1. ᠭᠠᠯ ᠤᠨ ᠲᠤᠬᠠᠢ ᠴᠡᠭᠡᠷ ᠶᠣᠰᠤᠨ᠄ ᠮᠤᠩᠭᠤᠯᠴᠣᠳ ᠭᠠᠯ ᠤᠨ ᠪᠤᠷᠬᠠᠨ᠂ ᠭᠤᠯᠤᠮᠳᠠ ᠲᠤᠯᠭ᠎ᠠ ᠪᠠᠨ ᠲᠡᠭᠡᠳᠦᠯᠡᠨ ᠰᠢᠳᠦᠵᠤ᠂ ᠭᠠᠯ ᠢ ᠠᠯᠢᠪᠠ ᠮᠠᠭᠤ | ᠮᠠᠭᠤᠬᠠᠢ ᠶᠠᠭᠤᠮ᠎ᠠ᠂ ᠭᠠᠢ ᠪᠠᠷᠴᠢᠳ ᠢ ᠵᠠᠶᠢᠯᠠᠭᠤᠯᠳᠠᠭ ᠭᠡᠵᠤ ᠦᠵᠡᠳᠡᠭ᠃ ᠡᠶᠢᠮᠤ ᠠᠴᠠ ᠮᠤᠩᠭᠤᠯ ᠭᠡᠷ ᠲᠤ ᠣᠷᠤᠭᠰᠠᠨ ᠤ ᠳᠠᠷᠠᠭ᠎ᠠ᠂ ᠲᠣᠯᠭ᠎ᠠ ᠶᠢᠨ ᠳᠡᠭᠡᠷ᠎ᠡ | ᠬᠦᠯ ᠢᠶᠠᠨ ᠰᠢᠷᠠᠬᠤ ᠶᠢ ᠴᠡᠭᠡᠷᠯᠡᠬᠦ ᠪᠦᠭᠡᠳ ᠭᠠᠯ ᠲᠣᠯᠭ᠎ᠠ ᠶᠢᠨ ᠬᠠᠵᠠᠭᠤ ᠳᠤ ᠨᠦᠢᠳᠠᠨ ᠭᠤᠳᠤᠯ ᠱᠠᠬᠠᠢ ᠪᠠᠨ ᠡᠭᠡᠭᠡᠵᠤ ᠬᠠᠳᠠᠭᠠᠬᠤ ᠶᠢ ᠨᠡᠩ ᠶᠡᠭᠡ ᠴᠡᠭᠡᠷᠯᠡᠳᠡᠭ᠃ | ᠪᠠᠰᠠ ᠲᠤᠯᠭ᠎ᠠ ᠶᠢᠨ ᠳᠡᠭᠡᠭᠦᠷ ᠠᠯᠬᠤᠬᠤ᠂ ᠲᠤᠯᠭᠠᠨ ᠳᠡᠭᠡᠷ᠎ᠡ ᠭᠢᠰᠭᠢᠬᠦ᠂ ᠲᠠᠮᠠᠬᠢᠨ ᠭᠠᠩᠰᠠ ᠪᠠᠨ ᠲᠣᠯᠭ᠎ᠠ ᠶᠢᠨ ᠳᠡᠭᠡᠷ᠎ᠡ ᠭᠦᠪᠢᠬᠦ᠂ ᠶᠠᠭᠤᠮ᠎ᠠ ᠴᠣᠬᠢᠬᠤ᠂ ᠪᠣᠵᠠᠷ | ᠪᠤᠷᠳᠠᠭ ᠶᠠᠭᠤᠮ᠎ᠠ ᠬᠢᠬᠦ ᠶᠢ ᠴᠡᠭᠡᠷᠯᠡᠳᠡᠭ᠃ ᠬᠢᠳᠤᠭ᠎ᠠ ᠪᠠᠷ ᠭᠠᠯ ᠭᠤᠴᠢᠯᠠᠬᠤ᠂ ᠬᠢᠳᠤᠭ᠎ᠠ ᠪᠠᠨ ᠭᠠᠯ ᠳᠣᠳᠣᠷ᠎ᠠ ᠣᠷᠤᠭᠤᠯᠬᠤ᠂ ᠲᠤᠭᠤᠭᠠᠨ ᠠᠴᠠ ᠬᠢᠳᠤᠭ᠎ᠠ ᠪᠠᠷ | ᠮᠢᠬ᠎ᠠ ᠠᠪᠬᠤ ᠶᠢ ᠴᠡᠭᠡᠷᠯᠡᠳᠡᠭ᠃ | 2. ᠣᠰᠤᠨ ᠤ ᠲᠣᠬᠠᠢ ᠴᠡᠭᠡᠷ᠄ ᠮᠤᠩᠭᠤᠯᠴᠣᠳ ᠣᠰᠤ ᠶᠢ ᠷᠠᠰᠢᠶᠠᠨ ᠤ ᠳᠡᠭᠡᠳᠤ ᠭᠡᠵᠤ ᠦᠵᠡᠳᠡᠭ᠃ ᠡᠶᠢᠮᠤ ᠠᠴᠠ ᠭᠤᠣᠯ ᠤᠨ ᠣᠰᠤᠨ ᠳᠤ ᠭᠠᠷ ᠬᠦᠯ᠂ | ᠪᠡᠶ᠎ᠡ ᠪᠠᠨ ᠤᠬᠢᠶᠠᠳᠠᠭ ᠦᠭᠡᠢ᠃ ᠨᠡᠩ ᠴᠦ ᠭᠤᠣᠯ ᠮᠦᠷᠡᠨ ᠳᠤ ᠪᠣᠵᠠᠷ ᠪᠣᠷᠳᠠᠭ ᠬᠤᠭ ᠨᠤᠪᠰᠢ ᠬᠠᠶᠠᠬᠤ ᠶᠢ ᠴᠡᠭᠡᠷᠯᠡᠳᠡᠭ ᠪᠦᠭᠡᠳ ᠭᠤᠤᠯ ᠮᠦᠷᠡᠨ ᠤ ᠬᠠᠵᠠᠭᠤ | ᠳᠤ ᠪᠡᠶ᠎ᠡ ᠪᠠᠨ ᠵᠠᠰᠠᠬᠤ ᠶᠢ ᠨᠡᠩ ᠴᠦ ᠴᠡᠭᠡᠷᠯᠡᠳᠡᠭ᠃ ᠮᠤᠩᠭᠤᠯ ᠨᠤᠳᠤᠭ ᠭᠠᠩ ᠬᠠᠭᠤᠷᠠᠢ᠂ ᠣᠰᠤᠨ ᠤ ᠡᠬᠢ ᠰᠣᠷᠪᠤᠯᠵᠢ ᠲᠣᠳᠠᠮᠠᠭ᠂ ᠣᠰᠤ ᠡᠪᠡᠰᠣ ᠪᠠᠨ ᠲᠠᠭᠠᠨ | ᠨᠡᠭᠦᠳᠡᠯᠯᠡᠨ ᠮᠠᠯᠵᠢᠵᠤ ᠠᠵᠤ ᠲᠦᠷᠦᠨ ᠠᠮᠢᠳᠣᠷᠠᠳᠠᠭ ᠮᠤᠩᠭᠤᠯᠴᠣᠳ ᠲᠤ ᠠᠪᠴᠣ ᠬᠡᠯᠡᠪᠡᠯ ᠣᠰᠤ ᠪᠤᠯ ᠬᠦᠮᠦᠨ ᠮᠠᠯ ᠤᠨ ᠬᠢᠨᠢ ᠠᠮᠢ ᠨᠠᠰᠣᠨ ᠤ ᠡᠬᠢ ᠰᠣᠷᠪᠤᠯᠵᠢ | ᠪᠤᠯᠳᠠᠭ ᠪᠤᠯᠬᠤᠷ ᠣᠰᠤᠨ ᠤ ᠠᠷᠢᠭᠤᠨ ᠴᠡᠪᠡᠷ ᠢ ᠬᠠᠮᠠᠭᠠᠯᠠᠵᠤ ᠠᠷᠪᠢᠯᠠᠨ ᠭᠠᠮᠨᠠᠳᠠᠭ ᠶᠤᠮ᠃ ᠲᠣᠳᠣᠷᠬᠠᠶᠢᠯᠠᠬᠤ ᠨᠢ᠄ ᠣᠰᠤ ᠶᠢ ᠠᠷᠪᠢᠯᠠᠨ ᠭᠠᠮᠨᠠᠳᠠᠭ ᠪᠤᠯᠪᠠᠴᠣ | ᠬᠠᠷ᠎ᠠ ᠣᠰᠤ ᠶᠢ ᠬᠠᠷᠠᠮᠨᠠᠬᠤ ᠶᠢ ᠴᠡᠭᠡᠷᠯᠡᠳᠡᠭ᠂ ᠪᠠᠰᠠ ᠬᠠᠷ᠎ᠠ ᠣᠰᠤ ᠶᠢ ᠰᠠᠮᠤᠷᠳᠠᠭ ᠦᠭᠡᠢ᠂ ᠬᠤᠳᠳᠤᠭ ᠠᠴᠠ ᠲᠠᠳᠠᠵᠤ ᠭᠠᠷᠭᠠᠭᠰᠠᠨ ᠬᠤᠪᠤᠭᠤ ᠲᠠᠢ ᠣᠰᠤ ᠶᠢ | ᠬᠤᠳᠳᠤᠭ ᠤᠷᠤᠭᠤ ᠪᠠᠨ ᠪᠣᠴᠠᠭᠠᠵᠤ ᠬᠢᠳᠡᠭ ᠦᠭᠡᠢ ᠴᠡᠭᠡᠷ ᠶᠣᠰᠤᠨ ᠪᠤᠢ᠃ ᠠᠶᠢᠯ ᠳᠤ ᠬᠦᠮᠦᠨ ᠠᠮᠢᠳᠠᠨ ᠢᠷᠡᠬᠦ ᠦᠶ᠎ᠡ ᠳᠤ ᠬᠠᠷ᠎ᠠ ᠣᠰᠤ ᠨᠡᠷᠡᠬᠦ ︵ᠲᠣᠳᠣᠷ᠎ᠠ | ᠨᠢ ᠶᠠᠭᠤᠮ᠎ᠠ ᠬᠢᠬᠦ ᠦᠭᠡᠢ︶᠂ ᠣᠳᠠᠭᠠᠨ ᠪᠣᠴᠠᠯᠭᠠᠬᠤ ᠶᠢ ᠴᠡᠭᠡᠷᠯᠡᠳᠡᠭ᠃ | 3. ᠡᠪᠡᠳᠴᠢᠨ ᠤ ᠲᠣᠬᠠᠢ ᠴᠡᠭᠡᠷ ᠶᠣᠰᠤᠨ᠄ ᠠᠶᠢᠯ ᠳᠤ ᠬᠡᠷᠪᠡ ᠬᠦᠨᠳᠤ ᠡᠪᠡᠳᠴᠢᠳᠡᠨ ᠪᠤᠶᠤ ᠠᠶᠤᠯᠳᠤ ᠠᠷᠬᠠᠭ ᠲᠤ ᠨᠡᠷᠪᠡᠭᠳᠡᠭᠰᠡᠨ ᠬᠦᠮᠦᠨ ᠪᠠᠶᠢᠬᠤ ᠳᠤ | ᠬᠦᠷᠪᠡᠯ᠂ ᠭᠡᠷ ᠤᠨ ᠵᠡᠭᠦᠨ ᠲᠠᠯ᠎ᠠ ᠳᠤ ᠳᠡᠭᠡᠰᠤ ᠡᠯᠭᠦᠳᠡᠭ᠃ ᠡᠨᠡ ᠨᠢ ᠠᠶᠢᠯ ᠤᠨ ᠭᠡᠷ ᠲᠤ ᠡᠪᠡᠳᠴᠢᠨ ᠲᠠᠢ ᠬᠦᠮᠦᠨ ᠪᠠᠶᠢᠭ᠎ᠠ᠂ ᠵᠤᠴᠢᠨ ᠵᠤᠴᠢᠯᠠᠬᠤ ᠲᠦᠭᠦᠮ | ᠦᠭᠡᠢ ᠭᠡᠳᠡᠭ ᠢ ᠢᠯᠡᠳᠬᠡᠵᠤ ᠪᠠᠶᠢᠳᠠᠭ᠃ | 4. ᠲᠦᠷᠦᠵᠤ ᠮᠡᠨᠳᠦᠯᠡᠬᠦ ᠶᠢᠨ ᠴᠡᠭᠡᠷ ᠶᠣᠰᠤᠨ᠄ ᠮᠤᠩᠭᠤᠯ ᠪᠦᠰᠡᠬᠦᠶᠢᠴᠤᠤᠨ ᠬᠡᠤᠬᠡᠳ ᠲᠦᠷᠤᠵᠤ᠂ ᠰᠠᠷ᠎ᠠ ᠳᠤ ᠰᠠᠭᠤᠭᠰᠠᠨ ᠦᠶ᠎ᠡ ᠳᠤ ᠪᠠᠨ ᠭᠠᠳᠠᠨ᠎ᠠ | ᠶᠢᠨ ᠬᠦᠮᠦᠨ ᠢ ᠣᠷᠤᠭᠤᠯᠳᠠᠭ ᠦᠭᠡᠢ᠃ ᠡᠭᠦᠳᠡᠨ ᠤ ᠳᠡᠷᠭᠡᠳᠡ ᠢᠯᠡ ᠬᠠᠷᠠᠭᠳᠠᠬᠤ ᠳᠡᠮᠳᠡᠭ ᠲᠠᠯᠪᠢᠳᠠᠭ᠃ ᠬᠡᠷᠪᠡ ᠬᠦᠪᠡᠭᠦᠨ ᠲᠦᠷᠦᠭᠰᠡᠨ ᠪᠤᠯ ᠨᠤᠮᠤ ᠰᠤᠮᠤ | ᠡᠯᠭᠦᠬᠦ᠂ ᠦᠬᠢᠨ ᠲᠦᠷᠦᠭᠰᠡᠨ ᠪᠤᠯ ᠣᠯᠠᠭᠠᠨ ᠪᠦᠰ ᠣᠶᠠᠳᠠᠭ᠃ ᠵᠤᠴᠢᠨ ᠡᠨᠡᠬᠦ ᠳᠡᠮᠳᠡᠭ ᠢ ᠦᠵᠡᠪᠡᠯ ᠡᠨᠡ ᠠᠶᠢᠯ ᠤᠨ ᠪᠦᠰᠡᠬᠦᠢ ᠬᠡᠤᠬᠡᠳ ᠲᠦᠷᠦᠵᠤ᠂ ᠰᠠᠷ᠎ᠠ | ᠳᠤ ᠰᠠᠭᠤᠭᠰᠠᠨ ᠪᠠᠶᠢᠨ᠎ᠠ ᠭᠡᠵᠤ ᠮᠡᠳᠡᠬᠡᠤᠨ ᠭᠡᠷ ᠲᠤ ᠨᠢ ᠣᠷᠣᠳᠠᠭ ᠦᠭᠡᠢ᠃ | 5. ᠡᠭᠦᠳᠡᠨ ᠪᠣᠱᠤᠭᠠᠨ ᠤ ᠲᠣᠬᠠᠢ ᠴᠡᠭᠡᠷ ᠶᠣᠰᠤᠨ᠄ ᠡᠭᠦᠳᠡᠨ ᠪᠣᠱᠣᠭᠠᠨ ᠳᠡᠭᠡᠷ᠎ᠡ ᠭᠢᠰᠭᠢᠳᠡᠭ ᠦᠭᠡᠢ᠂ ᠭᠡᠷ ᠲᠤ ᠣᠷᠤᠵᠤ ᠭᠠᠷᠬᠤ ᠳᠤ ᠪᠠᠨ ᠡᠭᠦᠳᠡᠨ | ᠪᠣᠱᠤᠭᠠᠨ ᠳᠡᠭᠡᠷ᠎ᠡ ᠶᠠᠭᠠᠬᠢᠭᠰᠠᠨ ᠴᠦ ᠭᠢᠰᠭᠢᠳᠡᠭ ᠦᠭᠡᠢ᠃ ᠲᠠᠷᠢᠶᠠᠯᠠᠬᠤ ᠣᠷᠤᠨ᠂ ᠬᠠᠭᠠᠰ ᠲᠠᠷᠢᠶᠠᠯᠠᠬᠤ ᠣᠷᠤᠨ ᠪᠤᠶᠤ ᠬᠠᠭᠠᠰ ᠮᠠᠯᠵᠢᠬᠤ ᠣᠷᠤᠨ ᠤ | ᠮᠤᠩᠭᠤᠯᠴᠣᠳ ᠡᠨᠡᠬᠦ ᠴᠡᠭᠡᠷ ᠢ ᠶᠡᠬᠡᠳᠡ ᠡᠷᠬᠢᠮᠯᠡᠳᠡᠭ᠃ ᠡᠷᠳᠡᠨ ᠳᠤ ᠵᠠᠷᠢᠮ ᠬᠦᠮᠦᠨ ᠬᠢᠴᠢᠶᠡᠮᠵᠢ ᠦᠭᠡᠢ ᠠᠴᠠ ᠪᠤᠯᠵᠤ ᠮᠤᠩᠭᠤᠯ ᠤᠨ ᠬᠠᠭᠠᠨ ᠤ ᠣᠷᠳᠤᠨ ᠤ | ᠡᠭᠦᠳᠡᠨ ᠪᠤᠱᠣᠭᠠᠨ ᠳᠡᠭᠡᠷ᠎ᠡ ᠭᠢᠰᠭᠢᠭᠰᠡᠨ ᠠᠴᠠ ᠪᠤᠯᠵᠤ ᠴᠠᠭᠠᠵᠠᠯᠠᠭᠤᠯᠤᠭᠰᠠᠨ ᠶᠠᠪᠣᠳᠠᠯ ᠪᠤᠢ᠃ ᠡᠭᠦᠳᠡᠨ ᠪᠣᠱᠤᠭ᠎ᠠ ᠶᠢᠨ ᠴᠡᠭᠡᠷ ᠶᠣᠰᠤ ᠶᠢ ᠴᠢᠩᠭᠢᠰ ᠬᠠᠭᠠᠨ ᠤ | ︽ᠶᠡᠭᠡ ᠵᠠᠰᠠᠭ︾ ᠲᠤ ᠲᠣᠭᠳᠠᠭᠠᠭᠰᠠᠨ ᠪᠠᠶᠢᠳᠠᠭ᠃ ᠡᠨᠡᠬᠦ ᠴᠡᠭᠡᠷ ᠶᠣᠰᠤᠨ ᠣᠳᠤ ᠪᠤᠯᠳᠠᠯ᠎ᠠ ᠣᠯᠠᠮᠵᠢᠯᠠᠭᠳᠠᠭᠰᠠᠭᠠᠷ ᠪᠠᠶᠢᠨ᠎ᠠ᠃ | 6. ᠲᠤᠯᠤᠭᠠᠢ ᠢᠯᠪᠢᠵᠤ ᠪᠤᠯᠳᠠᠭ ᠦᠭᠡᠢ ᠴᠡᠭᠡᠷ ᠶᠣᠰᠣᠨ᠄ ᠮᠤᠩᠭᠤᠯᠴᠣᠳ ᠤᠨ ᠲᠣᠮᠳᠠ ᠦᠯᠤ ᠲᠠᠨᠢᠬᠤ ᠬᠦᠮᠦᠨ᠂ ᠬᠡᠤᠬᠡᠳ ᠤᠨ ᠲᠣᠯᠣᠭᠠᠢ ᠶᠢ ᠢᠯᠪᠢᠵᠤ | ᠪᠤᠯᠳᠠᠭ ᠦᠭᠡᠢ ᠶᠣᠰᠤᠨ ᠪᠤᠢ᠃ ᠬᠠᠭᠤᠴᠢᠨ ᠤ ᠦᠵᠡᠯᠳᠡ ᠪᠠᠷ ᠪᠤᠯ ᠦᠯᠤ ᠲᠠᠨᠢᠬᠤ ᠬᠦᠮᠦᠨ ᠤ ᠭᠠᠷ ᠪᠣᠵᠠᠷ᠂ ᠭᠠᠢ ᠪᠠᠷᠴᠢᠳ ᠲᠠᠢ ᠪᠠᠶᠢᠳᠠᠭ᠃ ᠡᠶᠢᠮᠤ ᠠᠴᠠ | ᠦᠯᠤ ᠲᠠᠨᠢᠬᠤ ᠬᠦᠮᠦᠨ ᠬᠡᠤᠬᠡᠳ ᠤᠨ ᠲᠣᠯᠤᠭᠠᠢ ᠶᠢ ᠢᠯᠪᠢᠪᠠᠯ ᠬᠡᠤᠬᠡᠳ ᠤᠨ ᠡᠷᠡᠭᠦᠯ ᠮᠡᠨᠳᠣ ᠳᠤ ᠠᠰᠢᠭ ᠦᠭᠡᠢ ᠭᠡᠵᠤ ᠦᠵᠡᠳᠡᠭ᠃ | 7. ᠨᠤᠬᠠᠢ ᠴᠣᠬᠢᠳᠠᠭ ᠦᠭᠡᠢ ᠴᠡᠭᠡᠷ ᠶᠣᠰᠤᠨ᠄ ᠮᠠᠯᠴᠢᠨ ᠠᠶᠢᠯ ᠳᠤ ᠣᠴᠢᠬᠤ ᠳᠤ ᠪᠠᠨ ᠠᠶᠢᠯ ᠤᠨ ᠭᠡᠷ ᠤᠨ ᠭᠠᠳᠠᠨ᠎ᠠ ᠠᠭᠠᠵᠢᠭᠤ ᠬᠦᠷᠴᠤ ᠠᠨᠢᠷ ᠴᠢᠮᠡᠭᠡ | ᠦᠭᠴᠤ᠂ ᠭᠡᠷ ᠤᠨ ᠡᠵᠡᠨ ᠭᠠᠷᠴᠣ ᠢᠷᠡᠭᠡᠳ ᠣᠭᠳᠣᠬᠤ ᠶᠢ ᠬᠦᠯᠢᠶᠡᠬᠦ ᠶᠢᠨ ᠬᠠᠮᠳᠤ ᠨᠣᠬᠠᠢ ᠶᠢᠨ ᠪᠠᠶᠢᠳᠠᠯ ᠢ ᠰᠠᠶᠢᠳᠣᠷ ᠠᠩᠬᠠᠷᠤᠭᠰᠠᠨ ᠳᠠᠷᠠᠭ᠎ᠠ ᠰᠠᠶ᠋ᠢ | ᠤᠨᠤᠭᠠᠨ ᠠᠴᠠ ᠪᠠᠨ ᠪᠠᠭᠤᠳᠠᠭ᠃ ᠡᠨᠡ ᠨᠢ ᠠᠶᠢᠯ ᠤᠨ ᠨᠤᠬᠠᠢ ᠳᠤ ᠬᠠᠵᠠᠭᠳᠠᠬᠤ ᠠᠴᠠ ᠰᠡᠷᠭᠡᠶᠢᠯᠡᠵᠤ ᠪᠠᠶᠢᠭ᠎ᠠ ᠶᠢᠨ ᠬᠡᠷᠡᠭ ᠪᠢᠯᠡ᠃ ᠠᠶᠢᠯ ᠤᠨ ᠨᠤᠬᠠᠢ ᠶᠢ | ᠵᠤᠳᠤᠵᠤ ᠴᠣᠬᠢᠬᠤ ᠪᠤᠶᠤ ᠬᠠᠷᠢᠶᠠᠵᠤ ᠵᠦᠬᠡᠬᠦ ᠶᠢ ᠴᠡᠭᠡᠷᠯᠡᠳᠡᠭ᠃ ᠣᠴᠢᠷ ᠨᠢ ᠮᠤᠩᠭᠤᠯᠴᠣᠳ ᠨᠤᠬᠠᠢ ᠶᠢ ᠨᠦᠬᠦᠷ ᠢᠶᠠᠨ ᠭᠡᠵᠤ ᠦᠵᠡᠳᠡᠭ ᠪᠦᠭᠡᠳ ᠡᠷᠳᠡᠨ ᠳᠤ | ᠨᠤᠬᠠᠢ ᠶᠢ ᠠᠶᠢᠯ ᠤᠨ ᠨᠢᠭᠡ ᠪᠦᠯᠢ ᠪᠠᠷ ᠪᠣᠳᠣᠳᠠᠭ ᠪᠠᠶᠢᠭᠰᠡᠨ ᠭᠡᠳᠡᠭ᠃ | 8. ᠵᠤᠴᠢᠯᠠᠭᠤᠯᠬᠤ ᠴᠡᠭᠡᠷ ᠶᠣᠰᠤᠨ᠄ ᠵᠤᠴᠢᠨ ᠭᠡᠷ ᠲᠤ ᠣᠷᠤᠬᠤ ᠦᠶ᠎ᠡ ᠳᠤ ᠲᠡᠪᠡᠯ ᠬᠤᠪᠴᠠᠰᠣ ᠪᠠᠨ ᠠᠩᠬᠠᠷᠴᠤ ᠲᠡᠷᠢ ᠲᠡᠭᠰᠢ ᠪᠠᠶᠢᠯᠭᠠᠬᠤ᠂ ᠠᠶᠢᠯ ᠤᠨ | ᠭᠡᠷ ᠲᠤ ᠲᠠᠰᠢᠭᠤᠷ ᠰᠢᠯᠪᠢᠬᠦᠷ᠂ ᠲᠡᠭᠡᠰᠤ ᠠᠪᠴᠤ ᠣᠷᠣᠳᠠᠭ ᠦᠭᠡᠢ᠂ ᠲᠠᠰᠢᠭᠤᠷ ᠢᠶᠠᠨ ᠠᠶᠢᠯ ᠤᠨ ᠭᠡᠷ ᠤᠨ ᠪᠠᠷᠠᠭᠤᠨ ᠲᠠᠯ᠎ᠠ ᠳᠤ ᠭᠡᠷ ᠲᠦᠰᠢᠭᠦᠯᠦᠨ ᠪᠣᠰᠤᠭ᠎ᠠ | ᠲᠠᠯᠪᠢᠳᠠᠭ᠃ ᠭᠡᠷ ᠲᠤ ᠣᠷᠤᠭᠰᠠᠨ ᠳᠠᠷᠠᠭ᠎ᠠ ᠪᠤᠷᠬᠠᠨ ᠤ ᠬᠢᠨᠢ ᠡᠮᠦᠨ᠎ᠡ ᠰᠠᠭᠤᠳᠠᠭ ᠦᠭᠡᠢ᠂ ᠪᠠᠷᠠᠭᠤᠨ ᠲᠠᠯ᠎ᠠ ᠳᠤ ᠨᠢ ᠰᠠᠭᠤᠳᠠᠭ᠃ ᠬᠡᠷᠪᠡ ᠴᠡᠭᠡᠷ ᠶᠣᠰᠤ ᠶᠢ | ᠲᠠᠭᠠᠬᠤ ᠦᠭᠡᠢ ᠪᠤᠯ ᠠᠶᠢᠯ ᠤᠨ ᠬᠦᠮᠦᠨ ᠢ ᠬᠦᠨᠳᠦᠳᠬᠡᠵᠤ ᠦᠭᠡᠢ ᠳᠤ ᠳᠤᠭᠠᠴᠠᠭᠳᠠᠨ᠎ᠠ᠃ |