ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ 2024 ᠤᠨ ᠤ 7 ᠰᠠᠷ᠎ᠠ ᠶᠢᠨ ᠴᠢᠬᠤᠯᠠ ᠠᠵᠢᠯ ᠶᠠᠪᠤᠳᠠᠯ ᠤᠨ ᠳᠡᠮᠳᠡᠭᠯᠡᠯ
ᠨᠡᠶᠢᠲᠡᠯᠡᠭᠰᠡᠨ ᠴᠠᠭ᠄
2024/8/25
     7 ᠰᠠᠷ᠎ᠠ ᠶᠢᠨ 1 ᠤ ᠡᠳᠤᠷ᠂ ᠬᠦᠢᠵᠸᠤ ᠮᠤᠵᠢ ᠶᠢᠨ ᠷᠥᠩ ᠵᠢᠶᠠᠩ ᠰᠢᠶᠠᠨ ᠳᠤ ᠤᠮᠠᠷᠠᠳᠤ ᠶᠢᠨ ︽ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ︾ ᠪᠠ ᠡᠮᠤᠨᠡᠳᠤ ᠶᠢᠨ ︽ᠳᠤᠰᠬᠤᠨ ᠤ ᠬᠦᠯ ᠪᠦᠮᠪᠦᠭᠡ︾ ᠶᠢᠨ ᠬᠠᠷᠢᠯᠴᠠᠭᠠᠨ ᠤ ᠠᠵᠢᠯᠯᠠᠭ᠎ᠠ ᠦᠷᠨᠢᠬᠦᠯᠪᠠ᠃ ᠬᠤᠰᠢᠭᠤ ᠤᠳᠤᠷᠢᠳᠤᠯᠭ᠎ᠠ ᠴᠢᠤ ᠯᠢᠨ᠂ ᠤᠷᠬᠢᠯ᠂ ᠹᠧᠩ ᠴᠦᠨ ᠬᠤᠸᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠪᠠ᠃     ᠳᠤᠰ ᠡᠳᠤᠷ᠂ ᠳᠤᠮᠳᠠᠳᠤ ᠤᠯᠤᠰ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠤᠳᠤᠭ ᠤᠨ ᠡᠮᠤᠨᠡᠳᠤ ᠬᠤᠰᠢᠭᠤᠨ ᠳᠤ ᠰᠠᠭᠤᠭ᠎ᠠ ᠫᠷᠤᠹᠧᠰᠰᠤᠷ ᠤᠨ ᠠᠵᠢᠯ ᠤᠨ ᠦᠷᠳᠡᠭᠡ ᠶᠢᠨ ᠫᠠᠶᠢᠰᠠ ᠰᠡᠬᠦᠬᠦ ᠶᠤᠰᠤᠯᠠᠯ ᠶᠠᠪᠤᠭᠳᠠᠵᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠶᠤᠰᠤᠯᠠᠯ ᠳᠤ ᠤᠷᠤᠯᠴᠠᠪᠠ᠃     ᠳᠤᠰ ᠡᠳᠤᠷ᠂ ᠬᠤᠳᠠ ᠶᠢᠨ ᠳᠡᠳ᠋ ᠳᠠᠷᠤᠭ᠎ᠠ ᠵᠢᠷᠤᠮᠳᠤ ᠨᠠᠷ ᠮᠠᠨ ᠤ ᠬᠤᠰᠢᠭᠤᠨ ᠳᠤ ᠢᠷᠡᠵᠤ ︽ᠳᠤᠯᠠᠭᠠᠨ ᠢᠨᠵᠧᠨᠧᠷᠢᠩ︾ ᠤᠨ ᠲᠦᠷᠤᠯ ᠵᠦᠢᠯ ᠤᠨ ᠠᠬᠢᠭᠤᠯᠤᠯᠳᠠ ᠶᠢᠨ ᠪᠠᠶᠢᠳᠠᠯ ᠵᠢᠴᠢ ᠡᠯᠡᠰᠤ ᠶᠢ ᠰᠡᠷᠬᠡᠶᠢᠯᠡᠨ ᠵᠠᠰᠠᠬᠤ᠂ ᠬᠤᠭ ᠨᠤᠪᠰᠢ ᠶᠢ ᠰᠢᠢᠤᠨᠪᠤᠷᠢᠯᠡᠵᠤ ᠠᠰᠢᠭᠯᠠᠬᠤ ᠵᠡᠷᠬᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠤᠨᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠹᠦ᠋ ᠺᠧ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠨ ᠰᠤᠳᠤᠯᠪᠠ᠃     7 ᠰᠠᠷ᠎ᠠ ᠶᠢᠨ 16 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠨᠠᠩᠰᠤ ᠪᠠᠯᠭᠠᠰᠤᠨ ᠤ ᠮᠤᠭᠠᠶᠢᠳᠤ ᠨᠡᠶᠢᠬᠡᠮ ᠳᠤᠭᠤᠷᠢᠭ ᠲᠤ ᠤᠷᠳᠤᠰ ᠤᠨ ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ ᠵᠢᠴᠢ ᠬᠠᠳᠤᠨ ᠭᠤᠤᠯ ᠳᠠᠭᠠᠤ ᠬᠢ ᠶᠢᠰᠤᠨ ᠮᠤᠵᠢ ᠤᠷᠤᠨ ᠤ ᠮᠠᠯᠴᠢᠨ ᠳᠠᠷᠢᠶᠠᠴᠢᠨ ᠤ ᠠᠯᠠᠭᠠᠳᠠᠬᠤ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠪᠡᠯᠡᠤᠨᠬᠡᠯ ᠠᠵᠢᠯ ᠢ ᠪᠠᠶᠢᠴᠠᠭᠠᠨ ᠵᠢᠯᠤᠭᠤᠤᠨᠴᠤ᠂ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ ᠤᠷᠤᠯᠴᠠᠪᠠ᠃     ᠳᠤᠰ ᠡᠳᠤᠷ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠶᠠᠩ ᠶᠥᠩ ᠱᠧᠩ ᠬᠤᠳᠠ ᠶᠢᠨ ᠵᠠᠰᠠᠭ ᠤᠨ ᠤᠷᠳᠤᠨ ᠳᠤ ᠬᠦᠷᠴᠤ ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠵᠢᠴᠢ ᠠᠮᠢ ᠠᠬᠤᠢ ᠤᠷᠴᠢᠨ ᠳᠤᠭᠤᠷᠢᠨ ᠤ ᠬᠦᠷᠢᠶ᠎ᠡ ᠴᠠᠷᠠᠭᠠᠨ ᠳᠠᠬᠢ ᠬᠠᠤᠯᠢ ᠶᠢ ᠵᠦᠷᠢᠴᠡᠭᠰᠡᠨ ᠠᠰᠠᠭᠤᠳᠠᠯ ᠢ ᠲᠦᠪᠯᠡᠷᠡᠩᠬᠦᠢ ᠴᠡᠭᠴᠡᠯᠡᠨ ᠵᠠᠰᠠᠬᠤ ᠳᠤᠰᠬᠠᠢ ᠠᠵᠢᠯᠯᠠᠭ᠎ᠠ ᠶᠢ ᠬᠢᠨᠠᠨ ᠵᠢᠯᠤᠭᠤᠤᠨᠬᠤ ᠤᠷᠳᠤᠰ ᠬᠤᠳᠠ  ᠶᠢᠨ ᠪᠠᠶᠢᠷᠢᠯᠠᠭᠤᠯᠤᠯᠳᠠ ᠶᠢᠨ ᠬᠤᠷᠠᠯ ᠳᠤ ᠤᠷᠤᠯᠴᠠᠪᠠ᠃     7 ᠰᠠᠷ᠎ᠠ ᠶᠢᠨ 18 ᠤ ᠡᠳᠤᠷ᠂ ᠤᠷᠳᠤᠰ ᠤᠨ ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ ᠵᠢᠴᠢ ᠬᠠᠳᠤᠨ ᠭᠤᠤᠯ ᠳᠠᠭᠠᠤ ᠬᠢ ᠶᠢᠰᠤᠨ ᠮᠤᠵᠢ ᠤᠷᠤᠨ ᠤ ᠮᠠᠯᠴᠢᠨ ᠳᠠᠷᠢᠶᠠᠴᠢᠨ ᠤ ᠠᠯᠠᠭᠠᠳᠠᠬᠤ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤᠳᠤᠭ ᠤᠨ ᠡᠮᠤᠨᠡᠳᠤ ᠬᠤᠰᠢᠭᠤᠨ ᠤ ᠨᠠᠩᠰᠤ ᠪᠠᠯᠭᠠᠰᠤ ᠶᠢᠨ ᠮᠤᠭᠠᠶᠢᠳᠤ ᠨᠠᠶᠢᠬᠡᠮ ᠳᠤᠭᠤᠷᠢᠭ ᠲᠤ ᠵᠢᠩᠬᠢᠨᠢ ᠡᠬᠢᠯᠡᠪᠡ᠃ ᠦᠪᠡᠷᠳᠡᠬᠡᠨ ᠵᠠᠰᠠᠬᠤ ᠤᠷᠤᠨ ᠤ ᠪᠡᠶ᠎ᠡ ᠳᠠᠮᠢᠷ ᠤᠨ ᠳᠤᠪᠴᠢᠶᠠᠨ ᠳᠠᠷᠤᠭ᠎ᠠ ᠳ᠋ᠦ᠋ ᠪᠥᠸᠧ ᠵᠢᠶᠦ᠋ᠨ ᠤᠷᠳᠤᠰ ᠤᠨ ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ ᠵᠢᠴᠢ ᠬᠠᠳᠤᠨ ᠭᠤᠤᠯ ᠳᠠᠭᠠᠤ ᠬᠢ ᠶᠢᠰᠤᠨ ᠮᠤᠵᠢ ᠤᠷᠤᠨ ᠤ ᠮᠠᠯᠴᠢᠨ ᠳᠠᠷᠢᠶᠠᠴᠢᠨ ᠤ ᠠᠯᠠᠭᠠᠳᠠᠬᠤ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠡᠬᠢᠯᠡᠭᠰᠡᠨ ᠢ ᠵᠠᠷᠯᠠᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠳᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠪᠠᠶᠠᠷ ᠤᠨ ᠦᠬᠡ ᠶᠠᠷᠢᠨ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠭᠳᠤᠯᠭ᠎ᠠ ᠶᠢᠨ ᠶᠠᠷᠢᠶ᠎ᠠ ᠳᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠡᠬᠢᠯᠡᠯᠳᠠ ᠶᠢᠨ ᠶᠤᠰᠤᠯᠠᠯ ᠢ ᠡᠷᠬᠢᠯᠡᠪᠡ᠃ ᠬᠠᠳᠤᠨ ᠭᠤᠤᠯ ᠳᠠᠭᠠᠤ  ᠬᠢ ᠶᠢᠰᠤᠨ ᠮᠤᠵᠢ ᠤᠷᠤᠨ ᠪᠠ ᠪᠡᠬᠡᠵᠢᠩ ᠬᠤᠳᠠ᠂ ᠱᠠᠩᠬᠠᠢ ᠬᠤᠳᠠ ᠵᠡᠷᠬᠡ ᠬᠦᠷᠰᠢ ᠵᠡᠷᠬᠡᠯᠡᠳᠡᠭᠡ ᠭᠠᠵᠠᠷ ᠤᠷᠤᠨ᠂ ᠨᠦᠬᠦᠷᠰᠡᠭ ᠠᠵᠤ ᠠᠬᠤᠶᠢᠯᠠᠯ ᠤᠨ ᠤᠳᠤᠷᠢᠳᠤᠯᠭ᠎ᠠ ᠬᠦᠨᠳᠤᠳᠤ ᠵᠤᠴᠢᠤᠨ ᠵᠢᠴᠢ ᠤᠳᠤᠭ ᠤᠨ ᠡᠮᠤᠨᠡᠳᠤ ᠬᠤᠰᠢᠭᠤᠨ ᠤ ᠲᠦᠷᠪᠡᠨ ᠶᠡᠭᠡ ᠤᠳᠤᠷᠢᠤᠨᠬᠤ ᠪᠠᠭ᠂ ᠱᠠᠩᠬᠠᠢ ᠶᠢᠨ ᠰᠦᠮ᠎ᠠ ᠠᠵᠤ ᠠᠬᠤᠢ  ᠶᠢᠨ ᠨᠡᠬᠡᠬᠡᠯᠳᠠ ᠶᠢᠨ ᠤᠷᠤᠨ ᠤ ᠬᠤᠰᠢᠭᠤᠨ ᠳᠤ ᠪᠠᠨ ᠪᠠᠶᠢᠭ᠎ᠠ ᠰᠢᠶᠡᠨ ᠤ ᠳᠡᠰ ᠤᠨ ᠤᠳᠤᠷᠢᠳᠤᠯᠭ᠎ᠠ᠂ ᠬᠤᠰᠢᠭᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠬᠢᠯᠡᠯᠳᠠ ᠶᠢᠨ ᠶᠤᠰᠤᠯᠠᠯ ᠳᠤ ᠤᠷᠤᠯᠴᠠᠪᠠ᠃     ᠳᠤᠰ ᠡᠳᠤᠷ᠂ ᠪᠦᠬᠦ ᠬᠤᠳᠠ ᠶᠢᠨ 1 — 6 ᠰᠠᠷ᠎ᠠ ᠶᠢᠨ ᠪᠦᠬᠦ ᠬᠤᠳᠠ ᠶᠢᠨ ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠠᠵᠢᠯᠯᠠᠮᠵᠢ ᠪᠠ ᠠᠵᠤ ᠤᠶᠢᠯᠡᠤᠨᠪᠤᠷᠢ ᠶᠢᠨ ᠬᠦᠷᠢᠶ᠎ᠡ ᠴᠠᠷᠠᠭᠠᠨ ᠳᠠᠬᠢ ᠠᠷᠠᠯᠵᠢᠶᠠᠴᠢᠨ ᠤᠷᠢᠵᠤ ᠪᠡᠯᠡ ᠳᠠᠳᠠᠬᠤ ᠪᠠ ᠠᠶᠤᠯᠬᠦᠢ ᠤᠶᠢᠯᠡᠤᠨᠪᠤᠷᠢᠯᠡᠯ ᠤᠨ ᠠᠵᠢᠯ ᠤᠨ ᠸᠢᠳᠢᠤ᠋ ᠳᠤᠬᠢᠷᠠᠭᠤᠯᠤᠯᠳᠠ  ᠶᠢᠨ ᠬᠤᠷᠠᠯ ᠬᠤᠷᠠᠯᠳᠤᠵᠤ᠂ ᠮᠠᠨ ᠤ ᠬᠤᠰᠢᠭᠤᠨ ᠳᠤ ᠬᠤᠪᠢᠶᠠᠷᠢ ᠬᠤᠷᠠᠯ ᠤᠨ ᠳᠠᠯᠠᠪᠠᠢ ᠳᠤᠬᠢᠷᠠᠭᠤᠯᠪᠠ᠃ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠳ᠋ᠤᠸᠠᠨ ᡁᠢ ᠴᠢᠶᠠᠩ᠂ ᠯᠢᠶᠠᠩ ᠶᠥᠩ ᠱᠧᠩ ᠤᠷᠤᠯᠴᠠᠪᠠ᠃ ᠳᠠᠷᠠᠭ᠎ᠠ ᠪᠠᠷ ᠨᠢ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠳ᠋ᠤᠸᠠᠨ ᡁᠢ ᠴᠢᠶᠠᠩ ᠬᠤᠳᠠ ᠶᠢᠨ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠤᠷᠳᠤᠰ ᠬᠤᠳᠠ ᠶᠢᠨ ᠪᠠᠶᠢᠭᠠᠯᠢ ᠶᠢᠨ ᠰᠢᠳᠠᠮᠠᠬᠠᠢ ᠬᠡᠢ ᠶᠢᠨ ᠨᠡᠬᠡᠬᠡᠨ  ᠠᠰᠢᠭᠯᠠᠯᠳᠠ ᠶᠢᠨ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠲᠦᠷᠢᠮ︾ ᠤᠨ ᠬᠠᠤᠯᠢ ᠬᠡᠷᠡᠭᠵᠢᠬᠦᠯᠤᠯᠳᠠ ᠶᠢᠨ ᠪᠠᠶᠢᠴᠠᠭᠠᠯᠳᠠ ᠶᠢᠨ ᠰᠠᠭᠤᠳᠠᠯ ᠤᠨ ᠬᠤᠷᠠᠯ ᠳᠤ ᠤᠷᠤᠯᠴᠠᠪᠠ᠃     7 ᠰᠠᠷ᠎ᠠ ᠶᠢᠨ 19 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠬᠦᠷᠢᠶᠡᠨ ᠳᠠᠬᠢ ᠳᠤᠯᠪᠤᠳᠤ ᠵᠢᠷᠤᠭ ᠤᠨ ᠴᠡᠭᠴᠡᠯᠡᠯᠳᠠ ᠶᠢᠨ ᠠᠵᠢᠯ ᠢ ᠠᠬᠢᠭᠤᠯᠬᠤ ᠬᠤᠷᠠᠯ ᠵᠢᠴᠢ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠵᠢᠴᠢ ᠠᠮᠢ ᠠᠬᠤᠢ ᠤᠷᠴᠢᠨ ᠳᠤᠭᠤᠷᠢᠨ ᠤ ᠬᠦᠷᠢᠶᠡᠨ ᠳᠠᠬᠢ ᠬᠠᠤᠯᠢ ᠶᠢ ᠵᠦᠷᠢᠴᠡᠭᠰᠡᠨ ᠠᠰᠠᠭᠤᠳᠠᠯ ᠢ ᠲᠦᠪᠯᠡᠷᠡᠩᠬᠦᠢ ᠴᠡᠭᠴᠡᠯᠡᠬᠦ ᠳᠤᠰᠬᠠᠢ ᠠᠵᠢᠯᠯᠠᠭ᠎ᠠ ᠶᠢᠨ ᠤᠳᠤᠷᠢᠤᠨᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠹᠦ᠋ ᠺᠧ᠂ ᠶᠢᠤ ᠵᠢᠶᠠᠨ ᠴᠢᠩ᠂ ᠰᠢᠦᠢ ᠬᠤᠣ ᠪᠥᠸᠧ᠂ ᠱᠢ ᠬᠤᠢ ᠬᠤᠷᠠᠯ ᠳᠤ ᠤᠷᠤᠯᠴᠠᠪᠠ᠃     7 ᠰᠠᠷ᠎ᠠ ᠶᠢᠨ 21 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ᠂ ᠮᠤᠤᠠᠤᠰᠤ ᠡᠯᠡᠰᠦᠷᠬᠡᠭ ᠭᠠᠵᠠᠷ ᠢ ᠵᠠᠰᠠᠬᠤ ᠰᠢᠪᠳᠤᠯᠤᠯᠳᠠ ᠶᠢᠨ ᠠᠵᠢᠯ ᠤᠨ ᠠᠬᠢᠭᠤᠯᠤᠯᠳᠠ ᠶᠢᠨ ᠪᠠᠶᠢᠳᠠᠯ ᠢ ᠪᠤᠳᠠᠳᠤ ᠭᠠᠵᠠᠷ ᠲᠤ ᠨᠢ ᠪᠠᠶᠢᠴᠠᠭᠠᠨ ᠰᠤᠳᠤᠯᠵᠤ᠂ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ ᠤᠨ ᠠᠰᠠᠭᠤᠳᠠᠯ ᠤᠨ ᠴᠡᠭᠴᠡᠯᠡᠯᠳᠠ᠂ ᠮᠠᠯ ᠳᠠᠷᠢᠶᠠᠯᠠᠩ ᠤᠨ ᠤᠶᠢᠯᠡᠰ ᠤᠨ ᠬᠡᠯᠪᠡᠷᠢ  ᠪᠠᠨ ᠬᠤᠪᠢᠷᠠᠭᠠᠨ ᠤᠰᠤ ᠠᠷᠪᠢᠯᠠᠬᠤ ᠠᠵᠢᠯ ᠢ ᠬᠢᠨᠠᠨ ᠵᠢᠯᠤᠭᠤᠤᠨᠪᠠ᠃ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠪᠠᠷᠠᠭᠠᠳᠠᠨ ᠪᠠᠶᠢᠴᠠᠭᠠᠨ ᠰᠤᠳᠤᠯᠪᠠ᠃     7 ᠰᠠᠷ᠎ᠠ ᠶᠢᠨ 22 ᠤᠨ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠦᠷᠤᠯ ᠵᠦᠢᠯ ᠤᠨ ᠠᠬᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠹᠦ᠋ ᠺᠧ ᠪᠠᠷᠠᠭᠠᠳᠠᠨ ᠪᠠᠶᠢᠴᠠᠭᠠᠨ ᠰᠤᠳᠤᠯᠪᠠ᠃     ᠳᠤᠰ ᠡᠳᠤᠷ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠬᠢᠶ᠎ᠠ ᠪᠠᠭᠰᠢ ᠳᠤᠭᠤᠷᠢᠭ ᠲᠤ ᠤᠯᠤᠰ ᠤᠨ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠶᠢᠨ ᠦᠪᠤᠷ ᠮᠤᠩᠭᠤᠯ ᠳᠤ ᠰᠠᠭᠤᠭ᠎ᠠ ᠳᠤᠰᠬᠠᠢ ᠳᠤᠰᠢᠶᠠᠯᠳᠠᠨ ᠤ ᠤᠷᠳᠤᠰ ᠬᠤᠳᠠ ᠶᠢᠨ ᠬᠢᠨᠠᠨ ᠪᠠᠶᠢᠴᠠᠭᠠᠯᠳᠠ ᠶᠢᠨ ᠬᠠᠷᠢᠭᠤ ᠮᠡᠳᠡᠬᠦᠯᠤᠯᠳᠠ ᠶᠢᠨ ᠬᠤᠷᠠᠯ ᠳᠤ ᠤᠷᠤᠯᠴᠠᠪᠠ᠃     7 ᠰᠠᠷ᠎ᠠ ᠶᠢᠨ 23 ᠤ ᠡᠳᠤᠷ᠂ ᠬᠤᠳᠠ ᠶᠢᠨ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠡᠷᠳᠡᠨᠢᠪᠢᠯᠢᠭ᠂ ᠬᠤᠳᠠ ᠶᠢᠨ ᠤᠰᠤᠨ ᠠᠰᠢᠭᠯᠠᠯᠳᠠ  ᠶᠢᠨ ᠳᠤᠪᠴᠢᠶᠠᠨ ᠳᠠᠷᠤᠭ᠎ᠠ ᠸᠠᠩ ᠱᠤᠸᠠᠢ ᠱᠠᠩᠬᠠᠢ ᠶᠢᠨ ᠰᠦᠮ᠎ᠠ ᠪᠠᠯᠭᠠᠰᠤ ᠪᠠ ᠤᠯᠵᠠᠴᠢ ᠪᠠᠯᠭᠠᠰᠤᠨ ᠳᠤ ᠤᠢ ᠰᠢᠭᠤᠢ ᠨᠤᠳᠤᠭ ᠪᠡᠯᠴᠢᠬᠡᠷ ᠤᠨ ᠬᠠᠤᠯᠢ ᠶᠢ ᠵᠦᠷᠢᠴᠡᠭᠰᠡᠨ ᠳᠤᠯᠪᠤᠳᠤ ᠵᠢᠷᠤᠭ ᠤᠨ ᠴᠡᠭᠴᠡᠯᠡᠯᠳᠠ᠂ ᠭᠠᠩ ᠬᠠᠭᠰᠠᠷᠠᠭᠠᠨ ᠲᠠᠢ ᠳᠡᠮᠡᠴᠡᠬᠦ ᠠᠵᠢᠯ᠂ ᠮᠠᠯ ᠳᠠᠷᠢᠶᠠᠯᠠᠩ ᠤᠨ ᠤᠰᠤᠨ ᠦᠨ᠎ᠡ ᠶᠢᠨ ᠶᠡᠷᠤᠩᠬᠡᠶᠢᠯᠡᠭᠰᠡᠨ ᠦᠬᠡᠷᠡᠴᠢᠯᠡᠯᠳᠠ᠂ ᠠᠯᠠᠰᠢᠨ ᠮᠠᠯ ᠤᠨ ᠳᠡᠵᠢᠬᠡᠨ ᠦᠷᠡᠵᠢᠬᠦᠯᠤᠯᠬᠡ ᠵᠡᠷᠬᠡ ᠪᠠᠶᠢᠳᠠᠯ ᠢ ᠬᠢᠨᠠᠨ ᠵᠢᠯᠤᠭᠤᠤᠨᠴᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠪᠠᠷᠠᠭᠠᠳᠠᠪᠠ᠃     ᠳᠤᠰ ᠡᠳᠤᠷ᠂ ᠪᠦᠬᠦ ᠬᠤᠳᠠ ᠶᠢᠨ ︽ᠨᠡᠬᠦᠷᠡᠰᠤᠨ ᠳᠤᠯᠠᠭᠠᠯᠠᠭ᠎ᠠ ᠶᠢ ᠴᠠᠬᠢᠯᠭᠠᠨ ᠳᠤᠯᠠᠭᠠᠯᠠᠭ᠎ᠠ ᠪᠤᠯᠭᠠᠨ ᠦᠬᠡᠷᠡᠴᠢᠯᠡᠬᠦ︾ ᠠᠵᠢᠯ ᠢ ᠠᠬᠢᠭᠤᠯᠬᠤ ᠸᠢᠳᠢᠤ᠋ ᠬᠤᠷᠠᠯᠳᠤᠭᠠᠨ ᠬᠤᠷᠠᠯᠳᠤᠵᠤ᠂ ᠮᠠᠨ ᠤ ᠬᠤᠰᠢᠭᠤᠨ ᠳᠤ ᠬᠤᠪᠢᠶᠠᠷᠢ ᠬᠤᠷᠠᠯ ᠤᠨ ᠳᠠᠯᠠᠪᠠᠢ ᠳᠤᠬᠢᠷᠠᠭᠤᠯᠤᠨ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢᠶᠠᠩ ᠶᠥᠩ ᠱᠧᠩ ᠤᠷᠤᠯᠴᠠᠪᠠ᠃     7 ᠰᠠᠷ᠎ᠠ ᠶᠢᠨ 24 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠠᠮᠢ ᠠᠬᠤᠢ ᠤᠷᠴᠢᠨ ᠬᠠᠮᠠᠭᠠᠯᠠᠯᠳᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤ ᠤᠳᠤᠷᠢᠳᠤᠯᠭ᠎ᠠ ᠹᠦ᠋ ᠺᠧ᠂ ᠶᠢᠤ ᠵᠢᠶᠠᠨ ᠴᠢᠩ᠂ ᠱᠢ ᠬᠤᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃     ᠳᠤᠰ ᠡᠳᠤᠷ᠂ ᠬᠤᠸᠠ ᠵᠦᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠬᠢᠷᠤᠯ᠂ ᠶᠠ ᠵᠧᠦ ᠸᠠᠨ ᠤᠯᠤᠰ ᠤᠨ ᠳᠤᠷᠰᠢᠯᠳᠠ ᠶᠢᠨ ᠳᠠᠰᠤᠭ ᠤᠨ ᠡᠷᠳᠡᠨᠢ ᠰᠢᠰᠢ ᠶᠢ ᠳᠠᠷᠢᠵᠤ ᠪᠤᠶᠢᠵᠢᠭᠤᠯᠬᠤ ᠲᠦᠷᠤᠬᠦᠤ ᠰᠢᠨᠵᠢᠯᠡᠬᠦ ᠤᠬᠠᠭᠠᠨᠳᠠᠨ ᠶᠠᠨ ᠵᠢᠶᠠᠨ ᠪᠢᠩ ᠨᠠᠷ ᠮᠠᠨ ᠤ ᠬᠤᠰᠢᠭᠤᠨ ᠳᠤ ᠢᠷᠡᠵᠤ ᠤᠶᠤᠨᠴᠢ ᠮᠠᠯ ᠳᠠᠷᠢᠶᠠᠯᠠᠩ ᠤᠨ ᠬᠦᠭᠵᠢᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠡᠨ ᠮᠦᠷᠳᠡᠬᠡᠨ ᠮᠠᠨ ᠤ ᠬᠤᠰᠢᠭᠤᠨ ᠳᠤ ᠬᠤᠸᠠ ᠵᠦᠩ ᠳᠠᠷᠢᠶᠠᠯᠠᠩ ᠤᠨ ᠶᠡᠭᠡ ᠰᠤᠷᠭᠠᠭᠤᠯᠢ ᠶᠢᠨ ᠤᠶᠤᠨᠴᠢ ᠳᠠᠷᠢᠶᠠᠯᠠᠩ ᠤᠨ ᠳᠠᠭᠤᠷᠢᠶᠠᠯ ᠰᠠᠭᠤᠷᠢᠨ ᠭᠠᠵᠠᠷ ᠢ ᠪᠠᠶᠢᠭᠤᠯᠬᠤ ᠳᠤᠬᠠᠢ ᠠᠩᠬ᠎ᠠ ᠠᠯᠬᠤᠮ ᠤᠨ ᠬᠠᠮᠳᠤᠷᠠᠯᠴᠠᠭᠠᠨ ᠤ ᠰᠠᠨᠠᠮᠵᠢ ᠳᠤᠭᠳᠠᠪᠠ᠃ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠵᠢᠴᠢ ᠮᠠᠯ ᠳᠠᠷᠢᠶᠠᠯᠠᠩ ᠪᠠ ᠤᠰᠤᠨ ᠠᠰᠢᠭᠯᠠᠯᠳᠠ ᠶᠢᠨ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠨ ᠰᠤᠳᠤᠯᠪᠠ᠃     7 ᠰᠠᠷ᠎ᠠ ᠶᠢᠨ 25 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠳ᠋ᠦᠩ ᠹᠠᠩ ᠰᠢ ᠸᠠᠩ ᠪᠦᠯᠦᠭᠯᠡᠯ ᠤᠨ ᠬᠡᠷᠡᠭ ᠮᠡᠳᠡᠭᠴᠢᠤᠨ ᠤᠨ ᠳᠠᠷᠤᠭ᠎ᠠ ᠶᠢᠨ ᠤᠨᠴᠠᠭᠠᠢ ᠵᠦᠪᠯᠡᠭᠴᠢ᠂ ᠮᠡᠷᠬᠡᠵᠢᠯ ᠤᠨ ᠶᠡᠷᠤᠩᠬᠡᠢ ᠬᠢᠨᠠᠭᠴᠢ᠂ ᠳᠡᠬᠡᠳᠤ ᠵᠡᠷᠬᠡ ᠶᠢᠨ ᠢᠨᠵᠧᠨᠧᠷ ᠪᠠᠢ ᠮᠢᠩ ᠴᠠᠩ ᠨᠠᠷ ᠲᠠᠢ ᠰᠠᠭᠤᠳᠠᠯ ᠤᠨ ᠬᠤᠷᠠᠯ ᠬᠢᠵᠤ ᠶᠠᠷᠢᠯᠴᠠᠪᠠ᠃ ᠬᠤᠰᠢᠭᠤ ᠤᠳᠤᠷᠢᠳᠤᠯᠭ᠎ᠠ ᠳ᠋ᠤᠸᠠᠨ ᡁᠢ ᠴᠢᠶᠠᠩ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠳᠤᠷᠢᠳᠤᠯᠭ᠎ᠠ ᠯᠢ ᠷᠦᠢ᠂ ᠠᠵᠤ ᠠᠬᠤᠶᠢᠯᠠᠯ ᠤᠨ ᠤᠳᠤᠷᠢᠳᠤᠯᠭ᠎ᠠ ᠰᠢ ᠵᠣᠣ ᠶᠠᠩ᠂ ᠶᠠᠨ ᠽᠧᠩ ᠹᠦ᠋᠂ ᠹᠠᠨ ᠸᠠᠨ ᠯᠢ ᠤᠷᠤᠯᠴᠠᠪᠠ᠃     7 ᠰᠠᠷ᠎ᠠ ᠶᠢᠨ 26 ᠤ ᠡᠳᠤᠷ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠤᠪᠴᠢᠶ᠎ᠠ ᠶᠢᠨ ᠤᠳᠤᠷᠢᠳᠤᠯᠭ᠎ᠠ ᠤᠯᠤᠰ ᠤᠨ ᠭᠤᠤᠯᠳᠠᠯᠭᠠᠳᠤ ᠰᠢᠶᠠᠨ ᠤ ᠠᠭᠤᠷᠬᠠᠢ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠦᠷᠨᠢᠬᠦᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠴᠢᠤ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠪᠠ᠃     ᠳᠤᠰ ᠡᠳᠤᠷ᠂ ᠬᠤᠳᠠ ᠶᠢᠨ ᠤᠷᠴᠢᠨ ᠬᠠᠮᠠᠭᠠᠯᠠᠯᠳᠠ ᠶᠢ ᠳᠤᠷᠤᠭᠰᠢ ᠪᠠᠭᠤᠵᠤ ᠬᠢᠨᠠᠨ ᠪᠠᠶᠢᠴᠠᠭᠠᠬᠤ ᠳᠤᠭᠤᠶᠢᠯᠠᠩ ᠳᠠᠬᠢᠯᠳᠤ ᠶᠢᠨ ᠬᠤᠶᠠᠳᠤᠭᠠᠷ ᠬᠤᠷᠰᠢᠶ᠎ᠠ  ᠳᠤ ᠬᠦᠷᠴᠤ ᠤᠷᠴᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤ ᠳᠤᠰᠬᠠᠭᠰᠡᠨ ᠠᠰᠠᠭᠤᠳᠠᠯ ᠢ ᠳᠤᠬᠠᠢ ᠶᠢᠨ ᠭᠠᠵᠠᠷ  ᠲᠤ ᠨᠢ ᠬᠠᠷᠭᠤᠭᠤᠯᠤᠨ ᠪᠠᠶᠢᠴᠠᠭᠠᠵᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠱᠢ ᠬᠤᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ  ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠪᠠ᠃ ᠳᠠᠷᠠᠭ᠎ᠠ ᠪᠠᠷ ᠨᠢ᠂ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠡᠬᠡᠯᠵᠢ ᠶᠢᠨ ᠠᠮᠢ ᠠᠬᠤᠢ ᠤᠷᠴᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠠᠴᠠ ᠠᠷᠠᠤᠨ ᠤᠯᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠠᠳᠠᠯᠤᠨ ᠮᠠᠭᠠᠤᠨᠯᠠᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠪᠠ᠃     7 ᠰᠠᠷ᠎ᠠ ᠶᠢᠨ 30 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠤᠯᠵᠠᠴᠢ ᠪᠠᠯᠭᠠᠰᠤᠨ ᠳᠤ ᠠᠮᠢ ᠠᠬᠤᠢ ᠤᠷᠴᠢᠨ ᠬᠠᠮᠠᠭᠠᠯᠠᠯᠳᠠ᠂ ᠬᠤᠳᠠ ᠪᠠᠯᠭᠠᠰᠤᠨ ᠤ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠤᠨᠪᠠ᠃ ᠬᠤᠰᠢᠭᠤ ᠤᠳᠤᠷᠢᠳᠤᠯᠭ᠎ᠠ ᠹᠦ᠋ ᠺᠧ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃     7 ᠰᠠᠷ᠎ᠠ ᠶᠢᠨ 31 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ︽ᠨᠠᠢᠮᠠᠨ ᠰᠠᠷ᠎ᠠ ᠶᠢᠨ ᠨᠢᠬᠡᠨ︾ ᠤ ᠳᠤᠭᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠵᠤ᠂ ᠭᠠᠯ ᠤᠨᠳᠠᠷᠠᠭᠠᠬᠤ ᠵᠢᠯᠤᠭᠤᠳᠤᠭᠴᠢ ᠪᠠᠶᠢᠯᠳᠤᠭᠴᠢ ᠪᠠ ᠴᠡᠷᠢᠭ ᠠᠴᠠ ᠬᠠᠯᠠᠭᠳᠠᠭᠰᠠᠤᠨ  ᠢ ᠪᠤᠯᠭᠤᠭᠠᠨ ᠳᠤᠬᠤᠨᠢᠭᠤᠯᠵᠤ᠂ ᠳᠡᠳᠠᠨ ᠳᠤ ᠪᠠᠶᠠᠷ ᠤᠨ ᠡᠳᠤᠷ ᠤᠨ ᠵᠦᠩᠨᠡᠯ ᠪᠠ ᠴᠢᠩ ᠰᠡᠤᠨᠬᠢᠯ ᠤᠨ ᠮᠡᠨᠳᠤᠴᠢᠯᠠᠯ ᠳᠠᠪᠰᠢᠬᠦᠯᠪᠠ᠃ ᠬᠤᠰᠢᠭᠤ ᠤᠳᠤᠷᠢᠳᠤᠯᠭ᠎ᠠ ᠹᠧᠩ ᠴᠦᠨ ᠬᠤᠸᠠ ᠬᠠᠮᠳᠤ ᠳᠤᠬᠤᠨᠢᠭᠤᠯᠪᠠ᠃     ᠳᠤᠰ ᠡᠳᠤᠷ᠂ ᠮᠠᠯ ᠳᠠᠷᠢᠶᠠᠯᠠᠩ ᠬᠦᠳᠡᠭᠡ ᠳᠤᠰᠬᠤᠨ ᠤ ᠶᠠᠮᠤᠨ ᠤ ᠮᠠᠯ ᠳᠠᠷᠢᠶᠠᠯᠠᠩ ᠤᠨ ᠪᠦᠳᠤᠬᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠪ  ᠤᠨ ᠳᠡᠳ᠋ ᠡᠷᠬᠢᠯᠡᠭᠴᠢ ᠸᠠᠩ ᠽᠢ ᠴᠢᠶᠠᠩ ᠨᠠᠷ ᠮᠠᠨ ᠤ ᠬᠤᠰᠢᠭᠤᠨ ᠳᠤ ᠤᠳᠤ ᠦᠶ᠎ᠡ ᠶᠢᠨ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ᠵᠢᠴᠢ ᠮᠠᠯ ᠳᠠᠷᠢᠶᠠᠯᠠᠩ ᠪᠠ ᠤᠰᠤᠨ ᠠᠰᠢᠭᠯᠠᠯᠳᠠ  ᠶᠢᠨ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠨ ᠰᠤᠳᠤᠯᠪᠠ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ