ᠭᠤᠤᠯᠳᠠᠯᠭᠠᠲᠤ ᠡᠳ᠋ᠰᠢᠬᠦᠯᠦᠯᠲᠡ ᠶᠢᠨ ᠠᠵᠤ ᠠᠬᠤᠶᠢᠯᠠᠯ ᠳᠤ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢᠨ ᠳᠡᠮᠵᠢᠯᠬᠡ ᠶᠢᠨ | ᠰᠢᠷᠢᠰ ᠲᠦᠷᠦ ᠶᠢᠨ ᠪᠣᠳᠣᠯᠭ᠎ᠠ ᠶᠢ ᠡᠳ᠋ᠯᠡᠬᠦᠯᠬᠦ ᠠᠴᠠ ᠭᠠᠳᠠᠨ᠎ᠠ᠂ ᠵᠢᠯ ᠤᠨ ᠬᠦᠦ ᠮᠦᠩᠭᠦ ᠶᠢᠨ 3% ᠶᠢ ᠣᠷᠣᠯᠠᠨ ᠲᠤᠰᠢᠶᠠᠵᠤ᠂ ᠬᠦᠦ ᠮᠦᠩᠭᠦ ᠶᠢ ᠬᠠᠮᠤᠭ ᠤᠨ | ᠶᠡᠭᠡ ᠳᠡᠭᠡᠨ 500 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ ᠬᠤᠯᠪᠤᠭᠠᠯᠠᠨ ᠳᠠᠶᠢᠴᠢᠯᠠᠬᠤ ᠴᠢᠳᠠᠪᠤᠷᠢ ᠨᠡᠯᠢᠶᠡᠳ ᠴᠢᠩᠭ᠎ᠠ ᠮᠠᠯ ᠲᠠᠷᠢᠶᠠᠯᠠᠩ ᠤᠨ | ᠪᠦᠲᠦᠬᠡᠭᠳᠡᠬᠦᠨ ᠢ ᠨᠠᠷᠢᠯᠢᠭ ᠡᠳ᠋ᠰᠢᠬᠦᠯᠬᠦ ᠲᠦᠷᠦᠯ ᠵᠦᠢᠯ ᠳᠤ᠂ ᠬᠤᠲᠠ ᠶᠢᠨ ᠲᠡᠰ ᠤᠨ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠶᠢ ᠠᠰᠢᠭᠯᠠᠬᠤ | ᠵᠡᠷᠭᠡ ᠣᠯᠠᠨ ᠵᠦᠢᠯ ᠤᠨ ᠠᠷᠭ᠎ᠠ ᠪᠠᠷ ᠳᠡᠮᠵᠢᠯᠬᠡ ᠬᠠᠩᠭᠠᠨ᠎ᠠ᠃ ᠬᠤᠰᠢᠭᠤ ᠡᠳ᠋ ᠤᠨ ᠵᠠᠰᠠᠭ ᠠᠴᠠ 300 ᠲᠦᠮᠡᠨ ᠲᠦᠬᠦᠷᠢᠭ` ᠤᠨ ᠵᠢᠵᠢᠭ ᠠᠵᠤ ᠠᠬᠤᠶᠢᠯᠠᠯ | ᠤᠨ ᠳᠡᠮᠵᠢᠯᠬᠡ ᠶᠢᠨ ᠪᠡᠯᠡ ᠮᠦᠩᠭᠦ ᠶᠢ ᠲᠤᠬᠢᠷᠠᠭᠤᠯᠤᠨ᠂ ᠪᠡᠯᠡᠨ ᠨᠣᠭᠤᠭ᠎ᠠ ᠵᠡᠷᠭᠡ ᠨᠠᠷᠢᠯᠢᠭ ᠡᠳ᠋ᠰᠢᠬᠦᠯᠬᠦ ᠦᠢᠯᠡᠰ ᠤᠨ ᠬᠦᠭᠵᠢᠯᠲᠡ ᠶᠢ ᠳᠡᠮᠵᠢᠨ᠎ᠡ᠃ | ᠭᠤᠷᠪᠠ᠂ ᠵᠠᠬ᠎ᠠ ᠳᠡᠯᠬᠡᠬᠦᠷ ᠤᠨ ᠡᠵᠡᠩᠨᠡᠯᠲᠡ ᠪᠣᠷᠣᠯᠠᠭᠤᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠮᠠᠯ ᠲᠠᠷᠢᠶᠠᠯᠠᠩ ᠤᠨ ᠦᠢᠯᠡᠰ ᠤᠨ ᠨᠡᠷ᠎ᠡ | ᠲᠡᠮᠲᠡᠭᠴᠢᠯᠡᠭᠰᠡᠨ ᠬᠦᠭᠵᠢᠯᠲᠡ ᠶᠢ ᠠᠬᠢᠭᠤᠯᠤᠨ᠎ᠠ᠃ | 37. ᠪᠠᠷᠠᠭ᠎ᠠ ᠬᠦᠢᠯᠬᠡᠬᠡᠨ ᠤ ᠬᠦᠮᠦᠷᠭᠡᠯᠡᠯᠲᠡ ᠶᠢᠨ ᠰᠢᠰᠲ᠋ᠧᠮ ᠢ ᠪᠠᠶᠢᠭᠤᠯᠤᠨ᠎ᠠ᠃ ᠬᠦᠷᠦᠬᠡᠨ ᠳᠠᠮᠵᠢᠭᠤᠯᠬᠤ ᠪᠠᠷᠠᠭ᠎ᠠ ᠬᠦᠢᠯᠬᠡᠬᠡᠨ ᠤ ᠰᠢᠰᠲ᠋ᠧᠮ ᠤᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠵᠢᠯ ᠤᠨ ᠮᠠᠯ ᠲᠠᠷᠢᠶᠠᠯᠠᠩ ᠤᠨ ᠪᠦᠲᠦᠬᠡᠭᠳᠡᠬᠦᠨ ᠤ ᠠᠷᠠᠯᠵᠢᠶ᠎ᠠ 10 ᠲᠦᠮᠡᠨ ᠲᠤᠨ ᠠᠴᠠ | ᠳᠡᠭᠡᠭᠰᠢᠬᠢ ᠲᠤᠮᠤ ᠬᠡᠯᠪᠡᠷᠢ ᠶᠢᠨ ᠮᠠᠯ ᠲᠠᠷᠢᠶᠠᠯᠠᠩ ᠤᠨ ᠪᠦᠲᠦᠬᠡᠭᠳᠡᠬᠦᠨ ᠬᠦᠮᠦᠷᠭᠡᠯᠡᠵᠦ ᠬᠦᠷᠦᠬᠡᠨ ᠳᠠᠮᠵᠢᠭᠤᠯᠬᠤ ᠪᠠᠷᠠᠭ᠎ᠠ ᠬᠦᠢᠯᠬᠡᠬᠡᠨ ᠤ ᠬᠦᠷᠢᠶᠡᠯᠡᠩ ᠲᠤᠭᠤᠷᠢᠭ | ᠲᠤ ᠨᠢᠬᠡᠯᠡ ᠣᠳᠠᠭ᠎ᠠ ᠳᠤ 200 ᠲᠦᠮᠡᠨ ᠲᠦᠬᠦᠷᠢᠭ ᠤᠨ ᠨᠦᠬᠦᠪᠦᠷᠢ ᠦᠭᠭᠦ ᠶᠢᠨ ᠬᠠᠮᠲᠤ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠪᠠ ᠲᠤᠰᠬᠠᠢ | ᠦᠭᠴᠡᠬᠡᠨ ᠲᠡᠮᠲᠡᠭ ᠤᠨ ᠳᠡᠮᠵᠢᠯᠬᠡ ᠬᠠᠩᠭᠠᠨ᠎ᠠ᠃ | 38. ᠵᠢᠮᠢᠰ ᠢᠳᠡᠰᠢᠨ ᠨᠣᠭᠤᠭ᠎ᠠ ᠬᠦᠷᠦᠬᠡᠨ ᠳᠠᠮᠵᠢᠭᠤᠯᠬᠤ ᠬᠡᠯᠬᠢᠶᠡᠵᠢᠯ ᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠤᠶᠤ ᠵᠠᠯᠭᠠᠵᠤ ᠪᠠᠶᠢᠭᠤᠯᠤᠭᠰᠠᠨ | ᠲᠤᠬᠠᠢ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠦᠢᠯᠡᠴᠢᠯᠡᠬᠦ ᠬᠦᠮᠦᠷᠭᠡ ᠶᠢᠨ ᠪᠠᠭᠲᠠᠭᠠᠮᠵᠢ 300 ᠪᠤᠰᠤᠭ᠎ᠠ ᠳᠦᠷᠪᠡᠯᠵᠢᠨ ᠮᠧᠲᠷ ᠠᠴᠠ ᠳᠡᠭᠡᠭᠰᠢᠬᠢ ᠵᠢᠮᠢᠰ | ᠢᠳᠡᠰᠢᠨ ᠨᠣᠭᠤᠭ᠎ᠠ ᠶᠢ ᠰᠢᠨ᠎ᠡ ᠰᠣᠷᠭᠤᠭ ᠢᠶᠠᠷ ᠬᠦᠷᠦᠬᠡᠨ ᠬᠠᠳᠠᠭᠠᠯᠠᠬᠤ ᠬᠦᠮᠦᠷᠭᠡ ᠳᠤ ᠪᠣᠰᠤᠭ᠎ᠠ ᠳᠦᠷᠪᠡᠯᠵᠢᠨ ᠮᠧᠲᠷ ᠪᠦᠷᠢ 200 ᠲᠦᠬᠦᠷᠢᠭ᠂ ᠵᠢᠮᠢᠰ | ᠢᠳᠡᠰᠢᠨ ᠨᠣᠭᠤᠭ᠎ᠠ ᠶᠢᠨ ᠠᠭᠠᠷ ᠲᠤᠬᠢᠷᠠᠭᠤᠯᠬᠤ ᠬᠦᠮᠦᠷᠭᠡ ᠳᠤ ᠪᠣᠰᠤᠭ᠎ᠠ ᠳᠦᠷᠪᠡᠯᠵᠢᠨ ᠮᠧᠲᠷ ᠪᠦᠷᠢ 400 ᠲᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ︔ | ᠣᠣᠯ ᠤᠨ ᠲᠤᠨᠤᠭ ᠳᠦᠬᠦᠬᠡᠷᠦᠮᠵᠢ ᠪᠠᠨ ᠦᠬᠡᠷᠡᠴᠢᠯᠡᠵᠦ ᠪᠠᠶᠢᠭᠤᠯᠤᠭᠰᠠᠨ ᠳᠤ ᠪᠠᠶᠢᠭᠤᠯᠤᠯᠲᠠ ᠶᠢᠨ ᠵᠠᠷᠤᠳᠠᠯ ᠤᠨ 40% ᠪᠠᠷ ᠨᠦᠬᠦᠪᠦᠷᠢᠯᠡᠨ᠎ᠡ᠃ ᠨᠦᠬᠦᠪᠦᠷᠢ | ᠮᠦᠩᠭᠦ ᠶᠢ 500 ᠲᠦᠮᠡᠨ ᠲᠦᠬᠦᠷᠢᠭ ᠠᠴᠠ ᠳᠠᠪᠠᠭᠤᠯᠬᠤ ᠦᠬᠡᠢ᠃ | 39. ᠮᠠᠯ ᠲᠠᠷᠢᠶᠠᠯᠠᠩ ᠤᠨ ᠪᠦᠲᠦᠬᠡᠭᠳᠡᠬᠦᠨ ᠤ ᠨᠡᠷ᠎ᠡ ᠲᠡᠮᠲᠡᠭ ᠢ ᠳᠠᠬᠢᠨ ᠱᠣᠭᠤᠨ᠎ᠠ᠃ ᠣᠯᠣᠰ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ | ᠪᠡᠯᠡ ᠮᠦᠩᠭᠦ ᠶᠢ ᠨᠢᠬᠡᠳᠦᠯᠲᠡᠢ ᠲᠦᠯᠦᠪᠵᠢᠬᠦᠯᠵᠦ᠂ ᠬᠤᠰᠢᠭᠤ ᠡᠳ᠋ ᠤᠨ ᠵᠠᠰᠠᠭ ᠠᠴᠠ 500 ᠲᠦᠮᠡᠨ ᠲᠦᠬᠦᠷᠢᠭ ᠲᠤᠬᠢᠷᠠᠭᠤᠯᠤᠨ᠂ ᠬᠠᠮᠢᠶ᠎ᠠ ᠪᠦᠬᠦᠢ ᠠᠵᠤ | ᠠᠬᠤᠶᠢᠯᠠᠯ ᠤᠨ ᠬᠢᠨ ᠪᠤᠬᠢᠷᠳᠣᠯ ᠦᠬᠡᠢ ᠢᠳᠡᠬᠡᠨ᠂ ᠣᠷᠭᠠᠨᠢᠭ ᠪᠦᠲᠦᠬᠡᠭᠳᠡᠬᠦᠨ ᠪᠠ ᠨᠡᠷᠡᠲᠦ ᠣᠨᠴᠠ ᠰᠢᠯᠢᠳᠡᠭ ᠰᠢᠨ᠎ᠡ ᠪᠦᠲᠦᠬᠡᠭᠳᠡᠬᠦᠨ ᠤ ᠬᠡᠷᠡᠴᠢᠯᠡᠯᠲᠡ | ᠭᠤᠶᠤᠴᠢᠯᠠᠬᠤ ᠶᠢ ᠵᠤᠷᠢᠭᠵᠢᠭᠤᠯᠵᠤ᠂ ᠪᠦᠬᠦ ᠣᠯᠣᠰ ᠤᠨ ᠪᠤᠬᠢᠷᠳᠣᠯ ᠦᠬᠡᠢ ᠢᠳᠡᠭᠡᠨ ᠤ ᠲᠦᠬᠦᠬᠡᠢ ᠮᠡᠲ᠋ᠧᠷᠢᠶᠡᠯ ᠤᠨ ᠰᠠᠭᠤᠷᠢᠨ ᠤ ᠴᠤᠭᠴᠠᠯᠠᠯᠲᠠ ᠶᠢᠨ ᠠᠵᠢᠯ ᠢ | ᠶᠠᠪᠤᠭᠳᠠᠭᠤᠯᠤᠨ᠂ ᠭᠠᠵᠠᠷ ᠵᠦᠢ ᠶᠢᠨ ᠢᠯᠡᠳᠬᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾᠂ | ︽ᠣᠲᠤᠭ ᠤᠨ ᠡᠮᠦᠨᠡᠲᠦ ᠬᠤᠰᠢᠭᠤᠨ ᠤ ᠦᠬᠡᠷ ᠤᠨ ᠮᠢᠬ᠎ᠠ︾ ᠵᠡᠷᠭᠡ ᠪᠤᠬᠢᠷᠳᠣᠯ ᠦᠬᠡᠢ ᠣᠷᠭᠠᠨᠢᠭ ᠵᠢᠴᠢ ᠨᠡᠷᠡᠲᠦ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ | ᠪᠦᠲᠦᠬᠡᠭᠳᠡᠬᠦᠨ ᠢ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠣᠷᠣᠨ ᠪᠦᠰᠡ ᠶᠢᠨ ᠨᠠᠶᠢᠲᠠ ᠶᠢᠨ ᠨᠡᠷ᠎ᠡ ᠲᠡᠮᠲᠡᠭ ᠲᠤ ᠣᠷᠣᠭᠤᠯᠵᠣ᠂ ︽ᠣᠯᠣᠰ ᠤᠨ | ᠨᠡᠷᠡᠮᠵᠢᠲᠦ︾᠂ ︽ᠦᠪᠦᠷ ᠮᠣᠩᠭᠤᠯ ᠨᠡᠷᠡᠮᠵᠢᠲᠦ︾ ᠨᠡᠷ᠎ᠡ ᠲᠡᠮᠲᠡᠭ ᠢ ᠪᠣᠶᠢᠵᠢᠭᠤᠯᠣᠨ᠂ ᠡᠯ᠎ᠡ ᠲᠦᠷᠦᠯ ᠤᠨ ᠦᠵᠡᠬᠦᠯᠬᠡ ᠦᠵᠡᠰᠬᠦᠯᠡᠩ᠂ ᠮᠠᠯ ᠲᠠᠷᠢᠶᠠᠯᠠᠩ ᠤᠨ | ᠪᠦᠲᠦᠬᠡᠭᠳᠡᠬᠦᠨ ᠤ ᠠᠷᠠᠯᠵᠢᠶᠠᠨ ᠤ ᠴᠣᠭᠯᠠᠭᠠᠨ ᠢ ᠵᠤᠬᠢᠶᠠᠨ ᠪᠠᠶᠢᠭᠤᠯᠵᠤ᠂ ᠴᠢᠬᠤᠯᠠ ᠪᠠᠶᠠᠷ ᠴᠣᠭᠯᠠᠭᠠᠨ᠂ ᠲᠠᠮᠢᠷ ᠤᠨ ᠣᠷᠣᠯᠳᠣᠭᠠᠨ ᠳᠤ ᠨᠡᠷ᠎ᠡ ᠵᠡᠬᠦᠨ᠎ᠡ᠃ | ᠣᠯᠣᠰ ᠤᠨ ᠲᠤᠲᠤᠭᠠᠲᠤ ᠶᠢᠨ ᠲᠤᠮᠤ ᠳᠣᠮᠳᠠ ᠬᠤᠲᠠ ᠳᠤ 5 ᠴᠢᠨᠠᠷ ᠰᠠᠶᠢᠲᠠᠢ ᠮᠠᠯ ᠲᠠᠷᠢᠶᠠᠯᠠᠩ ᠤᠨ ᠪᠦᠲᠦᠬᠡᠭᠳᠡᠬᠦᠨ ᠤ ᠬᠤᠰᠢᠭᠤᠴᠢ ᠳᠡᠯᠬᠡᠬᠦᠷ ᠪᠠᠶᠢᠭᠤᠯᠬᠤ ᠶᠢ | ᠳᠡᠮᠵᠢᠨ᠂ ᠮᠢᠬ᠎ᠠ ᠬᠦᠷᠦᠬᠡᠨ ᠳᠠᠮᠵᠢᠭᠤᠯᠬᠤ ᠰᠢᠰᠲ᠋ᠧᠮ ᠤᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ᠂ ᠪᠤᠷᠤᠯᠠᠭᠤᠯᠭ᠎ᠠ ᠶᠢᠨ ᠳᠠᠪᠴᠠᠩ ᠤᠨ ᠴᠤᠭᠴᠠᠯᠠᠯᠲᠠ ᠶᠢ | ᠲᠡᠷᠢᠬᠦᠨ ᠳᠤ ᠳᠡᠮᠵᠢᠬᠦ ᠶᠢᠨ ᠬᠠᠮᠲᠤ ᠣᠯᠠᠨ ᠰᠣᠪᠠᠭᠲᠤ ᠰᠦᠯᠵᠢᠶᠡᠨ ︵MCN︶ ᠳᠤ ᠣᠷᠣᠭᠤᠯᠵᠣ᠂ ᠳᠡᠭᠡᠳᠦ ᠲᠡᠰ ᠤᠨ ᠬᠡᠷᠡᠭᠯᠡᠭᠴᠢᠳ ᠢ ᠣᠯᠣᠨ᠂ ᠴᠢᠨᠠᠷ | ᠰᠠᠶᠢᠲᠠᠢ ᠮᠠᠯ ᠲᠠᠷᠢᠶᠠᠯᠠᠩ ᠤᠨ ᠪᠦᠲᠦᠬᠡᠭᠳᠡᠬᠦᠨ ᠤ ᠲᠠᠸᠠᠷᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠮᠠᠯ ᠲᠠᠷᠢᠶᠠᠯᠠᠩ ᠤᠨ ᠪᠦᠲᠦᠬᠡᠭᠳᠡᠬᠦᠨ ᠤ ᠶᠠᠰᠣ ᠴᠢᠨᠠᠷ | ᠤᠨ ᠳᠡᠭᠡᠭᠰᠢᠯᠡᠬᠦᠯᠦᠯᠲᠡ ᠶᠢ ᠴᠢᠬᠤᠯᠠᠴᠢᠯᠠᠵᠤ᠂ ᠮᠠᠯ ᠲᠠᠷᠢᠶᠠᠯᠠᠩ ᠤᠨ ᠪᠦᠲᠦᠬᠡᠭᠳᠡᠬᠦᠨ ᠤ ᠶᠠᠰᠣ ᠴᠢᠨᠠᠷ ᠤᠨ ᠠᠮᠣᠷ ᠳᠦᠪᠰᠢᠨ ᠤ ᠪᠠᠶᠢᠭᠤᠯᠤᠯᠲᠠ ᠶᠢ ᠴᠢᠩᠭᠠᠳᠬᠠᠨ᠂ | ᠶᠠᠰᠣ ᠴᠢᠨᠠᠷ ᠤᠨ ᠠᠮᠣᠷ ᠳᠦᠪᠰᠢᠨ ᠤ ᠬᠢᠨᠠᠨ ᠬᠠᠮᠢᠶᠠᠷᠤᠯᠲᠠ ᠶᠢᠨ ᠵᠠᠷᠣᠳᠠᠯ ᠢ ᠪᠦᠬᠦ ᠲᠠᠯ᠎ᠠ ᠪᠠᠷ ᠪᠠᠲᠤᠯᠠᠵᠤ᠂ ᠣᠯᠣᠰ ᠤᠨ ᠮᠠᠯ ᠲᠠᠷᠢᠶᠠᠯᠠᠩ ᠤᠨ ᠪᠦᠲᠦᠬᠡᠭᠳᠡᠬᠦᠨ | ᠤ ᠶᠠᠰᠣ ᠴᠢᠨᠠᠷ ᠤᠨ ᠠᠮᠣᠷ ᠳᠦᠪᠰᠢᠨ ᠤ ᠰᠢᠶᠡᠨ ᠢ ᠴᠣᠭᠴᠠᠯᠠᠬᠤ ᠪᠠᠷ ᠴᠢᠷᠮᠠᠶᠢᠨ᠎ᠠ᠃ | ᠳᠦᠷᠪᠡ᠂ ᠰᠢᠨᠵᠢᠯᠡᠭᠡ ᠮᠡᠷᠬᠡᠵᠢᠯ ᠪᠠ ᠲᠤᠨᠤᠭ ᠳᠦᠬᠦᠬᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠮᠠᠯ ᠲᠠᠷᠢᠶᠠᠯᠠᠩ ᠤᠨ ᠦᠢᠯᠡᠰ ᠤᠨ | ᠲᠤᠭᠠᠴᠠᠯᠠᠭᠰᠠᠨ ᠬᠦᠭᠵᠢᠯᠲᠡ ᠶᠢ ᠠᠬᠢᠭᠤᠯᠤᠨ᠎ᠠ | 40. ᠮᠠᠯ ᠲᠠᠷᠢᠶᠠᠯᠠᠩ ᠤᠨ ᠦᠢᠯᠡᠰ ᠤᠨ ᠲᠤᠭᠠᠴᠠᠯᠠᠭᠰᠠᠨ ᠬᠦᠭᠵᠢᠯᠲᠡ ᠶᠢ ᠠᠬᠢᠭᠤᠯᠤᠨ᠎ᠠ᠃ ᠬᠤᠰᠢᠭᠤ ᠡᠳ᠋ ᠤᠨ ᠵᠠᠰᠠᠭ ᠠᠴᠠ 1000 ᠲᠦᠮᠡᠨ | ᠲᠦᠬᠦᠷᠢᠭ ᠢ ᠲᠤᠬᠢᠷᠠᠭᠤᠯᠵᠤ᠂ ᠬᠤᠰᠢᠭᠤ ᠲᠡᠰ ᠤᠨ ᠲᠤᠭᠠᠴᠠᠯᠠᠭᠰᠠᠨ ᠳᠠᠪᠴᠠᠩ ᠤᠨ ᠪᠠᠶᠢᠭᠤᠯᠤᠯᠲᠠ ᠶᠢ ᠳᠡᠮᠵᠢᠨ᠂ ᠣᠶᠣᠨᠴᠢ ᠮᠠᠯ ᠲᠠᠷᠢᠶᠠᠯᠠᠩ ᠤᠨ ᠦᠢᠯᠡᠰ ᠤᠨ | ᠬᠦᠷᠢᠶᠡᠯᠡᠩ ᠲᠤᠭᠤᠷᠢᠭ᠂ ᠲᠠᠷᠢᠶᠠᠯᠠᠩ ᠤᠨ ᠲᠠᠯᠠᠪᠠᠢ᠂ ᠮᠠᠯᠵᠢᠯ ᠤᠨ ᠲᠠᠯᠠᠪᠠᠢ᠂ ᠳᠠᠭᠤᠷᠢᠶᠠᠯ ᠡᠷᠦᠬᠡ ᠶᠢᠨ ᠪᠣᠶᠢᠵᠢᠭᠤᠯᠣᠯᠲᠠ ᠶᠢᠨ ᠡᠷᠴᠢᠮ ᠢᠶᠠᠨ ᠴᠢᠩᠭᠠᠳᠬᠠᠵᠤ᠂ | ︽ᠲᠠᠷᠢᠵᠦ ᠲᠡᠵᠢᠬᠡᠬᠦ ᠪᠤᠯᠪᠠᠰᠣᠷᠠᠭᠤᠯᠬᠤ ᠪᠤᠷᠤᠯᠠᠭᠤᠯᠬᠤ︾ ᠪᠦᠬᠦ ᠶᠠᠪᠤᠴᠠ ᠶᠢᠨ ᠲᠤᠭᠠᠴᠠᠯᠠᠭᠰᠠᠨ ᠨᠡᠶᠢᠬᠡᠮᠴᠢᠯᠡᠭᠰᠡᠨ ᠦᠢᠯᠡᠴᠢᠯᠡᠬᠡᠨ ᠤ ᠰᠢᠰᠲ᠋ᠧᠮ ᠪᠠ | ᠪᠤᠷᠤᠯᠠᠭᠤᠯᠭ᠎ᠠ ᠶᠢᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃ | 41. ᠰᠢᠨᠵᠢᠯᠡᠭᠡ ᠮᠡᠷᠬᠡᠵᠢᠯ ᠢᠶᠠᠷ ᠳᠠᠶᠢᠴᠢᠯᠠᠬᠤ ᠶᠢ ᠴᠢᠩᠭᠠᠳᠬᠠᠨ᠎ᠠ᠃ ᠡᠬᠦᠯᠳᠡᠷ ᠤᠨ ᠦᠢᠯᠡᠰ ᠤᠨ ᠬᠦᠭᠵᠢᠬᠦᠯᠦᠯᠲᠡ᠂ ᠮᠠᠯ ᠲᠠᠷᠢᠶᠠᠯᠨᠩ ᠤᠨ ᠦᠢᠯᠡᠰ ᠤᠨ | ᠣᠰᠣ ᠠᠷᠪᠢᠯᠠᠯᠲᠠ᠂ ᠣᠶᠣᠨᠴᠢ ᠮᠠᠯ ᠲᠠᠷᠢᠶᠠᠯᠠᠩ ᠤᠨ ᠦᠢᠯᠡᠰ᠂ ᠬᠤᠵᠢᠷᠯᠢᠭ ᠭᠠᠵᠠᠷ ᠤᠨ ᠦᠬᠡᠷᠡᠴᠢᠯᠡᠯᠲᠡ ᠵᠡᠷᠭᠡ ᠶᠢᠨ ᠲᠤᠭᠤᠷᠢᠨ ᠳᠤ ᠰᠢᠨᠵᠢᠯᠡᠭᠡ ᠮᠡᠷᠬᠡᠵᠢᠯ ᠤᠨ | ᠰᠣᠳᠣᠯᠭᠠᠨ ᠨᠡᠭᠡᠭᠡᠯᠲᠡ᠂ ᠪᠦᠲᠦᠮᠵᠢ ᠶᠢᠨ ᠬᠤᠪᠢᠷᠠᠭᠤᠯᠤᠯᠲᠠ ᠪᠠ ᠲᠦᠬᠡᠮᠡᠯᠵᠢᠬᠦᠯᠦᠯᠲᠡ ᠶᠢ ᠶᠠᠪᠤᠭᠳᠠᠭᠤᠯᠵᠤ᠂ ᠡᠷᠳᠡᠮ ᠰᠢᠨᠵᠢᠯᠡᠬᠡᠨ ᠤ ᠴᠢᠬᠤᠯᠠ ᠲᠦᠷᠦᠯ ᠵᠦᠢᠯ | ᠪᠠ ᠵᠠᠩᠬᠢᠯᠠᠭ᠎ᠠ ᠶᠢᠨ ᠭᠤᠤᠯ ᠮᠡᠷᠬᠡᠵᠢᠯ ᠤᠨ ᠰᠢᠪᠲᠤᠯᠤᠯᠲᠠ ᠶᠢ ᠠᠬᠢᠭᠤᠯᠤᠨ᠂ ︽ᠠᠰ ᠠᠰ ᠢᠶᠠᠷ ᠨᠢ ᠵᠦᠪᠯᠡᠬᠦ︾ ᠠᠷᠭ᠎ᠠ ᠮᠠᠶ᠋ᠢᠭ ᠢᠶᠠᠷ ᠲᠤᠭᠲᠠᠭᠰᠠᠨ ᠱᠠᠩᠨᠠᠯ | ᠣᠯᠭᠤᠨ᠎ᠠ᠃ ᠬᠤᠰᠢᠭᠤ ᠡᠳ᠋ ᠤᠨ ᠵᠠᠰᠠᠭ ᠠᠴᠠ 300 ᠲᠦᠮᠡᠨ ᠲᠦᠬᠦᠷᠢᠭ ᠢ ᠲᠤᠬᠢᠷᠠᠭᠤᠯᠵᠤ᠂ ᠳᠣᠮᠳᠠᠳᠣ ᠣᠯᠣᠰ ᠤᠨ ᠬᠦᠭᠵᠢᠬᠦᠯᠦᠯᠲᠡ ᠶᠢᠨ ᠪᠠᠶᠢᠯᠳᠣᠬᠤ | ᠪᠣᠳᠣᠯᠭ᠎ᠠ ᠶᠢᠨ ᠰᠣᠳᠣᠯᠭᠠᠨ ᠤ ᠨᠡᠶᠢᠬᠡᠮᠯᠢᠭ᠂ ᠳᠣᠮᠳᠠᠳᠣ ᠣᠯᠣᠰ ᠤᠨ ᠲᠠᠷᠢᠶᠠᠯᠠᠩ ᠤᠨ ᠶᠡᠭᠡ ᠰᠣᠷᠭᠠᠭᠤᠯᠢ᠂ ᠪᠠᠷᠠᠭᠤᠨ ᠬᠤᠶᠢᠲᠤ ᠶᠢᠨ ᠲᠠᠷᠢᠶᠠᠯᠠᠩ ᠣᠢ ᠰᠢᠭᠤᠢ | ᠶᠢᠨ ᠰᠢᠨᠵᠢᠯᠡᠭᠡ ᠮᠡᠷᠬᠡᠵᠢᠯ ᠤᠨ ᠶᠡᠭᠡ ᠰᠣᠷᠭᠠᠭᠤᠯᠢ᠂ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠵᠡᠷᠭᠡ ᠰᠣᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ | ᠬᠦᠨᠵᠡᠬᠡᠶᠢᠷᠡᠬᠦᠯᠦᠨ᠂ ᠨᠣᠯᠣᠭᠤᠣᠷ ᠤᠨ ᠢᠮᠠᠭᠠᠨ ᠤ ᠦᠷᠡᠵᠢᠯ ᠤᠨ ᠡᠵᠡᠮᠰᠢᠯ ᠪᠠ ᠪᠦᠬᠦ ᠣᠯᠣᠰ ᠤᠨ ᠭᠤᠤᠯᠳᠠᠯᠭᠠᠲᠤ ᠲᠤᠷᠰᠢᠯᠲᠠ ᠶᠢᠨ ᠲᠠᠰᠤᠭ ᠤᠨ ᠰᠣᠳᠣᠯᠭᠠᠨ | ᠤ ᠬᠤᠪᠢᠷᠠᠭᠤᠯᠤᠯᠲᠠ ᠶᠢᠨ ᠰᠠᠭᠤᠷᠢᠨ ᠪᠠᠶᠢᠭᠤᠯᠬᠤ ᠶᠢ ᠳᠡᠮᠵᠢᠵᠦ᠂ ᠬᠤᠰᠢᠭᠤ ᠲᠡᠰ ᠤᠨ ᠮᠠᠯ ᠲᠠᠷᠢᠶᠠᠯᠠᠩ ᠤᠨ ᠦᠢᠯᠡᠰ ᠤᠨ ᠴᠢᠳᠠᠪᠤᠷᠢᠲᠠᠨ ᠤ ᠠᠵᠢᠯ ᠤᠨ | ᠦᠷᠲᠡᠭᠡ ᠶᠢ ᠴᠤᠭᠴᠠᠯᠠᠨ᠂ ᠣᠷᠣᠨ ᠨᠣᠲᠤᠭ ᠤᠨ ᠴᠢᠳᠠᠪᠤᠷᠢᠲᠠᠨ ᠤ ᠬᠦᠮᠦᠵᠢᠬᠦᠯᠦᠯᠲᠡ ᠶᠢ ᠴᠢᠩᠭᠠᠳᠬᠠᠵᠤ᠂ ᠮᠠᠯ ᠲᠠᠷᠢᠶᠠᠯᠠᠩ ᠤᠨ ᠦᠢᠯᠡᠰ ᠤᠨ ᠰᠢᠨᠵᠢᠯᠡᠭᠡ | ᠮᠡᠷᠬᠡᠵᠢᠯ ᠤᠨ ᠴᠢᠳᠠᠪᠤᠷᠢᠲᠠᠨ ᠪᠠ ᠳᠡᠭᠡᠳᠦ ᠮᠡᠷᠬᠡᠵᠢᠯ ᠤᠨ ᠴᠢᠳᠠᠪᠤᠷᠢᠲᠠᠨ ᠤ ᠬᠦᠮᠦᠵᠢᠬᠦᠯᠦᠯᠲᠡ ᠬᠡᠷᠡᠭᠯᠡᠯᠲᠡ ᠶᠢ ᠴᠢᠩᠭᠠᠷᠠᠭᠤᠯᠤᠨ᠂ ᠮᠡᠷᠬᠡᠵᠢᠯᠲᠡᠨ ᠴᠢᠳᠠᠪᠤᠷᠢᠲᠠᠨ ᠤ | ᠣᠷᠣᠭᠤᠯᠣᠯᠲᠠ᠂ ᠮᠠᠯ ᠲᠠᠷᠢᠶᠠᠯᠠᠩ ᠤᠨ ᠦᠢᠯᠡᠰ ᠤᠨ ᠮᠡᠷᠬᠡᠵᠢᠯ ᠤᠨ ᠦᠢᠯᠡᠴᠢᠯᠡᠭᠡ᠂ ᠰᠢᠨ᠎ᠡ ᠮᠡᠷᠬᠡᠵᠢᠯ ᠪᠠ ᠰᠢᠨ᠎ᠡ ᠡᠬᠦᠯᠳᠡᠷ ᠤᠨ ᠪᠤᠶᠢᠵᠢᠭᠤᠯᠤᠯᠲᠠ | ᠲᠦᠬᠡᠮᠡᠯᠵᠢᠬᠦᠯᠦᠯᠲᠡ᠂ ᠲᠣᠷᠰᠢᠯᠲᠠ ᠳᠠᠭᠤᠷᠢᠶᠠᠯ᠂ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠵᠢᠴᠢ ᠦᠵᠡᠬᠦᠯᠬᠡ᠂ ᠣᠬᠠᠭᠤᠯᠭ᠎ᠠ ᠪᠤᠯᠪᠠᠰᠣᠷᠠᠯ᠂ ᠵᠢᠱᠢᠶ᠎ᠡ | ᠦᠵᠡᠬᠦᠯᠬᠦ ᠴᠡᠭ ᠪᠠ ᠡᠷᠦᠬᠡ ᠶᠢᠨ ᠬᠦᠮᠦᠵᠢᠬᠦᠯᠦᠯᠲᠡ ᠵᠡᠷᠭᠡ ᠲᠠᠯ᠎ᠠ ᠪᠠᠷ ᠳᠡᠮᠵᠢᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠬᠡᠵᠢᠯ ᠤᠨ | ᠲᠦᠬᠡᠮᠡᠯᠵᠢᠬᠦᠯᠦᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠬᠡᠨ ᠤ ᠴᠢᠳᠠᠮᠵᠢ ᠶᠢ | ᠴᠢᠩᠭᠠᠷᠠᠭᠤᠯᠤᠨ᠎ᠠ᠃ | 42. ᠲᠠᠷᠢᠶᠠᠯᠠᠩ ᠤᠨ ᠮᠠᠰᠢᠨ ᠲᠤᠨᠤᠭ ᠢ ᠴᠢᠩᠭᠠᠳᠬᠠᠨ᠎ᠠ᠃ ᠲᠠᠷᠢᠶᠠᠯᠠᠩ ᠤᠨ ᠮᠠᠰᠢᠨ ᠲᠤᠨᠤᠭ ᠤᠨ ᠲᠤᠲᠠᠭᠤᠳᠠᠯ ᠢ ᠨᠦᠬᠦᠪᠦᠷᠢᠯᠡᠬᠦ ᠠᠵᠢᠯᠯᠠᠭᠠᠨ ᠢ ᠶᠡᠬᠡᠪᠡᠷ | ᠬᠡᠷᠡᠭᠵᠢᠬᠦᠯᠵᠦ᠂ ᠲᠠᠷᠢᠶᠠᠯᠠᠩ ᠤᠨ ᠮᠠᠰᠢᠨ ᠤ ᠬᠤᠳᠠᠯᠳᠣᠨ ᠠᠪᠤᠯᠲᠠ ᠪᠠ ᠬᠡᠷᠡᠭᠯᠡᠯᠲᠡ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠂ | ᠭᠤᠸ᠎ᠠ ᠵᠢᠮᠢᠰ ᠢᠳᠡᠰᠢᠨ ᠨᠤᠭᠤᠭ᠎ᠠ ᠪᠠ ᠡᠯᠳᠡᠪ ᠠᠮᠤ ᠶᠢᠨ ᠠᠵᠤ ᠦᠢᠯᠡᠰ ᠤᠨ ᠬᠦᠭᠵᠢᠯᠲᠡ ᠶᠢᠨ ᠮᠧᠬᠠᠨᠢᠭᠵᠢᠯᠲᠠ ᠶᠢᠨ ᠳᠦᠪᠰᠢᠨ ᠢ ᠲᠤᠭᠲᠠᠭᠤᠨ ᠢᠶᠠᠷ | ᠳᠡᠭᠡᠭᠰᠢᠯᠡᠬᠦᠯᠵᠦ᠂ ᠭᠤᠸ᠎ᠠ ᠵᠢᠮᠢᠰ ᠢᠳᠡᠰᠢᠨ ᠨᠤᠭᠤᠭ᠎ᠠ ᠪᠠ ᠡᠯᠳᠡᠪ ᠠᠮᠤ ᠶᠢᠨ ᠲᠠᠷᠢᠯᠲᠠ᠂ ᠠᠷᠠᠴᠢᠯᠠᠯᠲᠠ᠂ ᠬᠤᠷᠢᠶᠠᠯᠲᠠ ᠵᠡᠷᠭᠡ ᠭᠤᠭᠴᠤᠭᠠᠨ ᠳᠤ ᠲᠤᠬᠢᠷᠠᠬᠤ | ᠠᠵᠢᠯᠯᠠᠬᠤ ᠮᠠᠰᠢᠨ ᠢ ᠢᠳᠡᠪᠬᠢᠲᠡᠢ ᠪᠠᠷ ᠣᠷᠣᠭᠤᠯᠵᠣ ᠲᠦᠬᠡᠮᠡᠯᠵᠢᠬᠦᠯᠦᠨ᠂ ᠣᠯᠣᠰ ᠤᠨ ᠲᠠᠷᠢᠶᠠᠯᠠᠩ ᠤᠨ ᠮᠠᠰᠢᠨ ᠤ ᠨᠦᠬᠦᠪᠦᠷᠢ ᠶᠢᠨ ᠵᠢᠭᠰᠠᠭᠠᠯᠲᠠ ᠳᠤ | ᠣᠷᠣᠭᠰᠠᠨ ᠦᠬᠡᠢ ᠪᠤᠯᠪᠠᠴᠣ ᠲᠠᠷᠢᠶᠠᠯᠠᠩ ᠤᠨ ᠮᠠᠰᠢᠨ ᠤ ᠲᠣᠷᠰᠢᠯᠲᠠ ᠶᠢᠨ ᠬᠢᠨᠠᠨ ᠲᠤᠭᠲᠠᠭᠠᠯᠲᠠ ᠶᠢᠨ ᠪᠢᠴᠢᠭ᠂ ᠲᠠᠷᠢᠶᠠᠯᠠᠩ ᠤᠨ ᠮᠠᠰᠢᠨ ᠤ ᠠᠯᠪᠠᠳᠠᠯᠭ᠎ᠠ ᠶᠢᠨ | ᠴᠢᠨᠠᠷᠲᠠᠢ ᠪᠦᠲᠦᠬᠡᠭᠳᠡᠬᠦᠨ ᠤ ᠬᠡᠷᠡᠴᠢ ᠪᠢᠴᠢᠭ ᠢ ᠣᠯᠣᠭᠰᠠᠨ ᠪᠤᠶᠤ ᠲᠠᠷᠢᠶᠠᠯᠠᠩ ᠤᠨ ᠮᠠᠰᠢᠨ ᠤ ᠰᠠᠶᠢᠨ ᠳᠣᠷ᠎ᠠ ᠶᠢᠨ ᠴᠢᠨᠠᠷᠲᠠᠢ ᠬᠡᠷᠡᠴᠢᠯᠡᠯᠲᠡ ᠶᠢᠨ ᠵᠦᠪᠰᠢᠶᠡᠷᠡᠯ | ᠤᠨ ᠲᠤᠷᠰᠢᠯᠲᠠ ᠶᠢᠨ ᠴᠡᠭ ᠤᠨ ᠴᠠᠷᠠᠭᠠᠨ ᠳᠤ ᠣᠷᠣᠭᠰᠠᠨ ᠮᠠᠰᠢᠨ ᠳᠦᠬᠦᠬᠡᠷᠦᠮᠵᠢ ᠶᠢ ᠮᠠᠯ ᠲᠠᠷᠢᠶᠠᠯᠠᠩ ᠤᠨ ᠳᠣᠪᠴᠢᠶᠠᠨ ᠠᠴᠠ ᠬᠢᠨᠠᠨ ᠲᠤᠭᠲᠠᠭᠠᠬᠤ ᠶᠢᠨ ᠬᠠᠮᠲᠤ | ᠪᠤᠲᠠᠲᠠᠢ ᠬᠡᠷᠡᠭᠵᠢᠬᠦᠯᠬᠦ ᠲᠦᠰᠦᠯ ᠢ ᠲᠤᠭᠲᠠᠭᠠᠵᠤ᠂ ᠬᠤᠲᠠ ᠶᠢᠨ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠵᠦ ᠳᠠᠩᠰᠠᠯᠠᠭᠤᠯᠤᠭᠰᠠᠨ ᠤ ᠳᠠᠷᠠᠭ᠎ᠠ᠂ ᠣᠯᠣᠰ | ᠤᠨ ᠲᠠᠷᠢᠶᠠᠯᠠᠩ ᠤᠨ ᠮᠠᠰᠢᠨ ᠤ ᠨᠦᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠤᠯᠭᠠᠨ ︵ᠮᠠᠰᠢᠨ ᠬᠤᠳᠠᠯᠳᠣᠨ ᠠᠪᠤᠭᠰᠠᠨ ᠵᠠᠷᠤᠳᠠᠯ ᠤᠨ 30% ᠠᠴᠠ | ᠳᠠᠪᠠᠭᠤᠯᠬᠤ ᠦᠬᠡᠢ︶ ᠨᠦᠬᠦᠪᠦᠷᠢᠯᠡᠨ᠎ᠡ᠃ | ᠲᠠᠪᠤ᠂ ᠪᠡᠯᠡ ᠮᠦᠩᠭᠦᠨ ᠤ ᠪᠠᠲᠤᠯᠠᠭ᠎ᠠ | ︵ᠨᠢᠬᠡ︶ ᠲᠤᠰᠬᠠᠢ ᠪᠡᠯᠡ ᠮᠦᠩᠭᠦ ᠶᠢ ᠪᠠᠶᠢᠭᠤᠯᠤᠨ᠎ᠠ᠃ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠲᠦᠷᠦ ᠶᠢᠨ | ᠪᠤᠳᠤᠯᠭ᠎ᠠ ᠶᠢᠨ ᠳᠡᠮᠵᠢᠯᠬᠡ ᠶᠢᠨ ᠰᠠᠭᠤᠷᠢᠨ ᠳᠡᠭᠡᠷ᠎ᠡ᠂ ᠬᠤᠰᠢᠭᠤ ᠲᠤᠰ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 5000 ᠲᠦᠮᠡᠨ ᠲᠦᠬᠦᠷᠢᠭ ᠤᠨ | ᠲᠦᠰᠦᠪ ᠤᠨ ᠪᠡᠯᠡ ᠮᠦᠩᠭᠦ ᠲᠤᠬᠢᠷᠠᠭᠤᠯᠬᠤ ᠶᠢᠨ ᠬᠠᠮᠲᠤ ᠲᠣᠰ ᠱᠠᠲᠤᠨ ᠤ ᠣᠰᠣᠨ ᠠᠰᠢᠭᠯᠠᠯᠲᠠ᠂ ᠣᠢ ᠰᠢᠭᠤᠢ ᠨᠤᠲᠤᠭ ᠪᠡᠯᠴᠢᠭᠡᠷ᠂ ᠰᠢᠨᠵᠢᠯᠡᠭᠡ ᠮᠡᠷᠬᠡᠵᠢᠯ᠂ | ᠬᠦᠳᠡᠭᠡ ᠲᠤᠰᠬᠤᠨ ᠤ ᠬᠦᠭᠵᠢᠯ ᠮᠠᠨᠳᠣᠯ᠂ ᠦᠨᠳᠦᠰᠦᠲᠡᠨ ᠤ ᠬᠦᠭᠵᠢᠯᠲᠡ ᠵᠡᠷᠭᠡ ᠡᠯ᠎ᠡ ᠲᠦᠷᠦᠯ ᠤᠨ ᠪᠡᠯᠡ ᠮᠦᠩᠭᠦ ᠶᠢᠨ ᠪᠠᠲᠤᠯᠠᠭ᠎ᠠ ᠶᠢ ᠨᠢᠬᠡᠳᠦᠯᠲᠡᠢ | ᠲᠦᠯᠦᠪᠵᠢᠬᠦᠯᠦᠨ᠎ᠡ᠃ ᠡᠬᠦᠨ ᠠᠴᠠ ᠭᠠᠳᠠᠨ᠎ᠠ᠂ ︽ᠠᠰ ᠠᠰ ᠢᠶᠠᠷ ᠨᠢ ᠵᠦᠪᠯᠡᠬᠦ︾ ᠪᠡᠯᠡ ᠮᠦᠩᠭᠦ ᠶᠢ ᠵᠤᠬᠢᠰᠲᠠᠢ ᠲᠤᠬᠢᠷᠠᠭᠤᠯᠵᠤ᠂ ᠭᠤᠤᠯᠳᠠᠯᠭᠠᠲᠤ ᠲᠦᠷᠦᠯ | ᠵᠦᠢᠯ᠂ ᠴᠢᠬᠤᠯᠠ ᠠᠵᠤ ᠦᠢᠯᠡᠰ ᠤᠨ ᠬᠦᠭᠵᠢᠯᠲᠡ ᠶᠢ ᠳᠡᠮᠵᠢᠬᠦ ᠳᠤ ᠬᠡᠷᠡᠭᠯᠡᠨ᠎ᠡ᠃ ᠨᠡᠶᠢᠬᠡᠮ ᠤᠨ ᠪᠡᠯᠡ ᠮᠦᠩᠭᠦ ᠪᠠ ᠮᠦᠩᠭᠦᠨ ᠬᠦᠢᠯᠬᠡᠬᠡᠨ ᠤ ᠪᠡᠯᠡ ᠮᠦᠩᠭᠦ ᠶᠢ | ᠣᠷᠣᠯᠴᠠᠭᠤᠯᠬᠤ ᠶᠢ ᠵᠤᠷᠢᠭᠵᠢᠭᠤᠯᠤᠨ᠂ ᠭᠤᠤᠯ ᠣᠨᠴᠠᠯᠢᠭᠲᠤ ᠠᠵᠤ ᠦᠢᠯᠡᠰ ᠤᠨ ᠬᠦᠭᠵᠢᠬᠦᠯᠦᠯᠲᠡ ᠶᠢᠨ ᠲᠤᠭᠤᠷᠢᠨ ᠳᠤ ᠰᠠᠭᠤᠷᠢ ᠳᠦᠬᠦᠬᠡᠷᠦᠮᠵᠢ ᠶᠢᠨ | ᠪᠠᠶᠢᠭᠤᠯᠤᠯᠲᠠ᠂ ᠮᠠᠯ ᠲᠠᠷᠢᠶᠠᠯᠠᠩ ᠤᠨ ᠪᠦᠲᠦᠬᠡᠭᠳᠡᠬᠦᠨ ᠤ ᠨᠠᠷᠢᠯᠢᠭ ᠡᠳ᠋ᠰᠢᠬᠦᠯᠦᠯᠲᠡ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠬᠦᠭᠵᠢᠯᠲᠡ | ᠶᠢ ᠳᠡᠮᠵᠢᠨ᠎ᠡ᠃ | ︵ᠬᠤᠶᠠᠷ︶ ᠵᠢᠬᠡᠯᠡᠯᠬᠡ ᠶᠢᠨ ᠬᠦᠦ ᠮᠦᠩᠭᠦ ᠶᠢ ᠣᠷᠣᠯᠠᠨ ᠦᠭᠭᠦ ᠶᠢ ᠬᠡᠷᠡᠭᠵᠢᠬᠦᠯᠦᠨ᠎ᠡ᠃ ︽ᠣᠷᠳᠣᠰ ᠬᠤᠲᠠ ᠶᠢᠨ ᠬᠦᠳᠡᠭᠡ ᠲᠤᠰᠬᠤᠨ ᠢ ᠬᠦᠭᠵᠢᠬᠦᠯᠦᠨ | ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠬᠦᠯᠦᠯᠲᠡ ᠶᠢᠨ ᠮᠦᠩᠭᠦᠨ ᠬᠦᠢᠯᠬᠡᠬᠡ ᠪᠠᠷ ᠠᠵᠤ ᠦᠢᠯᠡᠰ ᠤᠨ ᠬᠦᠭᠵᠢᠯᠲᠡ ᠶᠢ ᠳᠡᠮᠵᠢᠬᠦ ᠠᠷᠭ᠎ᠠ︾ ᠶᠢ | ᠡᠳ᠋ᠯᠡᠬᠦᠯᠬᠦ ᠠᠴᠠ ᠭᠠᠳᠠᠨ᠎ᠠ᠂ ᠬᠤᠰᠢᠭᠤ ᠡᠳ᠋ ᠤᠨ ᠵᠠᠰᠠᠭ ᠠᠴᠠ ᠵᠢᠯ ᠪᠦᠷᠢ 500 ᠲᠦᠮᠡᠨ ᠲᠦᠬᠦᠷᠢᠭ ᠤᠨ ᠣᠷᠣᠯᠠᠨ ᠦᠭᠭᠦ ᠬᠦᠦ ᠮᠦᠩᠭᠦ ᠶᠢ ᠲᠤᠬᠢᠷᠠᠭᠤᠯᠵᠤ᠂ | ᠬᠤᠲᠠ ᠶᠢᠨ ᠲᠡᠰ ᠤᠨ ᠪᠡᠯᠡ ᠮᠦᠩᠭᠦ ᠲᠠᠢ ᠬᠠᠮᠲᠣᠳᠬᠠᠨ᠂ ᠠᠯᠠᠰᠢᠨ ᠦᠬᠡᠷ ᠤᠨ ᠠᠵᠤ ᠦᠢᠯᠡᠰ᠂ ᠢᠮᠠᠭᠠᠨ ᠨᠣᠣᠯᠣᠭᠤᠷ ᠤᠨ ᠠᠵᠤ ᠦᠢᠯᠡᠰ᠂ | ᠳᠦᠬᠦᠬᠡᠷᠦᠮᠵᠢᠲᠦ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠳᠤ ᠬᠦᠦ ᠮᠦᠩᠭᠦ ᠶᠢ ᠣᠷᠣᠯᠠᠨ ᠦᠭᠭᠦ ᠳᠤ ᠭᠤᠤᠯᠳᠠᠯᠭ᠎ᠠ ᠲᠠᠢ ᠬᠡᠷᠡᠭᠯᠡᠨ᠎ᠡ᠃ | ᠵᠢᠷᠭᠤᠭ᠎ᠠ᠂ ᠪᠤᠰᠣᠳ ᠵᠦᠢᠯ | ᠲᠤᠰ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠪᠦᠬᠦ ᠬᠤᠰᠢᠭᠤᠨ ᠤ ᠣᠯᠣᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠦᠪᠵᠢᠬᠦᠯᠬᠡ ᠪᠠ | ︽ᠣᠰᠣ ᠪᠠᠷ ᠳᠦᠷᠪᠡ ᠶᠢ ᠲᠤᠭᠲᠠᠭᠠᠬᠤ︾ ᠲᠦᠰᠦᠯ᠂ ᠣᠰᠣ ᠶᠢ ᠠᠷᠪᠢᠯᠠᠨ ᠣᠰᠣ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠦᠢᠴᠡᠳᠬᠡᠵᠦ᠂ ︽ᠣᠷᠢᠳᠠᠪᠠᠷ | ᠪᠠᠶᠢᠭᠤᠯᠤᠨ ᠰᠡᠬᠦᠯᠡᠷ ᠨᠦᠬᠦᠪᠦᠷᠢᠯᠡᠬᠦ᠂ ᠱᠠᠩᠨᠠᠬᠤ ᠪᠠᠷ ᠨᠦᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠠᠳᠠᠯᠢ ᠬᠡᠯᠪᠡᠷᠢ ᠶᠢᠨ ᠲᠦᠷᠦᠯ ᠵᠦᠢᠯ ᠳᠤ | ︽ᠨᠡᠩ ᠴᠢᠨᠠᠷᠯᠢᠭ ᠢ ᠰᠣᠩᠭᠤᠬᠤ︾ ᠵᠠᠷᠴᠢᠮ ᠢᠶᠠᠷ ᠳᠡᠮᠵᠢᠨ᠂ ᠲᠦᠷᠦᠯ ᠵᠦᠢᠯ ᠢ ᠬᠡᠷᠡᠭᠵᠢᠬᠦᠯᠬᠦ ᠶᠠᠪᠤᠴᠠ ᠳᠤ᠂ ᠠᠵᠤ ᠦᠢᠯᠡᠰ ᠤᠨ ᠬᠦᠭᠵᠢᠯᠲᠡ ᠶᠢᠨ ᠪᠤᠲᠠᠲᠠᠢ | ᠬᠡᠷᠡᠭᠴᠡᠭᠡ ᠱᠠᠭᠠᠷᠳᠠᠯᠭ᠎ᠠ ᠲᠠᠢ ᠣᠶᠠᠯᠳᠣᠭᠤᠯᠵᠣ᠂ ᠲᠦᠰᠦᠪ ᠤᠨ ᠪᠡᠯᠡ ᠮᠦᠩᠭᠦ ᠶᠢ ᠨᠢᠬᠡᠳᠦᠯᠲᠡᠢ ᠲᠦᠯᠦᠪᠵᠢᠬᠦᠯᠵᠦ ᠲᠤᠬᠢᠷᠠᠭᠤᠯᠤᠨ᠂ ᠲᠦᠷᠦᠯ ᠵᠦᠢᠯ ᠤᠨ ᠪᠡᠯᠡ | ᠮᠦᠩᠭᠦ ᠶᠢ ᠳᠠᠪᠠᠭᠤᠯᠢᠭ ᠭᠤᠤᠯᠳᠠᠯᠭᠠᠲᠤ ᠠᠵᠤ ᠦᠢᠯᠡᠰ᠂ ᠴᠢᠬᠤᠯᠠ ᠲᠦᠷᠦᠯ ᠵᠦᠢᠯ ᠳᠤ ᠲᠦᠪᠯᠡᠷᠡᠬᠦᠯᠦᠨ ᠬᠡᠷᠡᠭᠯᠡᠨ᠎ᠡ᠃ ᠭᠠᠵᠠᠷ ᠳᠣᠣᠷᠠᠬᠢ ᠣᠰᠣᠨ ᠤ ᠬᠡᠲᠦ | ᠠᠰᠢᠭᠯᠠᠯᠲᠠ ᠶᠢᠨ ᠣᠷᠣᠨ ᠤ ᠬᠦᠭᠵᠢᠯᠲᠡ ᠳᠤ ᠲᠤᠬᠢᠷᠠᠬᠤ ᠲᠦᠷᠦᠯ ᠵᠦᠢᠯ ᠢ ᠲᠡᠷᠢᠬᠦᠨ ᠳᠤ ᠨᠢ ᠳᠡᠮᠵᠢᠨ᠎ᠡ᠃ ᠣᠨᠴᠠᠭᠠᠢ ᠶᠠᠪᠤᠳᠠᠯ ᠵᠢᠴᠢ ᠪᠤᠰᠤᠳ ᠪᠠᠴᠢᠮ | ᠰᠢᠢᠳᠪᠦᠷᠢᠯᠡᠬᠦ ᠴᠢᠬᠤᠯᠠᠲᠠᠢ ᠣᠴᠢᠷ ᠶᠠᠪᠤᠳᠠᠯ ᠢ ︽ᠠᠰ ᠠᠰ ᠢᠶᠠᠷ ᠨᠢ ᠵᠦᠪᠯᠡᠬᠦ︾ ᠠᠷᠭ᠎ᠠ ᠮᠠᠶ᠋ᠢᠭ ᠢᠶᠠᠷ ᠳᠡᠮᠵᠢᠨ᠎ᠡ᠃ ᠲᠦᠷᠦᠯ ᠵᠦᠢᠯ ᠭᠤᠶᠤᠴᠢᠯᠠᠨ ᠮᠡᠳᠡᠬᠦᠯᠬᠦ | ᠳᠦᠷᠢᠮ ᠢ ᠬᠡᠷᠡᠭᠯᠡᠵᠦ᠂ ᠲᠦᠷᠦᠯ ᠵᠦᠢᠯ ᠤᠨ ᠭᠤᠶᠤᠴᠢᠯᠠᠯᠲᠠ ᠪᠠ ᠬᠢᠨᠠᠨ ᠰᠢᠯᠭᠠᠯᠲᠠ ᠶᠢᠨ ᠦᠨᠡᠯᠡᠯᠲᠡ ᠶᠢᠨ ᠬᠦᠢᠴᠡᠳᠬᠡᠯ ᠲᠤᠭ᠎ᠠ ᠵᠡᠷᠭᠡ ᠪᠤᠲᠠᠲᠠᠢ ᠬᠡᠷᠡᠭᠵᠢᠬᠦᠯᠬᠦ | ᠨᠠᠷᠢᠨ ᠳᠦᠷᠢᠮ ᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠠᠷᠢᠭᠤᠴᠠᠨ ᠲᠤᠭᠲᠠᠭᠠᠨ᠎ᠠ᠃ ᠲᠤᠰ ᠠᠷᠭ᠎ᠠ ᠠᠪᠴᠠᠯ ᠢ ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠨ ᠬᠡᠷᠡᠭᠵᠢᠬᠦᠯᠵᠦ᠂ 2025 ᠣᠨ ᠤ 12 ᠰᠠᠷ᠎ᠠ ᠶᠢᠨ 31 ᠤ ᠡᠳᠦᠷ ᠪᠤᠯᠲᠠᠯ᠎ᠠ ᠬᠦᠴᠦᠨ ᠲᠠᠢ᠂ ᠬᠡᠷᠡᠭᠵᠢᠬᠦᠯᠬᠦ ᠶᠠᠪᠤᠴᠠ ᠳᠤ ᠳᠡᠭᠡᠳᠦ | ᠱᠠᠲᠤᠨ ᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠲᠤᠬᠢᠷᠠᠭᠤᠯᠤᠯᠲᠠ ᠬᠢᠨ᠎ᠡ᠃ | |