2024 ᠣᠨ ᠳᠤ᠂ ᠮᠠᠨ ᠤ ᠬᠤᠰᠢᠭᠤ ᠲᠦᠷᠦᠯ ᠵᠦᠢᠯ ᠤᠨ ᠪᠠᠶᠢᠭᠤᠯᠤᠯᠲᠠ ᠶᠢᠨ ᠬᠤᠷᠳᠣᠴᠠ ᠶᠢ ᠪᠦᠬᠦ | ᠬᠦᠴᠦᠨ ᠢᠶᠠᠷ ᠠᠬᠢᠭᠤᠯᠵᠤ᠂ ᠴᠢᠨᠠᠷᠯᠢᠭ ᠲᠦᠷᠦᠯ ᠵᠦᠢᠯ ᠤᠨ ᠪᠠᠶᠢᠭᠤᠯᠤᠯᠲᠠ ᠶᠢ ᠲᠦᠷᠬᠡᠳᠬᠡᠨ᠂ ᠪᠦᠲᠦᠮᠵᠢᠲᠤ | ᠪᠡᠯᠡ ᠣᠷᠣᠭᠤᠯᠣᠯᠲᠠ ᠶᠢ ᠢᠳᠡᠪᠬᠢᠲᠡᠢ ᠪᠠᠷ ᠦᠷᠬᠡᠳᠬᠡᠵᠦ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ | ᠨᠡᠮᠡᠭᠳᠡᠯ ᠢᠶᠠᠨ ᠦᠷᠬᠦᠯᠵᠢᠯᠡᠨ ᠪᠠᠲᠤᠯᠠᠪᠠ᠃ 1 — 7 ᠰᠠᠷ᠎ᠠ ᠳᠤ᠂ ᠪᠦᠬᠦ ᠬᠤᠰᠢᠭᠤᠨ ᠤ ᠲᠤᠭᠲᠠᠮᠠᠯ ᠬᠦᠷᠦᠩᠭᠡ | ᠶᠢᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ ᠪᠦᠬᠦ ᠬᠤᠲᠠ ᠶᠢᠨ | ᠳᠦᠷᠪᠡᠳᠦᠬᠡᠷ ᠲᠤ ᠣᠷᠣᠪᠠ᠃ | ᠭᠤᠷᠪᠠᠨ ᠠᠵᠤ ᠦᠢᠯᠡᠰ ᠠᠴᠠ ᠦᠵᠡᠪᠡᠯ᠂ ᠨᠢᠬᠡᠳᠦᠬᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ | 50.3% ᠪᠠᠷ ᠨᠡᠮᠡᠭᠳᠡᠵᠦ᠂ ᠪᠦᠬᠦ ᠪᠡᠯᠡ ᠣᠷᠣᠭᠤᠯᠣᠯᠲᠠ ᠶᠢᠨ ᠨᠡᠮᠡᠭᠳᠡᠯ ᠢ 0.4 ᠵᠠᠭᠤᠨ ᠤ ᠨᠢᠬᠡᠴᠢ ᠪᠠᠷ | ᠳᠠᠶᠢᠴᠢᠯᠠᠪᠠ︔ ᠬᠤᠶᠠᠳᠣᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠨ᠂ | ᠪᠦᠬᠦ ᠪᠡᠯᠡ ᠣᠷᠣᠭᠤᠯᠣᠯᠲᠠ ᠶᠢᠨ ᠨᠡᠮᠡᠭᠳᠡᠯ ᠢ 11.9 ᠵᠠᠭᠤᠨ ᠤ ᠨᠢᠬᠡᠴᠢ ᠪᠠᠷ ᠳᠠᠶᠢᠴᠢᠯᠠᠪᠠ︔ ᠭᠤᠷᠪᠠᠳᠣᠭᠠᠷ | ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 41% ᠪᠠᠷ ᠪᠠᠭᠤᠷᠠᠵᠤ᠂ ᠪᠦᠬᠦ ᠪᠡᠯᠡ ᠣᠷᠣᠭᠤᠯᠣᠯᠲᠠ ᠶᠢ 2. | 8 ᠵᠠᠭᠤᠨ ᠤ ᠨᠢᠬᠡᠴᠢ ᠪᠠᠷ ᠪᠠᠭᠤᠷᠠᠭᠤᠯᠤᠨ᠂ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ ᠨᠢ ᠲᠤᠰ ᠲᠤᠰ 1 | ᠄ 95.4᠄ 3.6 ᠪᠤᠯᠪᠠ᠃ ᠬᠤᠶᠠᠳᠣᠭᠠᠷ ᠠᠵᠤ ᠦᠢᠯᠡᠰ ᠤᠨ ᠰᠢᠨ᠎ᠡ ᠡᠨᠧᠷᠬᠢ ᠶᠢᠨ ᠪᠡᠯᠡ ᠣᠷᠣᠭᠤᠯᠣᠯᠲᠠ ᠪᠦᠬᠦ | ᠬᠤᠰᠢᠭᠤᠨ ᠤ ᠭᠤᠤᠯ ᠪᠡᠯᠡ ᠣᠷᠣᠭᠤᠯᠣᠯᠲᠠ ᠶᠢᠨ ᠢᠷᠡᠯᠲᠡ ᠪᠤᠯᠵᠤ᠂ ᠰᠢᠨ᠎ᠡ ᠡᠨᠧᠷᠬᠢ ᠶᠢᠨ ᠪᠡᠯᠡ ᠣᠷᠣᠭᠤᠯᠣᠯᠲᠠ | ᠠᠳᠠᠯᠢ ᠬᠤᠭᠤᠴᠠᠭᠠᠨ ᠤ ᠬᠢ ᠠᠴᠠ 65.7% ᠪᠠᠷ ᠨᠡᠮᠡᠭᠳᠡᠨ᠂ ᠨᠡᠮᠡᠭᠳᠡᠯ ᠤᠨ ᠬᠤᠷᠳᠣᠴᠠ ᠪᠦᠬᠦ ᠪᠡᠯᠡ | ᠣᠷᠣᠭᠤᠯᠣᠯᠲᠠ ᠠᠴᠠ 56.2 ᠵᠠᠭᠤᠨ ᠤ ᠨᠢᠬᠡᠴᠢ ᠦᠨᠳᠦᠷ ᠪᠠᠶᠢᠵᠦ᠂ ᠬᠤᠪᠢ ᠨᠡᠮᠡᠷᠢ ᠶᠢᠨ ᠨᠣᠷᠮ᠎ᠠ ᠨᠢ 202. | 7%ᠬᠦᠷᠪᠡ᠃ ᠡᠨᠡᠬᠦ ᠢᠯᠡᠷᠬᠡᠢ ᠨᠡᠮᠡᠭᠳᠡᠯ ᠰᠢᠨ᠎ᠡ ᠡᠨᠧᠷᠬᠢ ᠶᠢᠨ ᠬᠦᠷᠢᠶ᠎ᠡ ᠴᠠᠷᠠᠭᠠᠨ ᠤ ᠬᠦᠭᠵᠢᠯᠲᠡ ᠶᠢᠨ ᠳᠠᠯᠳᠠ | ᠬᠦᠴᠦᠨ ᠢ ᠢᠯᠡᠷᠡᠬᠦᠯᠦᠭᠰᠡᠨ ᠪᠠᠷ ᠪᠠᠷᠠᠬᠤ ᠦᠬᠡᠢ ᠪᠦᠬᠦ ᠬᠤᠰᠢᠭᠤᠨ ᠤ ᠠᠵᠤ ᠠᠬᠤᠢ ᠶᠢᠨ ᠦᠷᠬᠦᠯᠵᠢᠬᠦᠶᠢᠴᠡ | ᠬᠦᠭᠵᠢᠯᠲᠡ ᠳᠤ ᠰᠢᠨ᠎ᠡ ᠬᠦᠳᠡᠯᠬᠡᠬᠦ ᠬᠦᠴᠦᠨ ᠬᠠᠩᠭᠠᠪᠠ᠃ | ᠪᠡᠯᠡ ᠣᠷᠣᠭᠤᠯᠣᠯᠲᠠ ᠶᠢᠨ ᠬᠡᠪᠴᠢᠶᠡᠵᠢᠯ ᠠᠴᠠ ᠦᠵᠡᠪᠡᠯ᠂ ᠳ᠋ᠦᠩᠰᠢᠭᠤᠷ ᠲᠦᠬᠦᠷᠢᠭ ᠠᠴᠠ ᠳᠡᠭᠡᠭᠰᠢᠬᠢ | ᠲᠦᠷᠦᠯ ᠵᠦᠢᠯ ᠤᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ | ᠪᠡᠶᠡᠯᠡᠬᠦᠯᠦᠭᠰᠡᠨ ᠨᠣᠷᠮ᠎ᠠ ᠪᠦᠬᠦ ᠪᠡᠯᠡ ᠣᠷᠣᠭᠤᠯᠣᠯᠲᠠ ᠶᠢᠨ 95.6% ᠶᠢ ᠡᠵᠡᠯᠡᠨ᠂ ᠡᠬᠦᠨ ᠳᠤ 10 | ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠲᠦᠷᠦᠯ ᠵᠦᠢᠯ 16 ᠪᠠᠶᠢᠵᠦ᠂ ᠳᠡᠭᠡᠷ᠎ᠡ ᠵᠢᠯ ᠠᠴᠠ ᠠᠳᠠᠯᠢ | ᠬᠤᠭᠤᠴᠠᠭᠠᠨ ᠤ ᠬᠢ ᠠᠴᠠ 45.5% ᠪᠠᠷ ᠨᠡᠮᠡᠭᠳᠡᠨ᠂ ᠪᠡᠶᠡᠯᠡᠬᠦᠯᠦᠭᠰᠡᠨ ᠨᠣᠷᠮ᠎ᠠ ᠪᠦᠬᠦ ᠪᠡᠯᠡ ᠣᠷᠣᠭᠤᠯᠣᠯᠲᠠ | ᠶᠢᠨ 74.5% ᠶᠢ ᠡᠵᠡᠯᠡᠪᠡ᠃ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠲᠦᠷᠦᠯ ᠵᠦᠢᠯ ᠳᠤ᠂ ᠦᠪᠦᠷ | ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠬᠦᠷᠡᠰᠦ ᠮᠠᠯᠲᠠᠭᠰᠠᠨ ᠠᠴᠠ ᠪᠤᠯᠵᠤ ᠰᠠᠭᠤᠭᠳᠠᠭᠰᠠᠨ ᠣᠷᠣᠨ ᠤ | ᠰᠢᠨ᠎ᠡ ᠡᠨᠧᠷᠬᠢ ᠶᠢᠨ ᠲᠦᠷᠦᠯ ᠵᠦᠢᠯ ᠤᠨ ᠭᠤᠷᠪᠠᠨ ᠭᠤᠤᠯ ᠲᠦᠷᠦᠯ ᠵᠦᠢᠯ ᠪᠦᠬᠦ ᠬᠤᠰᠢᠭᠤᠨ ᠤ ᠪᠡᠯᠡ | ᠣᠷᠣᠭᠤᠯᠣᠯᠲᠠ ᠶᠢᠨ ᠨᠡᠮᠡᠭᠳᠡᠯ ᠳᠤ ᠢᠯᠡᠷᠬᠡᠢ ᠳᠠᠶᠢᠴᠢᠯᠠᠯᠲᠠ ᠶᠢᠨ ᠦᠢᠯᠡᠳᠦᠯ ᠦᠵᠡᠬᠦᠯᠪᠡ᠃ | ᠳᠠᠷᠠᠭᠠᠴᠢ ᠶᠢᠨ ᠠᠯᠬᠤᠮ ᠳᠤ᠂ ᠪᠢᠳᠡ ᠲᠦᠷᠦᠯ ᠵᠦᠢᠯ ᠤᠨ ᠪᠠᠶᠢᠭᠤᠯᠤᠯᠲᠠ ᠶᠢᠨ ᠰᠢᠵᠢᠷ ᠠᠯᠲᠠᠨ | ᠬᠤᠭᠤᠴᠠᠭ᠎ᠠ ᠶᠢ ᠵᠠᠪᠳᠣᠨ᠂ ᠳᠣᠣᠷ᠎ᠠ ᠬᠠᠭᠠᠰ ᠵᠢᠯ ᠳᠤ ᠭᠠᠪᠰᠢᠭᠠᠶᠢᠯᠠᠨ ᠳᠠᠪᠰᠢᠵᠦ᠂ ᠪᠦᠬᠦ ᠵᠢᠯ ᠤᠨ ᠬᠦᠭᠵᠢᠯᠲᠡ | ᠳᠤ ᠬᠦᠴᠦᠨ ᠨᠡᠮᠡᠷᠢᠯᠡᠨ᠂ ᠪᠤᠲᠠᠲᠠᠢ ᠠᠵᠢᠯᠯᠠᠭ᠎ᠠ ᠪᠤᠲᠠᠲᠤ ᠪᠦᠲᠦᠮᠵᠢ ᠪᠠᠷ ᠣᠨ ᠤ ᠬᠠᠷᠠᠯᠲᠠ ᠡᠬᠦᠷᠭᠡ ᠪᠠᠨ | ᠪᠡᠶᠡᠯᠡᠬᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢᠨ ᠰᠢᠨ᠎ᠡ ᠪᠠᠶᠢᠳᠠᠯ ᠢ | ᠲᠠᠰᠣᠷᠠᠯᠲᠠ ᠦᠬᠡᠢ ᠡᠬᠦᠳᠦᠨ᠎ᠡ᠃ |