ᠴᠡᠷᠢᠭ ᠠᠷᠠᠤᠨ ᠤᠨ ᠠᠮᠢᠨ ᠳᠡᠵᠢᠬᠡᠯ ᠸᠠᠩ ᠵᠧᠨ ᠤ ᠬᠤᠤᠨᠳᠤᠭ — ᠲᠦᠷᠪᠡᠳᠤᠬᠡᠷ ᠪᠦᠯᠦᠭ ︵ᠳᠠᠪᠤ︶
ᠨᠡᠶᠢᠲᠡᠯᠡᠭᠰᠡᠨ ᠴᠠᠭ᠄
2024/9/10
     ᠳᠠᠪᠤ᠂ ᠨᠠᠢᠮᠠᠳᠤᠭᠠᠷ ᠵᠠᠮ ᠤᠨ ᠴᠡᠷᠢᠭ ᠤᠨ ᠰᠡᠷᠬᠡᠶᠢᠯᠡᠨ ᠬᠠᠮᠠᠭᠠᠯᠠᠬᠤ ᠭᠤᠷᠪᠠᠳᠣᠭᠠᠷ ᠪᠠᠷᠢᠭᠠᠳᠠ ᠶᠢᠨ ᠮᠣᠷᠢᠳᠣ ᠴᠡᠷᠢᠭ ᠤᠨ ᠬᠤᠷᠢᠶ᠎ᠠ     1941 ᠣᠨ ᠳᠤ᠂ ᠳᠣᠮᠳᠠᠳᠣ ᠣᠯᠣᠰ ᠤᠨ ᠡᠪ ᠬᠠᠮᠳᠣ ᠨᠠᠮ ᠤᠨ ᠦᠣᠰᠢᠨ ᠤ ᠠᠵᠢᠯᠯᠠᠬᠤ ᠬᠤᠷᠢᠶ᠎ᠠ ᠶᠢᠨ ᠱᠦᠵᠢ ᠪᠠᠶᠢᠭᠰᠠᠨ ᠼᠣᠣ ᠳ᠋ᠦᠩ ᡁᠢ ᠶᠠᠨ ᠠᠨ ᠤ ᠴᠡᠷᠢᠭ ᠵᠠᠰᠠᠭ ᠤᠨ ᠰᠤᠳᠤᠯᠬᠤ ᠠᠩᠬᠢ ᠠᠴᠠ ᠳᠡᠭᠦᠰᠴᠣ᠂ ᠱᠠᠨ— ᠭᠠᠨ— ᠨᠢᠩ ᠬᠢᠵᠠᠭᠠᠷ ᠤᠷᠤᠨ ᠤ ᠠᠮᠣᠷ ᠢ ᠬᠠᠮᠠᠭᠠᠯᠠᠬᠤ ᠵᠠᠬᠢᠷᠭᠠᠨ ᠤ ᠭᠠᠵᠠᠷ  ᠲᠤ ᠠᠵᠢᠯ ᠰᠢᠯᠵᠢᠨ ᠰᠠᠯᠠᠭᠠᠨ ᠳᠠᠷᠤᠭ᠎ᠠ ᠪᠣᠯᠪᠠ᠃      ᠮᠦᠨ ᠵᠢᠯ ᠤᠨ ᠡᠴᠣᠰ ᠲᠤ᠂ ᠼᠣᠣ ᠳ᠋ᠦᠩ ᡁᠢ ᠵᠠᠷᠯᠢᠭ ᠢᠶᠠᠷ ᠭᠤᠷᠪᠡᠨ ᠬᠢᠵᠠᠭᠠᠷ ᠤᠨ ᠮᠣᠷᠢᠳᠣ ᠴᠡᠷᠢᠭ ᠤᠨ ᠶᠡᠭᠡ ᠠᠩᠬᠢ ᠶᠢ ᠵᠣᠬᠢᠶᠠᠨ ᠪᠠᠶᠢᠭᠤᠯᠵᠣ᠂ ᠶᠡᠭᠡ ᠠᠩᠬᠢ ᠶᠢᠨ ᠳᠠᠷᠤᠭ᠎ᠠ ᠶᠢᠨ ᠳᠤᠰᠢᠶᠠᠯ ᠢ ᠡᠬᠦᠷᠬᠡᠯᠡᠵᠡᠢ᠃ 1942 ᠣᠨ ᠤ 10 ᠰᠠᠷ᠎ᠠ ᠳᠤ᠂ ᠮᠣᠷᠢᠳᠣ ᠴᠡᠷᠢᠭ ᠤᠨ ᠶᠡᠭᠡ ᠠᠩᠬᠢ ᠶᠢ ᠰᠡᠷᠬᠡᠶᠢᠯᠡᠨ ᠬᠠᠮᠠᠭᠠᠯᠠᠬᠤ ᠭᠤᠷᠪᠠᠳᠣᠭᠠᠷ ᠪᠠᠷᠢᠭᠠᠳᠠ ᠶᠢᠨ ᠮᠣᠷᠢᠳᠣ ᠴᠡᠷᠢᠭ ᠤᠨ ᠬᠤᠷᠢᠶ᠎ᠠ ᠪᠤᠯᠭᠠᠨ ᠦᠬᠡᠷᠡᠴᠢᠯᠡᠬᠡᠤᠨ᠂ ᠼᠣᠣ ᠳ᠋ᠦᠩ ᡁᠢ ᠪᠠᠷ ᠬᠤᠷᠢᠶᠠᠨ ᠳᠠᠷᠤᠭ᠎ᠠ ᠶᠢᠨ ᠳᠤᠰᠢᠶᠠᠯ ᠢ ᠡᠬᠦᠷᠬᠡᠯᠡᠵᠤ᠂  ᠦᠣᠰᠢᠨ ᠬᠤᠰᠢᠭᠤᠨ ᠤ ᠤᠷᠳᠤ ᠪᠠᠶ᠎ᠠ ᠳᠠᠬᠢ ᠸᠠᠩ ᠶᠣᠣ ᠸᠡᠨ ᠢ ᠰᠠᠬᠢᠨ ᠰᠠᠭᠤᠬᠤ ᠶᠢᠨ ᠬᠠᠮᠳᠤ ᠪᠣᠷᠣᠪᠠᠯᠭᠠᠰᠣᠨ ᠤ ᠦᠢᠷ᠎ᠡ ᠬᠠᠪᠢ  ᠶᠢ ᠦᠷᠭᠦᠯᠵᠢ ᠰᠠᠬᠢᠵᠣ ᠪᠡᠶᠢᠵᠡᠢ᠃      ᠭᠤᠷᠪᠡᠨ ᠬᠢᠵᠠᠭᠠᠷ ᠤᠨ ᠮᠣᠷᠢᠳᠣ ᠴᠡᠷᠢᠭ ᠤᠨ ᠶᠡᠭᠡ ᠠᠩᠬᠢ ᠪᠣᠷᠣᠪᠠᠯᠭᠠᠰᠣ ᠶᠢ ᠴᠢᠯᠦᠭᠡᠯᠡᠭᠦ ᠪᠠᠶᠢᠯᠳᠤᠭᠠᠨ ᠳᠤ ᠣᠷᠣᠯᠴᠠᠵᠣ ᠦᠩᠭᠡᠷᠡᠵᠡᠢ᠃ 
ᠢᠷᠡᠯᠲᠡ᠄ ︽ᠳᠠᠯ᠎ᠠ ᠨᠤᠳᠤᠭ ᠤᠨ ᠬᠤᠪᠢᠰᠬᠠᠯ ᠤᠨ ᠳᠡᠤᠬᠡ ᠤᠯᠪᠠᠭ᠎ᠠ︾