ᠭᠠᠩ ᠬᠠᠭᠰᠠᠷᠠᠭᠠᠨ ᠤ ᠪᠠᠶᠢᠳᠠᠯ ᠢ ᠪᠦᠳᠤᠮᠵᠢᠳᠠᠢ ᠠᠷᠭᠠᠴᠠᠭᠠᠵᠤ᠂ ᠮᠠᠯᠴᠢᠨ ᠲᠦᠮᠡᠨ ᠤ ᠪᠤᠳᠠᠳᠠᠢ ᠬᠦᠴᠢᠷᠳᠠᠯ ᠢ ᠰᠢᠢᠤᠨᠪᠤᠷᠢᠯᠡᠬᠦ ᠶᠢᠨ ᠲᠦᠯᠤᠬᠡ᠂ 8 ᠰᠠᠷ᠎ᠠ | ᠶᠢᠨ 5 ᠤ ᠡᠳᠤᠷ᠂ ᠨᠠᠩᠰᠤ ᠭᠠᠴᠠᠭ᠎ᠠ ᠮᠠᠯᠴᠢᠤᠨ ᠲᠤ ᠭᠠᠩ ᠬᠠᠭᠰᠠᠷᠠᠭᠠᠨ ᠲᠠᠢ ᠳᠡᠮᠡᠴᠡᠬᠦ ᠳᠡᠵᠢᠬᠡᠯ ᠪᠤᠷᠳᠤᠭ᠎ᠠ ᠳᠠᠷᠬᠠᠭᠠᠬᠤ ᠠᠵᠢᠯᠯᠠᠭ᠎ᠠ ᠦᠷᠨᠢᠬᠦᠯᠪᠠ᠃ | ᠳᠠᠷᠬᠠᠭᠠᠬᠤ ᠳᠤᠬᠠᠢ ᠶᠢᠨ ᠳᠠᠯᠠᠪᠤᠷ ᠲᠤ᠂ ᠨᠠᠩᠰᠤ ᠭᠠᠴᠠᠭᠠᠨ ᠤ ︽ᠬᠤᠶᠠᠷ ᠵᠦᠪᠯᠡᠯ︾ ᠤᠨ ᠪᠠᠭ ᠤᠨ ᠪᠦᠷᠢᠯᠳᠤᠬᠦᠨ ᠨᠠᠷ ᠳᠡᠵᠢᠬᠡᠯ ᠪᠤᠷᠳᠤᠭ᠎ᠠ ᠠᠪᠬᠤ ᠪᠠᠷ | ᠢᠷᠡᠭᠰᠡᠨ ᠮᠠᠯᠴᠢᠨ ᠲᠦᠮᠡᠨ ᠢ ᠳᠠᠩᠰᠠᠯᠠᠵᠤ ᠬᠠᠷᠭᠤᠭᠤᠯᠤᠨ᠂ ᠮᠠᠯᠴᠢᠤᠨ ᠡᠮᠬᠢ ᠵᠢᠷᠤᠮ ᠲᠠᠢ ᠪᠠᠷ ᠳᠡᠷᠬᠡᠨ ᠳᠤ ᠪᠠᠨ ᠳᠡᠬᠡᠬᠡᠨ ᠵᠦᠬᠡᠬᠡᠪᠤᠷᠢᠯᠡᠵᠤ᠂ ᠳᠤᠬᠠᠢ ᠶᠢᠨ | ᠳᠠᠯᠠᠪᠠᠢ ᠳᠤ ᠶᠠᠭᠠᠷᠠᠯᠳᠤᠵᠤ ᠪᠠᠶᠢᠯ᠎ᠠ᠃ ᠡᠨᠡ ᠤᠳᠠᠭᠠᠨ ᠤ ᠠᠵᠢᠯᠯᠠᠭ᠎ᠠ ᠨᠢ ᠮᠠᠯᠴᠢᠤᠨ ᠤᠨ ᠭᠠᠩ ᠠᠴᠠ ᠪᠤᠯᠵᠤ ᠡᠪᠡᠰᠤ ᠪᠤᠷᠳᠤᠭ᠎ᠠ ᠳᠤᠳᠠᠭᠳᠠᠭᠰᠡᠨ ᠪᠠᠴᠢᠮ | ᠪᠠᠶᠢᠳᠠᠯ ᠢ ᠵᠤᠬᠢᠬᠤ ᠬᠡᠮᠵᠢᠶ᠎ᠡ ᠪᠠᠷ ᠰᠢᠢᠤᠨᠪᠤᠷᠢᠯᠡᠵᠤ᠂ ᠮᠠᠯ ᠳᠡᠵᠢᠬᠡᠪᠤᠷᠢ ᠶᠢᠨ ᠳᠠᠷᠤᠯᠳᠠ ᠶᠢ ᠪᠦᠳᠤᠮᠵᠢᠳᠠᠢ ᠬᠦᠩᠬᠡᠷᠡᠬᠦᠯᠦᠭᠰᠡᠨ ᠪᠠᠶᠢᠨ᠎ᠠ᠃ | ᠤᠶᠢᠯᠠᠭᠠᠭᠰᠡᠨ ᠢᠶᠠᠷ᠂ ᠳᠤᠰ ᠤᠳᠠᠭᠠᠨ ᠤ ᠠᠵᠢᠯᠯᠠᠭ᠎ᠠ ᠳᠤ᠂ ᠨᠠᠩᠰᠤ ᠭᠠᠴᠠᠭ᠎ᠠ ᠨᠢ ᠳᠠᠭᠠᠭᠠᠴᠢᠯᠠᠨ ᠳᠡᠤᠨᠬᠦᠭᠰᠡᠨ ᠪᠠᠶᠢᠭᠤᠯᠭ᠎ᠠ ᠨᠢᠬᠡᠴᠠ ᠪᠤᠯᠬᠤ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠤᠩᠬᠡᠢ ᠳᠤᠪᠴᠢᠶ᠎ᠠ ᠶᠢᠨ ᠤᠳᠤᠭ ᠤᠨ ᠡᠮᠤᠨᠡᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠳᠤᠪᠴᠢᠶ᠎ᠠ ᠬᠢᠬᠡᠤᠨ ᠳᠤᠬᠠᠢ ᠶᠢᠨ | ᠭᠠᠵᠠᠷ ᠤᠷᠤᠨ ᠤ 5 ᠠᠵᠤ ᠠᠬᠤᠶᠢᠯᠠᠯ ᠲᠠᠢ ᠨᠢᠭᠳᠠ ᠬᠠᠮᠳᠤᠷᠠᠯᠴᠠᠵᠤ᠂ ᠬᠠᠮᠳᠤ ᠪᠠᠷ 23 ᠲᠦᠮᠡᠨ ᠲᠦᠬᠦᠷᠢᠭ ᠤᠨ ᠭᠠᠩ ᠬᠠᠭᠰᠠᠷᠠᠭᠠᠨ ᠲᠠᠢ ᠳᠡᠮᠡᠴᠡᠬᠦ ᠪᠡᠯᠡ | ᠮᠦᠩᠬᠦ ᠴᠤᠭᠯᠠᠭᠤᠯᠵᠤ᠂ ᠲᠤᠨ ᠪᠦᠷᠢ ᠳᠤ ᠪᠠᠨ 1100 ᠲᠦᠬᠦᠷᠢᠭ ᠤᠨ ᠦᠷᠳᠡᠭ ᠪᠦᠬᠦᠢ ᠡᠪᠡᠰᠤ ᠪᠤᠷᠳᠤᠭ᠎ᠠ ᠶᠢ 208 ᠲᠤᠨ ᠪᠠᠭᠤᠯᠭᠠᠵᠤ᠂ ᠭᠠᠴᠠᠭ᠎ᠠ ᠠᠴᠠ | 700 ᠲᠦᠬᠦᠷᠢᠭ ᠳᠡᠮᠵᠢᠨ᠂ ᠮᠠᠯᠴᠢᠨ ᠡᠷᠤᠬᠡ ᠦᠪᠡᠰᠤᠪᠡᠨ 400 ᠲᠦᠬᠦᠷᠢᠭ ᠵᠠᠷᠤᠴᠠᠭᠤᠯᠵᠤ᠂ ᠪᠦᠬᠦ ᠭᠠᠴᠠᠭᠠᠨ ᠤ 208 ᠮᠠᠯᠴᠢᠨ ᠡᠷᠤᠬᠡ ᠳᠤ ᠠᠰᠢᠭ | ᠬᠦᠷᠳᠡᠬᠡᠭᠰᠡᠨ ᠪᠠᠶᠢᠨ᠎ᠠ᠃ |