1— 7 ᠰᠠᠷ᠎ᠠ ᠣᠲᠤᠭ ᠤᠨ ᠡᠮᠦᠨᠡᠲᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠣᠴᠠ ᠬᠤᠶᠠᠷ ᠣᠷᠣᠨᠲᠣ ᠨᠡᠮᠡᠭᠳᠡᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/8/22
     1 — 7 ᠰᠠᠷ᠎ᠠ ᠳᠤ᠂ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠷᠴᠢᠲᠤ ᠣᠳᠣᠷᠢᠳᠣᠯᠭ᠎ᠠ ᠳᠣᠣᠷ᠎ᠠ᠂ ᠪᠦᠬᠦ ᠬᠤᠰᠢᠭᠤ ᠪᠠᠷ ᠢᠶᠠᠨ ᠭᠠᠪᠰᠢᠭᠠᠶᠢᠯᠠᠨ ᠳᠠᠪᠰᠢᠵᠦ᠂ ᠲᠦᠪ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠰᠯᠠᠭᠤᠯᠵᠤ ᠨᠠᠶᠢᠲᠠᠪᠤᠷᠢᠵᠢᠭᠤᠯᠤᠭᠠᠳ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠲᠤᠭᠲᠠᠪᠤᠷᠢᠵᠢᠭᠰᠠᠨ ᠪᠤᠯᠪᠠᠴᠣ ᠵᠠᠬ᠎ᠠ ᠳᠡᠯᠬᠡᠬᠦᠷ ᠤᠨ ᠣᠷᠴᠢᠨ ᠲᠤᠭᠤᠷᠢᠨ ᠤ ᠬᠦᠴᠦᠨ ᠵᠦᠢᠯ ᠪᠠ ᠠᠵᠤ ᠠᠬᠤᠶᠢᠯᠠᠯ ᠤᠨ ᠠᠩᠬᠠᠨ ᠤ ᠬᠤᠭᠤᠴᠠᠭᠠᠨ ᠤ ᠲᠤᠭ᠎ᠠ ᠪᠠᠷᠢᠮᠲᠠ ᠶᠢᠨ ᠨᠦᠯᠦᠬᠡᠯᠡᠯ ᠢᠶᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠣᠴᠠ ᠣᠳᠠᠭᠠᠰᠢᠷᠠᠪᠠ᠃     ᠠᠵᠤ ᠦᠢᠯᠡᠳᠪᠦᠷᠢ ᠶᠢᠨ ᠲᠦᠷᠦᠯ ᠤᠨ ᠨᠡᠮᠡᠭᠳᠡᠯ ᠤᠨ ᠬᠤᠷᠳᠣᠴᠠ ᠣᠳᠠᠭᠠᠰᠢᠷᠠᠪᠠ᠃ 1 — 7 ᠰᠠᠷ᠎ᠠ  ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠷᠲᠡᠭ 236.1 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠨ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 132.7 ᠳ᠋ᠦᠩᠰᠢᠭᠤᠷ ᠲᠦᠬᠦᠷᠢᠭ ᠬᠦᠷᠴᠦ᠂ ᠬᠠᠷᠢᠴᠠᠭᠤᠯᠵᠤ ᠪᠤᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠨ᠂ ᠳᠡᠭᠡᠷ᠎ᠡ ᠰᠠᠷ᠎ᠠ ᠤᠨ ᠨᠡᠮᠡᠭᠳᠡᠯ ᠤᠨ ᠬᠤᠷᠳᠣᠴᠠ ᠠᠴᠠ 10.1 ᠵᠠᠭᠤᠨ ᠤ ᠨᠢᠬᠡᠴᠢ ᠠᠪᠴᠢᠵᠦ᠂ ᠪᠦᠬᠦ ᠬᠤᠲᠠ ᠶᠢᠨ ᠨᠡᠮᠡᠭᠳᠡᠯ ᠤᠨ ᠬᠤᠷᠳᠣᠴᠠ ᠠᠴᠠ 2.6 ᠵᠠᠭᠤᠨ ᠤ ᠨᠢᠬᠡᠴᠢ ᠦᠨᠳᠦᠷ ᠪᠠᠶᠢᠵᠦ᠂ ᠪᠦᠬᠦ ᠬᠤᠲᠠ ᠶᠢᠨ ᠭᠤᠷᠪᠠᠳᠣᠭᠠᠷ ᠲᠤ ᠣᠷᠣᠪᠠ᠃ ᠭᠤᠷᠪᠠᠨ ᠶᠡᠭᠡ ᠲᠦᠷᠦᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠢᠯᠴᠢ ᠰᠢᠲᠠᠮᠠᠬᠠᠢ ᠬᠡᠢ ᠵᠢᠴᠢ ᠣᠰᠣᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠲᠤᠰ ᠲᠤᠰ ᠠᠳᠠᠯᠢ ᠬᠤᠭᠤᠴᠠᠭᠠᠨ ᠤ ᠬᠢ ᠠᠴᠠ 5.3%᠂ 26.6%᠂ 49.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ᠶᠢᠨ ᠬᠡᠮᠵᠢᠶ᠎ᠡ 19.1 ᠳ᠋ᠦᠩᠰᠢᠭᠤᠷ ᠭᠷᠠᠳᠦ᠋ᠰ ᠬᠦᠷᠴᠦ᠂ ᠠᠳᠠᠯᠢ ᠬᠤᠭᠤᠴᠠᠭᠠᠨ ᠤ ᠬᠢ ᠠᠴᠠ 28.8% ᠪᠠᠷ ᠨᠡᠮᠡᠭᠳᠡᠪᠡ᠃     ᠪᠦᠲᠦᠬᠡᠭᠳᠡᠬᠦᠨ ᠤ ᠭᠠᠷᠤᠯᠲᠠ ᠶᠢᠨ ᠨᠡᠮᠡᠭᠳᠡᠯ ᠢᠯᠡᠷᠬᠡᠢ ᠰᠠᠶᠢᠨ ᠪᠤᠯᠪᠠ᠃ 1 — 7 ᠰᠠᠷ᠎ᠠ ᠳᠤ᠂ ᠮᠠᠨ ᠤ ᠬᠤᠰᠢᠭᠤᠨ ᠤ ᠨᠡᠬᠦᠷᠡᠰᠦᠨ ᠤ ᠭᠠᠷᠤᠯᠲᠠ 1458.8 ᠲᠦᠮᠡᠨ ᠳᠣᠨ ᠳᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 20% ᠪᠠᠷ ᠨᠡᠮᠡᠭᠳᠡᠪᠡ︔ ᠬᠡᠦᠷᠡᠰᠢᠬᠦᠯᠦᠭᠰᠡᠨ ᠨᠡᠬᠦᠷᠡᠰᠦᠨ ᠤ ᠭᠠᠷᠤᠯᠲᠠ 64.6 ᠲᠦᠮᠡᠨ ᠳᠣᠨ ᠳᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ︔ ᠰᠢᠩᠬᠡᠵᠢᠬᠦᠯᠦᠭᠰᠡᠨ ᠰᠢᠲᠠᠮᠠᠬᠠᠢ ᠬᠡᠢ  ᠶᠢᠨ ᠭᠠᠷᠤᠯᠲᠠ 58.6 ᠲᠦᠮᠡᠨ ᠳᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠪᠡ︔ ᠴᠠᠬᠢᠯᠭᠠᠨ ᠭᠠᠷᠭᠠᠯᠲᠠ ᠶᠢᠨ ᠬᠡᠮᠵᠢᠶ᠎ᠡ 227.5 ᠳ᠋ᠦᠩᠰᠢᠭᠤᠷ ᠺᠢᠯᠤᠸᠠᠲ ᠴᠠᠭ ᠬᠦᠷᠦᠨ᠂ ᠠᠳᠠᠯᠢ ᠬᠤᠭᠤᠴᠠᠭᠠᠨ ᠤ ᠬᠢ ᠠᠴᠠ 42.7% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠢᠨ ᠦᠢᠯᠡᠳᠬᠦᠨ ᠤ ᠪᠤᠷᠤᠯᠠᠭᠤᠯᠤᠯᠲᠠ ᠶᠢᠨ ᠨᠤᠷᠮ᠎ᠠ 99.5% ᠳᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 10.6 ᠵᠠᠭᠤᠨ ᠤ ᠨᠢᠬᠡᠴᠢ ᠨᠡᠮᠡᠭᠳᠡᠪᠡ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ