2024 ᠣᠨ ᠤ ᠳᠡᠭᠡᠷ᠎ᠡ ᠬᠠᠭᠠᠰ ᠵᠢᠯ ᠣᠲᠤᠭ ᠤᠨ ᠡᠮᠦᠨᠡᠲᠦ ᠬᠤᠰᠢᠭᠤᠨ ᠤ ᠬᠡᠷᠡᠭᠯᠡᠬᠡᠨ ᠤ ᠵᠠᠬ᠎ᠠ ᠳᠡᠯᠬᠡᠬᠦᠷ ᠲᠤᠭᠲᠠᠭᠤᠨ ᠤ ᠳᠣᠮᠳᠠ ᠰᠢᠯᠢᠳᠡᠭᠵᠢᠵᠦ᠂ ᠨᠡᠷᠡᠰ ᠤᠨ ᠵᠢᠭᠰᠠᠭᠠᠯᠲᠠ ᠳᠡᠭᠡᠭᠰᠢᠯᠡᠪᠡ
ᠨᠡᠶᠢᠲᠡᠯᠡᠭᠰᠡᠨ ᠴᠠᠭ᠄
2024/7/24
     1 — 6 ᠰᠠᠷ᠎ᠠ ᠳᠤ᠂ ᠪᠦᠬᠦ ᠬᠤᠰᠢᠭᠤᠨ ᠤ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 12.39 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ  ᠤ ᠬᠢ ᠠᠴᠠ 6.0% ᠢᠶᠠᠷ ᠨᠡᠮᠡᠭᠳᠡᠨ᠂ ᠨᠡᠮᠡᠭᠳᠡᠯ ᠤᠨ ᠬᠤᠷᠳᠣᠴᠠ ᠪᠦᠬᠦ ᠬᠤᠲᠠ ᠶᠢᠨ ᠳᠦᠷᠪᠡᠳᠦᠬᠡᠷ ᠲᠤ ᠣᠷᠣᠪᠠ᠃     ᠨᠢᠭᠡ᠂ ᠵᠠᠬ᠎ᠠ ᠳᠡᠯᠬᠡᠬᠦᠷ ᠤᠨ ᠬᠡᠪᠴᠢᠶᠡᠵᠢᠯ ᠲᠤᠭᠲᠠᠭᠤᠨ ᠢᠶᠠᠷ ᠨᠡᠮᠡᠭᠳᠡᠵᠦ᠂ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ ᠨᠢᠬᠡᠴᠢ ᠶᠢᠨ ᠬᠡᠷᠡᠭᠯᠡᠭᠡ ᠶᠢ ᠳᠠᠶᠢᠴᠢᠯᠠᠪᠠ     6 ᠰᠠᠷ᠎ᠠ ᠪᠤᠯᠲᠠᠯ᠎ᠠ᠂ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ 2 ᠨᠢᠬᠡᠴᠢ ᠰᠢᠨ᠎ᠡ ᠪᠠᠷ ᠨᠡᠮᠡᠭᠳᠡᠵᠦ᠂ ᠪᠦᠬᠦ ᠬᠤᠰᠢᠭᠤᠨ ᠤ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ ᠠᠷᠠᠯᠵᠢᠶᠠᠨ ᠤ  ᠨᠢᠬᠡᠴᠢ ᠶᠢᠨ ᠵᠢᠵᠢᠭᠯᠡᠨ ᠪᠤᠷᠤᠯᠠᠭᠤᠯᠤᠭᠰᠠᠨ ᠦᠷᠲᠡᠭ 2.63 ᠳ᠋ᠦᠩᠰᠢᠭᠤᠷ ᠲᠦᠬᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 26.6% ᠪᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ ᠤᠨ ᠨᠡᠮᠡᠭᠳᠡᠯ ᠤᠨ ᠬᠤᠷᠳᠣᠴᠠ ᠶᠢ 5.8 ᠵᠠᠭᠤᠨ ᠤ ᠨᠢᠬᠡᠴᠢ ᠳᠠᠶᠢᠴᠢᠯᠠᠨ᠂ ᠬᠡᠷᠡᠭᠯᠡᠬᠡᠨ ᠤ ᠵᠠᠬ᠎ᠠ ᠳᠡᠯᠬᠡᠬᠦᠷ ᠤᠨ ᠲᠤᠭᠲᠠᠭᠤᠨ ᠨᠡᠮᠡᠭᠳᠡᠯ ᠢ ᠲᠤᠯᠭᠠᠭᠤᠷᠢᠯᠠᠨ ᠳᠠᠶᠢᠴᠢᠯᠠᠬᠤ ᠭᠤᠤᠯ ᠬᠦᠳᠡᠯᠬᠡᠬᠦ ᠬᠦᠴᠦᠨ ᠪᠤᠯᠪᠠ᠃     ᠬᠤᠶᠠᠷ᠂ ᠬᠦᠳᠡᠭᠡ ᠲᠤᠰᠬᠤᠨ ᠤ ᠬᠡᠷᠡᠭᠯᠡᠬᠡᠨ ᠤ ᠳᠠᠯᠳᠠ ᠬᠦᠴᠦᠨ ᠠᠯᠬᠤᠮ ᠠᠯᠬᠤᠮ ᠢᠶᠠᠷ ᠢᠯᠡᠷᠡᠪᠡ     ᠡᠯ᠎ᠡ ᠲᠦᠷᠦᠯ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠤᠳᠠᠯᠳᠣᠭᠠᠨ ᠤ ᠵᠠᠭᠪᠤᠷ ᠤᠨ ᠠᠵᠤ ᠠᠬᠤᠶᠢᠯᠠᠯ ᠬᠦᠳᠡᠭᠡ ᠲᠤᠰᠬᠤᠨ ᠳᠤ ᠶᠡᠭᠡ ᠬᠡᠮᠵᠢᠶ᠎ᠡ ᠪᠠᠷ ᠬᠦᠭᠵᠢᠬᠦ ᠶᠢ ᠳᠠᠭᠠᠯᠳᠣᠨ᠂ ᠲᠠᠷᠢᠶᠠᠴᠢᠨ ᠠᠵᠢᠯ ᠤᠨ ᠪᠠᠶᠠᠰᠣᠯ ᠵᠡᠷᠭᠡ ᠰᠡᠯᠡᠬᠦᠴᠡᠯ ᠵᠤᠭᠠᠴᠠᠯ ᠤᠨ ᠲᠠᠷᠢᠶᠠᠯᠠᠩ ᠤᠨ ᠦᠢᠯᠡᠰ ᠬᠦᠭᠵᠢᠨ ᠪᠤᠵᠠᠭᠠᠶᠢᠷᠠᠬᠤ ᠪᠠᠶᠢᠳᠠᠯ ᠢᠯᠡᠷᠡᠪᠡ᠃ 1 — 6 ᠰᠠᠷ᠎ᠠ ᠳᠤ᠂ ᠪᠦᠬᠦ ᠬᠤᠰᠢᠭᠤᠨ ᠤ ᠬᠦᠳᠡᠭᠡ ᠲᠤᠰᠬᠤᠨ ᠤ ᠨᠡᠶᠢᠬᠡᠮ  ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ ᠤᠨ ᠨᠡᠮᠡᠭᠳᠡᠯ ᠤᠨ ᠬᠤᠷᠳᠣᠴᠠ 6.3%  ᠳᠤ ᠬᠦᠷᠴᠦ᠂ ᠬᠤᠲᠠ ᠪᠠᠯᠭᠠᠰᠣᠨ ᠤ ᠬᠦᠭᠵᠢᠯᠲᠡ ᠶᠢᠨ ᠬᠤᠷᠳᠣᠴᠠ ᠠᠴᠠ 0.5 ᠵᠠᠭᠤᠨ ᠤ ᠨᠢᠭᠡᠴᠢ ᠪᠠᠷ ᠳᠡᠭᠡᠭᠰᠢᠯᠡᠨ᠂ ᠬᠦᠳᠡᠭᠡ ᠲᠤᠰᠬᠤᠨ ᠤ ᠵᠠᠬ᠎ᠠ ᠳᠡᠯᠬᠡᠬᠦᠷ ᠬᠠᠷᠢᠴᠠᠩᠭᠤᠢ ᠬᠦᠭᠵᠢᠵᠦ᠂ ᠬᠦᠳᠡᠭᠡ ᠲᠤᠰᠬᠤᠨ ᠤ ᠬᠡᠷᠡᠭᠯᠡᠬᠡᠨ ᠤ ᠪᠤᠳᠠᠰ ᠤᠨ ᠵᠠᠬ᠎ᠠ ᠳᠡᠯᠬᠡᠬᠦᠷ ᠤᠨ ᠳᠠᠯᠳᠠ ᠬᠦᠴᠦᠨ ᠠᠯᠬᠤᠮ ᠠᠯᠬᠤᠮ ᠢᠶᠠᠷ ᠢᠯᠡᠷᠡᠪᠡ᠃     ᠭᠤᠷᠪᠠ᠂ ᠮᠠᠰᠢᠨ ᠲᠡᠷᠭᠡᠨ ᠤ ᠬᠡᠷᠡᠭᠯᠡᠭᠡ ᠦᠷᠬᠦᠯᠵᠢᠯᠡᠨ ᠬᠦᠭᠵᠢᠪᠡ     1 — 6 ᠰᠠᠷ᠎ᠠ ᠳᠤ᠂ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ ᠨᠢᠬᠡᠴᠢ ᠶᠢᠨ ᠮᠠᠰᠢᠨ ᠲᠡᠷᠬᠡᠨ ᠤ ᠲᠦᠷᠦᠯ ᠤᠨ ᠵᠢᠵᠢᠭᠯᠡᠨ ᠪᠤᠷᠤᠯᠠᠭᠤᠯᠤᠭᠰᠠᠨ ᠦᠷᠲᠡᠭ 2496.3 ᠲᠦᠮᠡᠨ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.8% ᠪᠠᠷ ᠨᠡᠮᠡᠭᠳᠡᠨ᠂ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ ᠤᠨ ᠨᠡᠮᠡᠭᠳᠡᠯ ᠤᠨ ᠬᠤᠷᠳᠣᠴᠠ ᠶᠢ 4.7 ᠵᠠᠭᠤᠨ ᠤ ᠨᠢᠬᠡᠴᠢ ᠳᠠᠶᠢᠴᠢᠯᠠᠵᠤ᠂ ᠬᠢᠵᠠᠭᠠᠷᠯᠠᠭᠰᠠᠨ ᠦᠷᠲᠡᠭ ᠠᠴᠠ ᠳᠡᠭᠡᠭᠰᠢᠬᠢ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠦᠷᠲᠡᠭ ᠠᠳᠠᠯᠢ ᠬᠤᠭᠤᠴᠠᠭᠠᠨ ᠤ ᠬᠢ ᠠᠴᠠ 18.99 ᠳᠠᠬᠢᠨ ᠨᠡᠮᠡᠭᠳᠡᠨ᠂ ᠲᠡᠣᠬᠡ ᠶᠢᠨ ᠰᠢᠨ᠎ᠡ ᠲᠡᠮᠲᠡᠭᠯᠡᠯ ᠢ ᠡᠬᠦᠳᠪᠡ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ