ᠤᠳᠤᠭ ᠤᠨ ᠡᠮᠤᠨᠡᠳᠤ ᠬᠤᠰᠢᠭᠤ ᠰᠤᠷᠤᠯᠭ᠎ᠠ ᠳᠡᠤᠨᠬᠦᠬᠦ ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2024/9/2
       8 ᠰᠠᠷ᠎ᠠ ᠶᠢᠨ 24 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠡᠮᠡᠭᠳᠡᠶᠢᠴᠤᠤᠨ ᠤᠨ ᠬᠤᠯᠪᠤᠭᠠᠳᠤ ᠬᠤᠷᠠᠯ ︽ᠳᠠᠯ᠎ᠠ ᠨᠤᠳᠤᠭ ᠤᠨ ᠡᠵᠢ︾ ᠰᠠᠶᠢᠨ ᠳᠤᠷᠠᠴᠤᠤᠯ ᠤᠨ ᠦᠢᠯᠡᠴᠢᠯᠡᠬᠡᠨ ᠤ ᠨᠠᠶᠢᠬᠡᠮᠯᠢᠭ ᠤᠨ ︽ᠬᠠᠶᠢᠷ᠎ᠠ ᠬᠠᠯᠠᠮᠵᠢᠳᠤ ᠡᠵᠢ︾ ᠨᠠᠷ ᠡᠮᠡᠭᠳᠠᠶᠢᠴᠤᠤᠨ ᠬᠡᠤᠬᠡᠤᠨ ᠲᠠᠢ ᠨᠦᠬᠦᠷᠰᠡᠭ ᠬᠡᠯᠪᠡᠷᠢ ᠶᠢᠨ ᠴᠡᠴᠡᠷᠯᠢᠭ ᠲᠠᠢ ᠬᠠᠮᠳᠤᠷᠠᠨ ᠡᠳ᠋ ᠮᠦᠩᠬᠦ ᠪᠠᠷ ᠰᠤᠷᠤᠯᠭ᠎ᠠ ᠶᠢ ᠳᠤᠰᠠᠯᠠᠵᠤ ᠦᠰᠤᠨ ᠪᠤᠶᠢᠵᠢᠬᠤ ᠳᠤ ᠳᠤᠰᠠᠯᠠᠬᠤ ᠪᠠᠷ ᠭᠤᠤᠯ ᠰᠡᠳᠤᠪ ᠪᠤᠯᠭᠠᠭᠰᠡᠨ ᠬᠠᠶᠢᠷ᠎ᠠ ᠬᠠᠯᠠᠮᠵᠢ ᠪᠠᠷ ᠰᠤᠷᠤᠯᠭ᠎ᠠ ᠳᠡᠤᠨᠬᠦᠬᠦ ᠠᠵᠢᠯᠯᠠᠭ᠎ᠠ ᠶᠠᠪᠤᠭᠳᠠᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠡᠮᠡᠭᠳᠠᠶᠢᠴᠤᠤᠨ ᠬᠡᠤᠬᠡᠤᠨ ᠲᠠᠢ ᠨᠦᠬᠦᠷᠰᠡᠭ ᠬᠡᠯᠪᠡᠷᠢ ᠶᠢᠨ ᠬᠤᠳᠠ ᠶᠢᠨ ᠪᠦᠳᠤᠬᠡᠨ ᠪᠠᠶᠢᠭᠤᠯᠤᠯᠳᠠ ᠶᠢ ᠠᠬᠢᠭᠤᠯᠤᠭᠰᠠᠨ ᠪᠠᠶᠢᠨ᠎ᠠ᠃       ᠠᠵᠢᠯᠯᠠᠭᠠᠨ ᠳᠤ᠂ 20 ᠬᠡᠤᠬᠡᠤᠨ ᠲᠤ ᠬᠦᠮᠤᠨ ᠪᠦᠷᠢ ᠳᠤ 500 ᠲᠦᠬᠦᠷᠢᠭ ᠤᠨ ᠰᠤᠷᠤᠯᠭ᠎ᠠ ᠶᠢᠨ ᠳᠡᠤᠨᠬᠦᠮᠵᠢ ᠶᠢᠨ ᠮᠦᠩᠬᠦ ᠤᠯᠭᠤᠵᠤ᠂ ᠬᠡᠤᠬᠡᠤᠨ ᠢ ᠴᠢᠷᠮᠠᠶᠢᠨ ᠰᠤᠷᠤᠯᠴᠠᠵᠤ᠂ ᠵᠤᠷᠢᠭᠳᠠᠢ ᠪᠠᠷ ᠤᠷᠤᠭᠰᠢᠯᠠᠨ ᠳᠠᠪᠰᠢᠬᠤ ᠶᠢ ᠵᠤᠷᠢᠭᠵᠢᠭᠤᠯᠵᠤ᠂ ᠰᠢᠨ᠎ᠠ ᠴᠠᠭ ᠦᠶ᠎ᠡ ᠶᠢᠨ ᠰᠠᠶᠢᠨ ᠬᠡᠤᠬᠡᠤᠨ ᠪᠠᠭᠠᠴᠤᠤᠨ ᠪᠤᠯᠬᠤ ᠶᠢ ᠬᠦᠰᠡᠭᠰᠡᠨ ᠪᠠᠶᠢᠨ᠎ᠠ᠃       ᠤᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠳᠤ ᠦᠨᠳᠤᠰᠤᠨ ᠱᠠᠳᠤ᠂ ᠰᠤᠷᠭᠠᠭᠤᠯᠢ᠂ ᠨᠠᠶᠢᠬᠡᠮ ᠤᠨ ᠵᠤᠬᠢᠶᠠᠨ ᠪᠠᠶᠢᠭᠤᠯᠤᠯᠳᠠ᠂ ᠪᠠᠶᠢᠭᠤᠯᠭ᠎ᠠ ᠨᠢᠬᠡᠴᠠ᠂ ᠨᠡᠶᠢᠬᠡᠮ ᠤᠨ ᠡᠯ᠎ᠡ ᠡᠳᠡᠬᠡᠤᠨ ᠤᠨ ᠬᠢᠨ ᠤ 300 ᠭᠠᠷᠤᠢ ᠬᠠᠶᠢᠷ᠎ᠠ ᠬᠠᠯᠠᠮᠵᠢᠳᠤ ᠬᠦᠮᠤᠰ ᠬᠢᠬᠡᠤᠨ 30 ᠭᠠᠷᠤᠢ ᠠᠵᠤ ᠠᠬᠤᠶᠢᠯᠠᠯ ᠤᠨ ᠪᠦᠯᠬᠦᠮ ᠰᠠᠨᠠᠭᠠᠴᠢᠯᠠᠭ᠎ᠠ  ᠠᠴᠠ ᠪᠠᠨ ᠬᠠᠶᠢᠷ᠎ᠠ ᠬᠠᠯᠠᠮᠵᠢᠳᠤ ᠠᠵᠢᠯᠯᠠᠭ᠎ᠠ ᠦᠷᠨᠢᠬᠦᠯᠵᠤ᠂ ᠤᠷᠢᠤᠨ ᠬᠤᠵᠢᠤᠨ 110 ᠬᠡᠷ ᠪᠦᠯᠢ ᠶᠢ ᠬᠠᠶᠢᠷ᠎ᠠ ᠬᠠᠯᠠᠮᠵᠢ ᠪᠠᠷ ᠳᠡᠤᠨᠬᠦᠨ᠂ 802 ᠡᠮᠡᠭᠳᠡᠶᠢᠴᠤᠤᠨ ᠬᠡᠤᠬᠡᠤᠨ ᠲᠤ ᠨᠠᠶᠢᠳᠠ 88.7 ᠲᠦᠮᠡᠨ ᠲᠦᠬᠦᠷᠢᠭ ᠤᠨ ᠪᠡᠯᠡ ᠮᠦᠩᠬᠦ ᠬᠠᠨᠳᠢᠪᠯᠡᠪᠡ᠃
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ