1 - 5 ᠰᠠᠷ᠎ᠠ ᠣᠳᠤᠭ ᠤᠨ ᠡᠮᠦᠨᠡᠳᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2024/7/3
     2024 ᠣᠨ ᠤ 1 ᠰᠠᠷ᠎ᠠ - 5 ᠰᠠᠷ᠎ᠠ ᠳᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠷᠴᠢᠳᠦ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤ ᠪᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠦᠷᠭᠦᠯᠵᠢᠯᠡᠨ ᠨᠡᠮᠡᠭᠳᠡᠵᠦ᠂ ᠨᠡᠭᠦᠷᠡᠰᠦ᠂ ᠬᠡᠦᠷᠡᠰᠦ᠂ ᠴᠠᠬᠢᠯᠭᠠᠨ ᠪᠠ ᠰᠢᠲᠠᠮᠠᠬᠠᠶ ᠬᠡᠶ ᠵᠡᠷᠭᠡ ᠣᠯᠠᠨ ᠲᠠᠯ᠎ᠠ ᠪᠠᠷ ᠬᠦᠴᠦᠯᠡᠭᠡᠳ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃     ᠭᠤᠷᠪᠠᠨ ᠶᠡᠭᠡ ᠲᠥᠷᠥᠯ ᠠᠴᠠ ᠦᠵᠡᠪᠡᠯ᠂ 1 - 5 ᠰᠠᠷ᠎ᠠ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 20.1% ᠨᠡᠮᠡᠭᠳᠡᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠵᠦ᠂ ᠪᠥᠬᠦ ᠬᠤᠲᠠ  ᠶᠢᠨ ᠬᠤᠷᠳᠣᠴᠠ ᠠᠴᠠ 17.1 ᠵᠠᠭᠤᠨ ᠤ ᠨᠢᠭᠡᠴᠢ ᠥᠨᠳᠥᠷ ᠪᠠᠶᠢᠵᠣ᠂ ᠪᠦᠬᠦ ᠬᠤᠳᠠ ᠶᠢᠨ ᠨᠢᠭᠡᠳᠦᠭᠡᠷ ᠲᠤ ᠣᠷᠣᠪᠠ᠃ ᠠᠭᠤᠷᠬᠠᠶ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ︔ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ︔ ᠴᠠᠬᠢᠯᠭᠠᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 44.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠣᠶᠢᠯᠠᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 12.9 ᠳ᠋ᠦᠩᠰᠢᠭᠤᠷ ᠭᠷᠠᠳᠦ᠋ᠰ ᠬᠦᠷᠴᠦ᠂ ᠠᠳᠠᠯᠢ ᠬᠤᠭᠤᠴᠠᠭᠠᠨ ᠤ ᠬᠢ ᠠᠴᠠ 35 % ᠪᠠᠷ ᠨᠡᠮᠡᠭᠳᠡᠪᠡ᠃     ᠦᠢᠯᠡᠳᠬᠦᠨ ᠤ ᠭᠠᠷᠤᠯᠲᠠ ᠠᠴᠠ ᠦᠵᠡᠪᠡᠯ᠂ 1 - 5 ᠰᠠᠷ᠎ᠠ ᠳᠤ ᠮᠠᠨ ᠤ ᠬᠤᠰᠢᠭᠤᠨ ᠤ ᠨᠡᠭᠦᠷᠡᠰᠦᠨ ᠤ ᠭᠠᠷᠤᠯᠲᠠ 1050.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ︔ ᠬᠡᠤᠷᠠᠰᠢᠭᠦᠯᠦᠭᠰᠡᠨ ᠨᠡᠭᠦᠷᠡᠰᠣᠨ ᠭᠠᠷᠤᠯᠲᠠ 46.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ ᠰᠢᠩᠭᠡᠵᠢᠭᠦᠯᠦᠭᠰᠡᠨ ᠰᠢᠲᠠᠮᠠᠬᠠᠶ ᠬᠡᠶ ᠶᠢᠨ ᠭᠠᠷᠤᠯᠲᠠ 42.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 148.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.2% ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 99.1% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9 ᠵᠠᠭᠤᠨ ᠤ ᠨᠢᠭᠡᠴᠢ ᠨᠡᠮᠡᠭᠳᠡᠪᠡ᠃     ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ 1 - 5 ᠰᠠᠷ᠎ᠠ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 132.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.7% ᠪᠠᠷ ᠨᠡᠮᠡᠭᠳᠡᠨ᠂ ᠡᠵᠡᠩᠨᠡᠯᠲᠡ ᠶᠢᠨ ᠥᠪᠡᠷ ᠤᠨ ᠥᠷᠲᠡᠭ 102.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6% ᠪᠠᠷ ᠨᠡᠮᠡᠭᠳᠡᠨ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 8.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 157.6% ᠪᠠᠷ ᠨᠡᠮᠡᠭᠳᠡᠪᠡ︔ ᠵᠠᠭᠤᠨ ᠲᠥᠭᠦᠷᠢᠭ ᠨᠢᠭᠡᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠦᠪᠡᠷ  ᠤᠨ ᠥᠷᠲᠡᠭ 77.6 ᠲᠥᠭᠦᠷᠢᠭ ᠪᠣᠯᠵᠣ᠂ ᠠᠳᠠᠯᠢ ᠬᠤᠭᠤᠴᠠᠭᠠᠨ ᠤ ᠬᠢ ᠠᠴᠠ 2.5 ᠲᠥᠭᠦᠷᠢᠭ ᠪᠠᠭᠤᠷᠠᠪᠠ︔ ᠡᠳ᠋ ᠬᠥᠷᠥᠩᠭᠡ ᠨᠡᠶᠢᠲᠡ 623.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠨ᠂ ᠥᠷᠢᠲᠦᠯ ᠨᠡᠶᠢᠲᠡ 438.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠨ᠂ ᠬᠥᠷᠥᠩᠭᠡ ᠶᠢᠨ ᠥᠷᠢᠲᠦᠯ ᠤᠨ ᠨᠣᠷᠮ᠎ᠠ 70.4% ᠳᠤ ᠬᠦᠷᠴᠦ᠂ ᠨᠢᠳᠤᠨᠤᠨ ᠤ ᠬᠢ ᠠᠴᠠ 4.8 ᠵᠠᠭᠤᠨ ᠤ ᠨᠢᠭᠡᠴᠢ ᠨᠡᠮᠡᠭᠳᠡᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ