ᠲᠠᠷᠢᠶᠠᠨ ᠰᠢᠯᠢ ᠭᠠᠴᠠᠭ᠎ᠠ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ | ᠠᠴᠠ 3 ᠺᠢᠯᠣᠮᠧᠲᠷ ᠵᠠᠶᠢᠲᠠᠢ᠃ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 12.6 ᠲᠦᠮᠡᠨ ᠮᠣ᠋᠂ ᠡᠬᠦᠨ ᠳᠤ ᠨᠣᠲᠤᠭ ᠪᠡᠯᠴᠢᠬᠡᠷ 8 ᠲᠦᠮᠡᠨ ᠮᠣ᠋᠂ ᠣᠢ ᠶᠢᠨ | ᠭᠠᠵᠠᠷ 3 ᠲᠦᠮᠡᠨ ᠮᠣ᠋᠂ ᠣᠰᠣᠨ ᠭᠠᠵᠠᠷ 1.4 ᠲᠦᠮᠡᠨ ᠮᠣ᠋ ᠪᠣᠢ᠃ 5 ᠮᠠᠯ ᠲᠠᠷᠢᠶᠠᠯᠠᠩ ᠤᠨ ᠬᠤᠷᠰᠢᠶ᠎ᠠ᠂ 389 ᠡᠷᠣᠬᠡ 1197 ᠬᠦᠮᠦᠨ ᠠᠮᠠ ᠲᠠᠢ᠂ | ᠡᠬᠦᠨ ᠳᠤ ᠪᠠᠶᠢᠩᠭᠤ ᠰᠠᠭᠤᠭ᠎ᠠ 248 ᠡᠷᠣᠬᠡ 814 ᠬᠦᠮᠦᠨ᠂ 29 ᠨᠠᠮ ᠤᠨ ᠬᠡᠰᠢᠬᠦᠨ ᠲᠠᠢ᠃ ᠣᠳᠣ ᠦᠶ᠎ᠡ ᠶᠢᠨ ᠲᠠᠷᠢᠶᠠᠯᠠᠩ ᠤᠨ ᠰᠠᠭᠤᠷᠢᠨ ᠲᠡᠭᠡᠷ᠎ᠡ | ᠬᠠᠰᠢᠶᠠᠯᠠᠨ ᠲᠡᠵᠢᠬᠡᠬᠦ ᠦᠢᠯᠡᠰ ᠢ ᠶᠡᠬᠡᠪᠡᠷ ᠬᠦᠭᠵᠢᠬᠦᠯᠵᠣ ᠪᠣᠢ᠃ 2017 ᠣᠨ ᠳᠤ ᠭᠠᠴᠠᠭᠠᠨ ᠤ ᠬᠠᠮᠳᠣ ᠶᠢᠨ ᠠᠵᠣ ᠠᠬᠤᠢ ᠶᠢᠨ ᠣᠷᠣᠯᠭ᠎ᠠ 10 ᠲᠦᠮᠡᠨ | ᠲᠦᠬᠦᠷᠢᠭ᠂ ᠪᠠᠶᠢᠩᠭᠤ ᠰᠠᠭᠤᠭ᠎ᠠ ᠬᠦᠮᠦᠨ ᠠᠮᠠ ᠶᠢᠨ ᠡᠵᠡᠮᠳᠡᠵᠣ ᠪᠣᠯᠬᠤ ᠲᠣᠮᠳᠠᠴᠢ ᠣᠷᠣᠯᠭ᠎ᠠ 14000 ᠲᠦᠬᠦᠷᠢᠭ ᠲᠤ ᠬᠦᠷᠪᠡ᠃ |