ᠤᠳᠤᠭ ᠤᠨ ᠡᠮᠤᠨᠡᠳᠤ ᠬᠤᠰᠢᠭᠤᠨ ᠤ ᠨᠢᠬᠡᠳᠤᠬᠡᠷ ᠬᠤᠭᠤᠴᠠᠭᠠᠨ ᠤ ᠴᠠᠬᠢᠯᠭᠠᠨ ᠬᠦᠴᠤᠨ ᠤ ᠠᠵᠢᠯ ᠲᠦᠷᠤᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2024/7/10
     ᠤᠶᠢᠷ᠎ᠠ ᠳᠤ᠂ 2024 ᠤᠨ ᠤ ᠤᠳᠤᠭ ᠤᠨ ᠡᠮᠤᠨᠡᠳᠤ ᠬᠤᠰᠢᠭᠤᠨ ᠤ ᠨᠢᠬᠡᠳᠤᠬᠡᠷ ᠬᠤᠭᠤᠴᠠᠭᠠᠨ ᠤ ᠴᠠᠬᠢᠯᠭᠠᠨ ᠬᠦᠴᠤᠨ ᠤ ᠠᠵᠢᠯ ᠲᠦᠷᠤᠯ ᠤᠨ ᠮᠡᠷᠬᠡᠵᠢᠯ ᠴᠢᠳᠠᠪᠤᠷᠢ ᠶᠢᠨ ᠤᠷᠤᠯᠳᠤᠭᠠᠨ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠳᠤ ᠠᠮᠵᠢᠯᠳᠠᠳᠠᠢ ᠶᠠᠪᠤᠭᠳᠠᠪᠠ᠃     ᠤᠷᠤᠯᠳᠤᠭᠠᠨ ᠢ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠳᠠᠨ ᠤ ᠠᠵᠢᠯ ᠤᠨ ᠤᠳᠤᠷᠢᠤᠨᠬᠤ ᠳᠤᠭᠤᠶᠢᠯᠠᠩ ᠪᠠ ᠱᠠᠩᠬᠠᠢ  ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ ᠠᠴᠠ ᠭᠤᠤᠯᠯᠠᠨ ᠡᠷᠬᠢᠯᠡᠵᠡᠢ᠃ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 3 ᠴᠠᠬᠢᠯᠭᠠᠨ ᠬᠦᠴᠤᠨ ᠤ ᠠᠵᠤ ᠠᠬᠤᠶᠢᠯᠠᠯ ᠤᠨ 6 ᠠᠩᠬᠢ᠂ ᠬᠦᠷᠢᠶᠡᠯᠡᠩ ᠳᠤᠭᠤᠷᠢᠭ  ᠤᠨ ᠨᠡᠬᠦᠷᠡᠰᠤ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠪᠦᠯᠦᠭᠯᠡᠯ ᠤᠨ ᠬᠢᠨᠠᠨ ᠡᠵᠡᠮᠳᠡᠬᠦ ᠵᠢᠵᠢᠬᠦᠷᠯᠡᠭᠴᠢ ᠪᠤᠯᠤᠨ ᠴᠠᠬᠢᠯᠭᠠᠨ ᠤ ᠠᠵᠢᠯᠴᠢᠤᠨ ᠵᠡᠷᠬᠡ 36 ᠬᠦᠮᠤᠨ  ᠤᠷᠤᠯᠳᠤᠭᠠᠨ ᠳᠤ ᠤᠷᠤᠯᠴᠠᠵᠠᠢ᠃     ᠬᠤᠶᠠᠷ ᠡᠳᠤᠷ ᠤᠨ ᠪᠠᠴᠢᠮ ᠰᠢᠷᠤᠭᠦᠨ ᠤᠨᠤᠯ ᠤᠨ ᠰᠢᠯᠭᠠᠯᠳᠠ ᠪᠠ ᠤᠷ᠎ᠠ ᠴᠢᠳᠠᠪᠤᠷᠢ ᠶᠢᠨ ᠦᠵᠡᠯᠴᠠᠬᠡᠨ ᠢᠶᠠᠷ ᠳᠠᠮᠵᠢᠭᠠᠤᠨ᠂ ᠱᠠᠨᠳᠦ᠋ᠩ ᠤᠨ ᠡᠨᠧᠷᠬᠢ ᠶᠢᠨ  ᠦᠪᠤᠷ ᠮᠤᠩᠭᠤᠯ ᠤᠨ ᠱᠧᠩ ᠯᠤ᠋ ᠴᠠᠬᠢᠯᠭᠠᠨ ᠬᠦᠴᠤᠨ ᠤ ᠬᠢᠵᠠᠭᠠᠷᠳᠤ ᠺᠤᠮᠫᠠᠨᠢ ᠶᠢᠨ ᠷᠤ᠋ ᠶᠢᠨ ᠶᠦᠩ᠂ ᠪᠠᠢ ᠪᠤᠤ ᠬᠤᠶᠠᠷ ᠤᠷᠤᠯᠴᠠᠭᠴᠢ ᠳᠤᠰ ᠳᠤᠰ ᠬᠤᠶᠠᠷ ᠤᠷᠤᠯᠳᠤᠭᠠᠨ ᠤ ᠵᠦᠢᠯ ᠳᠤ ᠳᠤᠰ ᠳᠤᠰ ᠨᠢᠬᠡᠳᠤᠬᠡᠷ ᠲᠤ ᠳᠤᠳᠤᠷᠠᠵᠤ᠂ ᠦᠪᠤᠷ ᠮᠤᠩᠭᠤᠯ ᠤᠨ ᠴᠠᠩ ᠴᠧᠩ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ ᠶᠢᠨ ᠭᠥᠸᠧ ᠵᠧᠨ ᠹᠠᠩ᠂ ᠤᠯᠤᠰ ᠤᠨ ᠴᠠᠬᠢᠯᠭᠠᠨ ᠬᠦᠴᠤᠨ ᠤ ᠱᠤᠸᠠᠩ ᠸᠧᠢ ᠦᠪᠤᠷ ᠮᠤᠩᠭᠤᠯ ᠤᠨ ᠱᠠᠩᠬᠠᠢ ᠶᠢᠨ ᠰᠦᠮ᠎ᠠ ᠡᠨᠧᠷᠬᠢ  ᠶᠢᠨ ᠬᠢᠵᠠᠭᠠᠷᠳᠤ ᠺᠤᠮᠫᠠᠨᠢ ᠶᠢᠨ ᠬᠦᠸᠧ ᡁᠢ ᠶᠦᠩ ᠵᠡᠷᠬᠡ 12 ᠤᠷᠤᠯᠴᠠᠭᠴᠢ ᠳᠤᠰ ᠳᠤᠰ ᠬᠤᠶᠠᠷ ᠲᠦᠷᠤᠯ ᠤᠨ ᠤᠷᠤᠯᠳᠤᠭᠠᠨ ᠤ ᠬᠤᠶᠠᠷ᠂ ᠭᠤᠷᠪᠠᠳᠤᠭᠠᠷ ᠲᠤ ᠤᠷᠤᠪᠠ᠃     ᠤᠷᠤᠯᠳᠤᠭᠠᠨ ᠨᠢ ᠨᠢᠬᠡ ᠤᠳᠠᠭᠠᠨ ᠤ ᠮᠡᠷᠬᠡᠵᠢᠯ ᠤᠨ ᠤᠷ᠎ᠠ ᠴᠢᠳᠠᠪᠤᠷᠢ ᠶᠢᠨ ᠦᠵᠡᠬᠦᠯᠤᠯᠳᠠ ᠪᠤᠯᠤᠭᠰᠡᠨ ᠢᠶᠠᠷ ᠪᠠᠷᠠᠬᠤ ᠦᠬᠡᠢ᠂ ᠡᠷᠴᠢᠮ ᠬᠦᠴᠤᠳᠠᠢ ᠴᠠᠬᠢᠯᠭᠠᠨ ᠬᠦᠴᠤᠨ ᠤ ᠰᠠᠯᠪᠤᠷᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠨᠢ ᠠᠵᠤ ᠤᠶᠢᠯᠡᠰ ᠤᠨ ᠠᠵᠢᠯᠴᠢᠨ ᠤ ᠡᠩᠨᠡᠬᠡᠨ ᠤ ᠪᠠᠶᠢᠭᠤᠯᠤᠯᠳᠠ ᠪᠠ ᠳᠡᠬᠡᠳᠤ ᠮᠡᠷᠬᠡᠵᠢᠯ ᠤᠨ ᠴᠢᠳᠠᠪᠤᠷᠢᠳᠠᠨ ᠤ ᠬᠦᠮᠤᠵᠢᠬᠦᠯᠤᠯᠳᠠ ᠶᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ᠂ ᠦᠷᠬᠡᠨ ᠤᠯᠠᠨ ᠮᠡᠷᠬᠡᠵᠢᠯ ᠤᠨ ᠠᠵᠢᠯᠳᠠᠤᠨ ᠤᠨ ᠰᠢᠨ᠎ᠠ ᠶᠢ ᠡᠬᠦᠤᠨᠴᠤ᠂ ᠢᠯᠴᠢ ᠶᠢᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠬᠡᠪ ᠵᠠᠭᠪᠤᠷ ᠢ ᠰᠢᠨᠡᠴᠢᠯᠡᠬᠦ ᠳᠤ ᠬᠦᠳᠡᠯᠬᠡᠭᠴᠢ ᠬᠦᠴᠤᠨ ᠪᠤᠯᠤᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ