5 ᠳ᠋ᠣᠭᠠᠷ ᠰᠠᠷ᠎ᠠ ᠳᠤ᠂ ︽ᠣᠳᠤᠭ ᠤᠨ ᠡᠮᠦᠨᠡᠳᠦ ᠬᠤᠰᠢᠭᠤᠨ ᠤ 2024 ᠣᠨ ᠤ ᠠᠷᠠᠳ ᠤᠨ ᠠᠮᠢᠳᠣᠷᠠᠯ | ᠤᠨ ᠬᠠᠷᠠᠭᠠᠯᠵᠠᠯ ᠤᠨ ᠬᠡᠷᠡᠭᠯᠡᠭᠡᠨ ᠤ ᠨᠦᠬᠦᠪᠦᠷᠢ ᠶᠢᠨ ᠬᠡᠷᠡᠭᠵᠢᠭᠦᠯᠬᠦ ᠲᠦᠰᠦᠯ︾ ᠢ ᠨᠠᠶᠢᠳᠠᠪᠦᠷᠢᠵᠢᠭᠤᠯᠣᠨ᠂ | ︽ᠳᠤᠯᠠᠭᠠᠨ ᠬᠤᠳᠠ ᠶᠢᠨ ᠪᠠᠶᠠᠰᠤᠯᠳᠤ ᠬᠤᠳᠠᠯᠳᠤᠭ᠎ᠠ · ᠣᠲᠤᠭ ᠤᠨ ᠡᠮᠦᠨᠡᠲᠦ ᠬᠤᠰᠢᠭᠤᠨ ᠤ ᠲᠤᠰᠬᠠᠶ ᠲᠠᠯᠠᠪᠤᠷ︾ | ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠰᠢᠭᠤᠨ ᠤ | ᠬᠡᠷᠡᠭᠯᠡᠭᠡᠨ ᠤ ᠵᠠᠬ᠎ᠠ ᠳᠡᠯᠭᠡᠭᠦᠷ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ | ᠬᠦᠰᠡᠯ ᠠᠭᠠᠵᠢᠮ ᠢᠶᠠᠷ ᠳᠡᠭᠡᠭᠰᠢᠯᠡᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠨᠡᠮᠡᠭᠳᠡᠪᠡ᠃ 1 | - 5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠪᠥᠬᠦ ᠦᠷᠳᠡᠭ | 10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠨ᠂ ᠪᠥᠬᠦ | ᠬᠤᠲᠠ ᠶᠢᠨ ᠲᠠᠪᠤᠳᠤᠭᠠᠷ ᠲᠤ ᠣᠷᠣᠪᠠ᠃ | ᠳᠤᠯᠠᠭᠠᠨ ᠬᠤᠲᠠ ᠶᠢᠨ ᠪᠣᠷᠣᠯᠠᠭᠤᠯᠭ᠎ᠠ ᠶᠢᠨ ᠲᠠᠶᠢᠴᠢᠯᠠᠯᠳᠠ ᠢᠯᠡᠷᠬᠡᠢ ᠪᠣᠯᠪᠠ᠃ 5 ᠳ᠋ᠣᠭᠠᠷ ᠰᠠᠷ᠎ᠠ ᠳᠤ᠂ | ︽ᠳᠤᠯᠠᠭᠠᠨ ᠬᠤᠳᠠ ᠶᠢᠨ ᠪᠠᠶᠠᠰᠤᠯᠳᠤ ᠬᠤᠳᠠᠯᠳᠤᠭ᠎ᠠ · ᠤᠳᠤᠭ ᠤᠨ ᠡᠮᠤᠨᠡᠳᠤ ᠬᠤᠰᠢᠭᠤᠨ ᠤ ᠳᠤᠰᠬᠠᠢ ᠳᠠᠯᠠᠪᠤᠷ︾ | ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠪᠦᠳᠤᠮᠵᠢᠳᠠᠢ ᠲᠠᠶᠢᠴᠢᠯᠠᠯᠳᠠ ᠪᠠᠷ ᠳᠤᠰ ᠰᠠᠷ᠎ᠠ ᠶᠢᠨ | ᠬᠢᠵᠠᠭᠠᠷᠯᠠᠭᠰᠠᠨ ᠳᠤᠭ᠎ᠠ ᠠᠴᠠ ᠳᠡᠬᠡᠭᠰᠢᠬᠢ ᠨᠠᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ | ᠪᠦᠬᠦ ᠦᠷᠳᠡᠭ 0.49 ᠳ᠋ᠦᠩᠰᠢᠭᠤᠷ ᠳᠦᠬᠦᠷᠢᠭ ᠬᠦᠷᠦᠨ᠂ ᠠᠳᠠᠯᠢ ᠬᠤᠭᠤᠴᠠᠭᠠᠨ ᠤ ᠬᠢ ᠠᠴᠠ 48.9% ᠪᠠᠷ | ᠨᠡᠮᠡᠭᠳᠡᠵᠤ᠂ 4 ᠳ᠋ᠣᠭᠡᠷ ᠰᠠᠷ᠎ᠠ ᠠᠴᠠ 28.8 ᠵᠠᠭᠤᠨ ᠤ ᠨᠢᠭᠡᠴᠢ ᠪᠠᠷ ᠨᠡᠮᠡᠭᠳᠡᠪᠡ᠃ | ᠮᠠᠰᠢᠨ ᠲᠡᠷᠭᠡᠨ ᠤ ᠬᠡᠷᠡᠭᠯᠡᠭᠡ ᠭᠤᠣᠯ ᠬᠦᠴᠦᠨ ᠵᠣᠶᠢᠯ ᠪᠣᠯᠪᠠ᠃ 5 ᠳ᠋ᠣᠭᠠᠷ ᠰᠠᠷ᠎ᠠ ᠳᠤ᠂ ︽ᠳᠤᠯᠠᠭᠠᠨ | ᠬᠤᠳᠠ ᠶᠢᠨ ᠪᠠᠶᠠᠰᠤᠯᠳᠤ ᠬᠤᠳᠠᠯᠳᠤᠭ᠎ᠠ︾᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠮᠠᠰᠢᠨ ᠲᠡᠷᠭᠡᠨ ᠤ | ᠪᠣᠷᠣᠯᠠᠭᠤᠯᠭ᠎ᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠠᠶᠢᠴᠢᠯᠠᠯᠳᠠ ᠪᠠᠷ ᠲᠣᠰ ᠰᠠᠷ᠎ᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠦᠷᠳᠡᠭ 929.5 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.12 ᠳᠠᠬᠢᠨ ᠨᠡᠮᠡᠭᠳᠡᠨ᠂ ᠲᠦᠷᠦᠭᠦᠤ ᠰᠠᠷ᠎ᠠ ᠠᠴᠠ | 4.02 ᠲᠠᠬᠢᠨ ᠨᠡᠮᠡᠭᠳᠡᠵᠣ᠂ ᠲᠣᠰ ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠬᠡᠷᠡᠭᠯᠡᠭᠡᠨ ᠤ ᠵᠢᠵᠢᠭᠯᠡᠨ | ᠪᠣᠷᠣᠯᠠᠭᠤᠯᠭ᠎ᠠ ᠶᠢᠨ ᠶᠡᠷᠦᠩᠬᠡᠢ ᠦᠷᠳᠡᠭ ᠶᠢ 33.7 ᠵᠠᠭᠤᠨ ᠤ ᠨᠢᠭᠡᠴᠢ ᠲᠠᠶᠢᠴᠢᠯᠠᠨ᠂ 1 — 5 ᠰᠠᠷ᠎ᠠ ᠶᠢᠨ | ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠬᠡᠷᠡᠭᠯᠡᠭᠡᠨ ᠤ ᠵᠢᠵᠢᠭᠯᠡᠨ ᠪᠣᠷᠣᠯᠠᠭᠤᠯᠭ᠎ᠠ ᠶᠢᠨ ᠶᠡᠷᠦᠩᠬᠡᠢ ᠦᠷᠳᠡᠭ ᠢ 6. | 4 ᠵᠠᠭᠤᠨ ᠤ ᠨᠢᠭᠡᠴᠢ ᠪᠠᠷ ᠲᠠᠶᠢᠴᠢᠯᠠᠪᠠ᠃᠃ | ᠢᠳᠡᠭᠡᠨ ᠤᠮᠳᠠᠭᠠᠨ ᠤ ᠬᠡᠷᠡᠭᠯᠡᠭᠡᠨ ᠤ ᠬᠡᠷᠡᠭᠴᠡᠭᠡ ᠨᠡᠮᠡᠭᠳᠡᠪᠡ᠃ ︽ᠲᠠᠪᠤᠨ ᠰᠠᠷ᠎ᠠ ᠶᠢᠨ ᠨᠢᠭᠡᠨ︾ ︽ᠲᠠᠪᠤᠨ | ᠰᠠᠷ᠎ᠠ ᠶᠢᠨ ᠰᠢᠨ᠎ᠡ ᠶᠢᠨ ᠲᠠᠪᠤᠨ︾ ᠤ ᠠᠮᠠᠷᠠᠯᠲᠠ ᠳᠤ᠂ ᠰᠠᠭᠤᠭᠠᠯᠢ ᠠᠷᠠᠳ ᠭᠠᠳᠠᠭᠰᠢ ᠭᠠᠷᠴᠤ ᠬᠤᠭᠤᠯᠠ ᠢᠳᠡᠬᠦ᠂ | ᠵᠣᠭᠠᠴᠠᠨ ᠲᠣᠭᠤᠷᠢᠬᠤ᠂ ᠰᠡᠯᠡᠭᠦᠴᠡᠨ ᠨᠠᠭᠠᠳᠬᠤ ᠵᠡᠷᠭᠡ ᠬᠡᠷᠡᠭᠯᠡᠭᠡᠨ ᠤ ᠬᠡᠷᠡᠭᠴᠡᠭᠡ ᠨᠡᠮᠡᠭᠳᠡᠭᠰᠡᠨ ᠠᠴᠠ ᠢᠳᠡᠭᠡᠨ | ᠤᠮᠳᠠᠭᠠᠨ ᠤ ᠦᠢᠯᠡᠰ ᠤᠨ ᠬᠡᠷᠡᠭᠯᠡᠭᠡ ᠶᠢᠨ ᠲᠦᠷᠭᠡᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃ 5 ᠳ᠋ᠤᠭᠠᠷ ᠰᠠᠷ᠎ᠠ ᠳᠤ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠭᠤᠯᠠᠨ ᠤ ᠵᠠᠷᠤᠳᠠᠯ ᠤᠨ ᠣᠷᠣᠯᠭ᠎ᠠ 1844.9 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69.1% ᠪᠠᠷ ᠨᠡᠮᠡᠭᠳᠡᠨ᠂ 4 ᠳ᠋ᠦ᠋ᠭᠡᠷ | ᠰᠠᠷ᠎ᠠ ᠶᠢᠨ ᠬᠢ ᠠᠴᠠ 25.4 ᠵᠠᠭᠤᠨ ᠤ ᠨᠢᠭᠡᠴᠢ ᠪᠠᠷ ᠨᠡᠮᠡᠭᠳᠡᠪᠡ᠃ |