ᠤᠳᠤᠭ ᠤᠨ ᠡᠮᠤᠨᠡᠳᠤ ᠬᠤᠰᠢᠭᠤ 342 ᠢᠵᠢ ᠪᠠᠳᠤᠯᠠᠭ᠎ᠠ ᠶᠢᠨ ᠴᠢᠨᠠᠷᠳᠠᠢ ᠲᠦᠷᠢᠶᠡᠰᠤᠨ ᠤᠷᠤᠨ ᠰᠠᠭᠤᠴᠠ ᠶᠢᠨ ᠲᠦᠯᠬᠢᠬᠦᠷ ᠢ ᠡᠷᠤᠬᠡ ᠳᠤ ᠭᠠᠷᠳᠠᠭᠤᠯᠪᠠ
ᠨᠡᠶᠢᠲᠡᠯᠡᠭᠰᠡᠨ ᠴᠠᠭ᠄
2024/8/22
     8 ᠰᠠᠷ᠎ᠠ ᠶᠢᠨ 20 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠪᠠᠳᠤᠯᠠᠭ᠎ᠠ ᠶᠢᠨ ᠴᠢᠨᠠᠷᠳᠠᠢ ᠲᠦᠷᠢᠶᠡᠰᠤᠨ ᠤᠷᠤᠨ ᠰᠠᠭᠤᠴᠠ ᠳᠤ ᠤᠷᠤᠬᠤ ᠶᠤᠰᠤᠯᠠᠯ ᠤᠷᠤᠭᠰᠢᠳᠠᠢ ᠶᠠᠪᠤᠭᠳᠠᠵᠤ᠂ ᠤᠯᠠᠨ ᠲᠦᠮᠡᠨ ᠤ ︽ᠬᠡᠷ ᠲᠠᠢ ᠪᠤᠯᠬᠤ︾ ᠬᠦᠰᠡᠯ ᠮᠦᠷᠤᠬᠡᠳᠤᠯ ᠢ ᠳᠡᠷᠬᠡᠯᠰᠢᠬᠦᠯᠪᠠ᠃     ᠶᠤᠰᠤᠯᠠᠯ ᠳᠡᠬᠡᠷ᠎ᠡ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠨᠠᠷ ᠠᠴᠠ ᠠᠳᠠᠯᠢ ᠪᠤᠰᠤ ᠨᠠᠰᠤᠨ ᠤ ᠦᠮᠴᠢᠯᠡᠭᠴᠢ ᠶᠢᠨ ᠲᠦᠯᠤᠬᠡᠯᠡᠭᠴᠢᠤᠨ ᠲᠤ ᠤᠷᠤᠨ ᠰᠠᠭᠤᠴᠠ ᠶᠢᠨ ᠲᠦᠯᠬᠢᠬᠦᠷ ᠢ ᠲᠦᠬᠡᠬᠡᠵᠤ᠂ ᠦᠮᠴᠢᠯᠡᠭᠴᠢ ᠲᠠᠢ ᠬᠠᠮᠳᠤ ︽ᠠᠵᠠ ᠵᠢᠷᠭᠠᠯ ᠤᠨ ᠠᠯᠳᠠᠨ ᠪᠤᠱᠤᠭ᠎ᠠ︾ ᠪᠠᠷ ᠠᠯᠬᠤᠨ ᠤᠷᠤᠭᠰᠠᠨ ᠪᠠᠶᠢᠨ᠎ᠠ᠃     ᠶᠤᠰᠤᠯᠠᠯ ᠤᠨ ᠳᠠᠷᠠᠭ᠎ᠠ᠂ ᠬᠤᠰᠢᠭᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ ᠶᠠᠷᠤᠩᠬᠡᠶᠢᠯᠡᠭᠰᠡᠨ ᠤᠶᠢᠯᠡᠴᠢᠯᠡᠬᠡᠨ ᠤ ᠲᠦᠪ ᠤᠨ ᠠᠵᠢᠯᠳᠠᠤᠨ ᠠᠴᠠ ᠰᠠᠭᠤᠭᠠᠯᠢ ᠡᠷᠤᠬᠡ ᠳᠤ ᠪᠠᠶ᠎ᠠ ᠶᠢᠨ ᠭᠠᠷᠤᠯ ᠢ ᠰᠢᠯᠭᠠᠨ ᠪᠠᠳᠤᠯᠠᠬᠤ᠂ ᠠᠳᠠᠯ ᠠᠬᠤᠢ ᠶᠢᠨ ᠤᠰᠤ ᠳᠤᠯᠠᠭᠠᠯᠠᠭ᠎ᠠ ᠶᠢᠨ ᠰᠦᠢᠤᠨᠬᠡᠯ ᠤᠨ ᠳ᠋ᠦᠩᠨᠡᠨ ᠪᠤᠳᠤᠯᠳᠠ ᠵᠡᠷᠬᠡ ᠭᠠᠷ ᠬᠦᠢᠴᠡᠤᠨᠬᠡᠯ ᠢ ᠬᠢᠵᠤ᠂ ᠲᠦᠯᠬᠢᠬᠦᠷ ᠢ ᠭᠠᠷᠳᠠᠭᠤᠯᠪᠠ᠃     ᠡᠨᠡ ᠤᠳᠠᠭ᠎ᠠ ᠶᠢᠨ 342 ᠢᠵᠢ ᠪᠠᠳᠤᠯᠠᠭ᠎ᠠ ᠶᠢᠨ ᠴᠢᠨᠠᠷᠳᠠᠢ ᠲᠦᠷᠢᠶᠡᠰᠤᠨ ᠤᠷᠤᠨ ᠰᠠᠭᠤᠴᠠ ᠶᠢ 2023 ᠤᠨ ᠤ 3 ᠰᠠᠷ᠎ᠠ ᠳᠤ ᠡᠬᠢᠯᠡᠬᠦᠯᠤᠨ ᠪᠠᠶᠢᠭᠤᠯᠵᠤ᠂ 2024 ᠤᠨ ᠤ 7 ᠰᠠᠷ᠎ᠠ ᠳᠤ ᠪᠠᠷᠢᠯᠭ᠎ᠠ ᠳᠠᠭᠤᠰᠬᠠᠨ ᠰᠢᠯᠭᠠᠨ ᠠᠪᠴᠠᠢ᠃ ᠡᠳᠡᠬᠡᠷ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠨᠢ ᠤᠳᠤᠭ  ᠤᠨ ᠡᠮᠤᠨᠡᠳᠤ ᠬᠤᠰᠢᠭᠤᠨ ᠤ ᠤᠷᠤᠨ ᠰᠠᠭᠤᠴᠠ ᠶᠢᠨ ᠪᠠᠳᠤᠯᠠᠭ᠎ᠠ ᠶᠢᠨ ᠳᠤᠳᠠᠭᠤᠳᠠᠯ ᠢ ᠨᠦᠬᠦᠪᠤᠷᠢᠯᠡᠵᠤ᠂ ᠰᠢᠨ᠎ᠠ ᠬᠤᠳᠠ ᠶᠢᠨ ᠠᠷᠠᠤᠨ᠂ ᠵᠠᠯᠠᠭᠤᠴᠤᠤᠨ ᠵᠡᠷᠬᠡ ᠠᠳᠠᠯᠢ ᠪᠤᠰᠤ ᠬᠦᠮᠤᠰ ᠤᠨ ᠤᠷᠤᠨ ᠰᠠᠭᠤᠴᠠ ᠶᠢᠨ ᠠᠰᠠᠭᠤᠳᠠᠯ ᠢ ᠤᠯᠠᠮ ᠨᠢᠬᠡ ᠠᠯᠬᠤᠮ ᠳᠤᠬᠢᠳᠠᠢ ᠰᠢᠢᠤᠨᠪᠤᠷᠢᠯᠡᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ