ᠰᠢᠨ᠎ᠡ ᠡᠨᠧᠷᠬᠢ ᠶᠢᠨ ᠲᠦᠷᠦᠯ ᠵᠦᠢᠯ ᠣᠲᠤᠭ ᠤᠨ ᠡᠮᠦᠨᠡᠲᠦ ᠬᠤᠰᠢᠭᠤᠨ ᠤ ᠲᠤᠭᠲᠠᠮᠠᠯ ᠬᠦᠷᠦᠩᠬᠡ ᠶᠢᠨ ᠪᠡᠯᠡ ᠣᠷᠣᠭᠤᠯᠣᠯᠲᠠ ᠶᠢᠨ ᠨᠡᠮᠡᠭᠳᠡᠯ ᠳᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/1
     ᠦᠨᠤ ᠵᠢᠯ ᠠᠴᠠ ᠨᠠᠭᠠᠰᠢ᠂ ᠤᠳᠤᠭ ᠤᠨ ᠡᠮᠥᠨᠡᠳᠤ ᠬᠤᠰᠢᠭᠤ ᠦᠪᠡᠷ ᠤᠨ ᠳᠠᠪᠠᠭᠤᠯᠢᠭ ᠲᠤ ᠪᠠᠨ ᠲᠦᠰᠢᠭᠯᠡᠨ᠂ ᠬᠤᠳᠠᠯᠳᠤᠭ᠎ᠠ ᠡᠵᠡᠩᠨᠡᠯᠳᠡ ᠶᠢᠨ ᠤᠷᠴᠢᠨ ᠨᠦᠬᠦᠴᠡᠯ ᠤᠨ ᠪᠠᠶᠢᠭᠤᠯᠤᠯᠳᠠ ᠶᠢ ᠪᠥᠬᠦ ᠬᠥᠴᠤᠨ ᠢᠶᠠᠷ ᠰᠠᠶᠢᠳᠤᠷ ᠠᠳᠬᠤᠵᠣ᠂ ᠲᠥᠷᠤᠯ ᠵᠦᠢᠯ ᠤᠨ ᠪᠠᠶᠢᠭᠤᠯᠤᠯᠳᠠ ᠶᠢᠨ ᠴᠢᠬᠤᠯᠠ ᠡᠯᠧᠮᠧᠨ᠋ᠲ ᠤᠨ ᠬᠠᠨᠭ᠍ᠭᠠᠯᠭ᠎ᠠ ᠶᠢ ᠢᠳᠡᠪᠬᠢᠳᠠᠢ ᠪᠠᠳᠣᠯᠠᠨ᠂ ᠰᠢᠨ᠎ᠠ ᠡᠨᠧᠷᠬᠢ ᠶᠢᠨ ᠲᠥᠷᠤᠯ ᠵᠦᠢᠯ ᠤᠨ ᠨᠠᠶᠢᠳᠠᠪᠦᠷᠢᠵᠢᠭᠤᠯᠣᠯᠳᠠ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠣ᠂ ᠤᠯᠤᠰ ᠤᠨ ᠴᠡᠪᠡᠷ ᠡᠨᠧᠷᠬᠢ ᠶᠢᠨ ᠠᠵᠤ ᠤᠢᠢᠯᠡᠰ ᠤᠨ ᠦᠨᠳᠦᠷᠴᠡ ᠶᠢ ᠪᠥᠬᠦ ᠬᠥᠴᠤᠨ ᠢᠶᠠᠷ ᠴᠤᠭᠴᠠᠯᠠᠪᠠ᠃ 1 - 5 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42.3% ᠨᠡᠮᠡᠭᠳᠡᠨ᠂ ᠪᠥᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠪᠥᠬᠦ ᠬᠤᠲᠠ ᠠᠴᠠ 15 ᠵᠠᠭᠤᠨ ᠤ ᠨᠢᠭᠡᠴᠢ ᠥᠨᠳᠥᠷ ᠪᠣᠯᠪᠠ᠃     ᠭᠤᠷᠪᠠᠨ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 39.8% ᠪᠠᠷ ᠨᠡᠮᠡᠭᠳᠡᠨ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 0.2 ᠵᠠᠭᠤᠨ ᠤ ᠨᠢᠭᠡᠴᠢ ᠪᠠᠷ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 50.8% ᠪᠠᠷ ᠨᠡᠮᠡᠭᠳᠡᠨ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 46.9 ᠵᠠᠭᠤᠨ ᠤ ᠨᠢᠭᠡᠴᠢ ᠪᠠᠷ ᠲᠠᠶᠢᠴᠢᠯᠠᠪᠠ︔ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 68.1% ᠪᠠᠷ ᠪᠠᠭᠤᠷᠠᠨ᠂ ᠪᠥᠬᠦ ᠪᠠᠯᠠ ᠣᠷᠣᠭᠤᠯᠤᠯᠲᠠ ᠶᠢ 4.8 ᠵᠠᠭᠤᠨ ᠤ ᠨᠢᠭᠡᠴᠢ ᠪᠠᠷ ᠪᠠᠭᠤᠷᠠᠭᠤᠯᠵᠤ᠂ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ ᠨᠢ ᠲᠣᠰ ᠲᠣᠰ 0.5᠄ 97.9᠄ 1.6 ᠪᠣᠯᠪᠠ᠃     ᠪᠡᠯᠡ ᠣᠷᠣᠭᠤᠯᠤᠯᠲᠠ ᠶᠢᠨ ᠪᠦᠳᠦᠴᠡ ᠠᠴᠠ ᠦᠵᠡᠪᠡᠯ᠂ ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.4% ᠪᠠᠭᠤᠷᠠᠨ᠂ ᠪᠥᠬᠦ ᠪᠡᠯᠡ ᠣᠷᠣᠭᠤᠯᠤᠯᠲᠠ ᠶᠢᠨ 22.2% ᠢ ᠡᠵᠡᠯᠡᠪᠡ︔ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.5 ᠳᠠᠬᠢᠨ ᠨᠡᠮᠡᠭᠳᠡᠨ᠂ ᠪᠦᠬᠦ ᠪᠡᠯᠡ ᠣᠷᠣᠭᠤᠯᠤᠯᠲᠠ ᠶᠢᠨ 61.9% ᠶᠢ ᠡᠵᠡᠯᠡᠪᠡ︔ ᠪᠤᠰᠤᠳ ᠵᠠᠷᠤᠳᠠᠯ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠨ᠂ ᠪᠦᠬᠦ ᠪᠡᠯᠡ ᠣᠷᠣᠭᠤᠯᠤᠯᠲᠠ ᠶᠢᠨ 15.8% ᠶᠢ ᠡᠵᠡᠯᠡᠪᠡ᠃     ᠠᠵᠢᠯ ᠲᠥᠷᠥᠯ ᠤᠨ ᠠᠩᠭᠢᠯᠠᠯ ᠠᠴᠠ ᠦᠵᠡᠪᠡᠯ᠂ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠨᠢ ᠮᠠᠨ ᠤ ᠬᠤᠰᠢᠭᠤᠨ ᠤ ᠪᠠᠯᠠ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ ᠭᠤᠤᠯ ᠬᠦᠴᠦᠨ ᠪᠣᠯᠪᠠ᠂ ᠭᠤᠤᠯᠳᠠᠭᠤ ᠦᠪᠦᠷ ᠮᠣᠩᠭᠤᠯ ᠤᠨ ᠪᠠᠷᠠᠭᠤᠨ ᠬᠡᠰᠡᠭ ᠤᠨ ᠣᠷᠳᠣᠰ ᠤᠨ ᠨᠡᠭᠦᠷᠡᠰᠦ ᠮᠠᠯᠲᠠᠭᠰᠠᠨ ᠠᠴᠠ ᠪᠣᠯᠵᠣ ᠰᠠᠭᠤᠭᠳᠠᠰᠠᠨ ᠣᠷᠣᠨ ᠤ ᠰᠢᠨ᠎ᠡ ᠡᠨᠧᠷᠭᠢ ᠶᠢᠨ ᠲᠥᠷᠥᠯ ᠵᠣᠶᠢᠯ᠂ ᠷᠦᠨ ᠶᠠᠩ ᠶᠤᠸᠡᠢ ᠳ᠋ᠠ ᠶᠢᠨ ᠨᠠᠷᠠᠨ ᠡᠨᠧᠷᠬᠢ ᠶᠢᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠬᠦᠯᠬᠦ ᠲᠦᠷᠦᠯ ᠵᠦᠢᠯ᠂ ᠱᠠᠩᠬᠠᠶ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠷᠠᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠣᠶᠢᠯ ᠢᠶᠠᠷ ᠲᠦᠷᠦᠭᠦᠯᠡᠭᠦᠯᠦᠭᠰᠡᠨ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 154.1% ᠪᠠᠷ ᠨᠡᠮᠡᠭᠳᠡᠨ᠂ ᠪᠥᠬᠦ ᠪᠠᠯᠠ ᠣᠷᠣᠭᠤᠯᠤᠯᠲᠠ ᠶᠢᠨ 81.7% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢ 70.5 ᠵᠠᠭᠤᠨ ᠤ ᠨᠢᠭᠡᠴᠢ ᠪᠠᠷ ᠲᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 166.7% ᠳᠤ ᠬᠦᠷᠴᠡᠶ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ