ᠤᠳᠤᠭ ᠤᠨ ᠡᠮᠤᠨᠡᠳᠤ ᠬᠤᠰᠢᠭᠤᠨ ᠤ 2024 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2025 ᠤᠨ ᠤ ᠤᠯᠤᠰ ᠠᠷᠠᠤᠨ ᠤᠨ | ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ | | — 2025 ᠤᠨ ᠤ 1 ᠰᠠᠷ᠎ᠠ ᠶᠢᠨ 14 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠨ ᠨᠢᠬᠡᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠵᠥᠪᠯᠡᠯ | ᠲᠦᠯᠤᠬᠡᠯᠡᠭᠴᠢᠤᠨ ᠡ ᠄ | ᠬᠤᠰᠢᠭᠤ ᠠᠷᠠᠤᠨ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ 2024 ᠤᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2025 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ | ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2024 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2024 ᠤᠨ ᠪᠤᠯ ︽ᠠᠷᠪᠠᠨ ᠲᠦᠷᠪᠡᠳᠦᠭᠡᠷ ᠲᠠᠪᠣᠨ︾ ᠵᠢᠯ ᠤᠨ ᠲᠦᠯᠦᠪᠵᠢᠭᠦᠯᠭᠡ ᠶᠢᠨ ᠬᠠᠷᠠᠯᠳᠠ ᠡᠭᠦᠷᠭᠡ ᠶᠢᠨ ᠵᠠᠩᠬᠢᠯᠠᠭ᠎ᠠ ᠶᠢᠨ ᠨᠢᠭᠡ ᠵᠢᠯ ᠶᠣᠮ᠃ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠳᠤ ᠤᠳᠤᠷᠢᠳᠤᠯᠭ᠎ᠠ ᠪᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠴᠢ | ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠳᠡᠮᠵᠢᠯᠬᠡ ᠳᠣᠣᠷ᠎ᠠ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ ᠪᠣᠯᠣᠨ ᠬᠤᠷᠢᠳᠣᠭᠠᠷ ᠬᠤᠭᠤᠴᠠᠭᠠᠨ | ᠤ ᠬᠤᠶᠠᠷ᠂ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠣᠩᠭᠤᠯ ᠳᠤ ᠦᠭᠭᠦᠭᠰᠡᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ | ᠴᠣᠭᠴᠠ ᠶᠢᠨ ᠣᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠨ᠂ ︽ᠬᠤᠶᠠᠷ ᠶᠡᠭᠡ ᠶᠠᠪᠣᠳᠠᠯ︾᠂ ︽ᠵᠢᠷᠭᠤᠭᠠᠨ ᠢᠨᠵᠧᠨᠧᠷᠢᠩ︾ ᠢ ᠰᠠᠶᠢᠳᠦᠷ ᠬᠢᠵᠣ᠂ | ᠪᠦᠬᠦ ᠬᠤᠳᠠ ᠶᠢᠨ ︽ᠭᠤᠷᠪᠠᠨ ᠲᠦᠷᠪᠡ︾ ᠶᠢᠨ ᠬᠠᠷᠠᠯᠳᠠ ᠡᠭᠦᠷᠭᠡ ᠶᠢ ᠭᠦᠨᠵᠡᠭᠡᠢ ᠨᠠᠶᠢᠳᠠᠪᠦᠷᠢᠵᠢᠭᠤᠯᠣᠨ᠂ ᠲᠦᠷᠤᠯ ᠵᠦᠢᠯ ᠢ ᠰᠢᠪᠳᠤᠯᠤᠨ ᠠᠵᠤ ᠤᠶᠢᠯᠡᠰ ᠢ | ᠰᠢᠯᠢᠳᠡᠭᠵᠢᠬᠦᠯᠵᠤ᠂ ᠨᠠᠶᠢᠳᠠᠪᠤᠷᠢᠵᠢᠭᠤᠯᠤᠯᠳᠠ ᠶᠢ ᠠᠤᠨᠬᠤᠨ ᠪᠦᠳᠤᠮᠵᠢ ᠶᠢ ᠲᠡᠭᠡᠭᠰᠢᠯᠡᠭᠦᠯᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠡᠯ᠎ᠡ ᠲᠦᠷᠦᠯ | ᠤᠨ ᠠᠵᠢᠯ ᠣᠶᠢᠯᠠᠰ ᠢ ᠲᠣᠭᠳᠠᠭᠤᠨ ᠢᠶᠠᠷ ᠬᠦᠭᠵᠢᠭᠦᠯᠦᠨ᠂ ᠭᠠᠷᠮᠠᠭᠠᠶᠢᠯᠠᠨ ᠲᠠᠪᠰᠢᠬᠤ ᠣᠳᠤᠭ ᠤᠨ ᠡᠮᠦᠨᠡᠳᠦ ᠬᠤᠰᠢᠭᠤᠨ ᠤ ︽ᠲᠦᠷᠪᠡᠨ ᠣᠷᠣᠨ︾ ᠤ | ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠪᠠ᠃ | ︵ᠨᠢᠭᠡ︶ ᠠᠵᠣ ᠠᠬᠤᠢ ᠲᠠᠷᠣᠯᠳᠠᠳᠦ ᠡᠷᠬᠢᠯᠳᠡ ᠶᠢᠨ ᠲᠣᠮᠳᠠ ᠣᠶᠠᠨ ᠴᠢᠨᠠᠷ ᠨᠢ ᠣᠯᠠᠮ ᠬᠦᠴᠦᠷᠬᠡᠭᠵᠢᠪᠡ᠃ ᠠᠵᠣ ᠠᠬᠤᠢ ᠶᠢᠨ ᠬᠦᠭᠵᠢᠯᠳᠡ ᠶᠢᠨ ᠴᠢᠨᠠᠷ | ᠪᠦᠳᠦᠮᠵᠢ ᠶᠢ ᠲᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠳᠠᠯᠠᠨ᠂ ᠠᠵᠣ ᠠᠬᠤᠢ ᠶᠢᠨ ᠲᠠᠷᠣᠯᠳᠠ ᠶᠢ ᠪᠦᠳᠦᠮᠵᠢᠳᠡᠢ ᠠᠷᠭ᠎ᠠ ᠠᠪᠴᠠᠯ ᠢᠶᠠᠷ | ᠰᠢᠢᠳᠪᠦᠷᠢᠯᠡᠵᠣ᠂ ᠠᠵᠣ ᠣᠶᠢᠯᠠᠰ ᠤᠨ ᠬᠡᠯᠪᠡᠷᠢ ᠶᠢ ᠬᠤᠪᠢᠷᠠᠭᠠᠬᠤ᠂ ᠴᠢᠳᠠᠪᠬᠢ ᠶᠢ ᠲᠡᠰ ᠲᠡᠪᠰᠢᠭᠦᠯᠬᠦ ᠶᠢ ᠲᠦᠷᠭᠡᠳᠬᠡᠨ᠂ ᠠᠵᠣ ᠠᠬᠤᠢ ᠶᠢᠨ ᠠᠵᠢᠯᠯᠠᠮᠵᠢ ᠶᠢᠨ | ︽ᠲᠣᠭᠳᠠᠭᠤᠨ︾ ᠪᠠᠶᠢᠳᠠᠯ ᠢ ᠨᠡᠩ ᠪᠠᠬᠢᠵᠢᠭᠦᠯᠵᠣ᠂ ︽ᠲᠠᠪᠰᠢᠯᠳᠠ︾ ᠶᠢᠨ ᠬᠦᠳᠡᠯᠭᠡᠬᠦ ᠬᠦᠴᠦᠨ ᠢ ᠲᠠᠰᠣᠷᠠᠯᠳᠠ ᠦᠭᠡᠢ ᠬᠤᠷᠠᠮᠳᠣᠭᠤᠯᠪᠠ᠃ 2024 ᠣᠨ ᠳᠤ | ᠪᠦᠬᠦ ᠬᠤᠰᠢᠭᠤᠨ ᠤ ᠣᠷᠣᠨ ᠨᠣᠳᠤᠭ ᠤᠨ ᠦᠢᠯᠠᠳᠪᠦᠷᠢᠯᠡᠯ ᠤᠨ ᠶᠡᠷᠦᠩᠬᠡᠢ ᠦᠷᠳᠡᠭ 6.5% ︵ᠬᠤᠪᠢᠷᠠᠬᠤ ᠦᠬᠡᠢ ᠦᠨ᠎ᠡ︶ ᠪᠠᠷ ᠨᠡᠮᠡᠭᠳᠡᠨ᠂ ᠬᠡᠪᠴᠢᠶᠡᠵᠢᠯ | ᠠᠴᠠ ᠲᠡᠭᠡᠭᠰᠢᠬᠢ ᠠᠵᠣ ᠦᠢᠯᠠᠳᠪᠦᠷᠢ ᠶᠢᠨ ᠨᠡᠮᠡᠭᠳᠡᠯ ᠦᠷᠳᠡᠭ 9% ᠪᠠᠷ ᠨᠡᠮᠡᠭᠳᠡᠵᠣ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 28.8% ᠪᠠᠷ | ᠨᠡᠮᠡᠭᠳᠡᠨ᠂ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 53.6% ᠪᠠᠷ ᠨᠡᠮᠡᠭᠳᠡᠵᠣ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ | ᠬᠦᠮᠦᠨ ᠲᠣᠮᠳᠠᠴᠢ ᠶᠢᠨ ᠡᠵᠡᠮᠳᠡᠵᠣ ᠪᠣᠯᠬᠤ ᠣᠷᠣᠯᠭ᠎ᠠ 5% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠦᠮᠦᠨ ᠲᠣᠮᠳᠠᠴᠢ ᠶᠢᠨ ᠡᠵᠡᠮᠳᠡᠵᠣ ᠪᠣᠯᠬᠤ ᠣᠷᠣᠯᠭ᠎ᠠ 7% ᠪᠠᠷ ᠨᠡᠮᠡᠭᠳᠡᠪᠡ᠃ | ︵ᠬᠤᠶᠠᠷ︶ ᠲᠠᠬᠢᠨ ᠱᠣᠭᠤᠯᠳᠠ ᠲᠣᠮᠳᠠ ᠠᠵᠣ ᠣᠶᠢᠯᠠᠰ ᠨᠡᠩ ᠰᠢᠯᠢᠳᠡᠭᠵᠢᠪᠡ᠃ ︽ᠬᠤᠶᠠᠳᠣᠭᠠᠷ ᠠᠵᠣ ᠣᠶᠢᠯᠠᠰ ᠢ ᠬᠦᠴᠦᠷᠭᠡᠭᠵᠢᠭᠦᠯᠬᠦ᠂ ᠨᠢᠭᠡᠳᠦᠭᠡᠷ | ᠠᠵᠣ ᠣᠶᠢᠯᠠᠰ ᠢ ᠲᠠᠶᠢᠴᠢᠯᠠᠬᠤ᠂ ᠭᠤᠷᠪᠠᠳᠣᠭᠠᠷ ᠠᠵᠣ ᠣᠶᠢᠯᠠᠰ ᠢ ᠠᠮᠢᠳᠣᠯᠢᠭᠵᠢᠭᠤᠯᠬᠤ︾ ᠠᠵᠢᠯ ᠢ ᠰᠠᠶᠢᠳᠦᠷ ᠬᠢᠵᠣ᠂ ᠬᠡᠯᠬᠢᠶᠡᠵᠢᠯ ᠢ ᠣᠷᠳᠣᠳᠬᠠᠨ᠂ | ᠪᠦᠳᠦᠴᠡ ᠶᠢ ᠰᠢᠯᠢᠳᠡᠭᠵᠢᠭᠦᠯᠵᠣ᠂ ᠣᠯᠠᠨ ᠴᠢᠳᠠᠪᠬᠢ ᠶᠢ ᠬᠠᠷᠢᠯᠴᠠᠨ ᠨᠦᠬᠦᠪᠦᠷᠢᠯᠡᠭᠦᠯᠬᠦ᠂ ᠣᠯᠠᠨ ᠠᠵᠣ ᠣᠶᠢᠯᠠᠰ ᠢ ᠵᠡᠷᠭᠡᠪᠡᠷ ᠣᠷᠣᠭᠰᠢᠯᠠᠭᠤᠯᠬᠤ᠂ ᠣᠯᠠᠨ ᠲᠠᠯ᠎ᠠ | ᠪᠠᠷ ᠲᠣᠯᠭᠠᠭᠤᠷᠢᠯᠠᠬᠤ᠂ ᠣᠯᠠᠨ ᠡᠰᠢ ᠪᠠᠷ ᠬᠦᠭᠵᠢᠭᠦᠯᠬᠦ ᠣᠳᠣᠬᠢᠴᠢᠯᠠᠭᠰᠠᠨ ᠠᠵᠣ ᠣᠶᠢᠯᠠᠰ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠪᠦᠷᠢᠯᠳᠦᠭᠦᠯᠪᠡ᠃ | ᠠᠵᠣ ᠣᠶᠢᠯᠠᠳᠪᠦᠷᠢ ᠶᠢᠨ ᠠᠵᠣ ᠠᠬᠤᠢ ᠶᠢᠨ ᠬᠦᠭᠵᠢᠯᠳᠡ ᠶᠢᠨ ᠬᠠᠨᠳᠣᠰᠢ ᠰᠠᠶᠢᠵᠢᠷᠠᠪᠠ᠃ ᠬᠦᠭᠵᠢᠯᠳᠡ ᠶᠢᠨ ᠠᠵᠠ ᠲᠣᠬᠢᠶᠠᠯ ᠢ ᠡᠵᠡᠮᠳᠡᠨ᠂ ᠲᠦᠷᠦᠯ | ᠵᠣᠶᠢᠯ ᠤᠨ ᠪᠠᠶᠢᠭᠤᠯᠣᠯᠳᠠ ᠶᠢ ᠲᠦᠷᠭᠡᠳᠬᠡᠵᠣ᠂ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠭᠦᠷᠡᠰᠣ ᠮᠠᠯᠳᠠᠭᠰᠠᠨ ᠠᠴᠠ ᠪᠣᠯᠵᠣ ᠲᠣᠷᠣᠭᠰᠢ | ᠰᠠᠭᠤᠭᠰᠠᠨ ᠣᠷᠣᠨ ᠤ 4GW ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠲᠦᠷᠦᠯ ᠵᠣᠶᠢᠯ ᠢ ᠪᠠᠶᠢᠭᠤᠯᠣᠨ ᠲᠣᠣᠷ ᠲᠤ ᠨᠡᠶᠢᠯᠡᠭᠦᠯᠵᠣ᠂ ᠷᠦᠨ ᠶᠠᠩ ᠤᠨ | ᠨᠠᠷᠠᠨ ᠡᠨᠧᠷᠬᠢ ᠶᠢᠨ ᠲᠣᠨᠣᠭᠯᠠᠯ ᠦᠢᠯᠡᠳᠬᠡᠯ ᠤᠨ ᠪᠦᠬᠦ ᠠᠵᠣ ᠦᠢᠯᠡᠰ ᠤᠨ ᠬᠡᠯᠬᠢᠶᠡᠵᠢᠯ ᠤᠨ ᠠᠵᠣ ᠦᠢᠯᠠᠳᠪᠦᠷᠢ ᠶᠢᠨ ᠴᠠᠬᠢᠭᠤᠷ᠂ ᠣᠯᠠᠨ ᠲᠠᠯᠠᠰᠳᠦ ᠴᠠᠬᠢᠭᠤᠷ | ᠤᠨ ᠲᠦᠷᠦᠯ ᠵᠣᠶᠢᠯ ᠢ ᠪᠦᠬᠦ ᠲᠠᠯ᠎ᠠ ᠪᠠᠷ ᠪᠠᠶᠢᠭᠤᠯᠣᠨ᠂ ᠱᠧᠨ᠋ᠵᠧᠨ ᠤ ᠡᠨᠧᠷᠬᠢ ᠶᠢᠨ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠠᠳᠬᠦ ᠨᠢᠭᠡᠳᠦᠭᠡᠷ ᠬᠤᠭᠤᠴᠠᠭᠠᠨ | ᠤ 25 ᠲᠦᠮᠡᠨ ᠺᠢᠯᠣᠸᠠᠲ ᠲᠦᠷᠦᠯ ᠵᠣᠶᠢᠯ ᠢ ᠪᠠᠶᠢᠭᠤᠯᠣᠨ ᠲᠣᠷᠰᠢᠨ ᠦᠢᠯᠡᠳᠪᠦᠷᠢᠯᠡᠵᠣ᠂ ᠣᠯᠣᠰ ᠤᠨ ᠴᠠᠬᠢᠯᠭᠠᠨ ᠤ ᠷᠦᠨ ᠶᠠᠩ ᠤᠨ 50 ᠲᠦᠮᠡᠨ ᠺᠢᠯᠣᠸᠠᠲ | ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠨᠠᠷᠠᠨ ᠡᠨᠧᠷᠬᠢ ᠶᠢᠨ ᠬᠡᠰᠡᠭ ᠪᠦᠯᠦᠭ ᠢ ᠪᠠᠶᠢᠭᠤᠯᠵᠣ ᠲᠣᠣᠷ ᠲᠤ ᠨᠡᠶᠢᠯᠡᠭᠦᠯᠦᠨ᠂ ᠴᠠᠩ | ᠴᠧᠩ᠂ ᠣᠯᠣᠰ ᠤᠨ ᠴᠠᠬᠢᠯᠭᠠᠨ ᠤ ᠱᠤᠸᠠᠩ ᠸᠧᠢ ᠶᠢᠨ 500 ᠺᠢᠯᠣᠸᠣᠯᠲ ᠲᠠᠷᠣᠯᠳᠠ ᠲᠡᠭᠡᠭᠰᠢᠯᠡᠭᠦᠯᠬᠦ ᠦᠷᠳᠡᠭᠡ ᠶᠢ ᠪᠠᠶᠢᠭᠤᠯᠣᠨ ᠠᠰᠢᠭᠯᠠᠯᠳᠠ ᠳᠤ | ᠣᠷᠣᠭᠤᠯᠵᠣ᠂ ᠪᠦᠬᠦ ᠬᠤᠰᠢᠭᠤᠨ ᠤ ᠨᠢᠭᠡᠨᠳᠡ ᠪᠠᠶᠢᠭᠤᠯᠵᠣ ᠲᠠᠭᠤᠰᠣᠭᠰᠠᠨ᠂ ᠪᠠᠶᠢᠭᠤᠯᠵᠣ ᠪᠠᠶᠢᠭ᠎ᠠ ᠰᠢᠨ᠎ᠡ ᠡᠨᠧᠷᠬᠢ ᠶᠢᠨ ᠲᠦᠷᠦᠯ ᠵᠣᠶᠢᠯ ᠤᠨ ᠬᠡᠪᠴᠢᠶᠡᠵᠢᠯ | 5GW ᠲᠤ ᠬᠦᠷᠴᠦ᠂ ᠰᠢᠨ᠎ᠡ ᠡᠨᠧᠷᠬᠢ ᠶᠢᠨ ᠴᠠᠬᠢᠯᠭᠠᠨ ᠭᠠᠷᠭᠠᠬᠤ ᠬᠡᠮᠵᠢᠶ᠎ᠡ 128.8% ᠪᠠᠷ ᠨᠡᠮᠡᠭᠳᠡᠪᠡ᠃ ᠣᠯᠠᠮᠵᠢᠯᠠᠯᠳᠦ ᠡᠨᠧᠷᠬᠢ ᠶᠢᠨ ᠰᠠᠭᠤᠷᠢ ᠶᠢ | ᠪᠠᠬᠢᠵᠢᠭᠦᠯᠦᠨ ᠬᠦᠴᠦᠷᠬᠡᠭᠵᠢᠭᠦᠯᠵᠣ᠂ ᠬᠠᠷᠴᠠᠭᠠᠢ ᠬᠦᠯᠦᠭ 1 ᠨᠣᠮᠧᠷᠳᠦ ᠨᠠᠭᠦᠷᠡᠰᠣᠨ ᠠᠭᠤᠷᠬᠠᠢ ᠶᠢᠨ ᠪᠠᠷᠢᠯᠭ᠎ᠠ ᠶᠢ ᠡᠬᠢᠯᠡᠭᠦᠯᠦᠨ᠂ ᠬᠠᠶᠢᠯᠠᠰᠣᠨ ᠬᠤᠳᠳᠤᠭ | ᠨᠡᠭᠦᠷᠡᠰᠣᠨ ᠠᠭᠤᠷᠬᠠᠢ᠂ ᠴᠠᠩ ᠴᠧᠩ 1 ᠂ 3᠂ 6 ᠳ᠋ᠣᠭᠠᠷ ᠨᠣᠮᠧᠷᠳᠦ ᠨᠡᠭᠦᠷᠡᠰᠣᠨ ᠠᠭᠤᠷᠬᠠᠢ ᠶᠢᠨ ᠭᠠᠷ ᠭᠦᠢᠴᠡᠳᠬᠡᠯ ᠢ ᠪᠦᠬᠦᠨ ᠢ ᠭᠦᠢᠴᠡᠳᠬᠡᠵᠣ᠂ ᠾᠧᠩ | ᠺᠦᠨ ᠤ ᠬᠤᠶᠠᠳᠣᠭᠠᠷ ᠬᠤᠭᠤᠴᠠᠭᠠᠨ ᠤ 130 ᠲᠦᠮᠡᠨ ᠲᠣᠨ ᠬᠡᠤᠷᠰᠢᠬᠦᠯᠬᠦ ᠲᠦᠷᠦᠯ ᠵᠣᠶᠢᠯ ᠤᠨ ᠬᠡᠤᠷᠰᠢᠬᠦᠯᠬᠦ ᠨᠦᠭᠦᠴᠡᠯ ᠢ ᠪᠦᠷᠢᠳᠦᠭᠦᠯᠦᠨ᠂ ᠲᠢᠶᠠᠨ ᠯᠢ | ᠹᠧᠩ ᠤᠨ 20 ᠲᠦᠮᠡᠨ ᠲᠣᠨ LNG ᠤᠨ ᠲᠦᠷᠦᠯ ᠵᠣᠶᠢᠯ᠂ ᠶᠠ ᠬᠠᠢ ᠶᠢᠨ CNG ᠲᠦᠷᠦᠯ ᠵᠣᠶᠢᠯ ᠢ ᠠᠰᠢᠭᠯᠠᠯᠳᠠ ᠳᠤ ᠣᠷᠣᠭᠤᠯᠵᠣ᠂ ᠨᠡᠭᠦᠷᠡᠰᠦ ᠬᠢᠮᠢ | ᠶᠢᠨ ᠠᠵᠣ ᠦᠢᠯᠠᠳᠪᠦᠷᠢ᠂ ᠰᠢᠳᠠᠮᠠᠬᠠᠢ ᠭᠡᠢ᠂ LNG ᠤᠨ ᠭᠠᠷᠣᠯᠳᠠ ᠶᠢᠨ ᠬᠡᠮᠵᠢᠶ᠎ᠡ ᠲᠣᠰᠪᠦᠷᠢ 120 ᠲᠦᠮᠡᠨ ᠲᠣᠨ᠂ 70 ᠳ᠋ᠦᠩᠰᠢᠭᠤᠷ ᠪᠣᠰᠤᠭ᠎ᠠ | ᠲᠦᠷᠪᠡᠯᠵᠢᠨ ᠮᠧᠲᠷ᠂ 100 ᠲᠦᠮᠡᠨ ᠲᠣᠨ ᠳᠤ ᠬᠦᠷᠪᠡ︔ 800 ᠲᠦᠮᠡᠨ ᠺᠢᠯᠤᠸᠠᠲ ᠨᠡᠬᠦᠷᠡᠰᠤᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ | ᠦᠷᠭᠦᠯᠵᠢᠭᠦᠶᠢᠴᠡ ᠲᠤᠭᠲᠠᠭᠤᠨ ᠠᠵᠢᠯᠯᠠᠮᠵᠢ ᠶᠢ ᠪᠠᠳᠣᠯᠠᠨ᠂ ᠪᠦᠬᠦ ᠵᠢᠯ ᠤᠨ ᠴᠠᠬᠢᠯᠭᠠᠨ ᠤ ᠭᠠᠷᠭᠠᠯᠳᠠ 406 ᠳ᠋ᠦᠩᠰᠢᠭᠤᠷ ᠺᠢᠯᠤᠸᠠᠲ ᠲᠤ ᠬᠦᠷᠪᠡ᠃ | ᠣᠳᠦ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠴᠢᠨᠠᠷ ᠢ ᠲᠡᠭᠡᠭᠰᠢᠯᠡᠭᠦᠯᠣᠨ ᠪᠦᠳᠦᠮᠵᠢ ᠶᠢ ᠨᠡᠮᠡᠭᠳᠡᠬᠦᠯᠪᠡ᠃ ︽ᠬᠦᠳᠡᠭᠡ ᠲᠣᠰᠬᠤᠨ ᠢ ᠬᠦᠭᠵᠢᠭᠦᠯᠣᠨ | ᠮᠠᠨᠳᠣᠭᠤᠯᠬᠤ ᠲᠠᠭᠤᠷᠢᠶᠠᠯ ᠣᠷᠣᠨ︾ ᠤ ᠪᠠᠶᠢᠭᠤᠯᠣᠯᠳᠠ ᠶᠢᠨ ᠬᠠᠷᠠᠯᠳᠠ ᠳᠤ ᠲᠦᠪᠯᠡᠷᠡᠭᠦᠯᠦᠨ᠂ ︽ᠠᠷᠪᠠ ᠵᠠᠭᠤ ᠮᠢᠩᠭ᠎ᠠ ᠲᠦᠮᠡ ᠳ᠋ᠦᠩᠰᠢᠭᠤᠷ︾ ᠤᠨ | ᠢᠨᠵᠧᠨᠧᠷᠢᠩ ᠢ ᠪᠠᠳᠣᠳᠠᠢ ᠠᠬᠢᠭᠤᠯᠵᠣ᠂ ᠮᠠᠯ ᠲᠠᠷᠢᠶᠠᠯᠠᠩ ᠤᠨ ᠣᠶᠢᠯᠠᠰ ᠤᠨ ᠠᠵᠣ ᠣᠶᠢᠯᠠᠰᠵᠢᠯᠡᠯᠳᠡ᠂ ᠬᠡᠪᠴᠢᠶᠡᠵᠢᠯᠡᠯᠳᠡ᠂ ᠨᠡᠷᠡᠳᠦ ᠲᠡᠮᠳᠡᠭᠴᠢᠯᠡᠯᠳᠡ᠂ | ᠲᠣᠭᠠᠴᠠᠯᠠᠯᠳᠠ ᠶᠢᠨ ᠬᠦᠭᠵᠢᠯᠳᠡ ᠶᠢ ᠪᠦᠬᠦ ᠬᠦᠴᠦᠨ ᠢᠶᠠᠷ ᠠᠬᠢᠭᠤᠯᠣᠨ᠂ ᠪᠦᠬᠦ ᠣᠯᠣᠰ ᠤᠨ ᠬᠦᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠳᠠᠢ | ᠦᠭᠡᠷᠡᠴᠢᠯᠡᠯᠳᠡ ᠶᠢᠨ ᠴᠡᠭ ᠤᠨ ᠲᠣᠷᠰᠢᠯᠳᠡ᠂ ᠬᠠᠮᠳᠦ ᠶᠢᠨ ᠠᠵᠣ ᠠᠬᠤᠢ ᠶᠢᠨ ᠠᠵᠣ ᠣᠶᠢᠯᠠᠰ ᠤᠨ ᠬᠦᠷᠢᠶᠡᠯᠡᠩ ᠵᠡᠷᠭᠡ 48 ᠲᠦᠷᠦᠯ ᠤᠨ ᠬᠦᠳᠡᠭᠡ ᠲᠣᠰᠬᠤᠨ | ᠢ ᠬᠦᠭᠵᠢᠭᠦᠯᠣᠨ ᠮᠠᠨᠳᠣᠭᠤᠯᠬᠤ ᠲᠦᠷᠦᠯ ᠵᠣᠶᠢᠯ ᠢ ᠬᠡᠷᠡᠭᠵᠢᠭᠦᠯᠵᠣ᠂ 8816 ᠲᠦᠮᠡᠨ ᠲᠦᠬᠦᠷᠢᠭ ᠤᠨ ᠠᠵᠣ ᠣᠶᠢᠯᠠᠰ ᠢ ᠬᠦᠭᠵᠢᠭᠦᠯᠬᠦ ᠪᠡᠯᠡ ᠮᠦᠩᠭᠦ ᠶᠢ | ᠨᠠᠶᠢᠳᠠᠪᠦᠷᠢᠵᠢᠭᠤᠯᠪᠠ᠃ ︽ᠠᠯᠠᠰᠢᠨ ᠦᠭᠡᠷ᠂ ᠠᠯᠠᠰᠢᠨ ᠮᠠᠯ᠂ ᠨᠣᠣᠯᠣᠭᠤᠷ ᠤᠨ ᠢᠮᠠᠭ᠎ᠠ᠂ ᠵᠢᠮᠢᠰ ᠨᠣᠭᠤᠭ᠎ᠠ᠂ ᠠᠮᠢ ᠠᠬᠤᠢ︾ ᠲᠠᠪᠣᠨ ᠶᠡᠭᠡ ᠠᠵᠣ ᠣᠶᠢᠯᠠᠰ | ᠤᠨ ᠰᠦᠷᠦᠭᠵᠢᠯ ᠢ ᠲᠦᠪᠯᠡᠷᠡᠩᠬᠦᠢ ᠪᠠᠶᠢᠭᠤᠯᠣᠨ᠂ ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ 106 ᠲᠦᠮᠡᠨ ᠮᠣ᠋ ᠬᠦᠷᠴᠦ᠂ ᠦᠨᠳᠦᠷ ᠪᠠᠷᠢᠮᠵᠢᠶᠠᠨ ᠤ ᠲᠠᠷᠢᠶ᠎ᠠ | 3.78 ᠲᠦᠮᠡᠨ ᠮᠣ᠋᠂ ᠠᠮᠣ ᠪᠣᠳᠠᠭᠠᠨ ᠤ ᠣᠨᠠᠯᠳᠠ ᠶᠢ 2.8 ᠳ᠋ᠦᠩᠰᠢᠭᠤᠷ ᠵᠢᠩ ᠳᠤ ᠳᠤᠭᠳᠠᠪᠤᠷᠢᠵᠢᠭᠤᠯᠵᠤ᠂ ᠵᠢᠮᠢᠰ ᠨᠣᠭᠤᠭᠠᠨ ᠤ ᠭᠠᠷᠣᠯᠳᠠ 21 ᠲᠦᠮᠡᠨ | ᠲᠣᠨ᠂ ᠮᠠᠯ ᠤᠨ ᠲᠤᠭ᠎ᠠ ᠲᠣᠯᠣᠭᠠᠢ 225 ᠲᠦᠮᠡᠨ ᠪᠣᠳᠠᠭᠠᠯᠢ ᠳᠤ ᠬᠦᠷᠴᠦ᠂ ᠵᠢᠯ ᠤᠨ ᠠᠯᠠᠰᠢᠨ ᠮᠠᠯ ᠤᠨ ᠪᠣᠷᠣᠯᠠᠭᠤᠯᠭ᠎ᠠ 130 ᠲᠦᠮᠡᠨ ᠲᠣᠯᠣᠭᠠᠢ ᠳᠤ | ᠬᠦᠷᠦᠨ᠂ ᠲᠠᠷᠢᠮᠠᠯ ᠲᠡᠵᠢᠭᠡᠨ ᠦᠷᠡᠵᠢᠭᠦᠯᠭᠡ ᠶᠢᠨ ᠪᠦᠳᠦᠴᠠ ᠶᠢ ᠪᠦᠳᠦᠮᠵᠢᠳᠡᠢ ᠵᠣᠬᠢᠴᠠᠭᠤᠯᠪᠠ᠃ 5 ᠬᠤᠳᠠ ᠶᠢᠨ ᠲᠡᠰ ᠤᠨ ᠲᠣᠯᠣᠭᠠᠶᠢᠯᠠᠭᠴᠢ ᠠᠵᠣ ᠠᠬᠤᠶᠢᠯᠠᠯ | ᠢ ᠪᠣᠶᠢᠵᠢᠭᠤᠯᠣᠨ᠂ 76 ᠬᠡᠷ ᠪᠦᠯᠢ ᠶᠢᠨ ᠮᠠᠯᠵᠢᠯ ᠤᠨ ᠲᠠᠯᠠᠪᠣᠷ ᠢ ᠦᠨᠡᠯᠡᠨ ᠲᠣᠭᠳᠠᠭᠠᠵᠣ᠂ ︽ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠪᠦᠬᠦ | ᠣᠷᠣᠨ ᠤ ᠭᠠᠵᠠᠷ ᠵᠦᠢ ᠶᠢᠨ ᠢᠯᠡᠳᠬᠡᠯ ᠳᠠᠩᠰᠠᠯᠠᠯᠲᠠ ᠶᠢᠨ ᠠᠵᠣ ᠠᠬᠤᠢ ᠶᠢᠨ ᠴᠢᠨᠠᠷᠯᠢᠭ ᠬᠦᠭᠵᠢᠯᠳᠡ ᠳᠤ ᠬᠦᠴᠦᠨ ᠨᠡᠮᠡᠷᠢᠯᠡᠭᠰᠡᠨ ᠠᠷᠪᠠᠨ ᠶᠡᠭᠡ ᠨᠡᠶᠢᠳᠡᠯᠢᠭ | ᠵᠢᠱᠢᠶ᠎ᠡ᠂ ︽ᠲᠣᠯᠠᠭᠠᠨ ᠬᠤᠳᠠ ᠶᠢᠨ ᠣᠯᠠᠨ ᠦᠨᠦᠷ ᠠᠮᠳᠠ︾ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠡᠮᠳᠡᠭ ᠤᠨ ᠨᠡᠷᠡᠰ ᠲᠤ | ᠵᠢᠭᠰᠠᠭᠠᠭᠳᠠᠵᠣ᠂ ᠣᠳᠤᠭ ᠤᠨ ᠡᠮᠦᠨᠡᠳᠦ ᠬᠤᠰᠢᠭᠤᠨ ᠤ ᠨᠣᠣᠯᠣᠭᠤᠷ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠳᠦᠭᠡᠭᠳᠡᠭᠦᠨ ᠢᠶᠠᠷ ᠦᠨᠡᠯᠡᠭᠳᠡᠨ᠂ ᠨᠠᠩᠰᠦ | ᠪᠠᠯᠭᠠᠰᠣ ᠪᠦᠬᠦ ᠣᠯᠣᠰ ᠤᠨ ᠮᠠᠯ ᠲᠠᠷᠢᠶᠠᠯᠠᠩ ᠤᠨ ᠠᠵᠣ ᠣᠶᠢᠯᠠᠰ ᠤᠨ ᠬᠦᠴᠦᠷᠬᠡᠭ ᠪᠠᠯᠭᠠᠰᠣ ᠪᠠᠷ ᠰᠣᠩᠭᠤᠭᠳᠠᠵᠣ᠂ ᠪᠣᠷᠣᠪᠠᠯᠭᠠᠰᠣ ᠪᠠᠯᠭᠠᠰᠣ ︽ᠲᠣᠮᠳᠠᠳᠦ | ᠣᠯᠣᠰ ᠤᠨ ᠦᠵᠡᠰᠭᠦᠯᠡᠩᠳᠦ ᠰᠠᠶᠢᠬᠠᠨ ᠲᠣᠰᠬᠤᠨ ᠪᠠᠯᠭᠠᠰᠣᠨ ᠤ ᠰᠢᠯᠭᠠᠷᠠᠭᠤᠯᠣᠯᠳᠠ︾ ᠶᠢᠨ ᠬᠦᠳᠡᠭᠡ ᠲᠣᠰᠬᠤᠨ ᠢ ᠬᠦᠭᠵᠢᠭᠦᠯᠣᠨ ᠮᠠᠨᠳᠣᠭᠤᠯᠬᠤ ᠲᠠᠭᠤᠷᠢᠶᠠᠯ | ᠱᠠᠩᠨᠠᠯ ᠢ ᠬᠦᠷᠳᠡᠨ᠂ ︽ᠣᠳᠤᠭ ᠤᠨ ᠡᠮᠦᠨᠡᠳᠦ ᠬᠤᠰᠢᠭᠤᠨ ᠤ ᠯᠠᠵᠣᠣ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ︾ ᠨᠢ ᠣᠯᠣᠰ ᠤᠨ ᠲᠡᠰ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠤᠨ ᠱᠠᠩᠨᠠᠯ ᠢ ᠬᠦᠷᠳᠡᠪᠡ᠃ ᠨᠣᠳᠤᠭ ᠪᠡᠯᠴᠢᠭᠡᠷ ᠤᠨ ᠠᠮᠢ ᠠᠬᠤᠢ ᠶᠢᠨ ᠲᠡᠵᠢᠭᠡᠨ ᠦᠷᠡᠵᠢᠭᠦᠯᠭᠡ ᠶᠢᠨ ︽ᠮᠠᠯᠵᠢᠯ ᠤᠨ ᠲᠠᠯᠠᠪᠠᠢ︾ ᠶᠢ | ᠰᠦᠪᠡᠭᠴᠢᠯᠡᠨ ᠪᠠᠶᠢᠭᠤᠯᠵᠣ᠂ ᠮᠠᠯᠴᠢᠨ ᠲᠠᠷᠢᠶᠠᠴᠢᠳ ᠤᠨ ᠭᠠᠵᠠᠷ ᠰᠢᠷᠦᠢ ᠪᠠᠷ ᠢᠶᠠᠨ ᠬᠤᠪᠢ ᠣᠷᠣᠭᠤᠯᠬᠤ ᠶᠢ ᠵᠣᠷᠢᠭᠵᠢᠭᠤᠯᠣᠨ᠂ ᠭᠠᠴᠠᠭ᠎ᠠ ᠲᠣᠰᠬᠤᠨ ᠤ ᠬᠠᠮᠳᠦ | ᠶᠢᠨ ᠠᠵᠣ ᠠᠬᠤᠢ ᠠᠴᠠ ᠨᠢᠭᠡᠳᠦᠯᠳᠡᠢ ᠲᠦᠯᠦᠪᠵᠢᠭᠦᠯᠣᠨ ᠡᠵᠡᠩᠨᠡᠵᠣ᠂ ᠨᠣᠳᠤᠭ ᠪᠡᠯᠴᠢᠭᠡᠷ ᠢ ᠴᠡᠭᠴᠡᠵᠢᠭᠦᠯᠦᠨ ︽ᠨᠢᠭᠡᠳᠦᠯᠳᠡᠢ ᠲᠡᠵᠢᠭᠡᠨ ᠬᠠᠮᠳᠦ ᠪᠠᠷ ᠪᠠᠶᠠᠵᠢᠬᠤ︾ | ᠬᠦᠭᠵᠢᠯᠳᠡ ᠶᠢᠨ ᠵᠠᠭᠪᠣᠷ ᠢ ᠲᠡᠯᠭᠡᠷᠡᠭᠦᠯᠦᠨ᠂ 39.6 ᠲᠦᠮᠡᠨ ᠲᠣᠯᠣᠭᠠᠢ ᠬᠡᠳᠦᠷᠡᠳᠡᠯ᠎ᠠ ᠮᠠᠯᠵᠢᠭᠰᠠᠨ ᠮᠠᠯ ᠢ ᠰᠢᠯᠵᠢᠭᠦᠯᠵᠣ᠂ ᠨᠣᠳᠤᠭ ᠪᠡᠯᠴᠢᠭᠡᠷ ᠤᠨ ᠮᠠᠯ ᠠᠵᠣ | ᠠᠬᠤᠢ ᠶᠢᠨ ᠦᠷᠭᠦᠯᠵᠢᠭᠦᠶᠢᠴᠡ ᠬᠦᠭᠵᠢᠯᠳᠡ ᠶᠢ ᠪᠦᠳᠦᠮᠵᠢᠳᠡᠢ ᠠᠬᠢᠭᠤᠯᠪᠠ᠃ | ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠣᠯᠠᠨ ᠡᠰᠢᠵᠢᠯ ᠤᠨ ᠬᠦᠳᠡᠯᠭᠡᠭᠴᠢ ᠬᠦᠴᠦᠨ ᠢ ᠨᠡᠮᠡᠭᠳᠡᠭᠦᠯᠪᠡ᠃ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ | ᠬᠦᠭᠵᠢᠯᠳᠡ ᠶᠢ ᠲᠦᠷᠭᠡᠳᠬᠡᠨ᠂ 1000 ᠲᠦᠮᠡᠨ ᠲᠦᠬᠦᠷᠢᠭ ᠤᠨ ᠲᠣᠰᠬᠠᠢ ᠲᠦᠷᠣᠯ ᠤᠨ ᠪᠡᠯᠡ ᠮᠦᠩᠭᠦ ᠲᠣᠬᠢᠷᠠᠭᠤᠯᠣᠨ ᠰᠣᠶᠣᠯ ᠵᠢᠭᠤᠯᠴᠢᠯᠠᠯ ᠤᠨ ᠬᠡᠷᠡᠭᠯᠡᠭᠡ᠂ | ᠰᠢᠨ᠎ᠡ ᠪᠠᠷ ᠬᠦᠭᠵᠢᠵᠣ ᠪᠠᠶᠢᠭ᠎ᠠ ᠠᠵᠣ ᠣᠶᠢᠯᠠᠰ᠂ ᠲᠣᠬᠠᠶᠢᠯᠠᠭᠰᠠᠨ ᠠᠵᠢᠯ ᠤᠨ ᠨᠡᠷᠡᠳᠦ ᠲᠡᠮᠳᠡᠭ ᠤᠨ ᠰᠣᠩᠭᠤᠯᠳᠠ ᠪᠣᠯᠣᠨ ᠰᠣᠶᠣᠯ ᠵᠢᠭᠤᠯᠴᠢᠯᠠᠯ ᠤᠨ | ᠴᠢᠳᠠᠪᠦᠷᠢᠳᠡᠨ ᠢ ᠬᠦᠮᠦᠵᠢᠭᠦᠯᠬᠦ ᠶᠢ ᠲᠡᠮᠵᠢᠵᠣ᠂ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠬᠦᠭᠵᠢᠯᠳᠡ ᠶᠢᠨ ᠰᠢᠨ᠎ᠡ ᠬᠦᠳᠡᠯᠭᠡᠭᠦ ᠬᠦᠴᠦᠨ᠂ ᠰᠢᠨ᠎ᠡ | ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ︽ᠰᠣᠳᠣᠯᠭ᠎ᠠ ᠰᠣᠷᠣᠯᠴᠠᠯᠭ᠎ᠠ + ᠵᠢᠭᠤᠯᠴᠢᠯᠠᠯ + ᠡᠷᠡᠭᠦᠯᠵᠢᠯ ᠰᠣᠪᠢᠯᠠᠯᠳᠠ + ᠠᠷᠠᠯᠵᠢᠶ᠎ᠡ ᠬᠤᠳᠠᠯᠳᠣᠭᠠᠨ︾ ᠤ | ᠠᠵᠣ ᠣᠶᠢᠯᠠᠰ ᠤᠨ ᠬᠡᠯᠬᠢᠶᠡᠵᠢᠯ ᠤᠨ ᠲᠣᠭᠤᠷᠢᠨ ᠳᠤ ︽1 + 8 + N︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠠᠬᠤᠢ ᠪᠠᠶᠢᠳᠠᠯ ᠢ ᠪᠦᠷᠢᠯᠳᠦᠭᠦᠯᠵᠣ᠂ | ︽ᠲᠠᠯ᠎ᠠ ᠨᠣᠳᠤᠭ ᠤᠨ ᠬᠤᠪᠢᠰᠬᠠᠯ ᠤᠨ ᠲᠡᠤᠬᠡ ᠣᠯᠪᠠᠭ᠎ᠠ︾ ᠶᠢ ᠪᠦᠬᠦ ᠣᠯᠣᠰ ᠤᠨ ᠰᠣᠶᠣᠯ ᠤᠨ ᠦᠪ ᠤᠨ ᠵᠢᠭᠤᠯᠴᠢᠯᠠᠯ ᠤᠨ ᠵᠠᠮ ᠱᠤᠭᠤᠮ ᠤᠨ ᠬᠤᠷᠢᠨ | ᠬᠦᠴᠦᠷᠬᠡᠭ ᠲᠤ ᠣᠷᠣᠭᠤᠯᠣᠨ᠂ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠦᠯᠦᠭᠡᠯᠡᠯ ᠤᠨ ᠬᠦᠴᠦᠨ ᠪᠠ ᠲᠠᠭᠤᠷᠢᠶᠠᠯ ᠣᠶᠢᠯᠠᠳᠣᠯ ᠢ ᠲᠠᠰᠣᠷᠠᠯᠳᠠ ᠦᠭᠡᠢ | ᠲᠡᠭᠡᠭᠰᠢᠯᠡᠭᠦᠯᠪᠡ᠃ ᠣᠷᠳᠣᠰ ᠤᠨ ︽ᠲᠠᠯ᠎ᠠ ᠨᠣᠳᠤᠭ ᠤᠨ ᠠᠯᠠᠭᠠᠳᠠᠬᠤ ᠪᠦᠮᠪᠦᠭᠡ︾ ᠶᠢᠨ ᠰᠣᠶᠣᠯ ᠤᠨ ᠨᠡᠷᠡᠳᠦ ᠲᠡᠮᠳᠡᠭ ᠢ ᠪᠣᠢ ᠪᠣᠯᠭᠠᠨ᠂ ︽ᠣᠷᠣᠯᠳᠣᠭᠠᠨ + | ᠵᠢᠭᠤᠯᠴᠢᠯᠠᠯ + ᠰᠣᠶᠣᠯ︾ ᠤᠨ ᠰᠢᠨ᠎ᠡ ᠪᠠᠶᠢᠳᠠᠯ ᠢ ᠪᠣᠶᠢᠵᠢᠭᠤᠯᠵᠤ᠂ ︽ᠲᠣᠯᠠᠭᠠᠨ ᠬᠤᠳᠠ ᠶᠢᠨ ᠬᠠᠶᠢᠷ᠎ᠠ ᠬᠠᠯᠠᠮᠵᠢ ᠪᠠᠷ ᠦᠪᠦᠷ ᠮᠣᠩᠭᠤᠯ ᠱᠠᠨᠰᠢ ᠶᠢ | ᠲᠠᠶᠢᠴᠢᠯᠠᠬᠤ︾ ᠣᠷᠳᠣᠰ · ᠶᠠᠨ ᠠᠨ · ᠲᠥᠩ ᠴᠤᠸᠠᠨ ᠤ ᠬᠤᠪᠢᠰᠬᠠᠯᠳᠦ ᠰᠣᠶᠣᠯ ᠵᠢᠭᠤᠯᠴᠢᠯᠠᠯ ᠤᠨ ᠭᠤᠷᠪᠠᠨ ᠬᠤᠳᠠ ᠶᠢᠨ ᠬᠤᠯᠪᠣᠭᠠᠯᠠᠯ᠂ ᠣᠷᠳᠣᠰ | ᠤᠨ ᠲᠠᠯ᠎ᠠ ᠨᠣᠳᠤᠭ ᠤᠨ ᠠᠯᠠᠭᠠᠳᠠᠬᠤ ᠪᠦᠮᠪᠦᠭᠡ ᠵᠢᠴᠢ ᠬᠠᠳᠣᠨ ᠭᠤᠣᠯ ᠲᠠᠭᠤ ᠬᠢ ᠶᠢᠰᠦᠨ ᠮᠣᠵᠢ ᠣᠷᠣᠨ ᠤ ᠮᠠᠯᠴᠢᠨ ᠲᠠᠷᠢᠶᠠᠴᠢᠨ ᠤ ᠠᠯᠠᠭᠠᠳᠠᠬᠤ ᠪᠦᠮᠪᠦᠭᠡ | ᠶᠢᠨ ᠣᠷᠢᠯᠭ᠎ᠠ ᠶᠢᠨ ᠣᠷᠣᠯᠳᠣᠭᠠᠨ ᠤ ᠰᠢᠷᠢᠰ ᠠᠵᠢᠯᠯᠠᠭᠠᠨ ᠢ ᠠᠮᠵᠢᠯᠳᠠ ᠲᠠᠢ ᠡᠷᠬᠢᠯᠡᠪᠡ︔ ᠣᠷᠳᠣᠰ ᠤᠨ ︽ᠲᠠᠯ᠎ᠠ ᠨᠣᠳᠤᠭ ᠤᠨ ᠠᠯᠠᠭᠠᠳᠠᠬᠤ ᠪᠦᠮᠪᠦᠭᠡ︾ ᠶᠢᠨ | ᠪᠦᠬᠦ ᠰᠦᠯᠵᠢᠶᠡᠨ ᠤ ᠬᠠᠯᠠᠭᠤᠷᠠᠯ ᠲᠠᠷᠬᠠᠯᠳᠠ 30 ᠳ᠋ᠦᠩᠰᠢᠭᠤᠷ ᠣᠳᠠᠭ᠎ᠠ ᠠᠴᠠ ᠲᠠᠪᠠᠨ᠂ ᠰᠢᠨᠬᠤᠸᠠ ᠬᠤᠷᠢᠶ᠎ᠠ ᠶᠢᠨ ︽ᠪᠦᠬᠦᠳᠡ ᠨᠠᠶᠢᠷᠠᠮᠳᠠᠬᠤ ᠲᠣᠮᠳᠠᠳᠦ | ᠠᠷᠠᠳ ᠣᠯᠣᠰ ᠪᠠᠶᠢᠭᠤᠯᠣᠭᠳᠠᠭᠰᠠᠨ 75 ᠵᠢᠯ ᠤᠨ ᠣᠢ ᠶᠢ ᠲᠡᠮᠳᠡᠭᠯᠡᠭᠦ ᠪᠡᠶ᠎ᠡ ᠶᠢᠨ ᠲᠠᠮᠢᠷ ᠤᠨ ᠭᠡᠷᠡᠯ ᠰᠠᠴᠣᠷᠠᠩᠭᠤᠢ ᠭᠡᠷᠡᠴᠢᠯᠡᠯ︾ ᠢᠶᠠᠷ ᠰᠣᠩᠭᠤᠭᠳᠠᠵᠣ᠂ | ᠦᠪᠡᠷᠳᠡᠭᠡᠨ ᠵᠠᠰᠠᠬᠤ ᠣᠷᠣᠨ ᠤ ᠬᠦᠳᠡᠭᠡ ᠲᠣᠰᠬᠤᠨ ᠤ ᠬᠡᠪ ᠰᠣᠷᠳᠠᠯ ᠤᠨ ᠪᠣᠯᠪᠠᠰᠣᠨ ᠤ ᠨᠡᠶᠢᠳᠡᠯᠢᠭ ᠵᠢᠱᠢᠶ᠎ᠡ ᠪᠠᠷ ᠦᠨᠡᠯᠡᠭᠳᠡᠪᠡ᠃ ᠪᠦᠬᠦ ᠬᠤᠰᠢᠭᠤ ᠪᠠᠷ ᠢᠶᠠᠨ | 155.4 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ᠂ 11% ᠪᠠᠷ ᠨᠡᠮᠡᠭᠳᠡᠵᠣ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 27.2 | ᠳ᠋ᠦᠩᠰᠢᠭᠤᠷ ᠲᠦᠭᠦᠷᠢᠭ ᠬᠦᠷᠦᠨ᠂ 14.2% ᠢᠶᠠᠷ ᠨᠡᠮᠡᠭᠳᠡᠪᠡ᠃ ᠬᠡᠷᠡᠭᠯᠡᠭᠡᠨ ᠤ ᠲᠠᠯᠳᠠ ᠬᠦᠴᠦᠨ ᠢ ᠠᠯᠬᠤᠮ ᠠᠯᠬᠤᠮ ᠢᠶᠠᠷ ᠪᠠᠳᠠᠷᠠᠭᠤᠯᠣᠨ᠂ ᠲᠡᠮᠳᠡᠭ ᠢᠶᠠᠷ | ᠪᠣᠷᠣᠯᠠᠭᠤᠯᠭ᠎ᠠ ᠶᠢ ᠠᠬᠢᠭᠤᠯᠬᠤ᠂ ᠴᠣᠭᠯᠠᠭᠠᠨ ᠢᠶᠠᠷ ᠪᠣᠷᠣᠯᠠᠭᠤᠯᠭ᠎ᠠ ᠶᠢ ᠠᠬᠢᠭᠤᠯᠬᠤ᠂ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠨᠢᠭᠡ ᠪᠦᠯᠦᠭ ᠬᠡᠷᠡᠭᠯᠡᠭᠡ ᠶᠢ | ᠠᠬᠢᠭᠤᠯᠬᠤ᠂ ᠵᠢᠱᠢᠯᠳᠡ ᠶᠢ ᠲᠣᠭᠳᠠᠪᠦᠷᠢᠵᠢᠭᠤᠯᠬᠤ᠂ ᠬᠠᠩᠭᠠᠯᠭ᠎ᠠ ᠶᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ ᠦᠷ᠎ᠡ ᠪᠦᠳᠦᠮᠵᠢ | ᠣᠯᠵᠣ᠂ ᠪᠦᠭᠡᠮ ᠪᠣᠷᠣᠯᠠᠭᠤᠯᠭ᠎ᠠ᠂ ᠵᠢᠵᠢᠭᠯᠡᠨ ᠪᠣᠷᠣᠯᠠᠭᠤᠯᠭ᠎ᠠ᠂ ᠬᠤᠨᠤᠭ ᠪᠠᠭᠤᠳᠠᠯ᠂ ᠢᠳᠡᠭᠡᠨ ᠣᠮᠳᠠᠭᠠᠨ᠂ ᠰᠠᠭᠤᠭᠠᠯᠢ ᠠᠷᠠᠳ ᠤᠨ ᠦᠢᠯᠡᠴᠢᠯᠡᠭᠡ᠂ ᠠᠷᠠᠯᠵᠢᠶ᠎ᠠ | ᠭᠦᠢᠯᠭᠡᠭᠡ ᠵᠢᠴᠢ ᠲᠣᠭᠠᠴᠠᠯᠠᠭᠰᠠᠨ ᠬᠡᠷᠡᠭᠯᠡᠭᠡ᠂ ᠪᠣᠬᠢᠷᠳᠣᠯ ᠦᠭᠡᠢ ᠬᠡᠷᠡᠭᠯᠡᠭᠡ᠂ ᠡᠷᠡᠭᠦᠯᠵᠢᠯ ᠰᠣᠪᠢᠯᠠᠯᠳᠠ ᠶᠢᠨ ᠬᠡᠷᠡᠭᠯᠡᠭᠡ ᠵᠡᠷᠭᠡ ᠡᠵᠡᠩᠨᠡᠯᠳᠡ ᠶᠢᠨ ᠣᠶᠢᠯᠠᠰ ᠢ | ᠬᠦᠭᠵᠢᠭᠦᠯᠣᠨ᠂ ᠬᠡᠷᠡᠭᠯᠡᠭᠡᠨ ᠤ ᠬᠠᠩᠭᠠᠯᠭ᠎ᠠ ᠶᠢᠨ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠵᠣ᠂ ᠵᠢᠱᠢᠯᠳᠠ ᠪᠠᠷ ᠨᠡᠶᠢᠭᠡᠮ ᠤᠨ ᠬᠡᠷᠡᠭᠯᠡᠭᠡᠨ ᠤ ᠵᠢᠵᠢᠭᠯᠡᠨ | ᠪᠣᠷᠣᠯᠠᠭᠤᠯᠭ᠎ᠠ ᠶᠢᠨ ᠶᠡᠷᠦᠩᠭᠡᠢ ᠦᠷᠳᠡᠭ ᠢ 29.85 ᠳ᠋ᠦᠩᠰᠢᠭᠤᠷ ᠲᠦᠬᠦᠷᠢᠭ ᠪᠡᠶᠡᠯᠡᠭᠦᠯᠣᠨ᠂ 7% ᠪᠠᠷ ᠨᠡᠮᠡᠭᠳᠡᠪᠡ᠃ | ︵ᠭᠤᠷᠪᠠ︶ ᠬᠠᠮᠳᠣᠷᠠᠯ ᠬᠦᠴᠦᠨ ᠤ ᠲᠦᠷᠦᠯ ᠵᠣᠶᠢᠯ ᠢ ᠰᠢᠪᠳᠣᠯᠣᠯᠳᠠ ᠲᠣᠮᠳᠠ ᠨᠦᠬᠡᠴᠠ ᠬᠦᠴᠤᠨ ᠲᠠᠢ ᠪᠤᠯᠭᠠᠪᠠ᠃ ︽ᠢᠳᠡᠭᠡᠮᠵᠢ + | ᠴᠣᠬᠤᠯᠠᠪᠦᠷᠢᠯᠠᠯᠳᠠ︾ ᠶᠢᠨ ᠦᠢᠯᠡᠴᠢᠯᠡᠭᠡᠨ ᠤ ᠵᠠᠭᠪᠣᠷ ᠢ ᠦᠷᠭᠦᠯᠵᠢᠯᠡᠨ ᠭᠦᠨᠵᠡᠭᠡᠶᠢᠷᠡᠭᠦᠯᠵᠣ᠂ ᠢᠳᠡᠭᠡᠮᠵᠢ ᠪᠠᠷ ᠠᠷᠠᠳ ᠲᠤ ᠠᠰᠢᠭ ᠬᠦᠷᠳᠡᠭᠡᠬᠦ ᠠᠵᠣ ᠠᠬᠤᠶᠢᠯᠠᠯ | ᠳᠤ ᠲᠦᠭᠦᠮ ᠦᠵᠡᠭᠦᠯᠬᠦ ᠶᠢ ᠦᠷᠭᠡᠳᠬᠡᠨ᠂ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠳᠤ ᠲᠦᠰᠢᠭᠯᠡᠵᠣ᠂ ᠢᠳᠡᠭᠡᠮᠵᠢ ᠶᠢᠨ ᠮᠡᠳᠡᠭᠡ ᠵᠠᠩᠬᠢ ᠶᠢ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠴᠣᠬᠤᠯᠠᠪᠦᠷᠢᠯᠠᠯᠳᠠ ᠶᠢᠨ ᠶᠠᠪᠣᠴᠠ ᠳᠤ ᠣᠷᠣᠭᠤᠯᠬᠤ ᠶᠢ ᠠᠬᠢᠭᠤᠯᠣᠨ᠂ ᠢᠳᠡᠭᠡᠮᠵᠢ ᠶᠢᠨ ᠦᠷᠳᠡᠭ ᠤᠨ ᠵᠦᠪ ᠴᠢᠭᠯᠡᠯ ᠤᠨ | ᠣᠷᠮᠠᠰᠢᠭᠤᠯᠣᠯ ᠢ ᠭᠦᠢᠴᠡᠳ ᠪᠠᠳᠠᠷᠠᠭᠤᠯᠵᠣ᠂ ᠢᠳᠡᠭᠡᠮᠵᠢ ᠶᠢᠨ ᠴᠢᠳᠠᠪᠬᠢ ᠶᠢᠨ ᠨᠡᠶᠢᠳᠡᠯᠢᠭ ᠵᠢᠱᠢᠶ᠎ᠡ ᠨᠢ ︽ᠵᠢᠷᠭᠤᠳᠣᠭᠠᠷ ᠬᠤᠭᠤᠴᠠᠭᠠᠨ ᠤ ᠰᠢᠨᠬᠤᠸᠠ | ᠢᠳᠡᠭᠡᠮᠵᠢᠳᠦ ᠬᠤᠨᠳᠠᠭᠠᠳᠦ ᠪᠦᠬᠦ ᠣᠯᠣᠰ ᠤᠨ ᠰᠢᠯᠢᠳᠡᠭ ᠢᠳᠡᠭᠡᠮᠵᠢ ᠶᠢᠨ ᠵᠢᠱᠢᠶ᠎ᠡ︾ ᠪᠠᠷ ᠦᠨᠡᠯᠡᠭᠳᠡᠪᠡ᠃ ᠭᠤᠣᠯᠳᠠᠯᠭᠠᠳᠦ ᠲᠦᠷᠦᠯ ᠵᠣᠶᠢᠯ ᠤᠨ ᠪᠦᠬᠦ ᠶᠠᠪᠣᠴᠠ | ᠳᠤ ︽ᠨᠢᠭᠡ ᠦᠷᠳᠡᠭᠡᠴᠢᠯᠡᠭᠰᠡᠨ︾ ᠦᠢᠯᠡᠴᠢᠯᠡᠭᠡᠨ ᠤ ᠵᠠᠭᠪᠣᠷ ᠢ ᠬᠡᠷᠡᠭᠵᠢᠬᠦᠯᠦᠨ᠂ ᠣᠳᠣᠷᠢᠳᠣᠯᠭ᠎ᠠ ᠲᠠᠭᠠᠭᠠᠴᠢᠯᠠᠬᠤ᠂ ᠠᠬᠤᠢ ᠲᠠᠯᠠᠪᠠᠢ ᠳᠤ ᠠᠯᠪᠠᠯᠠᠬᠤ᠂ | ᠬᠠᠮᠳᠣᠷᠠᠨ ᠵᠦᠪᠳᠡᠯᠴᠡᠬᠦ ᠵᠡᠷᠭᠡ ᠠᠵᠢᠯ ᠤᠨ ᠲᠣᠭᠳᠠᠴᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠬᠦᠴᠦᠨ ᠵᠣᠶᠢᠯ ᠤᠨ ᠪᠠᠳᠣᠯᠠᠭ᠎ᠠ ᠪᠣᠯᠣᠨ | ᠴᠣᠬᠤᠯᠠᠪᠦᠷᠢᠯᠠᠯᠳᠠ ᠶᠢᠨ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠂ ᠲᠦᠷᠦᠯ ᠵᠣᠶᠢᠯ ᠢ ᠡᠷᠳᠡᠬᠡᠨ ᠨᠠᠶᠢᠳᠠᠪᠦᠷᠢᠵᠢᠭᠤᠯᠵᠣ᠂ ᠡᠷᠳᠡ ᠠᠰᠢᠭᠯᠠᠯᠳᠠ | ᠳᠤ ᠣᠷᠣᠨ ᠪᠦᠳᠦᠮᠵᠢ ᠣᠯᠬᠤ ᠶᠢ ᠪᠠᠳᠣᠯᠠᠪᠠ᠃ 2024 ᠣᠨ ᠳᠤ ᠪᠦᠬᠦ ᠬᠤᠰᠢᠭᠤᠨ ᠳᠤ 75 ᠭᠤᠣᠯᠳᠠᠯᠭᠠᠳᠦ ᠲᠦᠷᠦᠯ ᠵᠣᠶᠢᠯ ᠢ ᠬᠡᠷᠡᠭᠵᠢᠭᠦᠯᠵᠣ᠂ 140.1 | ᠳ᠋ᠦᠩᠰᠢᠭᠤᠷ ᠲᠦᠭᠦᠷᠢᠭ ᠪᠡᠯᠡ ᠣᠷᠣᠭᠤᠯᠣᠯᠳᠠ ᠶᠢ ᠪᠡᠶᠡᠯᠡᠭᠦᠯᠦᠨ᠂ ᠬᠤᠳᠠ ᠶᠢᠨ ᠱᠠᠳᠣᠨ ᠠᠴᠠ ᠲᠣᠬᠢᠷᠠᠭᠤᠯᠬᠤ 24 ᠭᠤᠣᠯᠳᠠᠯᠭᠠᠳᠦ ᠲᠦᠷᠦᠯ ᠵᠣᠶᠢᠯ ᠢ | ᠬᠡᠷᠡᠭᠵᠢᠭᠦᠯᠵᠣ᠂ 130.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠦᠨ᠂ ᠪᠡᠯᠡ ᠣᠷᠣᠭᠤᠯᠣᠯᠳᠠ ᠶᠢᠨ ᠨᠣᠷᠮ᠎ᠠ ᠶᠢ 100.3% ᠪᠠᠷ | ᠪᠡᠶᠡᠯᠡᠭᠦᠯᠪᠡ᠃ ᠰᠢᠨ᠎ᠡ ᠡᠨᠧᠷᠬᠢ᠂ ᠲᠣᠨᠣᠭᠯᠠᠯ ᠦᠢᠯᠡᠳᠭᠡᠯ᠂ ᠲᠡᠭᠡᠳᠦ ᠲᠡᠰ ᠤᠨ ᠨᠠᠷᠢᠯᠢᠭ ᠬᠢᠮᠢ ᠶᠢᠨ ᠠᠵᠣ ᠦᠢᠯᠠᠳᠪᠦᠷᠢ ᠵᠡᠷᠭᠡ ᠬᠦᠷᠢᠶ᠎ᠡ ᠴᠠᠷᠠᠭᠠᠨ ᠤ | ᠲᠣᠭᠤᠷᠢᠨ ᠳᠤ 139 ᠲᠦᠷᠦᠯ ᠵᠣᠶᠢᠯ ᠢ ᠣᠷᠣᠭᠤᠯᠣᠨ ᠠᠪᠴᠢᠷᠠᠵᠣ᠂ ᠶᠡᠷᠦᠩᠭᠡᠢ ᠪᠡᠯᠡ ᠣᠷᠣᠭᠤᠯᠣᠯᠳᠠ 3143.5 ᠳ᠋ᠦᠩᠰᠢᠭᠤᠷ ᠲᠦᠬᠦᠷᠢᠭ ᠢ ᠪᠡᠶᠡᠯᠡᠭᠦᠯᠦᠨ᠂ | 125 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠳᠠ ᠶᠢ ᠣᠷᠣᠨᠵᠢᠭᠤᠯᠵᠣ᠂ 4.2% ᠢᠶᠠᠷ ᠨᠡᠮᠡᠭᠳᠡᠭᠦᠯᠵᠣ᠂ ᠪᠣᠳᠠᠳᠠᠢ ᠠᠰᠢᠭᠯᠠᠭᠰᠠᠨ ᠭᠠᠳᠠᠭᠠᠳᠦ ᠪᠡᠯᠡ 7. | 5 ᠳ᠋ᠦᠩᠰᠢᠭᠤᠷ ᠲᠦᠬᠦᠷᠢᠭ ᠬᠦᠷᠦᠨ᠂ ᠪᠦᠬᠦ ᠬᠤᠳᠠ ᠳᠤ ᠪᠠᠨ ᠬᠤᠶᠠᠳᠣᠭᠠᠷ ᠲᠤ ᠣᠷᠣᠪᠠ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠦᠷᠭᠦᠯᠵᠢᠬᠦᠶᠢᠴᠡ | ᠰᠢᠯᠢᠳᠡᠭᠵᠢᠭᠦᠯᠣᠨ᠂ ︽5.0 ᠲᠦᠰᠦᠪ︾ ᠤᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠠᠵᠢᠯᠯᠠᠭᠠᠨ ᠤ ᠦᠭᠡᠷᠡᠴᠢᠯᠡᠯᠳᠡ ᠶᠢ | ᠬᠡᠷᠡᠭᠵᠢᠭᠦᠯᠵᠣ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠭᠰᠡᠨ︾ ᠰᠦᠯᠵᠢᠶᠡᠨ ᠤ ᠭᠦᠢᠴᠡᠳᠬᠡᠯ ᠤᠨ ᠨᠣᠷᠮ᠎ᠠ 98%᠂ ᠴᠠᠭ ᠬᠢᠵᠠᠭᠠᠷᠯᠠᠨ | ᠭᠦᠢᠴᠡᠳᠬᠡᠭᠰᠡᠨ ᠨᠣᠷᠮ᠎ᠠ 100% ᠳᠤ ᠬᠦᠷᠴᠦ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠲᠦᠪ ᠢ ᠠᠵᠢᠯᠯᠠᠭᠤᠯᠣᠨ᠂ 109 ᠲᠦᠷᠦᠯ ᠵᠠᠰᠠᠭ ᠤᠨ ᠶᠠᠪᠣᠳᠠᠯ ᠤᠨ ᠦᠢᠯᠡᠴᠢᠯᠡᠭᠡ ᠭᠠᠷᠭᠠᠵᠣ᠂ ︽ᠬᠦᠷᠢᠶᠡᠯᠡᠩ ᠲᠣᠭᠤᠷᠢᠭ ᠤᠨ ᠣᠴᠢᠷ | ᠶᠠᠪᠣᠳᠠᠯ ᠢ ᠬᠦᠷᠢᠶᠡᠯᠡᠩ ᠲᠣᠭᠤᠷᠢᠭ ᠲᠤ ᠪᠠᠨ ᠭᠦᠢᠴᠡᠳᠬᠡᠬᠦ︾ ᠶᠢ ᠪᠡᠶᠡᠯᠡᠭᠦᠯᠪᠡ᠃ | ︵ᠲᠦᠷᠪᠡ︶ ᠦᠷᠭᠦᠯᠵᠢᠯᠡᠨ ᠰᠠᠶᠢᠵᠢᠷᠠᠭᠤᠯᠬᠤ ᠶᠢᠨ ᠲᠤᠮᠲᠠ ᠤᠷᠴᠢᠨ ᠲᠤᠭᠤᠷᠢᠨ ᠢ ᠨᠡᠩ ᠭᠤᠶᠤᠵᠢᠭᠤᠯᠪᠠ᠃ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠤᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠨ᠂ ᠦᠨᠲᠤᠷ ᠡᠬᠢᠯᠡᠯᠲᠡ ᠶᠢᠨ ᠴᠡᠭ ᠪᠦᠬᠦᠢ ᠪᠦᠲᠦᠭᠡᠨ ᠪᠠᠶᠢᠭᠤᠯᠤᠯᠲᠠ ᠶᠢ ᠪᠠᠷᠢᠮᠲᠠᠯᠠᠵᠤ᠂ ᠲᠡᠭᠡᠲᠤ ᠪᠠᠷᠢᠮᠵᠢᠶ᠎ᠠ ᠪᠠᠷ | ᠲᠦᠯᠤᠪᠯᠡᠨ᠂ ᠬᠤᠲᠠ ᠪᠠᠯᠭᠠᠰᠤᠨ ᠤ ᠪᠠᠶᠢᠷᠢᠯᠠᠭᠤᠯᠤᠯᠲᠠ ᠶᠢ ᠰᠢᠯᠢᠳᠡᠭᠵᠢᠬᠦᠯᠵᠤ᠂ ᠬᠤᠲᠠ ᠪᠠᠯᠭᠠᠰᠤᠨ ᠤ ᠰᠢᠨᠡᠴᠢᠯᠡᠯᠲᠡ ᠶᠢ ᠲᠦᠷᠭᠡᠳᠭᠡᠨ᠂ ᠬᠤᠲᠠ ᠬᠦᠲᠡᠭᠡ | ᠶᠢᠨ ᠠᠭᠤᠰᠤᠯᠴᠠᠯ ᠢ ᠠᠬᠢᠭᠤᠯᠵᠤ᠂ ᠬᠤᠲᠠ ᠪᠠᠯᠭᠠᠰᠤᠨ ᠤ ᠴᠢᠳᠠᠮᠵᠢ ᠶᠢᠨ ᠴᠢᠨᠠᠷ ᠴᠢᠨᠰᠠᠭ᠎ᠠ᠂ ᠬᠤᠲᠠ ᠪᠠᠯᠭᠠᠰᠤᠨ ᠤ ᠠᠮᠤᠷ ᠲᠦᠪᠰᠢᠨ ᠤ ᠤᠶᠠᠨ ᠴᠢᠨᠠᠷ ᠢ | ᠲᠠᠰᠤᠷᠠᠯᠲᠠ ᠦᠭᠡᠢ ᠲᠡᠭᠡᠭᠰᠢᠯᠡᠭᠦᠯᠪᠡ᠃ ᠬᠤᠲᠠ ᠬᠦᠲᠡᠭᠡ ᠶᠢ ᠨᠢᠭᠡ ᠴᠤᠭᠴᠠᠵᠢᠭᠤᠯᠤᠨ ᠪᠠᠶᠢᠭᠤᠯᠪᠠ᠃ ︽ᠲᠤᠯᠠᠭᠠᠨ ᠢᠨᠵᠧᠨᠧᠷᠢᠩ︾᠂ ᠪᠤᠷᠤᠭᠠᠨ ᠤ ᠤᠰᠤ | ᠪᠤᠬᠢᠷ ᠤᠰᠤ ᠶᠢ ᠰᠠᠯᠭᠠᠬᠤ᠂ ᠪᠤᠬᠢᠷ ᠤᠰᠤ ᠶᠢ ᠰᠢᠢᠳᠪᠤᠷᠢᠯᠡᠬᠦ᠂ ᠲᠤᠤᠷ ᠬᠤᠭᠤᠯᠠᠢ ᠶᠢ ᠦᠭᠡᠷᠡᠴᠢᠯᠡᠬᠦ᠂ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠬᠦ | ᠵᠡᠷᠭᠡ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠬᠦᠯᠵᠤ᠂ ᠵᠢᠵᠢᠭ ᠬᠡᠯᠪᠡᠷᠢ ᠶᠢᠨ ᠬᠤᠭ ᠨᠤᠪᠰᠢ ᠶᠢ ᠰᠢᠲᠠᠭᠠᠬᠤ | ᠵᠢᠱᠢᠶ᠎ᠡ ᠦᠵᠡᠭᠦᠯᠬᠦ ᠲᠦᠷᠤᠯ ᠵᠤᠶᠢᠯ᠂ ᠪᠤᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠦᠯᠡᠳᠡᠭᠲᠡᠯ ᠤᠰᠤ ᠶᠢ ᠴᠡᠪᠡᠷᠰᠢᠭᠦᠯᠤᠨ ᠲᠠᠬᠢᠨ ᠠᠰᠢᠭᠯᠠᠬᠤ | ᠢᠨᠵᠧᠨᠧᠷᠢᠩ᠂ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠭᠦ ᠦᠢᠯᠠᠳᠪᠦᠷᠢ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠤᠲᠤ ᠦᠶ᠎ᠡ ᠶᠢᠨ | ᠶᠡᠷᠤᠩᠬᠡᠶᠢᠯᠡᠭᠰᠡᠨ ᠤᠶᠢᠯᠡᠴᠢᠯᠡᠭᠡᠨ ᠤ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠭᠡᠵᠤ᠂ ᠬᠤᠲᠠ ᠶᠢᠨ ᠲᠤᠤᠷ | ᠬᠤᠭᠤᠯᠠᠢ ᠶᠢ 73.9 ᠺᠢᠯᠤᠮᠧᠲᠷ ᠲᠡᠪᠢᠰᠴᠤ᠂ ᠨᠣᠭᠤᠭᠠᠵᠢᠭᠤᠯᠣᠯᠳᠠ ᠶᠢ 4.7 ᠲᠦᠮᠡᠨ ᠬᠠᠪᠲᠠᠭᠠᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠤ᠂ ᠤᠷᠤᠰᠢᠨ | ᠰᠠᠭᠤᠬᠤ ᠤᠷᠴᠢᠨ ᠲᠤᠭᠤᠷᠢᠨ ᠴᠤ᠋ ᠰᠢᠨ᠎ᠡ ᠪᠠᠶᠢᠳᠠᠯ ᠲᠠᠢ ᠪᠤᠯᠪᠠ᠃ ︽ᠤᠳᠤᠭ ᠤᠨ ᠡᠮᠤᠨᠡᠳᠤ ᠬᠤᠰᠢᠭᠤᠨ ᠤ ᠬᠡᠢ ᠬᠠᠩᠭᠠᠯᠭ᠎ᠠ︾᠂ ︽ᠨᠡᠬᠦᠷᠡᠰᠤᠨ ᠳᠤᠯᠠᠭᠠᠯᠠᠭ᠎ᠠ | ᠶᠢ ᠴᠠᠬᠢᠯᠭᠠᠨ ᠳᠤᠯᠠᠭᠠᠯᠠᠭ᠎ᠠ ᠪᠤᠯᠭᠠᠨ ᠦᠬᠡᠷᠡᠴᠢᠯᠡᠬᠦ ᠢᠨᠵᠧᠨᠧᠷᠢᠩ︾᠂ ︽ᠳᠠᠷᠬᠠᠢ ᠮᠠᠶ᠋ᠢᠭ ᠤᠨ ᠨᠠᠷᠠᠨ ᠡᠨᠧᠷᠬᠢ︾ ᠵᠡᠷᠭᠡ ᠴᠡᠪᠡᠷ ᠲᠤᠯᠠᠭᠠᠯᠠᠭ᠎ᠠ ᠶᠢᠨ ᠢᠨᠵᠧᠨᠧᠷᠢᠩ | ᠢ ᠯᠠᠪᠳᠠᠭᠤᠨ ᠪᠠᠲᠤᠲᠠᠢ ᠠᠬᠢᠭᠤᠯᠵᠤ᠂ LNG ᠬᠡᠢ ᠬᠠᠩᠭᠠᠬᠤ ᠬᠤᠭᠤᠯᠠᠢ ᠶᠢ 1500 ᠺᠢᠯᠤᠮᠧᠲᠷ ᠲᠡᠪᠢᠰᠴᠤ᠂ ᠦᠨᠲᠤᠷ ᠲᠤᠤᠷ᠎ᠠ ᠬᠦᠴᠤᠳᠡᠯᠲᠤ ᠴᠠᠬᠢᠯᠭᠠᠨ | ᠤᠲᠠᠰᠤ ᠶᠢ 824 ᠺᠢᠯᠤᠮᠧᠲᠷ ᠲᠠᠲᠠᠵᠤ᠂ ᠪᠦᠬᠦ ᠬᠤᠰᠢᠭᠤᠨ ᠤ 98% ᠶᠢᠨ ᠮᠠᠯᠴᠢᠨ ᠲᠠᠷᠢᠶᠠᠴᠢᠳ ᠲᠤ ᠲᠦᠭᠡᠮᠡᠯᠵᠢᠭᠦᠯᠪᠡ᠃ ᠠᠮᠢ ᠠᠬᠤᠢ ᠶᠢᠨ ᠶᠠᠰᠤ ᠴᠢᠨᠠᠷ | ᠲᠡᠭᠡᠭᠰᠢᠯᠡᠪᠡ᠃ ᠠᠭᠤᠯᠠ ᠣᠰᠣ ᠣᠢ ᠲᠠᠷᠢᠶ᠎ᠠ ᠨᠠᠭᠤᠷ ᠪᠡᠯᠴᠢᠭᠡᠷ ᠡᠯᠡᠰᠤᠨ ᠤ ᠰᠢᠰᠲ᠋ᠧᠮ ᠤᠨ ᠵᠠᠰᠠᠯᠲᠠ ᠶᠢ ᠠᠬᠢᠭᠤᠯᠵᠤ᠂ ᠮᠠᠯ ᠪᠡᠯᠴᠢᠭᠡᠷ ᠢ ᠲᠡᠩᠴᠡᠬᠦᠷᠢᠲᠠᠢ | ᠪᠠᠶᠢᠯᠭᠠᠬᠤ᠂ ᠪᠡᠯᠴᠢᠭᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ᠂ ᠤᠷᠤᠨ ᠬᠤᠪᠢᠶᠠᠨ ᠡᠭᠡᠯᠵᠢᠯᠡᠨ ᠮᠠᠯᠵᠢᠬᠤ ᠲᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ | ᠮᠤᠣᠠᠣᠰᠤ ᠶᠢᠨ ᠡᠯᠡᠰᠤᠷᠬᠡᠭ ᠭᠠᠵᠠᠷ ᠢ ᠵᠠᠰᠠᠬᠤ ᠲᠠᠶᠢᠯᠠᠯᠲᠤᠭᠠᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠤᠭᠤᠮᠲᠠ ᠰᠢᠪᠲᠤᠯᠬᠤ ᠲᠠᠶᠢᠯᠠᠯᠲᠤᠭᠠᠨ ᠢ | ᠯᠠᠪᠲᠠᠭᠤᠨ ᠠᠬᠢᠭᠤᠯᠵᠤ᠂ ᠤᠷᠤᠨ ᠪᠦᠰᠡ ᠬᠤᠪᠢᠶᠠᠨ ᠵᠠᠰᠠᠬᠤ᠂ ᠰᠠᠯᠬᠢᠨ ᠴᠠᠬᠢᠯᠭᠠᠨ ᠨᠠᠷᠠᠨ ᠡᠨᠧᠷᠬᠢ ᠶᠢᠨ ᠴᠤᠭᠴᠠᠵᠢᠭᠤᠯᠤᠭᠰᠠᠨ ᠪᠠᠶᠢᠷᠢᠯᠠᠭᠤᠯᠤᠯᠲᠠ᠂ ᠠᠵᠤ | ᠤᠶᠢᠯᠡᠰᠵᠢᠭᠦᠯᠤᠨ ᠰᠤᠳᠤᠯᠤᠨ ᠨᠡᠭᠡᠭᠡᠬᠦ ᠵᠡᠷᠭᠡ ᠵᠠᠭᠪᠤᠷ ᠢᠶᠠᠷ ᠲᠠᠮᠵᠢᠨ᠂ 104.5 ᠲᠦᠮᠡᠨ ᠮᠤ᠋ ᠡᠯᠡᠰᠤᠷᠬᠡᠭ ᠭᠠᠵᠠᠷ ᠢ ᠶᠡᠷᠤᠩᠬᠡᠶᠢᠯᠡᠨ ᠵᠠᠰᠠᠵᠤ᠂ 445 ᠲᠦᠮᠡᠨ | ᠺᠢᠯᠤᠸᠠᠲ ᠰᠠᠯᠬᠢᠨ ᠴᠠᠬᠢᠯᠭᠠᠨ ᠨᠠᠷᠠᠨ ᠡᠨᠧᠷᠬᠢ ᠪᠠᠷ ᠡᠯᠡᠰᠦ ᠵᠠᠰᠠᠬᠤ ᠮᠠᠰᠢᠨ ᠴᠤᠭᠴᠠᠯᠠᠪᠤᠷᠢ ᠶᠢ ᠪᠠᠶᠢᠭᠤᠯᠤᠨ᠂ 25 ᠲᠦᠮᠡᠨ ᠮᠤ᠋ ᠬᠠᠷᠠᠭᠠᠨ᠎ᠠ ᠲᠠᠷᠢᠵᠤ᠂ 55 | ᠲᠦᠮᠡᠨ ᠬᠠᠪᠲᠠᠭᠠᠢ ᠲᠦᠷᠪᠡᠯᠵᠢᠨ ᠺᠢᠯᠤᠮᠧᠲᠷ ᠬᠦᠷᠤᠰᠤ ᠰᠢᠷᠤᠢ ᠶᠢᠨ ᠶᠡᠷᠤᠩᠬᠡᠶᠢᠯᠡᠭᠰᠡᠨ ᠵᠠᠰᠠᠯᠲᠠ᠂ 70 ᠲᠦᠮᠡᠨ ᠮᠧᠲᠷ ᠨᠤᠲᠤᠭ ᠪᠡᠯᠴᠢᠭᠡᠷ ᠢ ᠪᠢᠲᠡᠭᠦᠮᠵᠢᠯᠡᠨ | ᠪᠤᠶᠢᠵᠢᠭᠤᠯᠬᠤ ᠲᠤᠤᠷ᠂ 2 ᠲᠦᠮᠡᠨ ᠮᠤ᠋ ᠮᠠᠭᠤᠲᠠᠭᠰᠠᠨ ᠤᠢ ᠶᠢᠨ ᠰᠡᠷᠭᠦᠭᠡᠨ ᠵᠠᠰᠠᠯᠲᠠ ᠶᠢ ᠪᠡᠶᠡᠯᠡᠬᠦᠯᠪᠡ᠃ ᠭᠠᠵᠠᠷ ᠲᠤᠤᠷᠠᠬᠢ ᠤᠰᠤ ᠶᠢ ᠬᠡᠲᠤᠷᠡᠲᠡᠯ᠎ᠡ | ᠠᠰᠢᠭᠯᠠᠭᠰᠠᠨ ᠤᠷᠤᠨ ᠤ ᠶᠡᠷᠤᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠭᠠᠵᠠᠷ ᠲᠤᠤᠷᠠᠬᠢ ᠤᠰᠤᠨ ᠤ ᠨᠡᠭᠡᠭᠡᠨ ᠠᠰᠢᠭᠯᠠᠯᠲᠠ ᠶᠢ 380 ᠲᠦᠮᠡᠨ ᠪᠤᠰᠤᠭ᠎ᠠ | ᠲᠦᠷᠪᠡᠯᠵᠢᠨ ᠮᠧᠲᠷ ᠪᠠᠭᠠᠰᠬᠠᠨ᠂ ᠤᠯᠵᠠᠴᠢ ᠪᠠᠯᠭᠠᠰᠤ᠂ ᠲᠠᠬᠢᠯᠲᠤ ᠶᠢᠨ ᠬᠡᠲᠤ ᠠᠰᠢᠭᠯᠠᠭᠰᠠᠨ ᠤᠷᠤᠨ ᠤ ᠬᠡᠷᠡᠭᠯᠡᠯᠲᠡ ᠨᠦᠬᠦᠪᠤᠷᠢᠯᠡᠯᠲᠡ ᠶᠢᠨ ᠲᠡᠩᠴᠡᠭᠦᠷᠢ ᠶᠢ | ᠪᠡᠶᠡᠯᠡᠭᠦᠯᠪᠡ᠃ ᠪᠤᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠢ ᠰᠠᠶᠢᠲᠤᠷ ᠬᠢᠵᠤ᠂ ᠪᠦᠬᠦ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠶᠢ | ᠤᠯᠤᠰ ᠤᠨ ᠬᠤᠶᠠᠳᠤᠭᠠᠷ ᠲᠡᠰ ᠤᠨ ᠪᠠᠷᠢᠮᠵᠢᠶ᠎ᠠ ᠳᠤ ᠪᠠᠲᠤᠯᠠᠨ᠂ ᠠᠭᠠᠷ ᠤᠨ ᠴᠡᠪᠡᠷᠴᠡ ᠰᠢᠯᠢᠳᠡᠭ ᠰᠠᠶᠢᠨ ᠡᠲᠤᠷ ᠤᠨ ᠲᠤᠭᠠᠨ ᠤ ᠬᠠᠷᠢᠴᠠᠯ 96% ᠳᠤ ᠬᠦᠷᠴᠤ᠂ | ᠲᠦᠪᠯᠡᠷᠡᠩᠭᠦᠢ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠪᠤᠯᠪᠠ᠃ | ᠪᠡᠶᠡᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠤᠯᠠᠨ ᠲᠦᠮᠡᠨ ᠤ ᠶᠠᠪᠤᠵᠤ ᠰᠠᠭᠤᠬᠤ ᠨᠦᠬᠦᠴᠡᠯ ᠢ ᠰᠠᠶᠢᠵᠢᠷᠠᠭᠤᠯᠵᠤ᠂ ᠬᠦᠲᠡᠭᠡ | ᠲᠤᠰᠬᠤᠨ ᠤ ᠵᠠᠰᠠᠮᠠᠯ ᠵᠠᠮ ᠢ 142.6 ᠺᠢᠯᠤᠮᠧᠲᠷ ᠵᠠᠰᠠᠪᠠ᠃ ᠤᠲᠤᠭ ᠤᠨ ᠡᠮᠤᠨᠡᠲᠤ ᠬᠤᠰᠢᠭᠤ ᠠᠴᠠ ᠤᠷᠲᠤᠰ᠂ ᠤᠲᠤᠭ ᠤᠨ ᠡᠮᠤᠨᠡᠲᠤ ᠬᠤᠰᠢᠭᠤ ᠠᠴᠠ | ᠬᠦᠬᠡᠬᠤᠲᠠ ᠬᠦᠷᠭᠦ ᠬᠤᠶᠠᠷ ᠵᠤᠷᠪᠤᠰ ᠠᠭᠠᠷ ᠠᠶᠠᠯᠠᠯ ᠤᠨ ᠱᠤᠭᠤᠮ ᠢ ᠲᠤᠭᠲᠠᠭᠤᠨ ᠠᠵᠢᠯᠯᠠᠭᠤᠯᠵᠤ᠂ 610 ᠤᠲᠠᠭ᠎ᠠ ᠶᠢᠨ ᠤᠶᠢᠷ᠎ᠠ ᠲᠡᠭᠡᠭᠡᠪᠤᠷᠢ ᠪᠠᠷ 2135 | ᠬᠦᠮᠤᠨ ᠤᠲᠠᠭ᠎ᠠ ᠶᠢᠨ ᠠᠶᠠᠨᠴᠢᠳ ᠢ ᠵᠦᠭᠡᠭᠡᠪᠤᠷᠢᠯᠡᠪᠡ᠃ ᠲᠤᠤᠷ᠎ᠠ ᠨᠢᠰᠤᠯᠲᠡ ᠶᠢᠨ ᠠᠵᠤ ᠠᠬᠤᠢ ᠶᠢ ᠢᠲᠡᠪᠬᠢᠲᠠᠢ ᠪᠠᠷ ᠰᠦᠪᠡᠭᠴᠢᠯᠡᠨ ᠬᠦᠭᠵᠢᠬᠦᠯᠵᠤ᠂ ᠠᠭᠠᠷ | ᠤᠨ ᠵᠢᠭᠤᠯᠴᠢᠯᠠᠯ᠂ ᠬᠡᠶᠢᠲᠤ ᠪᠦᠮᠪᠦᠭᠡ ᠶᠢᠨ ᠨᠢᠰᠤᠯᠳᠠ ᠵᠡᠷᠭᠡ ᠠᠵᠢᠯᠯᠠᠭ᠎ᠠ ᠶᠢ ᠰᠢᠨ᠎ᠡ ᠪᠠᠷ ᠦᠷᠨᠢᠬᠦᠯᠵᠤ᠂ ᠨᠢᠰᠭᠡᠯ ᠤᠨ ᠪᠠᠭᠤᠲᠠᠯ ᠤᠨ ᠠᠵᠢᠯᠯᠠᠭᠠᠨ ᠤ ᠴᠢᠲᠠᠪᠤᠷᠢ | ᠲᠠᠰᠤᠷᠠᠯᠲᠠ ᠦᠭᠡᠢ ᠲᠡᠭᠡᠭᠰᠢᠯᠡᠪᠡ᠃ ᠪᠠᠷᠠᠭᠤᠨ ᠬᠡᠰᠡᠭ ᠤᠨ ᠲᠡᠮᠤᠷ ᠵᠠᠮ ᠤᠨ ᠲᠤᠰᠬᠠᠢ ᠱᠤᠭᠤᠮ ᠤᠨ ᠪᠠᠶᠢᠭᠤᠯᠤᠯᠲᠠ ᠶᠢ ᠲᠦᠷᠭᠡᠳᠭᠡᠵᠤ᠂ ᠴᠠᠩ ᠴᠧᠩ | ᠴᠠᠬᠢᠯᠭᠠᠨ ᠤᠶᠢᠯᠡᠤᠨᠪᠤᠷᠢ ᠶᠢᠨ ᠨᠡᠬᠦᠷᠡᠰᠤ ᠳᠡᠬᠡᠬᠡᠪᠤᠷᠢᠯᠡᠬᠦ ᠳᠤᠰᠬᠠᠢ ᠱᠤᠭᠤᠮ ᠢ ᠳᠡᠷᠬᠡ ᠨᠡᠪᠳᠡᠷᠡᠬᠦᠯᠤᠨ᠂ ᠰᠢᠨ᠎ᠡ ᠪᠠᠷ 28.5 ᠺᠢᠯᠤᠮᠧᠲᠷ ᠲᠡᠮᠤᠷ ᠵᠠᠮ ᠢ | ᠪᠠᠶᠢᠭᠤᠯᠪᠠ᠃ | ︵ᠲᠠᠪᠤ︶ ᠠᠷᠠᠳ ᠤᠨ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠡ ᠶᠢ ᠲᠡᠭᠡᠭᠰᠢᠯᠡᠭᠦᠯᠬᠦ ᠲᠣᠮᠳᠠ ᠴᠢᠨᠠᠷ ᠴᠢᠨᠰᠠᠭ᠎ᠠ ᠶᠢ ᠨᠡᠩ ᠲᠡᠭᠡᠭᠰᠢᠯᠡᠭᠦᠯᠪᠡ᠃ ᠢᠮᠠᠭᠲᠠ | ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠠᠵᠢᠯ ᠤᠨ ᠡᠬᠦᠰᠤᠯ ᠪᠠ ᠲᠡᠭᠦᠰᠭᠡᠯ ᠪᠤᠯᠭᠠᠵᠤ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ | ᠤᠯᠠᠨ ᠲᠦᠮᠡᠨ ᠤ ᠬᠦᠰᠡᠯ ᠢ ᠪᠡᠶᠡᠯᠡᠬᠦᠯᠤᠨ᠂ ᠠᠷᠠᠳ ᠤᠯᠠᠨ ᠤ ᠰᠢᠨ᠎ᠡ ᠡᠷᠡᠮᠡᠯᠵᠡᠯ ᠢ ᠪᠡᠶᠡᠯᠡᠬᠦᠯᠵᠤ᠂ ᠠᠷᠠᠳ ᠤᠨ ᠠᠮᠢᠲᠤᠷᠠᠯ ᠳᠤ ᠠᠰᠢᠭ ᠬᠦᠷᠲᠡᠭᠡᠬᠦ᠂ ᠠᠷᠠᠳ | ᠤᠨ ᠰᠡᠳᠬᠢᠯ ᠢ ᠲᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠢ ᠦᠨᠡᠨᠬᠦ ᠪᠡᠶᠡᠯᠡᠬᠦᠯᠵᠤ᠂ ᠪᠦᠬᠦ ᠵᠢᠯ ᠤᠨ ᠠᠷᠠᠳ ᠤᠨ ᠠᠮᠢᠲᠤᠷᠠᠯ ᠤᠨ ᠵᠠᠷᠤᠯᠭ᠎ᠠ | ᠨᠢ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 75 % ᠶᠢ ᠠᠴᠠ ᠲᠡᠭᠡᠭᠰᠢᠬᠢ ᠶᠢ ᠡᠵᠡᠯᠡᠪᠡ᠃ ᠠᠮᠢᠲᠤᠷᠠᠯ ᠤᠨ ᠲᠦᠪᠰᠢᠨ ᠢ ᠲᠡᠭᠡᠭᠰᠢᠯᠡᠭᠦᠯᠪᠡ᠃ ᠠᠵᠢᠯ | ᠤᠯᠭᠤᠯᠲᠠ ᠶᠢ ᠪᠦᠬᠦ ᠬᠦᠴᠤᠨ ᠢᠶᠠᠷ ᠢᠶᠠᠨ ᠪᠠᠲᠤᠯᠠᠵᠤ᠂ ᠠᠵᠢᠯ ᠤᠯᠭᠤᠯᠲᠠ ᠶᠢ ᠠᠬᠢᠭᠤᠯᠤᠨ ᠲᠦᠷᠤ ᠶᠢᠨ ᠪᠤᠲᠤᠯᠭ᠎ᠠ ᠪᠠᠷ ᠲᠡᠳᠭᠦᠬᠦ ᠶᠢ ᠴᠢᠩᠭᠠᠷᠠᠭᠤᠯᠤᠨ᠂ | ᠠᠵᠢᠯ ᠤᠯᠬᠤ ᠮᠡᠷᠭᠡᠵᠢᠯ ᠴᠢᠳᠠᠪᠤᠷᠢ ᠶᠢ ᠲᠡᠭᠡᠭᠰᠢᠯᠡᠬᠦᠯᠵᠤ᠂ ᠭᠤᠤᠯᠲᠠᠯᠭ᠎ᠠ ᠲᠠᠢ ᠠᠷᠠᠳ ᠤᠯᠠᠨ ᠢ ᠬᠠᠪᠰᠤᠷᠤᠨ ᠲᠡᠳᠭᠦᠵᠤ᠂ 3307 ᠮᠠᠯᠴᠢᠨ ᠲᠠᠷᠢᠶᠠᠴᠢᠳ ᠢ | ᠰᠢᠯᠵᠢᠬᠦᠯᠤᠨ ᠠᠵᠢᠯ ᠤᠯᠭᠤᠵᠤ᠂ ᠬᠤᠲᠠ ᠪᠠᠯᠭᠠᠰᠤᠨ ᠤ 900 ᠬᠦᠮᠤᠨ ᠳᠤ ᠰᠢᠨ᠎ᠡ ᠪᠠᠷ ᠠᠵᠢᠯ ᠤᠯᠭᠤᠵᠤ᠂ ᠪᠦᠬᠦ ᠵᠢᠯ ᠳᠤ ᠡᠯ᠎ᠡ ᠲᠦᠷᠤᠯ ᠤᠨ ᠠᠵᠢᠯ | ᠤᠯᠭᠤᠯᠲᠠ ᠶᠢᠨ ᠨᠦᠬᠦᠪᠤᠷᠢ ᠪᠡᠯᠡ ᠮᠦᠩᠭᠦ ᠶᠢ ᠨᠡᠶᠢᠲᠡ 1686.35 ᠲᠦᠮᠡᠨ ᠲᠦᠭᠦᠷᠢᠭ ᠤᠯᠭᠤᠪᠠ᠃ ᠪᠡᠶ᠎ᠡ ᠪᠠᠨ ᠲᠠᠭᠠᠭᠠᠵᠤ ᠤᠶᠢᠯᠡᠰ ᠪᠤᠰᠬᠠᠬᠤ ᠶᠢ | ᠵᠤᠷᠢᠭᠵᠢᠭᠤᠯᠤᠨ ᠲᠡᠳᠭᠦᠵᠤ᠂ ᠤᠶᠢᠯᠡᠰ ᠪᠤᠰᠬᠠᠬᠤ ᠵᠢᠭᠡᠯᠡᠯᠭᠡ ᠶᠢᠨ ᠮᠦᠩᠭᠦ ᠶᠢ 3928 ᠲᠦᠮᠡᠨ ᠲᠦᠭᠦᠷᠢᠭ ᠤᠯᠭᠤᠵᠤ᠂ 124 ᠬᠦᠮᠤᠨ ᠢ ᠲᠡᠳᠭᠦᠨ | ᠠᠮᠵᠢᠯᠲᠠ ᠲᠠᠢ ᠪᠠᠷ ᠠᠳᠠᠯ ᠪᠤᠰᠬᠠᠪᠠ᠃ 342 ᠲᠦᠬᠦᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠤᠨ ᠤᠷᠤᠨ ᠰᠠᠭᠤᠴᠠ ᠶᠢ ᠪᠦᠬᠦᠨ ᠢ ᠪᠠᠶᠢᠭᠤᠯᠤᠨ ᠠᠰᠢᠭᠯᠠᠯᠲᠠ | ᠳᠤ ᠤᠷᠤᠭᠤᠯᠵᠤ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠭᠤᠤᠯᠳᠠᠯᠭ᠎ᠠ ᠲᠠᠢ ᠬᠦᠮᠤᠰ ᠤᠨ ᠤᠷᠤᠨ ᠰᠠᠭᠤᠴᠠ ᠶᠢᠨ ᠠᠰᠠᠭᠤᠳᠠᠯ ᠢ ᠪᠦᠲᠦᠮᠵᠢᠲᠠᠢ | ᠪᠠᠷ ᠨᠠᠮᠲᠠᠭᠤᠯᠪᠠ᠃ ᠬᠠᠷᠴᠠᠭᠠᠢ ᠬᠦᠯᠦᠭ ᠰᠢᠨ᠎ᠡ ᠰᠤᠷᠭᠤᠭ ᠮᠠᠯ ᠲᠠᠷᠢᠶᠠᠯᠠᠩ ᠤᠨ ᠪᠦᠲᠦᠭᠡᠭᠲᠡᠭᠦᠨ ᠤ ᠠᠷᠠᠯᠵᠢᠶᠠᠨ ᠤ ᠵᠠᠬ᠎ᠠ ᠲᠡᠯᠭᠡᠭᠦᠷ᠂ ︽ᠲᠤᠯᠠᠭᠠᠨ ᠬᠤᠲᠠ | ᠶᠢᠨ ᠴᠤᠭᠯᠠᠭ᠎ᠠ ᠵᠠᠬ᠎ᠠ︾ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠬᠤᠲᠠ ᠪᠠᠯᠭᠠᠰᠤᠨ ᠤ ᠬᠦᠭᠵᠢᠶᠡᠨᠲᠤ ᠪᠠᠶᠢᠲᠠᠯ ᠢ ᠪᠤᠢ ᠪᠤᠯᠭᠠᠪᠠ᠃ ᠰᠤᠷᠭᠠᠨ | ᠬᠦᠮᠤᠵᠢᠯ ᠤᠨ ᠰᠢᠯᠢᠳᠡᠭᠵᠢᠯ ᠢ ᠦᠷᠭᠡᠳᠭᠡᠨ ᠴᠢᠨᠠᠷ ᠢ ᠲᠡᠭᠡᠭᠰᠢᠯᠡᠭᠦᠯᠪᠡ᠃ ᠳᠡᠬᠡᠳᠤ ᠰᠢᠯᠭᠠᠯᠳᠠ ᠪᠠᠷ ᠨᠢᠬᠡᠳᠤᠬᠡᠷ ᠪᠦᠯᠦᠭ ᠤᠨ ᠵᠢᠩᠬᠢᠨᠢ ᠠᠩᠬᠢ ᠳᠤ ᠤᠷᠤᠭᠰᠠᠨ | ᠨᠤᠷᠮ᠎ᠠ ᠪᠠ ᠬᠦᠮᠤᠨ ᠤ ᠳᠤᠭ᠎ᠠ ᠲᠡᠭᠡᠷ᠎ᠡ ᠵᠢᠯ ᠤᠨ ᠬᠢ ᠠᠴᠠ 3 ᠲᠠᠬᠢᠨ ᠨᠡᠮᠡᠭᠳᠡᠨ᠂ ᠲᠣᠯᠣᠳᠣᠭᠠᠷ ᠬᠡᠥᠬᠡᠳ ᠤᠨ ᠴᠡᠴᠡᠷᠯᠢᠭ ᠠᠰᠢᠭᠯᠠᠯᠲᠠ ᠳᠤ ᠤᠷᠤᠵᠤ᠂ | ᠬᠤᠰᠢᠭᠤ ᠬᠤᠶᠠᠳᠤᠭᠠᠷ ᠲᠤᠮᠲᠠᠲᠤ ᠰᠤᠷᠭᠠᠭᠤᠯᠢ᠂ ᠲᠦᠷᠪᠡᠳᠦᠭᠡᠷ ᠪᠠᠭ᠎ᠠ ᠰᠤᠷᠭᠠᠭᠤᠯᠢ ᠵᠡᠷᠭᠡ 6 ᠰᠤᠷᠭᠠᠭᠤᠯᠢ ᠶᠢᠨ ᠰᠡᠯᠪᠢᠬᠦ ᠦᠭᠡᠷᠡᠴᠢᠯᠡᠯᠲᠡ ᠪᠦᠬᠦ ᠲᠠᠯ᠎ᠠ ᠪᠠᠷ | ᠪᠡᠶᠡᠯᠡᠭᠲᠡᠵᠤ᠂ ᠰᠤᠷᠭᠠᠭᠤᠯᠢ ᠡᠷᠬᠢᠯᠡᠬᠦ ᠨᠦᠬᠦᠴᠡᠯ ᠦᠷᠬᠦᠯᠵᠢᠯᠡᠨ ᠰᠢᠯᠢᠳᠡᠭᠵᠢᠪᠡ᠃ ᠲᠤᠮᠲᠠᠲᠤ ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠲᠤ 93 ᠪᠠᠭᠰᠢ | ᠶᠢ ᠤᠷᠢᠨ ᠠᠪᠴᠢᠷᠠᠵᠤ᠂ ᠪᠠᠭᠰᠢ ᠶᠢᠨ ᠡᠩᠨᠡᠭᠡ ᠶᠢ ᠤᠯᠠᠮ ᠨᠢᠭᠡ ᠠᠯᠬᠤᠮ ᠬᠦᠴᠤᠷᠬᠡᠭᠵᠢᠭᠦᠯᠪᠡ᠃ ᠡᠮ ᠡᠮᠨᠡᠯᠭᠡ ᠲᠡᠰ ᠲᠡᠪᠰᠢᠪᠡ᠃ ᠬᠤᠰᠢᠭᠤ ᠠᠷᠠᠤᠨ ᠤᠨ | ᠡᠮᠨᠡᠯᠬᠡ ᠶᠢᠨ ᠬᠤᠷᠢᠶ᠎ᠠ ᠬᠤᠶᠠᠳᠤᠭᠠᠷ ᠳᠡᠰ ᠤᠨ ᠬᠦᠬᠡ ᠵᠡᠷᠭᠡ ᠶᠢᠨ ᠡᠮᠨᠡᠯᠬᠡ ᠶᠢᠨ ᠬᠤᠷᠢᠶ᠎ᠠ ᠪᠤᠯᠤᠨ ᠳᠡᠰ ᠳᠡᠪᠰᠢᠵᠤ᠂ ᠱᠠᠩᠬᠠᠢ ᠶᠢᠨ ᠰᠦᠮ᠎ᠠ ᠶᠢᠨ ᠭᠤᠤᠯᠳᠠᠯᠭᠠᠳᠤ | ᠡᠮᠨᠡᠯᠬᠡ ᠶᠢᠨ ᠬᠤᠷᠢᠶ᠎ᠠ ᠬᠡᠷᠡᠭᠯᠡᠯᠳᠠ ᠳᠤ ᠤᠷᠤᠨ᠂ ᠪᠤᠷᠤᠪᠠᠯᠭᠠᠰᠤ ᠪᠠᠯᠭᠠᠰᠤ ᠶᠢᠨ ᠭᠤᠤᠯᠲᠠᠯᠭᠠᠲᠤ ᠡᠮᠨᠡᠯᠭᠡ ᠶᠢᠨ ᠬᠤᠷᠢᠶ᠎ᠠ ᠶᠢᠨ ᠪᠠᠷᠢᠯᠭ᠎ᠠ ᠶᠢ ᠡᠬᠢᠯᠡᠭᠦᠯᠵᠤ᠂ ᠪᠦᠬᠦ | ᠬᠤᠰᠢᠭᠤᠨ ᠤ 68 ᠭᠠᠴᠠᠭ᠎ᠠ ᠲᠤᠰᠬᠤᠨ ᠴᠦᠮ ᠪᠠᠷᠢᠮᠵᠢᠶ᠎ᠠ ᠡᠷᠡᠭᠦᠯ ᠬᠠᠮᠠᠭᠠᠯᠠᠯ ᠤᠨ ᠲᠠᠰᠤᠭ ᠲᠠᠢ ᠪᠤᠯᠪᠠ᠃ ᠬᠡᠥᠬᠡᠳ ᠰᠠᠭᠠᠲᠠᠭᠤᠯᠬᠤ ᠲᠦᠪ 1 ᠶᠢ ᠪᠠᠶᠢᠭᠤᠯᠵᠤ᠂ | ᠪᠦᠬᠦ ᠬᠤᠰᠢᠭᠤᠨ ᠤ ᠮᠢᠩᠭᠠᠨ ᠬᠦᠮᠤᠨ ᠲᠤᠲᠤᠮ ᠳᠤ 5.4 ᠰᠠᠭᠠᠲᠠᠭᠤᠯᠬᠤ ᠤᠷᠤᠨ ᠲᠤᠭ᠎ᠠ ᠨᠤᠭᠲᠠᠵᠤ᠂ ᠪᠦᠬᠦ ᠬᠤᠲᠠ ᠶᠢᠨ ᠲᠤᠮᠲᠠᠴᠢ ᠲᠦᠪᠰᠢᠨ ᠠᠴᠠ | ᠦᠨᠲᠤᠷ ᠪᠤᠯᠪᠠ᠃ ᠰᠤᠶᠤᠯ ᠴᠡᠴᠡᠭᠯᠡᠨ ᠬᠦᠭᠵᠢᠪᠡ᠃ ︽ᠨᠡᠭᠦᠲᠡᠯ ᠨᠤᠮ ᠤᠨ ᠰᠠᠩ︾ ᠤᠩᠰᠢᠯᠭ᠎ᠠ ᠶᠢᠨ ᠨᠡᠷ᠎ᠡ ᠲᠡᠮᠲᠡᠭ ︽ᠪᠢᠴᠢᠭ ᠤᠨ ᠰᠤᠷᠪᠤᠯᠵᠢᠲᠤ ᠤᠷᠲᠤᠰ | ᠤᠨ ᠰᠢᠯᠢᠳᠡᠭ ᠲᠦᠷᠤᠯ ᠵᠤᠶᠢᠯ︾ ᠢᠶᠠᠷ ᠦᠨᠡᠯᠡᠭᠲᠡᠵᠤ᠂ ︽ᠨᠤᠮᠢᠨ ᠲᠠᠩᠰᠤᠭ ᠬᠦᠲᠡᠭᠡ︾᠂ ︽ᠪᠠᠶᠠᠰᠤᠯ ᠲᠠᠢ ᠪᠦᠵᠢᠭᠯᠡᠶ᠎ᠡ︾᠂ ︽ᠤᠮᠠᠷᠠᠲᠤ ᠬᠢᠯᠢ ᠶᠢᠨ | ᠤᠶᠠᠩᠭ᠎ᠠ︾ ᠵᠡᠷᠭᠡ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠤᠭᠡᠯ ᠤᠯᠤᠰ᠂ ᠥᠪᠡᠷᠲᠡᠭᠡᠨ ᠵᠠᠰᠠᠬᠤ ᠤᠷᠤᠨ ᠤ ᠱᠠᠩᠨᠠᠯ ᠢ ᠬᠦᠷᠲᠡᠪᠡ᠃ | ᠲᠦᠷᠪᠡᠲᠦᠭᠡᠷ ᠤᠳᠠᠭᠠᠨ ᠤ ᠪᠦᠬᠦ ᠤᠯᠤᠰ ᠤᠨ ᠲᠡᠥᠬᠡᠨ ᠲᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢ ᠦᠨᠲᠤᠷ ᠪᠦᠲᠤᠮᠵᠢᠲᠠᠢ ᠦᠷᠨᠢᠬᠦᠯᠵᠤ᠂ ᠰᠢᠨ᠎ᠡ | ᠪᠠᠷ 18 ᠲᠡᠥᠬᠡ ᠶᠢᠨ ᠲᠤᠷᠠᠰᠬᠠᠯᠲᠤ ᠵᠤᠶᠢᠯᠡᠰ ᠤᠨ ᠪᠠᠭᠤᠷᠢ ᠶᠢ ᠢᠯᠡᠷᠡᠭᠦᠯᠪᠡ᠃ ᠪᠦᠬᠦ ᠵᠢᠯ ᠳᠤ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠨᠡᠶᠢᠲᠡ 231 ᠤᠲᠠᠭ᠎ᠠ ᠦᠷᠨᠢᠬᠦᠯᠵᠤ᠂ 25 ᠲᠦᠮᠡᠨ ᠬᠦᠮᠤᠨ ᠤᠳᠠᠭ᠎ᠠ ᠳᠤ ᠠᠰᠢᠭ ᠬᠦᠷᠲᠡᠭᠡᠵᠤ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠬᠢᠷᠢ | ᠲᠦᠪᠰᠢᠨ ᠢ ᠤᠯᠠᠮ ᠲᠡᠭᠡᠭᠰᠢᠯᠡᠭᠦᠯᠪᠡ᠃ ᠴᠢᠳᠠᠪᠤᠷᠢᠲᠠᠨ ᠡᠯᠰᠡᠵᠤ ᠠᠮᠢᠵᠢᠷᠠᠯ ᠤᠨ ᠬᠦᠴᠤᠨ ᠢ ᠬᠦᠭᠵᠢᠭᠡᠪᠡ᠃ ︽ᠠᠷᠪᠠᠨ ᠲᠦᠮᠡᠨ ᠵᠠᠯᠠᠭᠤᠴᠤᠳ ᠲᠤᠯᠠᠭᠠᠨ | ᠬᠤᠲᠠ ᠳᠤ ᠬᠤᠷᠠᠨ ᠴᠤᠭᠯᠠᠷᠠᠬᠤ︾ ᠠᠵᠢᠯᠯᠠᠭ᠎ᠠ ᠶᠢ ᠬᠦᠨᠵᠡᠭᠡᠢ ᠠᠬᠢᠭᠤᠯᠵᠤ᠂ ︽ᠲᠤᠯᠠᠭᠠᠨ ᠬᠤᠲᠠ ᠶᠢᠨ ᠤᠷᠢᠯᠭ᠎ᠠ︾ ᠴᠢᠳᠠᠪᠤᠷᠢᠲᠠᠨ ᠤᠷᠢᠬᠤ ᠠᠵᠢᠯᠯᠠᠭᠠᠨ ᠢ | ᠦᠷᠨᠢᠬᠦᠯᠵᠤ᠂ ᠲᠡᠭᠡᠲᠤ ᠲᠡᠰ ᠲᠠᠪᠬᠤᠷᠭ᠎ᠠ᠂ ᠪᠠᠴᠢᠮ ᠬᠡᠷᠡᠭᠰᠡᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠲᠤᠲᠠᠭᠲᠠᠵᠤ ᠪᠦᠬᠦᠢ ᠬᠡᠷᠡᠭᠯᠡᠭᠡᠨ ᠤ ᠲᠤᠰᠬᠠᠢ ᠮᠡᠷᠭᠡᠵᠢᠯ | ᠤᠨ ᠴᠢᠳᠠᠪᠤᠷᠢᠲᠠᠨ 40 ᠬᠦᠮᠤᠨ ᠢ ᠤᠷᠤᠭᠤᠯᠤᠨ ᠠᠪᠴᠢᠷᠠᠵᠤ᠂ ᠡᠮ ᠡᠮᠴᠢᠯᠡᠬᠡᠨ ᠤ ᠳᠤᠰᠬᠠᠢ ᠮᠡᠷᠬᠡᠵᠢᠯ ᠤᠨ ᠴᠢᠳᠠᠪᠤᠷᠢᠳᠠᠨ ᠢ 112 ᠤᠷᠢᠨ ᠠᠪᠴᠢᠷᠠᠵᠤ᠂ | ᠳᠤᠰᠬᠠᠢ ᠮᠡᠷᠬᠡᠵᠢᠯᠳᠠᠨ ᠢ 149 ᠬᠦᠮᠤᠨ ᠤᠳᠠᠭ᠎ᠠ ᠤᠶᠠᠨ ᠴᠢᠨᠠᠷᠳᠠᠢ ᠤᠷᠤᠭᠤᠯᠵᠤ ᠠᠪᠴᠢᠷᠠᠨ᠂ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠬᠤᠰᠢᠭᠤ | ᠰᠢᠶᠠᠨ ᠤ ᠲᠡᠰ ᠤᠨ ᠴᠢᠳᠠᠪᠦᠷᠢᠳᠡᠨ ᠤ ᠪᠦᠯᠦᠭᠯᠡᠯ᠂ ᠡᠮ ᠡᠮᠴᠢᠯᠡᠭᠡ ᠡᠷᠡᠬᠦᠯ ᠬᠠᠮᠠᠭᠠᠯᠠᠯ ᠤᠨ ᠬᠦᠷᠢᠶᠡᠨ ᠤ ᠠᠩᠬᠠᠳᠠᠭᠴᠢ ᠳ᠋ᠤᠺᠲ᠋ᠤᠷ ᠤᠨ ᠳᠤᠰᠬᠠᠢ ᠮᠡᠷᠬᠡᠵᠢᠯᠳᠠᠨ ᠤ | ᠠᠵᠢᠯᠯᠠᠬᠤ ᠦᠷᠳᠡᠭᠡ ᠶᠢ ᠪᠠᠶᠢᠭᠤᠯᠣᠨ ᠫᠠᠶᠢᠰᠠ ᠡᠯᠭᠦᠵᠣ᠂ ᠴᠢᠳᠠᠪᠤᠷᠢᠲᠠᠨ ᠤ ᠤᠶᠤᠨ ᠤ ᠲᠤᠯᠭᠠᠭᠤᠷᠢᠯᠠᠯ ᠢ ᠤᠯᠠᠮ ᠨᠢᠭᠡ ᠠᠯᠬᠤᠮ ᠨᠡᠮᠡᠭᠲᠡᠬᠦᠯᠪᠡ᠃ ᠪᠠᠲᠤᠯᠠᠭ᠎ᠠ | ᠶᠢ ᠨᠠᠷᠢᠯᠢᠭ ᠤᠨᠤᠪᠴᠢᠲᠠᠢ ᠨᠠᠶᠢᠲᠠᠪᠤᠷᠢᠵᠢᠭᠤᠯᠪᠠ᠃ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠶᠢᠨ ᠤᠨᠤᠪᠴᠢᠲᠠᠢ ᠪᠠᠷ ᠤᠷᠤᠭᠤᠯᠵᠤ ᠭᠠᠷᠭᠠᠬᠤ᠂ | ᠲᠤᠤᠷᠠᠤᠷᠤᠯᠭᠠ ᠲᠠᠢ ᠬᠦᠮᠤᠨ ᠠᠮᠠ ᠶᠢ ᠲᠡᠳᠭᠦᠬᠦ ᠲᠤᠭᠲᠠᠴᠠ ᠶᠢ ᠲᠡᠭᠦᠯᠳᠡᠷᠵᠢᠬᠦᠯᠤᠨ᠂ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠡᠳ᠋ᠯᠡᠭᠰᠡᠳ᠂ ᠤᠨᠴᠠ | ᠬᠦᠴᠢᠷᠲᠡᠯᠲᠠᠢ ᠬᠦᠮᠤᠰ᠂ ᠦᠨᠲᠤᠷ ᠨᠠᠰᠤᠲᠠᠳ ᠵᠡᠷᠭᠡ 9373 ᠤᠶᠢᠯᠡᠴᠢᠯᠡᠭᠡᠨ ᠤ ᠡᠲᠡᠭᠡᠳ ᠲᠤ 3203.92 ᠲᠦᠮᠡᠨ ᠲᠦᠬᠦᠷᠢᠭ ᠡᠯ᠎ᠡ ᠲᠦᠷᠤᠯ ᠤᠨ | ᠪᠠᠲᠤᠯᠠᠭ᠎ᠠ ᠶᠢᠨ ᠪᠡᠯᠡ ᠮᠦᠩᠭᠦ ᠤᠯᠭᠤᠵᠤ᠂ ᠮᠠᠯᠴᠢᠨ ᠲᠠᠷᠢᠶᠠᠴᠢᠳ ᠪᠣᠯᠣᠨ ᠠᠵᠣ ᠠᠬᠤᠶᠢᠯᠠᠯ ᠳᠤ 6439 ᠲᠤᠨ ᠲᠤᠯᠠᠭᠠᠯᠠᠭ᠎ᠠ ᠶᠢᠨ ᠨᠡᠭᠦᠷᠡᠰᠤ᠂ 20 ᠲᠦᠮᠡᠨ | ᠲᠤᠨ ᠲᠦᠪᠯᠡᠷᠡᠭᠦᠯᠤᠨ ᠢᠯᠴᠢ ᠬᠠᠩᠭᠠᠬᠤ ᠨᠡᠭᠦᠷᠡᠰᠤ ᠬᠠᠩᠭᠠᠵᠤ᠂ ᠤᠯᠠᠨ ᠲᠦᠮᠡᠨ ᠤ ᠲᠤᠯᠠᠭᠠᠨ ᠡᠪᠤᠯᠵᠢᠬᠦ ᠶᠢ ᠪᠠᠲᠤᠯᠠᠪᠠ᠃ ︽ᠨᠠᠰᠤᠲᠠᠶᠢᠴᠤᠳ ᠬᠡᠥᠬᠡᠳ | ᠬᠦᠴᠢᠷᠲᠡᠯᠲᠡᠢ ᠬᠦᠮᠤᠰ︾ ᠤᠨ ᠰᠠᠭᠤᠷᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠷᠬᠦᠯᠵᠢᠯᠡᠨ ᠴᠢᠩᠭᠠᠷᠠᠭᠤᠯᠵᠤ᠂ ᠨᠠᠰᠤᠲᠠᠶᠢᠴᠤᠳ ᠤᠨ ᠬᠤᠭᠤᠯᠠ ᠲᠤᠰᠠᠯᠠᠬᠤ | ᠤᠶᠢᠯᠡᠴᠢᠯᠡᠭᠡᠨ ᠤ ᠪᠦᠷᠭᠦᠴᠡ ᠶᠢ ᠲᠠᠰᠤᠷᠠᠯᠲᠠ ᠦᠭᠡᠢ ᠦᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠬᠦᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ | ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠵᠠᠭᠪᠤᠷ ᠢ ᠪᠦᠬᠦ ᠬᠤᠲᠠ ᠳᠤ ᠤᠷᠢᠲᠠᠪᠠᠷ ᠲᠤᠷᠰᠢᠵᠤ ᠤᠷᠢᠲᠠᠪᠠᠷ ᠬᠢᠵᠤ᠂ 2 ᠬᠡᠥᠬᠡᠳ ᠤᠨ ᠬᠦᠷᠢᠶᠡᠯᠡᠩ | ᠪᠠᠶᠢᠭᠤᠯᠤᠨ ᠠᠰᠠᠭᠯᠠᠯᠲᠠ ᠳᠤ ᠤᠷᠤᠭᠤᠯᠵᠤ᠂ 9 ᠬᠤᠲᠠ ᠬᠦᠲᠡᠭᠡ ᠶᠢᠨ ᠨᠠᠰᠤᠵᠢᠯ ᠤᠨ ᠠᠰᠠᠷᠠᠮᠵᠢ ᠶᠢᠨ ᠤᠶᠢᠯᠡᠴᠢᠯᠡᠭᠡᠨ ᠤ ᠲᠦᠬᠦᠭᠡᠷᠤᠮᠵᠢ ᠶᠢ ᠪᠠᠶᠢᠭᠤᠯᠵᠤ᠂ | 14 ᠨᠠᠰᠤᠲᠠᠶᠢᠴᠤᠳ ᠤᠨ ᠬᠤᠭᠤᠯᠠ ᠲᠤᠰᠠᠯᠠᠬᠤ ᠤᠶᠢᠯᠡᠴᠢᠯᠡᠭᠡᠨ ᠤ ᠲᠦᠭᠦᠭᠡᠷᠤᠮᠵᠢ ᠶᠢ ᠠᠵᠢᠯᠯᠠᠭᠤᠯᠵᠤ᠂ 57 ᠡᠷᠤᠬᠡ ᠨᠠᠰᠤᠵᠢᠯ ᠳᠤ ᠵᠤᠬᠢᠴᠠᠭᠤᠯᠤᠭᠰᠠᠨ | ᠦᠭᠡᠷᠡᠴᠢᠯᠡᠯᠲᠡ ᠶᠢ ᠪᠡᠶᠡᠯᠡᠬᠦᠯᠤᠨ᠂ 4.3 ᠲᠦᠮᠡᠨ ᠨᠠᠰᠤᠲᠠᠨ ᠳᠤ ᠤᠶᠤᠨᠴᠢ ᠭᠡᠷ ᠪᠦᠯᠢ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ | ᠤᠶᠢᠯᠡᠴᠢᠯᠡᠭᠡ ᠶᠢ ᠬᠦᠷᠲᠡᠭᠡᠵᠤ᠂ ᠰᠠᠭᠤᠷᠢ ᠪᠠᠲᠤᠯᠠᠭ᠎ᠠ ᠶᠢ ᠨᠡᠩ ᠨᠠᠷᠢᠯᠢᠭ ᠤᠨᠤᠪᠴᠢᠲᠠᠢ ᠪᠤᠯᠪᠠ᠃ | ᠡᠭᠦᠨ ᠠᠴᠠ ᠭᠠᠳᠠᠨ᠎ᠠ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ | ᠬᠠᠯᠠᠭᠳᠠᠭᠰᠠᠳ᠂ ᠢᠳᠡᠭᠡᠨ ᠡᠮ ᠤᠨ ᠵᠣᠶᠢᠯᠠᠰ ᠤᠨ ᠠᠮᠣᠷ ᠲᠦᠪᠰᠢᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ | ᠴᠠᠭ ᠠᠭᠤᠷ ᠭᠠᠮᠰᠢᠭ ᠢ ᠪᠠᠭᠠᠰᠬᠠᠬᠤ᠂ ᠠᠵᠢᠯᠴᠢᠨ ᠤ ᠡᠪᠯᠡᠯ ᠵᠠᠯᠠᠭᠤᠴᠣᠳ ᠤᠨ ᠡᠪᠯᠡᠯ ᠡᠮᠡᠭᠳᠠᠶᠢᠴᠣᠳ ᠤᠨ ᠬᠤᠯᠪᠣᠭ᠎ᠠ᠂ ᠦᠨᠳᠦᠰᠦᠳᠡᠨ ᠱᠠᠰᠢᠨ ᠰᠣᠷᠳᠠᠬᠤᠨ᠂ | ᠨᠠᠰᠣᠳᠠᠶᠢᠴᠣᠳ ᠤᠨ ᠠᠵᠢᠯ ᠣᠶᠢᠯᠠᠰ ᠵᠡᠷᠭᠡ ᠡᠯ᠎ᠡ ᠲᠦᠷᠦᠯ ᠤᠨ ᠠᠵᠢᠯ ᠴᠦᠮ ᠯᠠᠪᠲᠠᠭᠤᠨ ᠪᠠᠲᠤᠲᠠᠢ ᠶᠠᠪᠤᠭᠳᠠᠪᠠ᠃ | ᠶᠡᠷᠤᠩᠬᠡᠶᠢᠯᠡᠨ ᠦᠵᠡᠪᠡᠯ᠂ 2024 ᠤᠨ ᠳᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠦᠷᠤᠯ ᠤᠨ ᠠᠵᠢᠯ ᠤᠶᠢᠯᠡᠰ ᠡᠷᠡᠭᠦᠯ ᠲᠤᠭᠲᠠᠭᠤᠨ | ᠢᠶᠠᠷ ᠬᠦᠭᠵᠢᠵᠤ᠂ ᠭᠤᠤᠯ ᠠᠵᠤ ᠠᠬᠤᠢ ᠶᠢᠨ ᠭᠦᠢᠴᠡᠳᠭᠡᠯ ᠲᠤᠭ᠎ᠠ ᠵᠤᠬᠢᠰᠲᠠᠢ ᠨᠡᠮᠡᠭᠳᠡᠯ ᠢᠶᠠᠨ ᠪᠠᠲᠤᠯᠠᠪᠠ᠃ ᠭᠡᠪᠡᠴᠤ ᠪᠢᠲᠡ ᠪᠠᠰᠠ ᠠᠵᠤ ᠠᠬᠤᠢ ᠶᠢᠨ ᠡᠷᠬᠢᠯᠲᠡ | ᠲᠤᠮᠲᠠ ᠮᠦᠨ ᠯᠠ ᠵᠠᠷᠢᠮ ᠬᠦᠴᠢᠷᠲᠡᠯ ᠪᠠ ᠦᠷᠢᠰᠤᠯᠲᠤᠭᠡᠨ ᠲᠤᠯᠭᠠᠷᠠᠵᠤ ᠪᠠᠶᠢᠭ᠎ᠠ ᠶᠢ ᠰᠡᠷᠭᠡᠭ ᠢᠶᠠᠷ ᠲᠠᠨᠢᠬᠤ ᠴᠢᠬᠤᠯᠠ ᠲᠠᠢ ᠪᠤᠢ᠃ ᠨᠢᠭᠡ ᠳᠤ᠂ ᠤᠲᠤᠬᠠᠨ ᠳᠤ | ᠭᠠᠳᠠᠭᠠᠲᠤ ᠤᠷᠴᠢᠨ ᠤ ᠬᠤᠪᠢᠷᠠᠯᠲᠠ ᠠᠴᠠ ᠪᠤᠯᠤᠭᠰᠠᠨ ᠠᠰᠢᠭ ᠦᠭᠡᠢ ᠨᠦᠯᠤᠭᠡ ᠨᠡᠮᠡᠭᠲᠡᠵᠤ᠂ ᠡᠯ᠎ᠡ ᠲᠦᠷᠤᠯ ᠤᠨ ᠲᠤᠭᠲᠠᠭᠤᠨ ᠪᠤᠰᠤ ᠪᠠ ᠲᠦᠰᠤᠭᠡᠯᠡᠭᠦᠶᠡ | ᠪᠡᠷᠬᠡ ᠬᠦᠴᠤᠨ ᠵᠤᠶᠢᠯ ᠨᠡᠮᠡᠭᠲᠡᠭᠡᠳ᠂ ᠬᠡᠷᠡᠭᠴᠡᠭᠡ ᠪᠠᠭᠠᠰᠴᠤ ᠬᠠᠩᠭᠠᠯᠭ᠎ᠠ ᠲᠠᠭᠠᠷᠢᠯᠲᠠ ᠳᠤ ᠤᠴᠠᠷᠠᠨ᠂ ᠵᠢᠱᠢᠯᠲᠡ ᠪᠠᠭᠤᠷᠠᠶᠢᠰᠢᠭᠰᠠᠨ ᠭᠤᠷᠪᠠᠨ ᠲᠠᠪᠬᠤᠷ | ᠲᠠᠷᠤᠯᠲᠠ ᠲᠠᠪᠬᠤᠴᠠᠵᠤ᠂ ᠬᠤᠷᠸ᠎ᠠ ᠪᠠᠶᠢᠳᠠᠯ ᠵᠢᠴᠢ ᠵᠠᠬ᠎ᠠ ᠲᠡᠯᠭᠡᠭᠦᠷ ᠤᠨ ᠨᠦᠯᠤᠭᠡ ᠠᠴᠠ ᠪᠤᠯᠵᠤ᠂ ᠠᠵᠤ ᠠᠬᠤᠶᠢᠯᠠᠯ ᠤᠨ ᠪᠡᠯᠡ ᠤᠷᠤᠭᠤᠯᠤᠯᠲᠠ ᠪᠦᠲᠦᠭᠡᠨ | ᠪᠠᠶᠢᠭᠤᠯᠤᠯᠲᠠ ᠶᠢᠨ ᠣᠷᠮᠠᠰᠢᠯ ᠪᠠ ᠢᠲᠡᠪᠬᠢᠵᠢᠯ ᠦᠨᠲᠤᠷ ᠪᠤᠰᠤ ᠪᠤᠯᠤᠭᠠᠳ᠂ ᠬᠡᠰᠡᠭ ᠭᠤᠤᠯᠳᠠᠯᠭ᠎ᠠ ᠲᠠᠢ ᠲᠦᠷᠤᠯ ᠵᠤᠶᠢᠯ ᠤᠨ ᠪᠠᠶᠢᠭᠤᠯᠤᠯᠲᠠ ᠶᠢᠨ ᠠᠬᠢᠴᠠ | ᠤᠳᠠᠭᠠᠰᠢᠷᠠᠨ᠂ ᠠᠵᠤ ᠠᠬᠤᠢ ᠶᠢᠨ ᠦᠷ᠎ᠡ ᠠᠰᠢᠭ ᠬᠠᠷᠬᠠᠨ ᠪᠦᠷᠢᠮᠤᠰᠤᠨ ᠢᠯᠡᠷᠡᠭᠡᠲᠤᠢ ᠪᠤᠢ᠃ ᠬᠤᠶᠠᠷ ᠲᠤ᠂ ᠠᠮᠢ ᠠᠬᠤᠢ᠂ ᠤᠰᠤ᠂ ᠭᠠᠵᠠᠷ ᠰᠢᠷᠤᠢ᠂ | ᠡᠨᠧᠷᠬᠢ ᠵᠡᠷᠭᠡ ᠡᠬᠢ ᠪᠠᠶᠠᠯᠢᠭ ᠤᠨ ᠬᠦᠴᠤᠨ ᠵᠤᠶᠢᠯ ᠤᠨ ᠬᠠᠲᠠᠭᠤ ᠬᠢᠵᠠᠭᠠᠷᠯᠠᠯ ᠴᠢᠩᠭᠠᠷᠠᠨ᠂ ᠲᠤᠤᠷᠠᠲᠤ ᠤᠷᠤᠰᠬᠠᠯ ᠤᠨ ᠤᠶᠢᠯᠡᠳᠭᠦᠨ ᠤ ᠨᠡᠭᠡᠭᠡᠯᠲᠡ ᠲᠣᠳᠠᠮᠠᠭ᠂ | ᠲᠦᠭᠰᠢᠭᠦᠷᠢ ᠶᠢ ᠲᠠᠭᠠᠭᠠᠬᠤ ᠴᠢᠳᠠᠪᠤᠷᠢ ᠨᠡᠯᠢᠶᠡᠳ ᠪᠠᠭᠤᠷᠠᠢ ᠪᠤᠯᠵᠤ᠂ ᠠᠵᠤ ᠤᠶᠢᠯᠡᠰ ᠤᠨ ᠬᠦᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ | ᠤᠶᠢᠯᠡᠳᠪᠤᠷᠢᠯᠡᠯ ᠤᠨ ᠬᠦᠴᠤᠨ ᠤ ᠠᠮᠢᠵᠢᠷᠠᠯ ᠢ ᠪᠠᠲᠠᠷᠠᠭᠤᠯᠬᠤ ᠡᠭᠦᠷᠭᠡ ᠬᠠᠲᠠᠭᠤ ᠪᠡᠷᠬᠡ ᠪᠠᠶᠢᠵᠤ᠂ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠳ ᠤᠨ | ᠤᠷᠤᠯᠭ᠎ᠠ ᠶᠢ ᠦᠷᠭᠦᠯᠵᠢᠯᠡᠨ ᠨᠡᠮᠡᠭᠲᠡᠭᠦᠯᠬᠦ ᠬᠦᠲᠡᠯᠭᠡᠬᠦ ᠬᠦᠴᠤᠨ ᠬᠦᠷᠤᠯᠴᠡᠬᠦ ᠦᠭᠡᠢ ᠪᠤᠢ᠃ ᠭᠤᠷᠪᠠ ᠳᠤ᠂ ᠲᠦᠷᠤᠯ ᠵᠤᠶᠢᠯ ᠤᠨ ᠨᠦᠬᠡᠴᠡᠯᠡᠯᠲᠡ ᠶᠢᠨ | ᠲᠤᠯᠭᠠᠭᠤᠷᠢᠯᠠᠬᠤ ᠴᠢᠳᠠᠪᠤᠷᠢ ᠬᠦᠷᠤᠯᠴᠡᠬᠦ ᠦᠭᠡᠢ᠂ ᠰᠢᠨ᠎ᠡ ᠴᠢᠨᠠᠷ ᠤᠨ ᠤᠶᠢᠯᠡᠳᠪᠤᠷᠢᠯᠡᠯ ᠤᠨ ᠬᠦᠴᠤᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠤᠶᠢᠯᠡᠰ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠤᠶᠢᠯᠡᠰ ᠵᠡᠷᠭᠡ ᠲᠡᠭᠡᠲᠤ ᠨᠠᠷᠢᠯᠢᠭ ᠤᠬᠢ ᠰᠢᠯᠢᠳᠡᠭ ᠲᠦᠷᠤᠯ ᠵᠤᠶᠢᠯ ᠤᠨ ᠨᠦᠬᠡᠴᠡ ᠪᠠᠭ᠎ᠠ᠂ | ᠪᠦᠲᠦᠮᠵᠢᠲᠠᠢ ᠲᠤᠯᠭᠠᠭᠤᠷᠢᠯᠠᠯ ᠪᠤᠯᠵᠤ ᠪᠦᠷᠢᠯᠳᠦᠭᠡ ᠦᠭᠡᠢ᠂ ᠠᠵᠤ ᠤᠶᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠴᠢᠨᠠᠷ ᠪᠠ ᠦᠷᠢᠰᠦᠯᠳᠦᠬᠦ | ᠬᠦᠴᠤᠨ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠴᠢᠬᠤᠯᠠᠲᠠᠢ ᠪᠤᠢ᠃ ᠲᠦᠷᠪᠡ ᠳᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠠᠭᠠᠯᠲᠤᠨ᠂ ᠤᠯᠠᠨ | ᠲᠦᠮᠡᠨ ᠤ ᠥᠪᠡᠷᠮᠢᠴᠡ᠂ ᠤᠯᠠᠨ ᠡᠰᠢᠵᠢᠯᠡᠭᠰᠡᠨ᠂ ᠬᠡᠪ ᠴᠢᠨᠰᠠᠭᠠᠵᠢᠭᠰᠠᠨ ᠬᠡᠷᠡᠭᠴᠡᠭᠡ ᠱᠠᠭᠠᠷᠲᠠᠯᠭ᠎ᠠ ᠨᠠᠮᠡᠭᠲᠡᠵᠤ᠂ ᠤᠯᠠᠨ ᠨᠡᠶᠢᠲᠡ ᠶᠢᠨ ᠤᠶᠢᠯᠡᠴᠢᠯᠡᠭᠡᠨ ᠤ | ᠬᠠᠩᠭᠠᠯᠭ᠎ᠠ ᠶᠢᠨ ᠬᠢᠷᠢ ᠬᠡᠮᠵᠢᠶ᠎ᠡ ᠤᠯᠠᠨ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠦᠷᠢᠶ᠎ᠠ ᠲᠠᠢ ᠪᠤᠢ᠃ ᠲᠡᠭᠡᠷᠡᠬᠢ ᠠᠰᠠᠭᠤᠳᠠᠯ ᠳᠤ ᠴᠢᠭᠯᠡᠭᠦᠯᠤᠨ᠂ ᠪᠢᠲᠡ | ᠡᠷᠬᠡᠪᠰᠢ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠪᠦᠲᠦᠮᠵᠢᠲᠠᠢ ᠠᠷᠭ᠎ᠠ ᠬᠡᠮᠵᠢᠶ᠎ᠡ ᠠᠪᠴᠤ ᠰᠢᠢᠳᠪᠤᠷᠢᠯᠡᠬᠦ | ᠬᠡᠷᠡᠭᠲᠠᠢ᠃ | ᠬᠤᠶᠠᠷ᠂ 2025 ᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠡᠭᠦᠷᠭᠡ | 2025 ᠤᠨ ᠪᠤᠯ ︽ᠠᠷᠪᠠᠨ ᠲᠦᠷᠪᠡᠲᠤᠭᠡᠷ ᠲᠠᠪᠤᠨ ᠵᠢᠯ︾ ᠤᠨ ᠲᠦᠯᠤᠪᠵᠢᠭᠦᠯᠬᠡ ᠶᠢᠨ ᠬᠠᠷᠠᠯᠲᠠ ᠡᠭᠦᠷᠭᠡ ᠶᠢ ᠪᠡᠶᠡᠯᠡᠬᠦᠯᠬᠦ ᠶᠢᠨ ᠰᠢᠪᠲᠤᠯᠤᠯᠲᠠ ᠶᠢᠨ | ᠵᠢᠯ᠂ ᠮᠦᠨ ᠴᠤ ︽ᠠᠷᠪᠠᠨ ᠳᠠᠪᠤᠳᠤᠭᠠᠷ ᠳᠠᠪᠤᠨ ᠵᠢᠯ︾ ᠤᠨ ᠲᠦᠯᠤᠪᠵᠢᠬᠦᠯᠬᠡ ᠶᠢᠨ ᠰᠦᠪᠡᠭᠴᠢᠯᠡᠯᠳᠠ ᠪᠠᠶᠢᠷᠢᠯᠠᠭᠤᠯᠤᠯᠳᠠ ᠶᠢᠨ ᠵᠢᠯ ᠪᠤᠯᠬᠤᠷ ᠠᠵᠤ ᠠᠬᠤᠢ | ᠶᠢᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠡᠯ᠎ᠡ ᠳᠠᠯ᠎ᠠ ᠶᠢᠨ ᠬᠦᠴᠤᠨ ᠵᠦᠢᠯ ᠢ ᠨᠢᠬᠡᠳᠤᠯᠳᠠᠢ ᠲᠦᠯᠦᠪᠵᠢᠭᠦᠯᠣᠨ | ᠪᠣᠳᠣᠯᠬᠢᠯᠠᠵᠣ ᠣᠳᠤᠭ ᠤᠨ ᠡᠮᠦᠨᠡᠳᠦ ᠬᠤᠰᠢᠭᠤᠨ ᠤ ︽ᠲᠦᠷᠪᠡᠨ ᠣᠷᠣᠨ ᠪᠠᠶᠢᠭᠤᠯᠣᠯᠳᠠ ᠶᠢ ᠲᠡᠰ ᠲᠡᠪᠰᠢᠭᠦᠯᠬᠦ ᠣᠨ︾ ᠤ ᠬᠠᠷᠠᠯᠳᠠ ᠡᠭᠦᠷᠭᠡ ᠶᠢᠨ ᠲᠣᠭᠤᠷᠢᠨ | ᠳᠤ ᠲᠣᠭᠳᠠᠭᠠᠭᠰᠠᠨ 2025 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠭᠥᠭᠵᠢᠯᠳᠡ ᠶᠢᠨ ᠭᠤᠤᠯ ᠪᠤᠯᠬᠤ ᠵᠢᠱᠢᠭᠰᠡᠨ ᠬᠠᠷᠠᠯᠳᠠ ᠪᠤᠯ᠄ | —— ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 6.5% ᠨᠡᠮᠡᠭᠳᠡᠬᠦᠯᠤᠨ᠎ᠠ ︵ᠬᠤᠪᠢᠷᠠᠬᠤ ᠦᠬᠡᠢ ᠦᠨ᠎ᠡ︶︔ | —— ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 17.6%ᠨᠡᠮᠡᠭᠳᠡᠬᠦᠯᠤᠨ᠎ᠠ︔ | —— ᠬᠡᠪᠴᠢᠶᠡᠵᠢᠯ ᠠᠴᠠ ᠳᠡᠬᠡᠭᠰᠢᠬᠢ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ ᠢ 7.8% ᠨᠡᠮᠡᠭᠳᠡᠬᠦᠯᠤᠨ᠎ᠠ︔ | —— ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 58.48% ᠨᠡᠮᠡᠭᠳᠡᠬᠦᠯᠤᠨ᠎ᠠ︔ | —— ᠨᠡᠶᠢᠭᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 6% ᠨᠡᠮᠡᠭᠳᠡᠬᠦᠯᠤᠨ᠎ᠠ︔ | —— ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠭᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ ᠠᠵᠤ ᠠᠬᠤᠢ ᠨᠠᠶᠢᠬᠡᠮ | ᠤᠨ ᠬᠦᠭᠵᠢᠯᠳᠠ ᠲᠠᠢ ᠦᠨᠳᠤᠰᠤᠨ ᠳᠤ ᠪᠠᠨ ᠢᠵᠢᠯ ᠠᠯᠬᠤᠮ ᠪᠤᠯᠭᠠᠨ᠎ᠠ︔ | ᠪᠢᠲᠡ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ | ᠪᠦᠬᠦ ᠳᠠᠯ᠎ᠠ ᠪᠠᠷ ᠳᠤᠤᠱᠯᠠᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠬᠡᠢ ᠳᠤᠤᠱᠯᠠᠭᠤᠯᠤᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠨ᠂ ᠭᠤᠤᠯ ᠰᠡᠳᠤᠪ ᠭᠤᠤᠯ ᠱᠤᠭᠤᠮ ᠢ ᠪᠠᠲᠤ ᠠᠳᠬᠤᠵᠤ᠂ ᠲᠦᠪ ᠤᠨ ᠠᠵᠤ | ᠠᠬᠤᠢ ᠶᠢᠨ ᠠᠵᠢᠯ ᠤᠨ ᠬᠤᠷᠠᠯ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠨ ᠨᠢᠬᠡᠳᠤᠬᠡᠷ ᠬᠤᠭᠤᠴᠠᠭᠠᠨ ᠤ ᠶᠢᠰᠤᠳᠤᠬᠡᠷ ᠤᠳᠠᠭᠠᠨ ᠤ | ᠪᠦᠬᠦᠳᠠ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠳᠠᠪᠤᠳᠤᠭᠠᠷ ᠬᠤᠭᠤᠴᠠᠭᠠᠨ ᠤ | ᠠᠷᠪᠠᠳᠤᠭᠠᠷ ᠤᠳᠠᠭᠠᠨ ᠤ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠲᠤᠭᠠᠷ | ᠬᠤᠭᠤᠴᠠᠭᠠᠨ ᠤ ᠠᠷᠪᠠᠨ ᠨᠠᠢᠮᠠᠳᠣᠭᠠᠷ ᠤᠳᠠᠭᠠᠨ ᠤ ᠪᠦᠭᠦᠲᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ | ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠤᠩᠬᠡᠢ ᠱᠠᠭᠠᠷᠳᠠᠯᠭ᠎ᠠ ᠶᠢ ᠪᠠᠷᠢᠮᠳᠠᠯᠠᠵᠤ᠂ ᠲᠦᠭᠰᠢᠭᠦᠷᠢ ᠪᠠ | ᠦᠷᠢᠰᠦᠯᠲᠦᠭᠡᠨ ᠢ ᠰᠡᠷᠭᠡᠶᠢᠯᠡᠨ ᠰᠢᠢᠳᠪᠤᠷᠢᠯᠡᠵᠤ᠂ ᠦᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠤᠨ᠂ ᠵᠢᠱᠢᠯᠲᠠ ᠶᠢ | ᠲᠤᠭᠲᠠᠪᠤᠷᠢᠵᠢᠭᠤᠯᠵᠤ᠂ ᠠᠮᠢᠵᠢᠷᠠᠯ ᠤᠨ ᠬᠦᠴᠤᠨ ᠢ ᠬᠦᠭᠵᠢᠭᠡᠨ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠤᠨ ᠢᠶᠠᠷ ᠰᠠᠶᠢᠳᠤᠷ ᠬᠢᠵᠤ᠂ ︽ᠵᠢᠷᠭᠤᠭᠠᠨ | ᠢᠨᠵᠧᠨᠧᠷᠢᠩ︾ ᠢ ᠦᠷᠬᠦᠯᠵᠢᠬᠦᠶᠢᠴᠠ ᠬᠡᠷᠡᠭᠵᠢᠬᠦᠯᠤᠨ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠳᠤᠳᠠᠢ ᠦᠷᠨᠢᠬᠦᠯᠤᠨ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠡᠯ᠎ᠡ ᠲᠦᠷᠤᠯ ᠤᠨ ᠠᠵᠤ ᠤᠶᠢᠯᠡᠰ ᠤᠨ ᠰᠢᠨ᠎ᠡ ᠲᠦᠷᠰᠤ ᠪᠠᠶᠢᠳᠠᠯ ᠢ ᠲᠠᠬᠢᠨᠲᠠ ᠪᠤᠢ ᠪᠤᠯᠭᠠᠵᠤ᠂ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ | ᠡᠭᠦᠳᠤᠨ᠎ᠡ᠃ | ︵ᠨᠢᠬᠡ︶ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠴᠢᠨᠠᠷ ᠢ ᠳᠡᠭᠡᠭᠰᠢᠯᠡᠬᠦᠯᠦᠨ ᠠᠰᠢᠭ ᠢ ᠨᠡᠮᠡᠭᠳᠡᠬᠦᠯᠬᠦ ᠳᠡᠭᠡᠷ᠎ᠡ ᠰᠢᠨ᠎ᠡ ᠪᠠᠶᠢᠳᠠᠯ | ᠢ ᠨᠡᠭᠡᠭᠡᠨ᠎ᠡ᠃ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠪᠠᠭᠠᠰᠬᠠᠬᠤ᠂ ᠪᠤᠬᠢᠷᠳᠣᠯ ᠢ ᠪᠠᠭᠠᠰᠬᠠᠬᠤ᠂ ᠣᠶᠢᠵᠢᠭᠤᠯᠤᠯᠲᠠ ᠶᠢ ᠦᠷᠬᠡᠳᠬᠡᠬᠦ᠂ ᠨᠡᠮᠡᠭᠳᠡᠯ ᠢ | ᠨᠡᠮᠡᠭᠳᠡᠬᠦᠯᠬᠦ ᠶᠢ ᠵᠤᠬᠢᠴᠠᠩᠭᠤᠢ ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠴᠢᠨᠠᠷ ᠪᠦᠲᠦᠮᠵᠢ ᠪᠠ ᠡᠬᠢ ᠰᠣᠷᠪᠣᠯᠵᠢ ᠶᠢᠨ ᠠᠰᠢᠭᠯᠠᠯᠲᠠ ᠶᠢᠨ | ᠦᠷ᠎ᠡ ᠠᠰᠢᠭ ᠢ ᠳᠡᠭᠡᠭᠰᠢᠯᠡᠬᠦᠯᠦᠨ᠂ ᠠᠵᠤ ᠦᠢᠯᠡᠰ ᠤᠨ ᠰᠦᠷᠦᠭᠵᠢᠯ ᠢ ᠬᠡᠯᠬᠢᠶᠡᠵᠢᠯᠲᠤ ᠰᠡᠳᠬᠢᠮᠵᠢ ᠪᠠᠷ ᠪᠤᠵᠠᠭᠠᠶᠢᠷᠠᠭᠤᠯᠵᠤ᠂ ᠲᠦᠷᠦᠯ ᠵᠦᠢᠯ ᠢᠶᠠᠷ ᠬᠡᠯᠬᠢᠶᠡᠵᠢᠯ | ᠢ ᠪᠠᠬᠢᠵᠢᠬᠦᠯᠬᠦ᠂ ᠲᠤᠯᠤᠭᠠᠶᠢᠯᠠᠭᠴᠢ ᠠᠴᠠ ᠬᠡᠯᠬᠢᠶᠡᠵᠢᠯ ᠢ ᠳᠠᠶᠢᠴᠢᠯᠠᠬᠤ᠂ ᠲᠦᠷᠦ ᠶᠢᠨ ᠪᠤᠳᠤᠯᠭ᠎ᠠ ᠪᠠᠷ ᠬᠡᠯᠬᠢᠶᠡᠵᠢᠯ ᠢ ᠲᠤᠭᠲᠠᠪᠤᠷᠢᠵᠢᠭᠤᠯᠬᠤ ᠶᠢ ᠴᠢᠩᠭᠠᠳᠬᠠᠵᠣ᠂ | ᠠᠵᠤ ᠠᠬᠤᠢ ᠶᠢᠨ ᠬᠦᠭᠵᠢᠯᠲᠡ ᠶᠢᠨ ᠳᠣᠮᠳᠠ ᠪᠤᠬᠢᠷᠳᠣᠯ ᠦᠬᠡᠢ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠂ ᠪᠤᠬᠢᠷᠳᠣᠯ ᠦᠬᠡᠢ ᠬᠡᠯᠪᠡᠷᠢ ᠶᠢᠨ | ᠬᠤᠪᠢᠷᠠᠭᠤᠯᠤᠯᠲᠠ ᠶᠢᠨ ᠳᠣᠮᠳᠠ ᠳᠠᠪᠠᠯᠲᠠ ᠲᠠᠢ ᠬᠦᠭᠵᠢᠯᠲᠡ ᠶᠢ ᠪᠡᠶᠡᠯᠡᠬᠦᠯᠵᠦ᠂ ᠬᠦᠭᠵᠢᠯᠲᠡ ᠶᠢᠨ ᠪᠤᠬᠢᠷᠳᠣᠯ ᠦᠬᠡᠢ ᠠᠭᠤᠯᠤᠭᠳᠠᠬᠤᠨ ᠢᠶᠠᠷ ᠨᠡᠮᠡᠭᠳᠡᠯ ᠤᠨ | ᠦᠷᠲᠡᠭ ᠢ ᠳᠡᠭᠡᠭᠰᠢᠯᠡᠬᠦᠯᠦᠨ᠎ᠡ᠃ | ᠠᠵᠤ ᠦᠢᠯᠡᠳᠪᠦᠷᠢ ᠶᠢᠨ ᠡᠨᠧᠷᠬᠢ ᠶᠢᠨ ᠲᠣᠯᠭᠠᠭᠤᠷᠢᠯᠠᠯ ᠢ ᠲᠡᠰ ᠲᠡᠪᠰᠢᠭᠦᠯᠦᠨ᠎ᠡ᠃ ᠣᠯᠠᠮᠵᠢᠯᠠᠯᠲᠤ ᠡᠨᠧᠷᠬᠢ ᠪᠠ ᠰᠢᠨ᠎ᠡ ᠡᠨᠧᠷᠬᠢ ᠬᠠᠮᠵᠢᠯᠴᠠᠨ ᠬᠦᠭᠵᠢᠬᠦ ᠶᠢ | ᠰᠠᠶᠢᠲᠤᠷ ᠲᠦᠯᠦᠪᠵᠢᠬᠦᠯᠦᠨ ᠠᠳᠬᠤᠵᠤ᠂ ᠪᠤᠬᠢᠷᠳᠣᠯ ᠦᠬᠡᠢ ᠴᠠᠬᠢᠯᠭᠠᠨ᠂ ᠣᠰᠣᠳᠦ᠋ᠷᠦᠭᠴᠢ᠂ ᠠᠮᠮᠣᠨᠢ᠂ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ | ᠦᠢᠯᠡᠰ ᠤᠨ ᠬᠡᠯᠬᠢᠶᠡᠵᠢᠯ ᠪᠠ ᠲᠤᠨᠤᠭᠯᠠᠯ ᠦᠢᠯᠡᠳᠬᠦ ᠦᠢᠯᠡᠰ ᠢ ᠢᠳᠡᠪᠬᠢᠲᠡᠢ ᠪᠠᠷ ᠬᠦᠭᠵᠢᠬᠦᠯᠦᠨ᠂ ᠰᠠᠯᠬᠢᠨ ᠴᠠᠬᠢᠯᠭᠠᠨ ᠨᠠᠷᠠᠨ ᠡᠨᠧᠷᠬᠢ ᠳᠠᠭᠠᠭᠠᠴᠠ | ᠣᠰᠣᠳᠦ᠋ᠷᠦᠭᠴᠢ ᠡᠨᠧᠷᠬᠢ ᠶᠢᠨ ᠬᠠᠳᠠᠭᠠᠯᠠᠯᠲᠠ ᠶᠢ ᠴᠤᠭᠴᠠᠵᠢᠭᠤᠯᠤᠭᠰᠠᠨ ᠠᠭᠤᠰᠤᠯᠴᠠᠯ ᠬᠦᠭᠵᠢᠯᠲᠡ ᠶᠢ ᠠᠬᠢᠭᠤᠯᠵᠤ᠂ ᠪᠤᠬᠢᠷᠳᠣᠯ ᠦᠬᠡᠢ ᠳᠣᠣᠷ᠎ᠠ | ᠨᠡᠬᠦᠷᠡᠰᠦᠳᠦ᠋ᠷᠦᠭᠴᠢᠲᠦ ᠡᠷᠬᠢᠯᠲᠡᠲᠦ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠂ ᠡᠨᠧᠷᠬᠢ ᠶᠢᠨ ᠠᠵᠤ ᠦᠢᠯᠡᠰ ︽ᠡᠨᠧᠷᠬᠢ ᠶᠢᠨ ᠠᠴᠢᠶᠠᠯᠠᠪᠤᠷᠢ ᠦᠨᠳᠦᠷ᠂ | ᠪᠤᠬᠢᠷᠳᠣᠯ ᠦᠬᠡᠢ ᠴᠠᠬᠢᠯᠭᠠᠨ ᠦᠨᠳᠦᠷ᠂ ᠦᠷ᠎ᠡ ᠪᠦᠲᠦᠮᠵᠢ ᠦᠨᠳᠦᠷ︾ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠣᠨ᠎ᠠ᠃ ᠱᠠᠩᠬᠠᠢ ᠶᠢᠨ ᠰᠦᠮ᠎ᠡ | ᠠᠭᠤᠷᠬᠠᠢ ᠶᠢᠨ ᠣᠷᠣᠨ ᠤ ᠶᠡᠷᠦᠩᠬᠡᠢ ᠲᠦᠯᠦᠪᠵᠢᠬᠦᠯᠬᠡ ᠶᠢᠨ ᠵᠠᠰᠠᠨ ᠲᠤᠭᠤᠷᠪᠢᠯᠲᠠ ᠪᠠ ᠣᠷᠴᠢᠨ ᠲᠤᠭᠤᠷᠢᠨ ᠤ ᠨᠦᠯᠦᠬᠡᠯᠡᠯ ᠤᠨ ᠦᠨᠡᠯᠡᠯᠲᠡ ᠶᠢᠨ | ᠴᠤᠬᠤᠯᠠᠪᠤᠷᠢᠯᠠᠯ᠂ ᠬᠠᠷᠴᠠᠭᠠᠢ ᠬᠦᠯᠦᠭ ᠭᠤᠷᠪᠠᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ ᠵᠦᠪᠰᠢᠶᠡᠷᠡᠯ ᠢ ᠦᠳᠲᠡᠷ ᠠᠬᠢᠭᠤᠯᠤᠨ᠂ 1000 ᠲᠦᠮᠡᠨ ᠳᠣᠨ | ᠨᠡᠭᠦᠷᠡᠰᠣ ᠶᠢ ᠪᠣᠬᠢᠷᠳᠣᠯ ᠦᠭᠡᠢ ᠬᠡᠣᠷᠰᠢᠭᠦᠯᠬᠦ ᠲᠦᠷᠦᠯ ᠵᠣᠶᠢᠯ ᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠪᠠᠷ ᠴᠢᠷᠮᠠᠶᠢᠵᠦ᠂ ᠱᠠᠩᠬᠠᠢ ᠶᠢᠨ | ᠰᠦᠮ᠎ᠡ ᠴᠠᠬᠢᠯᠭᠠᠨ ᠦᠢᠯᠡᠳᠪᠦᠷᠢ ᠶᠢᠨ ᠢᠯᠡᠬᠦᠴᠡ ᠢᠯᠴᠢ ᠶᠢᠨ ᠡᠬᠢ ᠰᠣᠷᠪᠣᠯᠵᠢ ᠶᠢ ᠠᠰᠢᠭᠯᠠᠨ ᠳᠣᠯᠠᠭᠠᠯᠠᠭ᠎ᠠ ᠬᠠᠩᠭᠠᠬᠤ᠂ ᠪᠠᠯᠠᠩ ᠨᠡᠬᠦᠷᠡᠰᠦᠨ ᠠᠭᠤᠷᠬᠠᠢ ᠵᠡᠷᠭᠡ | ᠲᠦᠷᠦᠯ ᠵᠦᠢᠯ ᠤᠨ ᠭᠠᠷᠳᠠᠮ ᠬᠦᠢᠴᠡᠳᠬᠡᠯ ᠤᠨ ᠠᠬᠢᠴᠠ ᠶᠢ ᠲᠦᠷᠬᠡᠳᠬᠡᠨ᠂ ᠡᠾᠧᠩ ᠺᠦᠨ ᠤ 260 ᠲᠦᠮᠡᠨ ᠳᠣᠨ ᠤ ᠬᠡᠣᠷᠡᠰᠢᠭᠦᠯᠬᠦ ᠲᠦᠷᠦᠯ ᠵᠦᠢᠯ᠂ ᠺᠧ | ᠰᠧ ᠤᠨ LNG᠂ ᠲᠢᠶᠠᠨ ᠯᠢ ᠹᠧᠩ LNG᠂ ᠹᠠᠩ ᠢᠦᠢ ᠶᠢᠨ 20 ᠲᠦᠮᠡᠨ ᠳᠣᠨ ᠰᠢᠨ᠎ᠡ ᠬᠡᠯᠪᠡᠷᠢ ᠶᠢᠨ ᠪᠤᠷᠳᠣᠭᠤᠷ ᠵᠡᠷᠭᠡ ᠲᠦᠷᠦᠯ ᠵᠦᠢᠯ ᠢ ᠠᠰᠢᠭᠯᠠᠯᠲᠠ | ᠳᠤ ᠣᠷᠣᠭᠤᠯᠣᠨ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠤᠬᠢᠷᠳᠣᠯ ᠦᠬᠡᠢ ᠴᠠᠬᠢᠯᠭᠠᠨ | ᠤ ᠰᠢᠭᠤᠳ ᠬᠠᠩᠭᠠᠯᠭ᠎ᠠ ᠶᠢᠨ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠢ ᠪᠠᠶᠢᠭᠤᠯᠵᠤ᠂ ᠴᠠᠬᠢᠯᠭᠠᠨ ᠤ ᠨᠦᠬᠡᠴᠡ ᠶᠢ ᠪᠤᠬᠢᠷᠳᠣᠯ ᠦᠬᠡᠢ ᠴᠠᠬᠢᠯᠭᠠᠨ ᠤ | ᠳᠠᠭᠠᠭᠠᠴᠠ ᠪᠠᠷ ᠣᠷᠣᠯᠠᠭᠤᠯᠬᠤ ᠳᠠᠭᠤᠷᠢᠶᠠᠯ ᠢ ᠦᠷᠨᠢᠬᠦᠯᠦᠨ᠂ ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ 130 ᠲᠦᠮᠡᠨ ᠳᠣᠨ ᠬᠡᠦᠷᠰᠢᠬᠦᠯᠬᠦ᠂ ᠶᠠ | ᠬᠠᠢ ᠶᠢᠨ 60 ᠲᠦᠮᠡᠨ ᠳᠣᠨ LNG ᠦᠢᠯᠡᠳᠪᠦᠷᠢᠯᠡᠬᠦ ᠵᠡᠷᠭᠡ ᠬᠠᠳᠠᠭᠠᠯᠠᠯ ᠲᠦᠷᠦᠯ ᠵᠦᠢᠯ ᠤᠨ ᠰᠢᠨ᠎ᠡ ᠡᠨᠧᠷᠬᠢ ᠶᠢᠨ ᠬᠡᠷᠡᠭᠯᠡᠯᠲᠡ ᠶᠢᠨ ᠳᠠᠯᠳᠠ ᠬᠦᠴᠦᠨ ᠢ | ᠪᠠᠳᠠᠷᠠᠭᠤᠯᠵᠤ᠂ ᠷᠦᠨ ᠶᠠᠩ ᠤᠨ ᠠᠵᠤ ᠦᠢᠯᠡᠳᠪᠦᠷᠢ ᠶᠢᠨ ᠴᠠᠬᠢᠭᠤᠷ ᠤᠨ ᠲᠦᠷᠦᠯ ᠵᠦᠢᠯ ᠪᠠ ᠣᠯᠠᠨ ᠲᠠᠯᠠᠰᠲᠤ ᠴᠠᠬᠢᠭᠤᠷ᠂ ᠱᠧᠨ᠋ᠵᠧᠨ ᠤ ᠡᠨᠧᠷᠬᠢ ᠶᠢᠨ ᠨᠠᠷᠠᠨ | ᠡᠨᠧᠷᠬᠢ ᠪᠠᠷ ᠣᠰᠣᠳᠦ᠋ᠷᠦᠭᠴᠢ ᠦᠢᠯᠡᠳᠬᠦ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠱᠧᠨᠵᠧᠨ ᠤ ᠡᠨᠧᠷᠬᠢ ᠶᠢᠨ | ᠬᠤᠶᠠᠳᠣᠭᠠᠷ ᠬᠤᠭᠤᠴᠠᠭ᠎ᠠ᠂ ᠣᠯᠣᠰ ᠤᠨ ᠴᠠᠬᠢᠯᠭᠠᠨ ᠤ ᠷᠦᠨ ᠶᠠᠩ ᠤᠨ ᠬᠤᠶᠠᠳᠣᠭᠠᠷ ᠬᠤᠭᠤᠴᠠᠭ᠎ᠠ᠂ ᠳᠣᠮᠳᠠᠳᠣ ᠣᠯᠣᠰ ᠤᠨ ᠴᠠᠬᠢᠯᠭᠠᠨ ᠤ ᠢᠨᠵᠧᠨᠧᠷᠢᠩ ᠤᠨ | ᠰᠠᠯᠬᠢᠨ ᠬᠦᠴᠦ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠶᠢ ᠴᠤᠭᠴᠠᠵᠢᠭᠤᠯᠬᠤ᠂ ᠣᠯᠣᠰ ᠤᠨ ᠡᠨᠧᠷᠬᠢ ᠶᠢᠨ 200 ᠲᠦᠮᠡᠨ ᠳᠣᠨ CCUS ᠵᠡᠷᠭᠡ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠳᠬᠡᠵᠦ᠂ ᠣᠯᠣᠰ ᠤᠨ ᠡᠨᠧᠷᠬᠢ ᠶᠢᠨ ᠪᠦᠯᠦᠭᠯᠡᠯ ᠤᠨ ︽ᠪᠦᠷᠢᠨ ᠲᠦᠬᠦᠷ︾ ᠪᠡᠯᠡ | ᠤᠷᠤᠭᠤᠯᠤᠯᠳᠠ ᠶᠢᠨ ᠲᠦᠯᠤᠪᠯᠡᠭᠡ᠂ ᠳᠤᠮᠳᠠᠳᠤ ᠤᠯᠤᠰ ᠤᠨ ᠨᠡᠬᠦᠷᠡᠰᠤᠨ ᠤ ᠪᠦᠯᠦᠭᠯᠡᠯ ᠤᠨ ︽ᠬᠡᠷᠡᠯ ᠢᠯᠴᠢ + ᠰᠠᠯᠬᠢᠨ ᠴᠠᠬᠢᠯᠭᠠᠨ ᠨᠠᠷᠠᠨ ᠡᠨᠧᠷᠬᠢ︾ ᠶᠢᠨ | ᠴᠤᠭᠴᠠᠵᠢᠭᠤᠯᠤᠯᠳᠠ᠂ ᠨᠠᠷᠠᠨ ᠡᠨᠧᠷᠬᠢ ᠪᠠᠷ ᠣᠰᠣᠳᠦ᠋ᠷᠦᠭᠴᠢ ᠡᠨᠧᠷᠬᠢ ᠶᠢᠨ ᠲᠤᠨᠤᠭᠯᠠᠯ ᠦᠢᠯᠡᠳᠬᠦ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠤᠨ᠂ ᠡᠮᠦᠨ᠎ᠡ ᠬᠤᠭᠤᠴᠠᠭᠠᠨ ᠤ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠶᠢ ᠠᠳᠬᠤᠬᠤ᠂ ᠪᠠᠷᠢᠯᠭ᠎ᠠ ᠡᠬᠢᠯᠡᠬᠦᠯᠦᠭᠰᠡᠨ ᠲᠦᠷᠦᠯ ᠵᠦᠢᠯ | ᠤᠨ ᠠᠬᠢᠴᠠ ᠶᠢ ᠠᠳᠬᠤᠬᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠳᠠᠭᠤᠰᠬᠠᠬᠤ ᠶᠢ ᠠᠳᠬᠤᠬᠤ᠂ ᠪᠠᠶᠢᠭᠤᠯᠤᠭᠰᠠᠨ ᠲᠦᠷᠦᠯ ᠵᠦᠢᠯ ᠤᠨ | ᠠᠰᠢᠭᠯᠠᠯᠲᠠ ᠳᠤ ᠣᠷᠣᠭᠤᠯᠬᠤ ᠶᠢ ᠠᠳᠬᠤᠬᠤ ᠱᠠᠲᠤᠴᠢᠯᠠᠨ ᠠᠬᠢᠭᠤᠯᠬᠤ ᠪᠠᠶᠢᠳᠠᠯ ᠢ ᠪᠦᠷᠢᠯᠳᠦᠬᠦᠯᠦᠨ᠎ᠡ᠃ | ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠣᠭᠤᠯᠬᠤ ᠶᠢ ᠲᠦᠷᠬᠡᠳᠬᠡᠨ᠎ᠡ᠃ ᠬᠡᠪᠴᠢᠶᠡᠵᠢᠭᠰᠡᠨ᠂ ᠠᠵᠤ ᠦᠢᠯᠡᠰᠴᠢᠯᠡᠭᠰᠡᠨ᠂ ᠨᠡᠷ᠎ᠡ | ᠲᠡᠮᠲᠡᠭᠴᠢᠯᠡᠭᠰᠡᠨ᠂ ᠲᠤᠭᠠᠴᠠᠯᠠᠭᠰᠠᠨ ᠬᠦᠭᠵᠢᠯᠲᠡ ᠶᠢᠨ ᠵᠠᠮ ᠢᠶᠠᠷ ᠭᠤᠶᠢᠪᠢᠰᠢ ᠦᠬᠡᠢ ᠵᠠᠮᠨᠠᠵᠤ᠂ ᠮᠠᠯ ᠲᠠᠷᠢᠶᠠᠯᠠᠩ ᠤᠨ ᠪᠦᠲᠦᠬᠡᠭᠳᠡᠬᠦᠨ ᠤ ᠨᠠᠷᠢᠯᠢᠭ | ᠡᠳ᠋ᠰᠢᠬᠦᠯᠦᠯᠲᠡ ᠪᠠ ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢ ᠲᠦᠷᠬᠡᠳᠬᠡᠨ᠂ ᠮᠠᠯ ᠲᠠᠷᠢᠶᠠᠯᠠᠩ ᠤᠨ ᠦᠢᠯᠡᠰ ᠤᠨ ᠡᠬᠢ ᠰᠣᠷᠪᠣᠯᠵᠢ ᠶᠢᠨ | ᠠᠰᠢᠭᠯᠠᠯᠲᠠ ᠶᠢᠨ ᠦᠷ᠎ᠡ ᠠᠰᠢᠭ ᠢ ᠦᠷᠬᠦᠯᠵᠢᠯᠡᠨ ᠳᠡᠬᠡᠭᠰᠢᠯᠡᠬᠦᠯᠵᠦ᠂ ︽ᠨᠢᠬᠡᠳᠦᠯᠲᠡᠢ ᠲᠡᠵᠢᠬᠡᠵᠦ ᠬᠠᠮᠲᠤᠪᠡᠷ ᠪᠠᠶᠠᠵᠢᠬᠤ︾᠂ ︽ᠨᠢᠬᠡᠳᠦᠯᠲᠡᠢ ᠲᠠᠷᠢᠵᠦ | ᠬᠠᠮᠲᠤᠪᠡᠷ ᠪᠠᠶᠠᠵᠢᠬᠤ︾᠂ ︽ᠣᠷᠣᠨ ᠠᠯᠤᠰᠯᠠᠨ ᠬᠤᠯᠪᠤᠭᠠᠯᠠᠬᠤ︾᠂ ︽ᠲᠤᠯᠤᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠭᠡ︾ | ᠵᠡᠷᠭᠡ ᠵᠠᠭᠪᠤᠷ ᠢᠶᠠᠷ ᠳᠠᠮᠵᠢᠭᠤᠯᠤᠨ᠂ ᠳᠡᠭᠡᠳᠦ ᠲᠡᠰ ᠤᠨ ᠦᠬᠡᠷ ᠮᠠᠯ ᠤᠨ ᠮᠢᠬ᠎ᠠ᠂ ᠰᠣᠳᠣᠨ ᠢᠮᠠᠭᠠᠨ ᠨᠤᠤᠯᠤᠭᠤᠷ᠂ ᠪᠤᠬᠢᠷᠳᠣᠯ ᠦᠬᠡᠢ ᠵᠢᠮᠢᠰ ᠨᠣᠭᠤᠭ᠎ᠠ᠂ | ᠴᠢᠨᠠᠷ ᠰᠠᠶᠢᠲᠠᠢ ᠲᠡᠵᠢᠬᠡᠯ ᠡᠪᠡᠰᠦ ᠪᠤᠷᠳᠤᠭ᠎ᠠ ᠵᠡᠷᠭᠡ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠦᠷᠢᠯᠳᠦᠬᠦᠯᠵᠦ᠂ ᠠᠮᠣ ᠪᠣᠳᠠᠭᠠᠨ ᠤ ᠲᠠᠯᠠᠪᠠᠢ ᠶᠢ 40 | ᠲᠦᠮᠡᠨ ᠮᠣ᠋ ᠳᠤ ᠲᠤᠭᠲᠠᠪᠤᠷᠢᠵᠢᠭᠤᠯᠤᠨ᠂ ᠮᠠᠯ ᠤᠨ ᠲᠤᠭ᠎ᠠ ᠶᠢ 230 ᠲᠦᠮᠡᠨ ᠲᠤᠯᠤᠭᠠᠢ᠂ ᠪᠣᠷᠣᠯᠠᠭᠤᠯᠤᠯᠲᠠ ᠶᠢᠨ ᠬᠡᠮᠵᠢᠶ᠎ᠡ ᠶᠢ 134 ᠲᠦᠮᠡᠨ ᠲᠤᠯᠤᠭᠠᠢ | ᠠᠴᠠ ᠳᠠᠪᠠᠭᠤᠯᠤᠨ᠎ᠠ᠃ ᠨᠢᠬᠡ ᠬᠤᠶᠠᠷ ᠭᠤᠷᠪᠠᠳᠣᠭᠠᠷ ᠠᠵᠤ ᠦᠢᠯᠡᠰ ᠤᠨ ᠠᠭᠤᠰᠤᠯᠴᠠᠯ ᠬᠦᠭᠵᠢᠯᠲᠡ ᠶᠢ ᠠᠬᠢᠭᠤᠯᠤᠨ᠂ ︽ᠠᠷᠪᠠ ᠵᠠᠭᠤ ᠮᠢᠩᠭ᠎ᠠ ᠲᠦᠮᠡ | ᠳ᠋ᠦᠩᠰᠢᠭᠤᠷ︾ ᠢᠨᠵᠧᠨᠧᠷᠢᠩ ᠢ ᠬᠦᠨᠵᠡᠬᠡᠢ ᠨᠠᠶᠢᠲᠠᠪᠤᠷᠢᠵᠢᠭᠤᠯᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ᠂ ᠵᠢᠮᠢᠰ ᠢᠳᠡᠰᠢᠨ ᠨᠣᠭᠤᠭ᠎ᠠ ᠶᠢᠨ ᠲᠠᠷᠢᠯᠲᠠ᠂ | ᠡᠷᠳᠡᠨᠢ ᠰᠢᠰᠢ ᠶᠢᠨ ᠣᠨᠠᠯᠲᠠ ᠶᠢᠨ ᠳᠡᠭᠡᠭᠰᠢᠯᠡᠬᠦᠯᠦᠯᠲᠡ᠂ ᠭᠠᠵᠠᠷ ᠰᠢᠷᠤᠢ ᠶᠢᠨ ᠨᠠᠶᠢᠲᠠᠨ ᠬᠠᠮᠢᠶᠠᠷᠣᠭᠤᠯᠣᠯᠳᠠ᠂ ᠲᠤᠭᠠᠴᠠᠯᠠᠭᠰᠠᠨ ᠡᠵᠡᠮᠰᠢᠯ ᠤᠨ ᠬᠦᠯᠡᠮᠵᠢ᠂ | ᠣᠶᠣᠨᠴᠢᠯᠠᠭᠰᠠᠨ ᠬᠦᠯᠡᠮᠵᠢ᠂ ᠦᠨᠳᠦᠷ ᠪᠠᠷᠢᠮᠵᠢᠶᠠᠲᠤ ᠡᠪᠡᠰᠦᠨ ᠤ ᠬᠦᠷᠢᠶᠡᠯᠡᠩ ᠲᠤᠭᠤᠷᠢᠭ᠂ ᠶᠢᠨ ᠨᠢᠦ ᠨᠣᠣᠯᠣᠭᠤᠷ ᠤᠨ ᠦᠢᠯᠡᠳᠪᠦᠷᠢ ᠶᠢᠨ ᠬᠤᠶᠠᠳᠣᠭᠠᠷ | ᠬᠤᠭᠤᠴᠠᠭ᠎ᠠ᠂ ᠪᠤᠷᠤᠪᠠᠯᠭᠠᠰᠣ ᠶᠢᠨ ᠸᠧᠢ ᠨᠦᠩ ᠦᠢᠯᠡᠴᠢᠯᠡᠬᠡᠨ ᠤ ᠲᠦᠪ᠂ ᠳᠠᠬᠢᠯᠲᠤ ᠳᠤ ᠬᠢ ᠠᠮᠢᠳᠣ ᠮᠠᠯ ᠤᠨ ᠠᠷᠠᠯᠵᠢᠶᠠᠨ ᠤ ᠵᠠᠬ᠎ᠠ ᠳᠡᠯᠬᠡᠬᠦᠷ ᠤᠨ | ᠳᠡᠭᠡᠭᠰᠢᠯᠡᠬᠦᠯᠦᠯᠲᠡ ᠦᠬᠡᠷᠡᠴᠢᠯᠡᠯᠲᠡ ᠵᠡᠷᠭᠡ ᠲᠦᠷᠦᠯ ᠵᠦᠢᠯ ᠢ ᠬᠡᠷᠡᠭᠵᠢᠬᠦᠯᠦᠨ᠂ ᠠᠯᠠᠰᠢᠨ ᠮᠠᠯ ᠪᠠ ᠨᠣᠣᠯᠣᠭᠤᠷ ᠤᠨ ᠢᠮᠠᠭᠠᠨ ᠤ ᠰᠠᠶᠢᠨ ᠡᠬᠦᠯᠳᠡᠷ ᠤᠨ | ᠪᠤᠶᠢᠵᠢᠭᠤᠯᠤᠯᠲᠠ ᠶᠢᠨ ᠲᠠᠯᠠᠪᠠᠢ ᠶᠢ ᠪᠠᠶᠢᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ᠂ ᠶᠡᠭᠡ ᠲᠤᠬᠤᠢ ᠶᠢᠨ ᠵᠢᠭᠠᠰᠣ ᠵᠡᠷᠭᠡ ᠨᠡᠷ᠎ᠡ ᠲᠡᠮᠲᠡᠭ | ᠤᠨ ᠠᠯᠳᠠᠷᠰᠢᠯ ᠪᠠ ᠨᠦᠯᠦᠬᠡᠯᠡᠬᠦ ᠬᠦᠴᠦᠨ ᠢ ᠦᠷᠬᠡᠳᠬᠡᠨ᠂ ᠣᠲᠤᠭ ᠤᠨ ᠡᠮᠦᠨᠡᠲᠦ ᠬᠤᠰᠢᠭᠤᠨ ᠤ ᠣᠨᠴᠠᠯᠢᠭᠲᠤ ᠠᠯᠠᠰᠢᠨ ᠦᠬᠡᠷ ᠤᠨ ᠨᠡᠷ᠎ᠡ ᠲᠡᠮᠲᠡᠭ ᠢ | ᠪᠠᠶᠢᠭᠤᠯᠵᠤ ᠲᠦᠬᠡᠮᠡᠯᠵᠢᠬᠦᠯᠦᠨ᠂ ᠦᠢᠯᠡᠳᠪᠦᠷᠢᠯᠡᠯ ᠡᠳ᠋ᠰᠢᠬᠦᠯᠦᠯᠲᠡ ᠪᠤᠷᠤᠯᠠᠭᠤᠯᠭ᠎ᠠ ᠶᠢ ᠴᠤᠭᠴᠠᠵᠢᠭᠤᠯᠤᠭᠰᠠᠨ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ | ᠪᠦᠷᠢᠯᠳᠦᠬᠦᠯᠵᠦ᠂ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠴᠢᠨᠡᠬᠡᠯᠢᠭᠵᠢᠯ ᠢ ᠠᠬᠢᠭᠤᠯᠤᠨ᠎ᠠ᠃ | ᠲᠤᠭᠠᠴᠠᠯᠠᠭᠰᠠᠨ ᠮᠠᠯ ᠲᠠᠷᠢᠶᠠᠯᠠᠩ ᠤᠨ ᠠᠵᠣ ᠦᠢᠯᠡᠰ ᠤᠨ ᠬᠦᠷᠢᠶᠡᠯᠡᠩ᠂ ᠣᠶᠣᠨᠴᠢ ᠲᠠᠷᠢᠶᠠᠯᠠᠩ ᠤᠨ ᠲᠠᠯᠠᠪᠠᠢ᠂ ᠣᠶᠣᠨᠴᠢ ᠮᠠᠯᠴᠢᠨ ᠡᠷᠦᠬᠡ ᠶᠢᠨ | ᠪᠤᠶᠢᠵᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠤᠶᠤᠨᠴᠢ ᠲᠠᠷᠢᠶᠠᠯᠠᠩ ᠤᠨ ᠦᠢᠯᠡᠰ ᠤᠨ ᠰᠣᠳᠣᠯᠭᠠᠨ ᠤ ᠲᠦᠪ᠂ ᠣᠶᠣᠨᠴᠢ ᠲᠠᠷᠢᠶᠠᠯᠠᠩ ᠤᠨ ᠦᠢᠯᠡᠰ | ᠤᠨ ᠳᠠᠭᠤᠷᠢᠶᠠᠯ ᠰᠠᠭᠤᠷᠢᠨ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠪᠠ ᠠᠵᠤ ᠦᠢᠯᠡᠰ ᠤᠨ ᠬᠦᠴᠦᠷᠬᠡᠭ ᠪᠠᠯᠭᠠᠰᠣ ᠶᠢ ᠪᠠᠶᠢᠭᠤᠯᠤᠨ᠂ ᠡᠷᠳᠡᠨᠢ ᠰᠢᠰᠢ᠂ | ᠯᠠᠵᠤᠤ᠂ ᠠᠯᠠᠰᠢᠨ ᠮᠠᠯ ᠤᠨ ᠲᠤᠭᠠᠴᠠᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠤᠭᠠᠴᠠᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠪᠠᠷ ᠮᠠᠯ | ᠲᠠᠷᠢᠶᠠᠯᠠᠩ ᠤᠨ ᠦᠢᠯᠡᠰ ᠤᠨ ᠦᠢᠯᠡᠳᠪᠦᠷᠢᠯᠡᠯ ᠤᠨ ᠦᠷ᠎ᠡ ᠠᠰᠢᠭ ᠪᠠ ᠪᠦᠲᠦᠬᠡᠭᠳᠡᠬᠦᠨ ᠤ ᠶᠠᠰᠣ ᠴᠢᠨᠠᠷ ᠢ ᠳᠡᠭᠡᠭᠰᠢᠯᠡᠬᠦᠯᠦᠨ᠎ᠡ᠃ | ᠰᠣᠶᠣᠯ ᠵᠢᠭᠤᠯᠴᠢᠯᠠᠯ ᠤᠨ ᠬᠦᠨᠵᠡᠬᠡᠢ ᠠᠭᠤᠰᠣᠯᠴᠠᠯ ᠢ ᠲᠦᠷᠬᠡᠳᠬᠡᠨ᠎ᠡ᠃ ᠠᠯᠳᠠᠷᠰᠢᠯ ᠠᠵᠤ ᠠᠬᠤᠢ ᠶᠢ ᠪᠤᠵᠠᠭᠠᠶᠢᠷᠠᠭᠤᠯᠵᠤ᠂ ᠬᠤᠪᠢᠰᠬᠠᠯᠲᠤ ᠰᠣᠶᠣᠯ᠂ | ︽ᠲᠠᠯ᠎ᠠ ᠨᠣᠲᠤᠭ ᠤᠨ ᠠᠯᠠᠭᠠᠳᠠᠬᠤ ᠪᠦᠮᠪᠦᠭᠡ︾ ᠶᠢᠨ ᠠᠭᠤᠰᠣᠯᠴᠠᠯ ᠬᠦᠭᠵᠢᠯᠲᠡ ᠶᠢ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠴᠢᠨᠠᠷ ᠢᠶᠠᠨ | ᠳᠡᠭᠡᠭᠰᠢᠯᠡᠬᠦᠯᠦᠨ ᠠᠰᠢᠭ ᠢᠶᠠᠨ ᠨᠡᠮᠡᠭᠳᠡᠬᠦᠯᠬᠦ ᠴᠢᠬᠤᠯᠠ ᠭᠠᠷᠳᠠᠴᠠ ᠪᠤᠯᠭᠠᠵᠤ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠠᠶᠢᠭᠤᠯᠤᠯᠲᠠ᠂ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠪᠤᠶᠢᠵᠢᠭᠤᠯᠤᠯᠲᠠ᠂ ᠬᠡᠷᠡᠭᠯᠡᠬᠡᠨ ᠤ ᠨᠡᠮᠡᠭᠳᠡᠯ ᠵᠡᠷᠭᠡ ᠲᠠᠯ᠎ᠠ ᠪᠠᠷ ᠲᠦᠯᠦᠪᠵᠢᠬᠦᠯᠵᠦ ᠪᠠᠶᠢᠷᠢᠯᠠᠭᠤᠯᠤᠨ᠂ ᠣᠯᠣᠰ ᠤᠨ ᠲᠡᠰ ᠤᠨ | ᠠᠯᠠᠭᠠᠳᠠᠬᠤ ᠪᠦᠮᠪᠦᠭᠡ ᠶᠢᠨ ᠪᠤᠯᠪᠠᠰᠣᠷᠠᠯ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠬᠦᠯᠵᠦ᠂ ᠲᠠᠯ᠎ᠠ ᠨᠣᠲᠤᠭ ᠤᠨ | ᠠᠯᠠᠭᠠᠳᠠᠬᠤ ᠪᠦᠮᠪᠦᠭᠡ ᠶᠢᠨ ᠵᠠᠳᠠᠭᠠᠢ ᠭᠤᠤᠯ ᠲᠠᠯᠠᠪᠤᠷ᠂ ᠣᠶᠣᠨᠴᠢᠯᠠᠭᠰᠠᠨ ᠲᠠᠮᠢᠷ ᠤᠨ ᠴᠡᠴᠡᠷᠯᠢᠭ ᠢ ᠪᠠᠶᠢᠭᠤᠯᠵᠤ᠂ ᠣᠷᠣᠯᠳᠣᠭᠠᠨ ᠤ ᠪᠡᠶ᠎ᠡ ᠶᠢᠨ ᠲᠠᠮᠢᠷ᠂ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠰᠠᠭᠤᠷᠢ ᠳᠦᠬᠦᠬᠡᠷᠦᠮᠵᠢ ᠶᠢ ᠲᠡᠬᠦᠯᠳᠡᠷᠵᠢᠬᠦᠯᠵᠦ᠂ ᠣᠷᠣᠯᠳᠣᠭᠠᠨ ᠤ ᠴᠢᠳᠠᠮᠵᠢ ᠶᠢ ᠳᠡᠭᠡᠭᠰᠢᠯᠡᠬᠦᠯᠦᠨ᠎ᠡ᠃ ᠬᠤᠪᠢᠰᠬᠠᠯᠲᠤ | ᠰᠤᠶᠤᠯ ᠤᠨ ᠡᠬᠢ ᠰᠣᠷᠪᠣᠯᠵᠢ ᠶᠢ ᠬᠦᠨᠵᠡᠬᠡᠢ ᠠᠭᠤᠲᠠᠯᠠᠵᠤ ᠠᠰᠢᠭᠯᠠᠨ᠂ ᠬᠤᠪᠢᠰᠬᠠᠯᠲᠤ ᠬᠦᠮᠦᠵᠢᠯ ᠤᠨ ᠪᠤᠯᠪᠠᠰᠣᠷᠠᠯ᠂ ᠬᠤᠪᠢᠰᠬᠠᠯᠲᠤ ᠰᠣᠳᠣᠯᠭ᠎ᠠ ᠰᠣᠷᠣᠯᠴᠠᠯᠭ᠎ᠠ᠂ | ᠬᠤᠪᠢᠰᠬᠠᠯᠲᠤ ᠰᠣᠶᠣᠯ ᠤᠨ ᠵᠢᠭᠤᠯᠴᠢᠯᠠᠯ ᠤᠨ ᠳᠠᠪᠬᠤᠷᠭ᠎ᠠ ᠪᠠ ᠠᠭᠤᠯᠬᠤᠨ ᠢ ᠦᠷᠬᠦᠯᠵᠢᠬᠦᠶᠢᠴᠡ ᠳᠡᠭᠡᠭᠰᠢᠯᠡᠬᠦᠯᠵᠦ᠂ ᠪᠦᠬᠦ ᠣᠯᠣᠰ ᠤᠨ ᠴᠢᠨᠠᠷᠲᠠᠢ ᠠᠯᠠᠭᠠᠳᠠᠬᠤ | ᠪᠦᠮᠪᠦᠭᠡ ᠶᠢᠨ ᠣᠷᠢᠯᠭ᠎ᠠ ᠶᠢᠨ ᠣᠷᠣᠯᠳᠣᠭᠠᠨ ᠢ ᠦᠨᠳᠦᠷ ᠪᠠᠷᠢᠮᠵᠢᠶ᠎ᠠ ᠪᠠᠷ ᠡᠷᠬᠢᠯᠡᠨ᠂ ᠣᠷᠣᠯᠳᠣᠭᠠᠨ ᠤ ᠠᠵᠤ ᠠᠬᠤᠢ ᠶᠢ ᠰᠢᠨᠡᠴᠢᠯᠡᠨ᠂ ᠲᠠᠯ᠎ᠠ ᠨᠤᠲᠤᠭ ᠤᠨ | ᠠᠯᠠᠭᠠᠳᠠᠬᠤ ᠪᠦᠮᠪᠦᠭᠡ ᠶᠢᠨ ᠰᠢᠷᠢᠰ ᠠᠵᠢᠯᠯᠠᠭᠠᠨ ᠢ ᠪᠠᠶᠢᠩᠭᠤ ᠲᠠᠭᠠᠭᠠᠮᠠᠭᠠᠢ ᠡᠷᠬᠢᠯᠡᠨ᠂ ︽ᠠᠯᠠᠭᠠᠳᠠᠬᠤ ᠪᠦᠮᠪᠦᠭᠡ ᠶᠢᠨ ᠠᠵᠤ ᠦᠢᠯᠡᠰ︾᠂ ︽ᠠᠯᠠᠭᠠᠳᠠᠬᠤ | ᠪᠦᠮᠪᠦᠭᠡ ᠶᠢᠨ ᠠᠵᠤ ᠠᠬᠤᠢ︾ ᠶᠢ ᠪᠦᠷᠢᠯᠳᠦᠬᠦᠯᠵᠦ᠂ ᠣᠷᠣᠯᠳᠣᠭᠠᠨ ᠠᠵᠢᠯᠯᠠᠭᠠᠨ᠂ ᠪᠠᠶᠠᠷ ᠨᠠᠭᠠᠳᠣᠮ᠂ ᠭᠤᠤᠯ ᠰᠡᠳᠦᠪᠲᠤ ᠵᠢᠭᠤᠯᠴᠢᠯᠠᠯ ᠵᠡᠷᠭᠡ ᠪᠠᠷ ᠬᠡᠷᠡᠭᠯᠡᠭᠡ | ᠶᠢ ᠲᠠᠶᠢᠴᠢᠯᠠᠨ᠂ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠣᠷᠣᠯᠠᠭᠤᠯᠭ᠎ᠠ ᠶᠢᠨ ᠶᠡᠷᠦᠩᠬᠡᠢ ᠦᠷᠲᠡᠭ ᠢ 30 ᠳ᠋ᠦᠩᠰᠢᠭᠤᠷ ᠲᠦᠬᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ︽ᠣᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠬᠦᠯᠬᠦ ᠠᠵᠢᠯᠯᠠᠭᠠᠨ︾ ᠤ ᠲᠤᠭᠤᠷᠢᠨ ᠳᠤ᠂ ᠬᠡᠷᠡᠮ ᠤᠨ | ᠭᠤᠤᠯ ᠤᠨ ᠦᠵᠡᠮᠵᠢ ᠶᠢᠨ ᠣᠷᠣᠨ ᠤ ᠴᠠᠨᠠᠯᠠᠬᠤ ᠲᠠᠯᠠᠪᠠᠢ᠂ ᠴᠠᠬᠢᠷᠮ᠎ᠠ ᠶᠢᠨ ᠳᠠᠭᠤᠯᠠᠯᠲᠤ ᠲᠠᠯ᠎ᠠ ᠨᠤᠲᠤᠭ᠂ ᠰᠣᠪᠠᠭ ᠤᠨ ᠵᠠᠳᠠᠭᠠᠢ ᠣᠰᠣᠨ ᠳᠡᠭᠡᠷᠡᠬᠢ ᠴᠡᠩᠬᠡᠯ ᠤᠨ | ᠬᠦᠷᠢᠶᠡᠯᠡᠩ ᠤᠨ ᠬᠤᠶᠠᠳᠣᠭᠠᠷ ᠬᠤᠭᠤᠴᠠᠭᠠᠨ ᠤ ᠪᠠᠶᠢᠭᠤᠯᠤᠯᠲᠠ ᠶᠢᠨ ᠠᠬᠢᠴᠠ ᠶᠢ ᠲᠦᠷᠬᠡᠳᠬᠡᠵᠦ᠂ ᠪᠠᠶᠠᠨ ᠰᠢᠪᠡᠷ ᠤᠨ ᠵᠢᠭᠤᠯᠴᠢᠯᠠᠯ ᠤᠨ ᠣᠷᠣᠨ ᠢ ᠪᠠᠶᠢᠭᠤᠯᠵᠤ | ᠠᠵᠢᠯᠯᠠᠭᠤᠯᠤᠨ᠂ ᠶᠡᠭᠡ ᠲᠤᠯᠤᠨ ᠵᠢᠭᠤᠯᠴᠢᠯᠠᠯ ᠤᠨ ᠣᠷᠣᠨ ᠤ ᠵᠤᠭᠠᠴᠠᠯ ᠪᠡᠶᠡᠴᠢᠯᠡᠨ ᠣᠶᠢᠯᠠᠭᠠᠯᠲᠠ ᠶᠢ ᠪᠠᠶᠠᠯᠢᠭᠵᠢᠭᠤᠯᠵᠤ᠂ ︽ᠰᠣᠳᠣᠯᠭ᠎ᠠ ᠰᠣᠷᠣᠯᠴᠠᠯᠭ᠎ᠠ + | ᠵᠢᠭᠤᠯᠴᠢᠯᠠᠯ + ᠡᠷᠡᠬᠦᠯᠵᠢᠯ ᠰᠣᠪᠢᠯᠠᠯ + ᠠᠷᠠᠯᠵᠢᠶ᠎ᠠ ᠬᠤᠳᠠᠯᠳᠤᠭ᠎ᠠ︾ ᠶᠢ ᠣᠶᠠᠯᠳᠣᠭᠤᠯᠣᠭᠰᠠᠨ ᠠᠵᠤ ᠦᠢᠯᠡᠰ ᠤᠨ ᠬᠡᠯᠬᠢᠶᠡᠵᠢᠯ ᠢ ᠬᠦᠨᠵᠡᠬᠡᠶᠢᠷᠡᠬᠦᠯᠦᠨ᠂ | ︽ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ︾ ᠶᠢᠨ ᠲᠤᠰᠬᠠᠢ ᠵᠢᠭᠤᠯᠴᠢᠯᠠᠯ ᠤᠨ ᠱᠣᠭᠤᠮ ᠪᠠ ᠬᠤᠪᠢᠰᠬᠠᠯᠲᠤ ᠰᠣᠷᠣᠯᠴᠠᠯᠭ᠎ᠠ ᠶᠢᠨ ᠰᠣᠳᠣᠨ ᠵᠢᠭᠤᠯᠴᠢᠯᠠᠯ ᠤᠨ | ᠱᠣᠭᠤᠮ ᠢ ᠪᠠᠶᠢᠭᠤᠯᠵᠤ᠂ ᠦᠪᠡᠷᠮᠢᠴᠢᠯᠡᠭᠰᠡᠨ ᠰᠢᠨ᠎ᠡ ᠵᠠᠮ ᠢᠶᠠᠷ ᠰᠢᠨ᠎ᠡ ᠳᠠᠪᠠᠭᠤᠯᠢᠭ ᠢ ᠬᠦᠭᠵᠢᠬᠦᠯᠦᠨ᠎ᠡ᠃ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ᠂ ᠰᠢᠨ᠎ᠡ ᠵᠠᠭᠪᠤᠷ ᠢ ᠶᠡᠬᠡᠪᠡᠷ ᠬᠦᠭᠵᠢᠬᠦᠯᠦᠨ᠂ ᠶᠠᠨ ᠠᠨ᠂ ᠲᠦᠩ ᠴᠣᠸᠡᠨ᠂ ᠶᠡᠭᠡ ᠮᠠᠰᠢᠩ᠂ ᠪᠤᠷᠤ ᠬᠤᠲᠠ ᠵᠡᠷᠭᠡ ᠬᠦᠷᠰᠢ ᠵᠡᠷᠭᠡᠯᠡᠳᠡᠭᠡ ᠭᠠᠵᠠᠷ ᠣᠷᠣᠨ | ᠵᠢᠴᠢ ᠭᠤᠤᠯᠳᠠᠯᠭᠠᠲᠤ ᠵᠢᠭᠤᠯᠴᠢᠯᠠᠭᠰᠠᠳ ᠤᠨ ᠢᠷᠡᠯᠲᠡ ᠶᠢᠨ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠢ ᠰᠣᠷᠪᠣᠯᠵᠢ ᠪᠠᠨ | ᠬᠠᠮᠲᠤᠪᠡᠷ ᠡᠳ᠋ᠯᠡᠬᠦ᠂ ᠵᠠᠮ ᠱᠣᠭᠤᠮ ᠢᠶᠠᠨ ᠬᠠᠷᠢᠯᠴᠠᠨ ᠨᠡᠪᠲᠡᠷᠡᠯᠴᠡᠬᠦᠯᠬᠦ᠂ ᠵᠢᠭᠤᠯᠴᠢᠯᠠᠭᠰᠠᠳ ᠤᠨ ᠢᠷᠡᠯᠲᠡ ᠪᠠᠨ ᠬᠠᠷᠢᠯᠴᠠᠨ ᠬᠦᠷᠬᠡᠬᠦ ᠵᠡᠷᠭᠡ ᠬᠦᠭᠵᠢᠯᠲᠡ ᠶᠢᠨ | ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠨ ᠴᠢᠨᠠᠷᠯᠢᠭ ᠬᠦᠭᠵᠢᠯᠲᠡ ᠶᠢᠨ ᠣᠷᠣᠨ ᠪᠦᠰᠡ ᠶᠢᠨ ᠰᠣᠶᠣᠯ | ᠵᠢᠭᠤᠯᠴᠢᠯᠠᠯ ᠤᠨ ᠪᠠᠶᠢᠷᠢᠯᠠᠭᠤᠯᠤᠯᠲᠠ ᠶᠢ ᠪᠦᠷᠢᠯᠳᠦᠬᠦᠯᠦᠨ᠎ᠡ᠃ ᠪᠦᠬᠦ ᠵᠢᠯ ᠤᠨ ᠵᠢᠭᠤᠯᠴᠢᠯᠠᠭᠰᠠᠳ ᠤᠨ ᠲᠤᠭ᠎ᠠ ᠶᠢ 165 ᠲᠦᠮᠡᠨ ᠬᠦᠮᠦᠨ ᠠᠴᠠ ᠳᠠᠪᠠᠭᠤᠯᠬᠤ | ᠪᠠᠷ ᠴᠢᠷᠮᠠᠶᠢᠵᠦ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 29 ᠳ᠋ᠦᠩᠰᠢᠭᠤᠷ ᠲᠦᠬᠦᠷᠢᠭ ᠠᠴᠠ ᠳᠡᠭᠡᠭᠰᠢ ᠪᠡᠶᠡᠯᠡᠬᠦᠯᠦᠨ᠎ᠡ᠃ | ︵ᠬᠤᠶᠠᠷ︶ ᠪᠦᠲᠦᠮᠵᠢᠲᠤ ᠪᠡᠯᠡ ᠣᠷᠣᠭᠤᠯᠣᠯᠲᠠ ᠶᠢ ᠶᠡᠬᠡᠳᠬᠡᠵᠦ᠂ ᠠᠵᠤ ᠠᠬᠤᠢ ᠶᠢᠨ ᠨᠡᠮᠡᠭᠳᠡᠯ ᠢ ᠪᠠᠳᠠᠷᠠᠭᠤᠯᠬᠤ ᠳᠡᠭᠡᠷ᠎ᠡ ᠰᠢᠨ᠎ᠡ ᠬᠦᠳᠡᠯᠬᠡᠬᠦ ᠬᠦᠴᠦᠨ | ᠢᠶᠠᠨ ᠢᠯᠡᠷᠡᠬᠦᠯᠦᠨ᠎ᠡ᠃ ︽ᠴᠢᠬᠤᠯᠠ ᠶᠡᠭᠡ ᠲᠦᠷᠦᠯ ᠵᠦᠢᠯ ᠤᠨ ᠲᠦᠯᠦᠪᠵᠢᠬᠦᠯᠬᠡ ᠶᠢᠨ ᠠᠵᠢᠯᠯᠠᠭᠠᠨ︾ ᠢ ᠬᠦᠨᠵᠡᠬᠡᠢ ᠨᠠᠶᠢᠲᠠᠪᠤᠷᠢᠵᠢᠭᠤᠯᠵᠤ᠂ ᠪᠦᠬᠦ ᠵᠢᠯ ᠳᠤ | ᠶᠡᠷᠦᠩᠬᠡᠢ ᠪᠡᠯᠡ ᠣᠷᠣᠭᠤᠯᠣᠯᠲᠠ 1330 ᠳ᠋ᠦᠩᠰᠢᠭᠤᠷ ᠲᠦᠬᠦᠷᠢᠭ ᠤᠨ 500 ᠲᠦᠮᠡᠨ ᠲᠦᠬᠦᠷᠢᠭ ᠠᠴᠠ ᠳᠡᠭᠡᠭᠰᠢ ᠴᠢᠬᠤᠯᠠ ᠲᠦᠷᠤᠯ ᠵᠦᠢᠯ ᠢ 146 | ᠬᠡᠷᠡᠭᠵᠢᠬᠦᠯᠵᠤ᠂ ᠵᠢᠯ ᠤᠨ ᠲᠤᠲᠤᠷ᠎ᠠ 172 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠪᠡᠯᠡ ᠣᠷᠣᠭᠤᠯᠣᠯᠲᠠ ᠶᠢ ᠪᠡᠶᠡᠯᠡᠭᠦᠯᠣᠨ᠎ᠠ᠃ ᠨᠢᠬᠡᠳᠦᠯᠲᠡᠢ ᠲᠦᠯᠦᠪᠯᠡᠨ | ᠲᠦᠯᠦᠪᠵᠢᠬᠦᠯᠬᠦ ᠶᠢ ᠠᠳᠬᠤᠨ᠎ᠠ᠃ ︽ᠠᠷᠪᠠᠨ ᠲᠠᠪᠤᠳᠣᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠰᠢᠨᠵᠢᠯᠡᠬᠦ ᠣᠬᠠᠭᠠᠨᠴᠢ ᠪᠠᠷ ᠲᠤᠭᠤᠷᠪᠢᠵᠦ᠂ ︽ᠠᠷᠪᠠᠨ | ᠲᠠᠪᠤᠳᠣᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠤ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠭᠤᠤᠯ | ᠬᠠᠷᠠᠯᠲᠠ ᠶᠢᠨ ᠬᠦᠢᠴᠡᠳᠬᠡᠯ ᠲᠤᠭ᠎ᠠ᠂ ᠴᠢᠬᠤᠯᠠ ᠪᠠᠶᠢᠯᠳᠣᠬᠤ ᠪᠣᠳᠣᠯᠭ᠎ᠠ ᠶᠢᠨ ᠡᠬᠦᠷᠭᠡ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠡᠷᠲᠡᠬᠡᠨ | ᠬᠦᠳᠡᠯᠦᠯᠴᠡᠵᠦ ᠰᠢᠰᠲ᠋ᠧᠮᠲᠡᠢ ᠪᠠᠷ ᠲᠦᠯᠦᠪᠵᠢᠬᠦᠯᠦᠨ᠂ ᠠᠵᠤ ᠦᠢᠯᠡᠰ ᠤᠨ ᠬᠡᠯᠬᠢᠶᠡᠵᠢᠯ ᠢ ᠣᠷᠲᠣᠳᠬᠠᠬᠤ᠂ ᠰᠠᠭᠤᠷᠢ ᠳᠦᠬᠦᠬᠡᠷᠦᠮᠵᠢ ᠶᠢᠨ ᠲᠤᠲᠠᠭᠤᠳᠠᠯ ᠢ | ᠨᠦᠬᠦᠪᠦᠷᠢᠯᠡᠬᠦ᠂ ᠣᠯᠠᠨ ᠨᠠᠶᠢᠲᠠ ᠶᠢᠨ ᠦᠢᠯᠡᠴᠢᠯᠡᠬᠡᠨ ᠤ ᠶᠠᠰᠣ ᠴᠢᠨᠠᠷ ᠢ ᠳᠡᠭᠡᠭᠰᠢᠯᠡᠬᠦᠯᠬᠦ ᠲᠠᠯ᠎ᠠ ᠪᠠᠷ ᠨᠠᠷᠢᠯᠢᠭ ᠤᠨᠤᠪᠴᠢᠲᠠᠢ ᠪᠠᠷ ᠬᠦᠴᠦᠯᠡᠵᠦ᠂ ︽ᠠᠷᠪᠠᠨ | ᠳᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠠᠷᠠᠯᠲᠠ ᠡᠬᠦᠷᠭᠡ ᠶᠢ ᠴᠢᠨᠠᠷᠯᠢᠭ ᠪᠡᠶᠡᠯᠡᠬᠦᠯᠦᠨ᠂ ︽ᠠᠷᠪᠠᠨ ᠲᠠᠪᠤᠳᠣᠭᠠᠷ ᠲᠠᠪᠤᠨ ᠵᠢᠯ︾ ᠤᠨ | ᠲᠦᠯᠦᠪᠵᠢᠬᠦᠯᠬᠡ ᠶᠢᠨ ᠣᠬᠢ ᠡᠬᠢᠯᠡᠯᠲᠡ ᠶᠢ ᠪᠡᠶᠡᠯᠡᠬᠦᠯᠬᠦ ᠳᠤ ᠪᠠᠲᠤ ᠰᠠᠭᠤᠷᠢ ᠲᠠᠯᠪᠢᠨ᠎ᠠ᠃ ᠡᠮᠦᠨᠡᠬᠢ ᠬᠤᠭᠤᠴᠠᠭᠠᠨ ᠤ ᠨᠦᠭᠡᠴᠡᠯᠡᠯᠳᠡ ᠶᠢ ᠠᠳᠬᠤᠨ᠎ᠠ᠃ | ︽ᠬᠤᠶᠠᠷ ᠴᠢᠬᠤᠯᠠ︾᠂ ︽ᠬᠤᠶᠠᠷ ᠰᠢᠨ᠎ᠡ︾ ᠵᠡᠷᠭᠡ ᠣᠯᠣᠰ᠂ ᠦᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠪᠠ ᠪᠡᠯᠡ ᠣᠷᠣᠭᠤᠯᠣᠯᠲᠠ ᠶᠢᠨ | ᠣᠳᠣᠷᠢᠳᠣᠮᠵᠢ ᠳᠤ ᠠᠩᠬᠠᠷᠤᠯ ᠢᠶᠠᠨ ᠲᠦᠪᠯᠡᠷᠡᠬᠦᠯᠵᠦ᠂ ᠲᠦᠷᠦ ᠶᠢᠨ ᠪᠤᠳᠤᠯᠭ᠎ᠠ ᠶᠢᠨ ᠳᠣᠬᠢᠶᠠᠯ ᠢ ᠡᠵᠡᠮᠳᠡᠨ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ | ᠣᠬᠠᠮᠵᠢᠯᠠᠵᠣ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠳᠣᠣᠷ᠎ᠠ ᠨᠡᠬᠦᠷᠡᠰᠦᠳᠦ᠋ᠷᠦᠭᠴᠢᠲᠦ | ᠬᠦᠷᠢᠶᠡᠯᠡᠩ ᠲᠤᠭᠤᠷᠢᠭ ᠤᠨ ᠪᠠᠶᠢᠭᠤᠯᠤᠯᠲᠠ᠂ ᠳᠠᠬᠢᠯᠲᠠ ᠡᠨᠧᠷᠬᠢ ᠶᠢᠨ ᠣᠷᠣᠯᠠᠭᠤᠯᠤᠯᠲᠠ᠂ ᠨᠡᠬᠦᠷᠡᠰᠦ ᠴᠠᠬᠢᠯᠭᠠᠨ ᠤ ᠳᠣᠣᠷ᠎ᠠ ᠨᠡᠬᠦᠷᠡᠰᠦᠳᠦ᠋ᠷᠦᠭᠴᠢᠲᠦ | ᠦᠬᠡᠷᠡᠴᠢᠯᠡᠯᠲᠡ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠲᠦᠷᠦᠯ ᠵᠦᠢᠯ ᠤᠨ ᠨᠦᠬᠡᠴᠡᠯᠡᠯᠲᠡ ᠶᠢ ᠨᠠᠷᠢᠯᠢᠭ ᠣᠨᠣᠪᠴᠢᠲᠠᠢ ᠪᠠᠷ | ᠦᠷᠨᠢᠬᠦᠯᠵᠦ᠂ ᠲᠦᠪ ᠪᠠ ᠦᠪᠡᠷᠲᠡᠭᠡᠨ ᠵᠠᠰᠠᠬᠤ ᠣᠷᠣᠨ ᠤ ᠲᠦᠰᠦᠪ ᠤᠨ ᠲᠤᠲᠤᠷᠠᠬᠢ ᠪᠡᠯᠡ ᠣᠷᠣᠭᠤᠯᠣᠯᠲᠠ᠂ ᠣᠷᠣᠨ ᠨᠣᠲᠤᠭ ᠤᠨ ᠵᠠᠰᠠᠭ ᠤᠨ ᠣᠷᠳᠣᠨ ᠤ | ᠲᠤᠰᠬᠠᠢ ᠲᠦᠷᠦᠯ ᠤᠨ ᠦᠭᠴᠡᠭᠡᠨ ᠲᠡᠮᠲᠡᠭ᠂ ᠰᠢᠨ᠎ᠡ ᠪᠠᠷ ᠨᠡᠮᠡᠭᠳᠡᠭᠰᠡᠨ ᠣᠯᠣᠰ ᠤᠨ ᠦᠭᠴᠡᠭᠡ᠂ ᠣᠨᠴᠠ ᠣᠷᠲᠣ ᠬᠤᠭᠤᠴᠠᠭᠠᠨ ᠤ ᠣᠯᠣᠰ ᠤᠨ ᠣᠨᠴᠠᠭᠠᠢ | ᠦᠭᠴᠡᠭᠡ ᠵᠡᠷᠭᠡ ᠲᠦᠷᠦᠯ ᠵᠦᠢᠯ ᠤᠨ ᠲᠦᠯᠦᠪᠵᠢᠬᠦᠯᠬᠡ ᠨᠦᠬᠡᠴᠡᠯᠡᠯᠲᠡ ᠶᠢᠨ ᠠᠵᠢᠯ ᠢ ᠰᠠᠶᠢᠲᠤᠷ ᠬᠢᠨ᠂ ᠲᠦᠷᠦᠯ ᠵᠦᠢᠯ ᠤᠨ ᠲᠦᠯᠦᠪᠵᠢᠬᠦᠯᠬᠡ ᠶᠢᠨ ᠣᠨᠣᠴᠠᠲᠤ | ᠬᠡᠮᠵᠢᠶ᠎ᠡ ᠪᠠ ᠪᠣᠯᠪᠠᠰᠣᠷᠠᠩᠭᠤᠢ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠵᠦ᠂ ᠨᠢᠬᠡ ᠪᠦᠯᠦᠭ ᠢ ᠨᠦᠬᠡᠴᠡᠯᠡᠬᠦ᠂ ᠨᠢᠬᠡ ᠪᠦᠯᠦᠭ ᠢ ᠡᠬᠢᠯᠡᠬᠦᠯᠬᠦ᠂ ᠨᠢᠬᠡ ᠪᠦᠯᠦᠭ ᠢ | ᠪᠠᠶᠢᠭᠤᠯᠬᠤ ᠣᠬᠢ ᠴᠢᠨᠠᠷᠲᠠᠢ ᠡᠷᠬᠢᠯᠲᠡ ᠶᠢ ᠪᠦᠷᠢᠯᠳᠦᠬᠦᠯᠦᠨ᠎ᠡ᠃ ᠬᠦᠴᠦᠨ ᠵᠦᠢᠯ ᠤᠨ ᠪᠠᠲᠤᠯᠠᠭ᠎ᠠ ᠶᠢ ᠠᠳᠬᠤᠨ᠎ᠠ᠃ ︽ᠤᠳᠤᠷᠢᠳᠤᠯᠭ᠎ᠠ ᠳᠠᠭᠠᠭᠠᠴᠢᠯᠠᠬᠤ + | ᠠᠵᠢᠯ ᠤᠨ ᠳᠤᠰᠬᠠᠢ ᠪᠠᠭ︾᠂ ᠲᠦᠷᠦᠯ ᠵᠦᠢᠯ ᠢ ᠳᠠᠭᠠᠭᠤᠯᠤᠨ ᠬᠦᠢᠴᠡᠳᠬᠡᠬᠦ᠂ ᠬᠤᠯᠪᠤᠭᠠᠯᠠᠨ ᠴᠤᠬᠤᠯᠠᠪᠤᠷᠢᠯᠠᠬᠤ᠂ ᠨᠦᠬᠦᠪᠦᠷᠢᠯᠡᠨ ᠬᠦᠢᠴᠡᠳᠬᠡᠬᠦ᠂ ᠨᠢᠬᠡᠯᠡ | ᠦᠷᠲᠡᠭᠡ ᠪᠠᠷ ᠬᠦᠢᠴᠡᠳᠬᠡᠬᠦ ᠵᠡᠷᠭᠡ ᠦᠢᠯᠡᠴᠢᠯᠡᠬᠡᠨ ᠤ ᠲᠤᠭᠲᠠᠴᠠ ᠶᠢ ᠬᠦᠨᠵᠡᠬᠡᠶᠢᠷᠡᠬᠦᠯᠵᠦ᠂ ᠴᠢᠬᠤᠯᠠ ᠶᠡᠭᠡ ᠲᠦᠷᠦᠯ ᠵᠦᠢᠯ ᠤᠨ ᠲᠤᠬᠢᠷᠠᠭᠤᠯᠤᠯᠲᠠ ᠶᠢᠨ | ᠰᠢᠰᠲ᠋ᠧᠮ ᠳᠤ ᠲᠦᠰᠢᠭᠯᠡᠨ᠂ ᠵᠦᠪᠳᠡᠯᠴᠡᠨ ᠵᠤᠬᠢᠴᠠᠭᠤᠯᠬᠤ ᠡᠷᠴᠢᠮ ᠢᠶᠠᠨ ᠴᠢᠩᠭᠠᠳᠬᠠᠵᠤ᠂ ᠲᠦᠷᠦᠯ ᠵᠦᠢᠯ ᠤᠨ ᠣᠰᠣᠨ ᠤ ᠬᠡᠷᠡᠭᠯᠡᠯᠲᠡ᠂ ᠭᠠᠵᠠᠷ ᠬᠡᠷᠡᠭᠯᠡᠯᠲᠡ | ᠵᠡᠷᠭᠡ ᠵᠠᠩᠭᠢᠯᠠᠭ᠎ᠠ ᠶᠢᠨ ᠴᠢᠨᠠᠷᠲᠠᠢ ᠬᠦᠢᠴᠡᠳᠬᠡᠯ ᠲᠤᠭᠠᠨ ᠤ ᠬᠢᠵᠠᠭᠠᠷᠯᠠᠯ ᠢ ᠰᠢᠢᠳᠪᠦᠷᠢᠯᠡᠨ᠂ ᠬᠦᠴᠦᠨ ᠵᠦᠢᠯ ᠤᠨ ᠪᠠᠲᠤᠯᠠᠭ᠎ᠠ ᠪᠠ ᠬᠢᠨᠠᠨ ᠴᠤᠬᠤᠯᠠᠪᠤᠷᠢᠯᠠᠯ ᠤᠨ | ᠬᠦᠴᠢᠷ ᠠᠰᠠᠭᠤᠳᠠᠯ ᠤᠨ ᠪᠦᠬᠦ ᠶᠠᠪᠤᠴᠠ ᠳᠤ ᠮᠦᠷᠳᠡᠵᠦ ᠦᠢᠯᠡᠴᠢᠯᠡᠨ ᠪᠦᠬᠦ ᠲᠠᠯ᠎ᠠ ᠪᠠᠷ ᠰᠢᠢᠳᠪᠦᠷᠢᠯᠡᠵᠦ᠂ ᠲᠦᠷᠦᠯ ᠵᠦᠢᠯ ᠤᠨ ᠣᠷᠣᠨᠵᠢᠭᠤᠯᠣᠯᠲᠠ ᠶᠢ ᠪᠦᠬᠦ | ᠬᠡᠯᠬᠢᠶᠡᠵᠢᠯ ᠢᠶᠠᠷ ᠠᠬᠢᠭᠤᠯᠤᠨ᠂ ᠲᠦᠷᠦᠯ ᠵᠦᠢᠯ ᠤᠨ ᠪᠠᠶᠢᠭᠤᠯᠤᠯᠲᠠ ᠳᠤ ᠠᠰᠢᠭ ᠲᠠᠢ ᠨᠦᠬᠦᠴᠡᠯ ᠢ ᠪᠦᠷᠢᠯᠳᠦᠬᠦᠯᠦᠨ᠎ᠡ᠃ ᠦᠷᠬᠦᠯᠵᠢᠯᠡᠨ ᠪᠠᠶᠢᠭᠤᠯᠬᠤ ᠲᠦᠷᠤᠯ | ᠵᠦᠢᠯ ᠢ ︽ᠬᠠᠪᠤᠷ ᠡᠬᠢᠯᠡᠮᠡᠭᠴᠠ ᠠᠵᠢᠯ ᠡᠬᠢᠯᠡᠬᠦᠯᠬᠦ︾ ᠪᠠᠷ ᠴᠢᠷᠮᠠᠶᠢᠵᠦ᠂ ᠰᠢᠨ᠎ᠠ ᠪᠠᠷ ᠪᠠᠶᠢᠭᠤᠯᠬᠤ ᠲᠦᠷᠤᠯ ᠵᠦᠢᠯ ᠤᠨ ᠨᠢᠬᠡᠳᠤᠬᠡᠷ ᠤᠯᠠᠷᠢᠯ ᠳᠤ ᠪᠠᠷᠢᠯᠭ᠎ᠠ | ᠡᠬᠢᠯᠡᠬᠦᠯᠬᠦ ᠨᠤᠷᠮ᠎ᠠ ᠶᠢ 25% ᠠᠴᠠ ᠲᠠᠪᠠᠭᠤᠯᠣᠨ᠎ᠠ᠃ ᠬᠤᠳᠠᠯᠳᠤᠭ᠎ᠠ ᠡᠵᠡᠩᠨᠡᠬᠦ ᠬᠤᠳᠠᠯᠳᠣᠭᠠᠴᠢᠨ ᠣᠷᠢᠬᠤ ᠶᠢ ᠠᠳᠬᠤᠨ᠎ᠠ᠃ ᠵᠠᠰᠠᠭ ᠵᠠᠬᠢᠷᠭᠠᠨ ᠤ ᠬᠢᠨᠠᠨ | ᠴᠤᠬᠤᠯᠠᠪᠤᠷᠢᠯᠠᠯ ᠤᠨ ︽ᠨᠢᠭᠡ ᠰᠦᠯᠵᠢᠶ᠎ᠡ ᠪᠠᠷ ᠨᠡᠶᠢᠭᠡᠮ ᠭᠦᠢᠴᠡᠳᠬᠡᠬᠦ︾ ᠶᠠᠰᠣ ᠴᠢᠨᠠᠷ ᠢ ᠲᠡᠭᠡᠭᠰᠢᠯᠡᠭᠦᠯᠣᠨ᠂ ᠨᠡᠩ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠣᠴᠢᠷ ᠶᠠᠪᠤᠳᠠᠯ ᠢ ᠦᠨᠳᠦᠰᠦᠨ ᠱᠠᠲᠤᠨ ᠳᠤ ᠬᠦᠨᠵᠡᠬᠡᠶᠢᠷᠡᠬᠦᠯᠬᠦ ᠶᠢ ᠠᠬᠢᠭᠤᠯᠤᠨ᠎ᠠ᠃ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ | ᠬᠤᠪᠢᠷᠠᠯᠲᠠ ᠶᠢ ᠴᠢᠩᠭ᠎ᠠ ᠳᠠᠭᠠᠵᠤ᠂ ᠰᠡᠳᠬᠢᠮᠵᠢ ᠪᠠᠨ ᠬᠤᠪᠢᠷᠠᠭᠤᠯᠵᠤ ᠠᠷᠭ᠎ᠠ ᠮᠠᠶ᠋ᠢᠭ ᠢᠶᠠᠨ ᠰᠢᠨᠡᠴᠢᠯᠡᠨ᠂ ᠡᠨᠧᠷᠬᠢ ᠶᠢᠨ ᠨᠡᠭᠡᠭᠡᠨ ᠬᠦᠭᠵᠢᠬᠦᠯᠦᠯᠲᠡ᠂ ᠨᠠᠷᠠᠨ | ᠡᠨᠧᠷᠬᠢ ᠶᠢᠨ ᠲᠤᠨᠤᠭᠯᠠᠯ ᠦᠢᠯᠡᠳᠬᠡᠯ᠂ ᠣᠰᠣᠳᠦ᠋ᠷᠦᠭᠴᠢ ᠡᠨᠧᠷᠬᠢ ᠶᠢᠨ ᠶᠡᠷᠦᠩᠬᠡᠶᠢᠯᠡᠭᠰᠡᠨ ᠳᠠᠭᠤᠷᠢᠶᠠᠯ᠂ ᠣᠳᠣ ᠦᠶ᠎ᠡ ᠶᠢᠨ ᠨᠡᠬᠦᠷᠡᠰᠦ ᠬᠢᠮᠢ ᠶᠢᠨ ᠠᠵᠤ | ᠦᠢᠯᠡᠳᠪᠦᠷᠢ᠂ ᠳᠡᠭᠡᠳᠦ ᠲᠡᠰ ᠤᠨ ᠲᠤᠨᠤᠭᠯᠠᠯ ᠦᠢᠯᠡᠳᠬᠡᠯ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠨᠢᠬᠡ ᠪᠦᠯᠦᠭ ᠬᠡᠯᠬᠢᠶᠡᠵᠢᠯ ᠢ | ᠪᠠᠶᠢᠭᠤᠯᠤᠨ ᠣᠷᠳᠣᠳᠬᠠᠬᠤ᠂ ᠴᠢᠩᠭᠠᠳᠬᠠᠨ ᠨᠦᠬᠦᠪᠦᠷᠢᠯᠡᠬᠦ ᠲᠦᠷᠦᠯ ᠵᠦᠢᠯ ᠢ ᠣᠷᠣᠭᠤᠯᠵᠣ ᠠᠪᠴᠢᠷᠠᠨ᠂ ᠬᠤᠳᠠᠯᠳᠣᠭᠠᠴᠢᠨ ᠣᠷᠢᠵᠦ ᠪᠡᠯᠡ ᠲᠠᠲᠠᠬᠤ ᠶᠢ | ︽ᠬᠦᠴᠦᠲᠦ ᠬᠠᠷᠠᠭᠠᠯᠵᠠᠯ︾ ᠠᠴᠠ ︽ᠲᠤᠲᠤᠨᠤ ᠦᠢᠯᠡᠴᠢᠯᠡᠭᠡ︾ ᠲᠡᠶᠢᠰᠢ ᠬᠤᠪᠢᠷᠠᠭᠤᠯᠵᠤ᠂ ᠬᠤᠳᠠᠯᠳᠣᠭᠠᠴᠢᠨ ᠣᠷᠢᠬᠤ ᠰᠢᠨ᠎ᠡ ᠰᠢᠪᠲᠤᠯᠤᠯᠲᠠ ᠪᠠᠷ ᠬᠦᠭᠵᠢᠯᠲᠡ | ᠶᠢᠨ ᠰᠢᠨ᠎ᠡ ᠳᠠᠪᠠᠯᠲᠠ ᠶᠢ ᠣᠯᠣᠨ᠎ᠠ︔ ︽ᠣᠷᠣᠨ ᠪᠦᠰᠡ ᠶᠢᠨ ᠬᠠᠮᠳᠣᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠨᠠᠶᠢᠳᠠᠪᠦᠷᠢᠵᠢᠭᠤᠯᠣᠨ᠂ ᠠᠵᠣ | ᠣᠶᠢᠯᠠᠰ ᠢᠶᠠᠷ ᠬᠠᠷᠢᠯᠴᠠᠨ ᠨᠦᠬᠦᠪᠦᠷᠢᠯᠡᠭᠦ᠂ ᠰᠠᠭᠤᠷᠢ ᠲᠦᠬᠦᠷ ᠬᠠᠷᠢᠯᠴᠠᠨ ᠬᠤᠯᠪᠣᠭᠠᠯᠠᠬᠤ᠂ ᠨᠡᠶᠢᠳᠡ ᠶᠢᠨ ᠦᠢᠯᠡᠴᠢᠯᠡᠭᠡ ᠶᠢ ᠬᠠᠮᠳᠦ ᠡᠳ᠋ᠯᠡᠬᠦ᠂ ᠴᠢᠳᠠᠪᠦᠷᠢᠳᠠᠨ ᠤ | ᠰᠣᠯᠢᠯᠴᠠᠭ᠎ᠠ ᠬᠢᠬᠦ ᠵᠡᠷᠭᠡ ᠠᠪᠴᠠᠯ ᠢᠶᠠᠷ ᠨᠢᠩᠳᠦ᠋ᠩ ᠬᠢᠭᠡᠳ ᠣᠶᠢᠷ᠎ᠠ ᠬᠠᠪᠢ ᠶᠢᠨ ᠮᠣᠵᠢ ᠣᠷᠣᠨ ᠬᠤᠳᠠ ᠯᠤᠭ᠎ᠠ ᠶᠢᠨ ᠬᠠᠮᠳᠣᠷᠠᠯᠴᠠᠭ᠎ᠠ ᠶᠢ ᠠᠬᠢᠭᠤᠯᠵᠣ᠂ ᠪᠡᠯᠡ | ᠲᠠᠳᠠᠬᠤ ᠬᠡᠪᠴᠢᠶᠡᠵᠢᠯ ᠢ ᠦᠷᠭᠡᠳᠬᠡᠨ ᠠᠷᠠᠯᠵᠢᠶᠠᠴᠢᠨ ᠣᠷᠢᠬᠤ ᠲᠡᠰ ᠴᠢᠨᠠᠷ ᠢ ᠲᠡᠭᠡᠭᠰᠢᠯᠡᠭᠦᠯᠦᠨ᠂ ᠪᠦᠬᠦ ᠵᠢᠯ ᠤᠨ ᠬᠤᠳᠠᠯᠳᠣᠭᠠᠴᠢᠨ ᠣᠷᠢᠵᠦ ᠪᠡᠯᠡ ᠲᠠᠲᠠᠬᠤ | ᠪᠡᠯᠡ ᠮᠦᠨᠬᠦ ᠶᠢ 132 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ︵ᠭᠤᠷᠪᠠ︶ ᠬᠡᠪ ᠴᠢᠨᠰᠠᠭᠠᠳᠤ ᠬᠤᠳᠠ ᠪᠠᠯᠭᠠᠰᠤᠨ ᠤ ᠪᠠᠶᠢᠭᠤᠯᠤᠯᠳᠠ ᠳᠤ ᠠᠩᠬᠠᠷᠤᠯ ᠢᠶᠠᠨ ᠲᠦᠪᠯᠡᠷᠡᠬᠦᠯᠤᠨ᠂ ᠤᠷᠴᠢᠨ ᠳᠤᠭᠤᠷᠢᠨ ᠤ ᠶᠠᠰᠤ ᠴᠢᠨᠠᠷ ᠢ | ᠳᠡᠬᠡᠭᠰᠢᠯᠡᠬᠦᠯᠬᠦ ᠳᠠᠯ᠎ᠠ ᠪᠠᠷ ᠰᠢᠨ᠎ᠠ ᠲᠦᠷᠬᠦ ᠪᠠᠶᠢᠳᠠᠯ ᠢᠯᠡᠷᠡᠬᠦᠯᠤᠨ᠎ᠠ᠃ ᠬᠤᠳᠠ ᠪᠠᠯᠭᠠᠰᠤᠨ ᠲᠣᠬᠢᠯᠢᠭ ᠰᠠᠭᠤᠴᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠬᠤᠳᠠ | ᠪᠠᠯᠭᠠᠰᠤᠨ ᠤ ᠰᠢᠨᠡᠴᠢᠯᠡᠯᠳᠠ ᠶᠢᠨ ᠠᠵᠢᠯᠯᠠᠭ᠎ᠠ ᠶᠢ ᠲᠦᠷᠬᠡᠤᠨᠬᠡᠨ᠂ ︽ᠬᠠᠶᠢᠷ᠎ᠠ ᠬᠠᠯᠠᠮᠵᠢ ᠬᠦᠷᠬᠡᠬᠦ ᠢᠨᠵᠧᠨᠧᠷᠢᠩ︾᠂ ᠬᠡᠤᠬᠡᠤᠨ ᠪᠠᠭᠠᠴᠤᠤᠨ ᠲᠤ ᠡᠬᠡᠯᠢᠳᠠᠢ | ᠤᠷᠤᠨ ᠵᠠᠢ ᠶᠢᠨ ᠢᠨᠵᠧᠨᠧᠷᠢᠩ ᠢ ᠬᠡᠷᠡᠭᠵᠢᠬᠦᠯᠵᠤ᠂ ᠬᠤᠳᠠ ᠶᠢᠨ ᠶᠠᠪᠤᠳᠠᠯ ᠤᠨ ᠵᠠᠮ ᠵᠡᠬᠡᠯᠢ᠂ ᠤᠰᠤᠨ ᠬᠡᠷᠡᠭᠯᠡᠯᠳᠠ᠂ ᠴᠠᠬᠢᠯᠭᠠᠨ ᠬᠡᠷᠡᠭᠯᠡᠯᠳᠠ᠂ ᠬᠡᠢ ᠬᠡᠷᠡᠭᠯᠡᠯᠳᠠ᠂ | ᠳᠤᠯᠠᠭᠠᠯᠠᠭ᠎ᠠ᠂ ᠪᠤᠷᠤᠭᠠᠨ ᠤᠰᠤ ᠪᠤᠬᠢᠷ ᠤᠰᠤᠨ ᠬᠤᠪᠢᠶᠠᠷᠢᠯᠠᠯᠳᠠ᠂ ᠦᠶᠡᠷ ᠤᠰᠤᠳᠤᠯ ᠤᠨ ᠳᠠᠳᠠᠷᠠᠭᠤᠯᠤᠯᠳᠠ᠂ ᠬᠤᠭ ᠨᠤᠪᠰᠢ ᠶᠢᠨ ᠰᠢᠢᠤᠨᠪᠤᠷᠢᠯᠡᠯᠳᠠ᠂ ᠲᠤᠤᠷ | ᠬᠤᠭᠤᠯᠠᠢ ᠶᠢᠨ ᠦᠬᠡᠷᠡᠴᠢᠯᠡᠯᠳᠠ ᠵᠡᠷᠬᠡ ᠢᠨᠵᠧᠨᠧᠷᠢᠩ ᠤᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠂ ᠬᠤᠳᠠ ᠪᠠᠯᠭᠠᠰᠤᠨ ᠤ ᠤᠶᠢᠯᠡᠴᠢᠯᠡᠬᠡᠨ ᠤ ᠴᠢᠳᠠᠪᠬᠢ ᠶᠢ | ᠳᠡᠬᠡᠭᠰᠢᠯᠡᠬᠦᠯᠤᠨ᠎ᠠ᠃ ᠬᠤᠳᠠ ᠪᠠᠯᠭᠠᠰᠤᠨ ᠤ ᠨᠠᠷᠢᠯᠢᠭᠵᠢᠭᠤᠯᠤᠭᠰᠡᠨ ᠬᠠᠮᠢᠶᠠᠷᠤᠯᠳᠠ ᠶᠢ ᠴᠢᠩᠭᠠᠤᠨᠬᠠᠨ᠂ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ᠂ | ᠬᠠᠭᠤᠴᠢᠨ ᠰᠠᠭᠤᠭᠠᠯᠢ ᠳᠤᠭᠤᠷᠢᠭ ᠤᠨ ᠦᠬᠡᠷᠡᠴᠢᠯᠡᠯᠳᠠ᠂ ᠤᠳᠤ ᠦᠶ᠎ᠡ ᠶᠢᠨ ᠶᠡᠷᠤᠩᠬᠡᠶᠢᠯᠡᠭᠰᠡᠨ ᠪᠠᠷᠠᠭ᠎ᠠ ᠬᠦᠢᠯᠬᠡᠬᠡᠨ ᠤ ᠬᠦᠷᠢᠶᠡᠯᠡᠩ ᠳᠤᠭᠤᠷᠢᠭ ᠤᠨ | ᠪᠠᠶᠢᠭᠤᠯᠤᠯᠳᠠ ᠶᠢ ᠲᠦᠷᠬᠡᠤᠨᠬᠡᠵᠤ᠂ ᠬᠦᠭᠵᠢᠶᠡᠨᠳᠤ ᠵᠡᠬᠡᠯᠢ ᠶᠢᠨ ᠤᠨᠴᠠᠯᠢᠭᠳᠤ ᠨᠡᠷ᠎ᠡ ᠳᠡᠮᠳᠡᠭ ᠢ ᠡᠬᠦᠳᠤᠨ᠂ ᠪᠠᠯᠭᠠᠰᠤ ᠬᠡᠪᠴᠢᠶᠠᠨ ᠤ ᠤᠨᠴᠠᠯᠢᠭᠳᠤ ᠠᠵᠤ ᠤᠶᠢᠯᠡᠰ | ᠢ ᠬᠦᠭᠵᠢᠬᠦᠯᠵᠤ᠂ ᠤᠯᠤᠰ ᠤᠨ ᠳᠡᠰ ᠤᠨ ᠪᠤᠯᠪᠠᠰᠤᠨ ᠬᠤᠳᠠ ᠪᠠᠯᠭᠠᠰᠤ ᠶᠢᠨ ᠲᠦᠷᠢ ᠲᠦᠷᠬᠦ ᠪᠠᠨ ᠴᠢᠨᠠᠷᠵᠢᠭᠤᠯᠤᠨᠠ᠃ ᠰᠠᠭᠤᠷᠢ ᠲᠦᠬᠦᠬᠡᠷᠤᠮᠵᠢ ᠶᠢᠨ | ᠪᠠᠶᠢᠭᠤᠯᠤᠯᠳᠠ ᠶᠢ ᠳᠡᠬᠦᠯᠳᠡᠷᠵᠢᠬᠦᠯᠤᠨ᠎ᠠ᠃ ᠵᠠᠰᠠᠮᠠᠯ ᠵᠠᠮ᠂ ᠳᠡᠮᠤᠷ ᠵᠠᠮ᠂ ᠠᠭᠠᠷ ᠤᠨ ᠳᠡᠬᠡᠬᠡᠪᠤᠷᠢ᠂ ᠤᠰᠤᠨ ᠠᠰᠢᠭᠯᠠᠯᠳᠠ᠂ ᠴᠠᠬᠢᠯᠭᠠᠨ ᠲᠤᠤᠷ ᠤᠨ | ᠪᠠᠶᠢᠭᠤᠯᠤᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠯᠠᠨ ᠵᠢᠶᠠ ᠯᠢᠶᠠᠩ ᠠᠴᠠ ᠤᠯᠵᠠᠴᠢ ᠬᠦᠷᠬᠦ S26 ᠦᠨᠳᠤᠷ ᠬᠤᠷᠳᠤᠴᠠᠳᠤ ᠵᠠᠰᠠᠮᠠᠯ ᠵᠠᠮ᠂ | ᠦᠬᠠᠢ ᠬᠤᠳᠠ ᠠᠴᠠ ᠨᠢᠩᠳᠦ᠋ᠩ ᠰᠠᠭᠤᠷᠢᠨ ᠬᠦᠷᠬᠦ S37 ᠲᠦᠷᠬᠡᠨ ᠵᠠᠮ ᠤᠨ ᠤᠳᠤᠭ ᠤᠨ ᠡᠮᠤᠨᠡᠳᠤ ᠬᠤᠰᠢᠭᠤᠨ ᠤ ᠬᠢᠵᠠᠭᠠᠷ ᠲᠤ ᠬᠢ ᠬᠡᠰᠡᠭ ᠤᠨ ᠦᠨᠳᠤᠷ | ᠬᠤᠷᠳᠤᠴᠠᠳᠤ ᠵᠠᠰᠠᠮᠠᠯ ᠵᠠᠮ ᠤᠨ ᠠᠵᠢᠯ ᠢ ᠡᠬᠢᠯᠡᠬᠦᠯᠤᠨ ᠪᠠᠶᠢᠭᠤᠯᠬᠤ ᠶᠢ ᠠᠬᠢᠭᠤᠯᠤᠨ᠎ᠠ︔ ᠤᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ᠂ ᠪᠠᠷᠠᠭᠤᠨ | ᠬᠡᠰᠡᠭ ᠤᠨ ᠳᠡᠮᠤᠷ ᠵᠠᠮ ᠤᠨ ᠳᠤᠰᠬᠠᠢ ᠱᠤᠭᠤᠮ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠨ᠎ᠡ︔ ᠨᠠᠶᠢᠳᠠᠮ ᠬᠡᠷᠡᠭᠯᠡᠬᠡᠨ ᠤ ᠠᠭᠠᠷ ᠤᠨ ᠳᠡᠬᠡᠬᠡᠪᠤᠷᠢ ᠶᠢᠨ | ᠴᠢᠳᠠᠪᠤᠷᠢ ᠶᠢ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠬᠡᠶᠢᠳᠤ ᠪᠦᠮᠪᠦᠭᠡ᠂ ᠠᠭᠠᠷ ᠢᠶᠠᠷ ᠵᠤᠭᠠᠴᠠᠬᠤ ᠵᠡᠷᠬᠡ ᠲᠦᠷᠤᠯ ᠵᠦᠢᠯ ᠢ ᠨᠡᠬᠡᠬᠡᠨ ᠬᠦᠭᠵᠢᠬᠦᠯᠵᠤ᠂ | ︽ᠨᠠᠶᠢᠳᠡᠮ ᠬᠡᠷᠡᠭᠯᠡᠬᠡᠨ ᠤ ᠠᠭᠠᠷ ᠤᠨ ᠠᠶᠠᠯᠠᠯ +︾ ᠤᠨ ᠬᠡᠷᠡᠭᠯᠡᠬᠡᠨ ᠤ ᠠᠬᠤᠢ ᠶᠢ ᠦᠷᠬᠡᠤᠨᠬᠡᠨ᠂ ᠳᠤᠤᠷ᠎ᠠ ᠨᠢᠰᠤᠯᠳᠠ ᠶᠢᠨ ᠠᠵᠤ ᠠᠬᠤᠢ ᠶᠢ ᠲᠦᠷᠬᠡᠤᠨᠬᠡᠨ | ᠪᠤᠶᠢᠵᠢᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠣᠰᠣᠨ ᠬᠠᠩᠭᠠᠯᠭ᠎ᠠ ᠶᠢᠨ ᠪᠠᠳᠣᠯᠠᠭ᠎ᠠ ᠶᠢᠨ ᠢᠨᠵᠧᠨᠧᠷᠢᠩ᠂ ᠤᠯᠵᠠᠴᠢ ᠪᠠᠯᠭᠠᠰᠤᠨ ᠤ ᠤᠰᠤᠨ ᠰᠤᠷᠪᠤᠯᠵᠢ | ᠶᠢᠨ ᠭᠠᠵᠠᠷ ᠤᠨ ᠪᠠᠴᠢᠮ ᠪᠠᠶᠢᠳᠠᠯ ᠢ ᠠᠷᠭᠠᠴᠠᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠬᠦᠯᠤᠨ᠂ ᠮᠠᠯᠴᠢᠨ ᠳᠠᠷᠢᠶᠠᠴᠢᠨ ᠤ ᠤᠰᠤ ᠤᠮᠳᠠ ᠶᠢᠨ ᠬᠦᠴᠢᠷ | ᠠᠰᠠᠭᠤᠳᠠᠯ ᠢ ᠰᠢᠢᠤᠨᠪᠤᠷᠢᠯᠡᠨ᠎ᠡ︔ ᠮᠠᠩᠬᠠᠳᠤ — ᠠᠯᠳᠠᠢ ᠬᠦᠷᠬᠦ ᠬᠤᠤᠰ ᠬᠦᠶᠤᠳᠠᠯ ᠤᠨ 500 ᠺᠢᠯᠤᠸᠤᠯᠲ᠂ ᠼᠠᠩ ᠶᠢᠨ ᠤ 220 ᠺᠢᠯᠤᠸᠤᠯᠲ ᠬᠦᠴᠤᠳᠠᠯ | ᠦᠬᠡᠷᠡᠴᠢᠯᠡᠬᠦ ᠢᠨᠵᠧᠨᠧᠷᠢᠩ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠨ᠂ ᠴᠠᠬᠢᠯᠭᠠᠨ ᠬᠦᠷᠬᠡᠬᠦ ᠱᠤᠭᠤᠮ ᠢ 772 ᠺᠢᠯᠤᠮᠧᠲᠷ ᠰᠢᠨ᠎ᠠ ᠪᠠᠷ ᠪᠠᠶᠢᠭᠤᠯᠤᠨ | ᠦᠬᠡᠷᠡᠴᠢᠯᠡᠵᠤ᠂ ᠴᠠᠬᠢᠯᠭᠠᠨ ᠲᠤᠤᠷ ᠤᠨ ᠪᠦᠳᠤᠴᠠ ᠶᠢ ᠰᠢᠯᠢᠳᠡᠭᠵᠢᠬᠦᠯᠤᠨ᠂ ᠴᠠᠬᠢᠯᠭᠠᠨ ᠬᠡᠷᠡᠭᠯᠡᠯᠳᠠ ᠶᠢᠨ ᠠᠮᠤᠷ ᠲᠦᠪᠰᠢᠨ ᠢ ᠪᠠᠳᠤᠯᠠᠨ᠎ᠠ᠃ ᠪᠤᠬᠢᠷᠳᠤᠯ ᠦᠬᠡᠢ | ᠳᠤᠤᠷ᠎ᠠ ᠨᠡᠬᠦᠷᠡᠰᠤᠳᠦ᠋ᠷᠦᠭᠴᠢᠳᠤ ᠬᠦᠭᠵᠢᠯᠳᠠ ᠶᠢ ᠲᠦᠷᠬᠡᠤᠨᠬᠡᠨ᠎ᠡ᠃ᠴᠦᠯᠡᠷᠬᠡᠭᠵᠢᠯ ᠢ ᠰᠡᠷᠬᠡᠶᠢᠯᠡᠨ ᠡᠵᠡᠮᠳᠡᠬᠦ ᠶᠡᠷᠤᠩᠬᠡᠶᠢᠯᠡᠭᠰᠡᠨ ᠵᠠᠰᠠᠯᠳᠠ ᠶᠢ ᠴᠢᠩᠭᠠᠤᠨᠬᠠᠨ᠂ | ᠬᠠᠳᠤᠨ ᠳᠤᠬᠤᠢ ᠶᠢᠨ ᠮᠤᠤᠠᠤᠰᠤ ᠶᠢᠨ ᠡᠯᠡᠰᠤᠨ ᠭᠠᠵᠠᠷ ᠤᠨ ᠰᠢᠪᠳᠤᠯᠤᠯᠳᠠ ᠶᠢᠨ ᠠᠵᠢᠯ ᠢ ᠡᠷᠡᠰ ᠰᠠᠶᠢᠳᠤᠷ ᠬᠢᠵᠤ᠂ ᠭᠠᠵᠠᠷ ᠤᠷᠤᠨ ᠳᠤ ᠨᠢ ᠳᠤᠬᠢᠷᠠᠭᠤᠯᠤᠨ | ᠡᠯᠡᠰᠤ ᠶᠢ ᠰᠡᠷᠬᠡᠶᠢᠯᠡᠨ ᠵᠠᠰᠠᠬᠤ᠂ ᠰᠠᠯᠬᠢᠨ ᠴᠠᠬᠢᠯᠭᠠᠨ ᠨᠠᠷᠠᠨ ᠡᠨᠧᠷᠬᠢ ᠶᠢ ᠴᠤᠭᠴᠠᠵᠢᠭᠤᠯᠤᠭᠰᠡᠨ ᠢᠨᠵᠧᠨᠧᠷᠢᠩ ᠢ ᠬᠡᠷᠡᠭᠵᠢᠬᠦᠯᠤᠨ᠂ ᠡᠯᠡᠰᠤ ᠶᠢ ᠰᠡᠷᠬᠡᠶᠢᠯᠡᠨ | ᠵᠠᠰᠠᠬᠤ ᠰᠢᠨ᠎ᠠ ᠳᠤᠭᠳᠠᠴᠠ ᠰᠢᠨ᠎ᠠ ᠠᠷᠭ᠎ᠠ ᠠᠪᠴᠠᠯ ᠢ ᠰᠦᠪᠡᠭᠴᠢᠯᠡᠵᠤ᠂ ᠮᠤᠤᠠᠤᠰᠤ ᠶᠢᠨ ᠡᠯᠡᠰᠤᠷᠬᠡᠭ ᠤᠷᠤᠨ ᠤ ᠪᠦᠬᠦ ᠬᠡᠪᠴᠢᠶᠡᠨ ᠤ ᠵᠠᠰᠠᠯᠳᠠ ᠶᠢ | ᠠᠬᠢᠭᠤᠯᠤᠨ᠎ᠠ᠃ ᠪᠠᠯᠴᠢᠬᠡᠷ ᠤᠨ ᠪᠠᠭᠳᠠᠭᠠᠮᠵᠢ ᠪᠠᠷ ᠮᠠᠯ ᠤᠨ ᠳᠤᠭ᠎ᠠ ᠳᠤᠭᠳᠠᠭᠠᠬᠤ᠂ ᠮᠠᠯ ᠪᠡᠯᠴᠢᠬᠡᠷ ᠢ ᠳᠠᠩᠴᠡᠬᠦᠷᠢᠰᠢᠬᠦᠯᠬᠦ ᠲᠦᠷᠤ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠤᠯᠤᠰ ᠤᠨ ᠰᠠᠭᠤᠷᠢ ᠳᠡᠵᠢᠬᠡᠯ ᠡᠪᠡᠰᠤᠨ ᠤ ᠠᠵᠤ ᠤᠶᠢᠯᠡᠰ ᠤᠨ ᠬᠦᠷᠢᠶᠡᠯᠡᠩ ᠳᠤᠭᠤᠷᠢᠭ ᠢ ᠠᠵᠢᠯᠯᠠᠭᠤᠯᠵᠣ᠂ ︽ᠡᠪᠡᠰᠤ ᠪᠤᠷᠳᠤᠭᠠᠨ ᠤ | ᠪᠠᠩᠬᠢ︾ ᠶᠢᠨ ᠵᠠᠭᠪᠤᠷ ᠢ ᠰᠦᠪᠡᠭᠴᠢᠯᠡᠵᠤ ᠬᠡᠷᠡᠭᠵᠢᠬᠦᠯᠤᠨ᠂ ᠠᠮᠢ ᠠᠬᠤᠢ ᠶᠢ ᠰᠡᠷᠬᠦᠬᠡᠨ ᠠᠵᠤ ᠤᠶᠢᠯᠡᠰ ᠤᠨ ᠤᠷᠤᠯᠭ᠎ᠠ ᠶᠢ ᠨᠡᠮᠡᠭᠳᠡᠬᠦᠯᠤᠨ᠎ᠠ᠃ ︽ᠣᠰᠣ | ᠠᠷᠪᠢᠯᠠᠬᠤ ᠠᠵᠢᠯᠯᠠᠭ᠎ᠠ︾ ᠦᠷᠨᠢᠭᠦᠯᠦᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠠᠷᠭ᠎ᠠ ᠠᠪᠴᠠᠯ ᠢ ᠴᠢᠩᠭ᠎ᠠ | ᠨᠠᠶᠢᠳᠠᠪᠦᠷᠢᠵᠢᠭᠤᠯᠵᠣ᠂ ᠭᠠᠵᠠᠷ ᠳᠤᠤᠷᠠᠬᠢ ᠤᠰᠤᠨ ᠤ ᠠᠷᠠᠯᠵᠢᠶᠠᠨ ᠤ ᠳᠠᠪᠴᠠᠩ ᠢ ᠪᠠᠶᠢᠭᠤᠯᠤᠨ ᠳᠡᠬᠦᠯᠳᠡᠷᠵᠢᠬᠦᠯᠵᠤ᠂ ᠶᠡᠷᠤ ᠶᠢᠨ ᠪᠤᠰᠤ ᠤᠰᠤᠨ ᠰᠤᠷᠪᠤᠯᠵᠢ ᠶᠢᠨ | ᠠᠰᠢᠭᠯᠠᠯᠳᠠ ᠶᠢᠨ ᠨᠤᠷᠮ᠎ᠠ ᠶᠢ ᠳᠡᠬᠡᠭᠰᠢᠯᠡᠬᠦᠯᠤᠨ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠠᠰᠢᠭᠯᠠᠬᠤ ᠨᠦᠬᠦᠪᠤᠷᠢᠯᠡᠬᠦ ᠶᠢ | ᠳᠡᠩᠴᠡᠬᠦᠷᠢᠳᠠᠢ ᠪᠤᠯᠭᠠᠨ᠎ᠠ᠃ ᠴᠡᠯᠮᠡᠭ ᠳᠡᠭᠷᠢ ᠴᠡᠩᠬᠡᠭ ᠤᠰᠤ ᠴᠡᠯᠡᠬᠡᠷ ᠳᠠᠯ᠎ᠠ ᠶᠢᠨ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ᠂ ᠪᠤᠬᠢᠷᠳᠤᠯ ᠢ ᠰᠡᠷᠬᠡᠶᠢᠯᠡᠨ | ᠡᠵᠡᠮᠳᠡᠬᠦ ᠵᠠᠰᠠᠯᠳᠠ ᠶᠢ ᠴᠢᠩᠭᠠᠤᠨᠬᠠᠨ᠂ ᠠᠵᠤ ᠤᠶᠢᠯᠡᠤᠨᠪᠤᠷᠢ ᠶᠢᠨ ᠦᠯᠡᠳᠡᠭᠳᠡᠯ ᠬᠡᠢ ᠶᠢ ᠶᠡᠷᠤᠩᠬᠡᠶᠢᠯᠡᠨ ᠠᠰᠢᠭᠯᠠᠬᠤ᠂ ᠪᠤᠬᠢᠷ ᠳᠤᠰᠤᠨ ᠰᠢᠪᠡᠷ ᠢ ᠰᠢᠢᠤᠨᠪᠤᠷᠢᠯᠡᠬᠦ᠂ | ᠬᠠᠶᠠᠭᠳᠠᠮᠠᠯ ᠪᠤᠳᠠᠰ ᠢ ᠶᠡᠷᠤᠩᠬᠡᠶᠢᠯᠡᠨ ᠠᠰᠢᠭᠯᠠᠬᠤ᠂ ᠳᠠᠬᠢᠯᠳᠠ ᠤᠰᠤ ᠶᠢ ᠡᠷᠬᠢᠯᠳᠤᠬᠦᠯᠤᠨ ᠠᠰᠢᠭᠯᠠᠬᠤ᠂ ᠠᠭᠤᠷᠬᠠᠢ ᠶᠢᠨ ᠬᠤᠤᠨᠳᠤᠭ ᠤᠨ ᠤᠰᠤ ᠶᠢ | ᠶᠡᠷᠤᠩᠬᠡᠶᠢᠯᠡᠨ ᠠᠰᠢᠭᠯᠠᠬᠤ᠂ ᠡᠨᠧᠷᠬᠢ ᠠᠷᠪᠢᠯᠠᠨ ᠨᠡᠬᠦᠷᠡᠰᠤᠳᠦ᠋ᠷᠦᠭᠴᠢᠳᠤ ᠶᠢ ᠪᠠᠭᠠᠰᠬᠠᠬᠤ ᠪᠠᠷ ᠦᠬᠡᠷᠡᠴᠢᠯᠡᠬᠦ᠂ ᠴᠠᠬᠢᠯᠭᠠᠨ ᠬᠦᠳᠡᠯᠬᠡᠬᠦᠷᠳᠤ ᠬᠦᠨᠳᠤ ᠠᠴᠢᠶᠠᠨ ᠤ | ᠮᠠᠰᠢᠨ ᠢ ᠬᠡᠷᠡᠭᠯᠡᠬᠦ ᠵᠡᠷᠬᠡ ᠲᠦᠷᠤᠯ ᠵᠦᠢᠯ ᠢ ᠬᠡᠷᠡᠭᠵᠢᠬᠦᠯᠵᠤ᠂ ᠡᠨᠧᠷᠬᠢ ᠶᠢᠨ ᠬᠤᠷᠤᠭᠳᠠᠯ ᠤᠨ ᠪᠠᠭᠠᠰᠬᠠᠯᠳᠠ ᠪᠠᠷ ᠤᠶᠢᠯᠡᠤᠨᠪᠤᠷᠢᠯᠡᠯ ᠤᠨ ᠬᠡᠮᠵᠢᠶ᠎ᠡ ᠰᠤᠯᠢᠬᠤ ᠶᠢ | ᠠᠬᠢᠭᠤᠯᠤᠨ᠂ ᠡᠨᠧᠷᠬᠢ ᠬᠡᠷᠡᠭᠯᠡᠬᠦ ᠤᠷᠤᠨ ᠵᠠᠢ ᠶᠢ ᠦᠷᠬᠡᠤᠨᠬᠡᠵᠤ᠂ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠨ᠎ᠠ᠃ ᠬᠦᠷᠢᠶᠡᠯᠡᠩ ᠳᠤᠭᠤᠷᠢᠭ ᠤᠨ | ᠠᠴᠢᠶᠠᠯᠠᠬᠤ ᠴᠢᠳᠠᠮᠵᠢ ᠶᠢ ᠳᠡᠬᠡᠭᠰᠢᠯᠡᠬᠦᠯᠤᠨ᠎ᠠ᠃ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠰᠠᠭᠤᠷᠢ ᠲᠦᠬᠦᠬᠡᠷᠤᠮᠵᠢ ᠶᠢᠨ ᠴᠢᠨᠠᠷ | ᠪᠦᠳᠤᠮᠵᠢ ᠶᠢ ᠳᠡᠬᠡᠭᠰᠢᠯᠡᠬᠦᠯᠬᠦ ᠶᠢ ᠲᠦᠷᠬᠡᠤᠨᠬᠡᠨ᠂ ᠤᠰᠤ ᠴᠠᠬᠢᠯᠭᠠᠨ ᠬᠡᠢ ᠵᠠᠮ ᠳᠤᠯᠠᠭᠠᠯᠠᠭ᠎ᠠ ᠵᠡᠷᠬᠡ ᠰᠠᠭᠤᠷᠢ ᠲᠦᠬᠦᠬᠡᠷᠤᠮᠵᠢ᠂ ᠰᠤᠷᠭᠠᠨ ᠬᠦᠮᠤᠵᠢᠯ ᠡᠮ | ᠡᠮᠴᠢᠯᠡᠭᠡ ᠨᠠᠶᠢᠳᠠ ᠶᠢᠨ ᠤᠶᠢᠯᠡᠴᠢᠯᠡᠭᠡ ᠶᠢᠨ ᠬᠠᠩᠭᠠᠯᠭ᠎ᠠ ᠶᠢ ᠰᠢᠯᠢᠳᠡᠭᠵᠢᠬᠦᠯᠵᠤ᠂ ᠬᠦᠷᠢᠶᠡᠯᠡᠩ ᠳᠤᠭᠤᠷᠢᠭ ᠤᠨ ᠨᠠᠶᠢᠳᠠ ᠶᠢᠨ ᠭᠤᠳᠤᠮ ᠬᠤᠭᠤᠯᠠᠢ᠂ ᠪᠤᠬᠢᠷ | ᠤᠰᠤᠨ ᠰᠢᠢᠤᠨᠪᠤᠷᠢᠯᠡᠯᠳᠠ᠂ ᠬᠠᠳᠠᠭᠤ ᠪᠠᠶᠡᠳᠤ ᠬᠠᠶᠠᠭᠳᠠᠮᠠᠯ ᠪᠤᠳᠠᠰ ᠤᠨ ᠰᠢᠢᠤᠨᠪᠤᠷᠢᠯᠡᠯᠳᠠ ᠵᠡᠷᠬᠡ ᠲᠦᠬᠦᠷ ᠤᠶᠢᠯᠡᠴᠢᠯᠡᠭᠡ ᠶᠢ ᠳᠡᠬᠦᠯᠳᠡᠷᠵᠢᠬᠦᠯᠤᠨ᠂ ᠬᠦᠷᠢᠶᠡᠯᠡᠩ | ᠳᠤᠭᠤᠷᠢᠭ ᠤᠨ ᠠᠴᠢᠶᠠᠯᠠᠬᠤ ᠴᠢᠳᠠᠪᠤᠷᠢ ᠶᠢ ᠪᠦᠬᠦ ᠳᠠᠯ᠎ᠠ ᠪᠠᠷ ᠳᠡᠬᠡᠭᠰᠢᠯᠡᠬᠦᠯᠤᠨ᠎ᠠ᠃ | ︵ᠲᠦᠷᠪᠡ︶ ᠭᠤᠤᠯᠳᠠᠯᠭᠠᠳᠤ ᠬᠦᠷᠢᠶᠡᠨ ᠤ ᠦᠬᠡᠷᠡᠴᠢᠯᠡᠯᠳᠠ ᠰᠢᠨᠡᠴᠢᠯᠡᠯᠳᠠ ᠳᠤ ᠠᠩᠬᠠᠷᠤᠯ ᠢᠶᠠᠨ ᠲᠦᠪᠯᠡᠷᠡᠬᠦᠯᠤᠨ᠂ ᠬᠦᠭᠵᠢᠯᠳᠠ ᠶᠢᠨ ᠠᠮᠢᠳᠤᠯᠢᠭ | ᠬᠦᠴᠤᠨ ᠢ ᠨᠡᠮᠡᠭᠳᠡᠬᠦᠯᠬᠦ ᠳᠠᠯ᠎ᠠ ᠪᠠᠷ ᠰᠢᠨ᠎ᠠ ᠳᠠᠪᠠᠭᠤᠯᠢᠭ ᠢ ᠱᠤᠭᠤᠨ᠎ᠠ᠃ ᠰᠢᠨᠡᠴᠢᠯᠡᠯᠳᠠ ᠳᠠᠶᠢᠴᠢᠯᠠᠯᠳᠠ ᠶᠢᠨ ᠠᠭᠤᠰᠤᠩᠭᠤᠢ ᠠᠪᠴᠠᠯᠳᠤᠯ ᠢ ᠪᠠᠷᠢᠮᠳᠠᠯᠠᠨ᠂ | ᠦᠬᠡᠷᠡᠴᠢᠯᠡᠯᠳᠠ ᠰᠢᠨᠡᠴᠢᠯᠡᠯᠳᠠ ᠪᠠᠷ ᠬᠦᠭᠵᠢᠯᠳᠠ ᠶᠢᠨ ᠬᠦᠳᠡᠯᠬᠡᠭᠴᠢ ᠬᠦᠴᠤᠨ ᠢ ᠬᠤᠷᠠᠮᠳᠤᠭᠤᠯᠵᠤ᠂ ᠨᠢᠬᠡ ᠪᠦᠯᠦᠭ ᠳᠠᠭᠤᠷᠢᠶᠠᠵᠤ ᠪᠤᠯᠬᠤ᠂ ᠳᠡᠯᠬᠡᠷᠡᠬᠦᠯᠵᠤ | ᠪᠤᠯᠬᠤ ᠤᠳᠤᠭ ᠤᠨ ᠡᠮᠤᠨᠡᠳᠤ ᠬᠤᠰᠢᠭᠤᠨ ᠤ ᠳᠤᠷᠰᠢᠯᠭ᠎ᠠ ᠪᠦᠳᠤᠮᠵᠢ ᠶᠢ ᠲᠦᠷᠬᠡᠤᠨᠬᠡᠨ ᠪᠦᠷᠢᠯᠳᠤᠬᠦᠯᠤᠨ᠎ᠠ᠃ ᠪᠠᠯᠭᠠᠰᠤᠨ ᠤ ᠳᠤᠰᠢᠶᠠᠯ ᠬᠠᠷᠢᠭᠤᠴᠠᠯᠭ᠎ᠠ ᠪᠠᠨ | ᠬᠦᠢᠴᠡᠤᠨᠬᠡᠬᠦ ᠵᠤᠶᠢᠯᠡᠰ ᠤᠨ ᠨᠠᠷᠢᠨ ᠬᠠᠭᠤᠳᠠᠰᠤ ᠶᠢ ᠪᠦᠬᠦ ᠳᠠᠯ᠎ᠠ ᠪᠠᠷ ᠪᠠᠶᠢᠭᠤᠯᠤᠨ᠂ ᠦᠨᠳᠤᠰᠤᠨ ᠱᠠᠳᠤᠨ ᠤ ᠳᠠᠷᠤᠭᠠᠰᠤ ᠶᠢ ᠬᠦᠩᠬᠡᠷᠡᠬᠦᠯᠬᠦ ᠳᠠᠭᠠᠭᠠᠮᠠᠭᠠᠢ | ᠳᠤᠭᠳᠠᠴᠠ ᠶᠢ ᠳᠡᠬᠦᠯᠳᠡᠷᠵᠢᠬᠦᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠬᠡᠷᠡᠴᠢᠯᠡᠯᠳᠠ᠂ ᠡᠳ᠋ ᠤᠨ ᠵᠠᠰᠠᠭ ᠤᠨ ᠳᠡᠭ ᠰᠠᠭᠤᠷᠢᠳᠤ ᠲᠦᠰᠤᠪ | ᠤᠨ ᠦᠬᠡᠷᠡᠴᠢᠯᠡᠯᠳᠠ ᠶᠢ ᠯᠠᠪᠳᠠᠭᠤᠨ ᠡᠮᠬᠢᠳᠠᠢ ᠠᠬᠢᠭᠤᠯᠤᠨ᠂ ᠦᠨᠳᠤᠰᠤᠨ ᠱᠠᠳᠤᠨ ᠤ ᠵᠠᠰᠠᠯᠳᠠ᠂ ᠰᠢᠨᠵᠢᠯᠡᠬᠦ ᠤᠬᠠᠭᠠᠨ ᠰᠤᠷᠭᠠᠨ ᠬᠦᠮᠤᠵᠢᠯ ᠰᠤᠶᠤᠯ ᠡᠷᠡᠬᠦᠯ | ᠬᠠᠮᠠᠭᠠᠯᠠᠯ᠂ ᠬᠠᠤᠯᠢ ᠴᠠᠭᠠᠵᠠ ᠵᠠᠰᠠᠭ ᠵᠠᠬᠢᠷᠭ᠎ᠠ ᠵᠡᠷᠬᠡ ᠬᠦᠷᠢᠶ᠎ᠡ ᠴᠠᠷᠠᠭᠠᠨ ᠤ ᠦᠬᠡᠷᠡᠴᠢᠯᠡᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠦᠬᠡᠷᠡᠴᠢᠯᠡᠯᠳᠠ | ᠶᠢᠨ ᠪᠦᠳᠤᠮᠵᠢ ᠪᠠᠷ ᠴᠢᠨᠠᠷᠯᠢᠭ ᠬᠦᠭᠵᠢᠯᠳᠠ ᠳᠤ ᠬᠦᠴᠤᠨ ᠨᠡᠮᠡᠷᠢᠯᠡᠨ᠎ᠡ᠃ ᠰᠢᠨᠵᠢᠯᠡᠭᠡ ᠮᠡᠷᠬᠡᠵᠢᠯ ᠢᠶᠠᠷ ᠰᠢᠪᠳᠤᠯᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠤᠨ᠂ | ᠶᠡᠭᠡ ᠳᠡᠬᠡᠳᠤ ᠰᠤᠷᠭᠠᠭᠤᠯᠢ ᠬᠦᠷᠢᠶᠡᠯᠡᠩ ᠯᠦᠭᠡ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠠ ᠶᠢᠨ ᠳᠠᠪᠴᠠᠩ ᠢ | ᠪᠠᠶᠢᠭᠤᠯᠤᠨ᠂ ᠳᠡᠬᠡᠳᠤ ᠰᠢᠨ᠎ᠠ ᠮᠡᠷᠬᠡᠵᠢᠯ ᠤᠨ ᠠᠵᠤ ᠠᠬᠤᠶᠢᠯᠠᠯ ᠢ ᠪᠤᠶᠢᠵᠢᠭᠤᠯᠵᠤ᠂ ᠨᠡᠬᠦᠷᠡᠰᠤ ᠬᠢᠮᠢ ᠶᠢᠨ ᠤᠶᠢᠯᠡᠤᠨᠪᠤᠷᠢ᠂ ᠮᠠᠯ ᠳᠠᠷᠢᠶᠠᠯᠠᠩ ᠤᠨ ᠤᠶᠢᠯᠡᠰ ᠤᠨ | ᠴᠠᠷᠠᠭᠠᠨ ᠤ ᠠᠺᠠᠳᠧᠮᠢᠴᠢ ᠡᠷᠳᠡᠮᠳᠠᠨ ᠤ ᠠᠵᠢᠯᠯᠠᠬᠤ ᠦᠷᠳᠡᠭᠡ ᠶᠢ ᠪᠠᠶᠢᠭᠤᠯᠤᠨ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠡᠯ᠂ ᠳᠡᠬᠡᠳᠤ ᠳᠡᠰ ᠤᠨ ᠲᠦᠬᠦᠬᠡᠷᠤᠮᠵᠢ | ᠤᠶᠢᠯᠡᠤᠨᠬᠡᠯ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠭᠰᠡᠨ ᠠᠵᠤ ᠤᠶᠢᠯᠡᠰ ᠢ ᠵᠢᠯᠤᠭᠤᠳᠤᠨ ᠪᠤᠶᠢᠵᠢᠭᠤᠯᠵᠤ᠂ ᠠᠵᠤ ᠠᠬᠤᠢ ᠶᠢᠨ ᠰᠢᠨ᠎ᠠ | ᠨᠡᠮᠡᠭᠳᠡᠯ ᠤᠨ ᠲᠦᠢᠯ ᠢ ᠪᠦᠷᠢᠯᠳᠤᠬᠦᠯᠤᠨ᠎ᠠ᠃ ᠠᠷᠠᠯᠵᠢᠶ᠎ᠡ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠬᠦ 6.0 ᠲᠦᠰᠤᠪ ᠤᠨ ᠦᠬᠡᠷᠡᠴᠢᠯᠡᠯᠳᠠ ᠶᠢᠨ ᠲᠦᠰᠤᠯ ᠢ | ᠳᠡᠰ ᠳᠡᠪᠰᠢᠬᠦᠯᠤᠨ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠠᠯ ᠤᠨ ᠲᠦᠷᠢᠮ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠬᠠᠮ ᠡᠳ᠋ᠯᠡᠵᠤ ᠴᠡᠭᠴᠡᠯᠡᠵᠤ ᠵᠠᠰᠠᠨ᠂ ︽ᠰᠠᠭᠤᠷᠢ ᠳ᠋ᠠᠶᠢᠲ᠋ᠠ ᠬᠦᠮᠤᠷᠬᠡ︾ ᠶᠢᠨ ᠨᠢᠬᠡ ᠬᠦᠰᠦᠨᠦᠭᠳᠤ ᠪᠠᠷ | ᠰᠢᠰᠲ᠋ᠧᠮ ᠲᠠᠢ ᠬᠡᠷᠡᠭᠯᠡᠬᠦ ᠶᠢ ᠳᠡᠯᠬᠡᠷᠡᠬᠦᠯᠵᠤ᠂ ᠦᠨᠳᠤᠰᠤᠨ ᠱᠠᠳᠤᠨ ᠳᠤ ᠬᠢ ᠤᠶᠢᠯᠡᠴᠢᠯᠡᠭᠡ ᠶᠢ ᠨᠠᠩ ᠤᠨᠤᠪᠴᠢᠳᠠᠢ ᠪᠦᠳᠤᠮᠵᠢᠳᠠᠢ ᠪᠤᠯᠭᠠᠨ᠎ᠠ᠃ ︽ᠲᠦᠷᠤᠯ | ᠵᠦᠢᠯ ᠤᠨ ᠦᠨᠡᠯᠡᠯᠳᠠ + ᠪᠠᠷᠢᠮᠵᠢᠶᠠᠳᠤ ᠭᠠᠵᠠᠷ ᠰᠢᠷᠤᠢ + ᠠᠮᠠᠯᠠᠯᠳᠠ ᠶᠢᠨ ᠳᠤᠭᠳᠠᠴᠠ + ᠵᠠᠰᠠᠭ ᠤᠨ ᠤᠷᠳᠤᠨ ᠤ ᠲᠦᠬᠦᠷᠵᠢᠬᠦᠯᠤᠯ︾ ᠤᠨ ᠦᠬᠡᠷᠡᠴᠢᠯᠡᠯᠳᠠ | ᠶᠢ ᠬᠡᠷᠡᠭᠵᠢᠬᠦᠯᠤᠨ᠂ ᠵᠠᠰᠠᠭ ᠵᠠᠬᠢᠷᠭᠠᠨ ᠤ ᠬᠢᠨᠠᠨ ᠴᠤᠬᠤᠯᠠᠪᠤᠷᠢᠯᠠᠬᠤ ᠵᠤᠶᠢᠯᠡᠰ ᠪᠠ ᠤᠶᠢᠯᠡᠴᠢᠯᠡᠬᠡᠨ ᠤ ᠵᠤᠶᠢᠯᠡᠰ ᠢ ᠬᠦᠯᠢᠶᠡᠨ ᠵᠦᠪᠰᠢᠶᠡᠷᠡᠬᠦ᠂ ᠪᠠᠶᠢᠴᠠᠭᠠᠨ | ᠳᠤᠭᠳᠠᠭᠠᠬᠤ᠂ ᠬᠦᠢᠴᠡᠤᠨᠬᠡᠨ ᠤᠷᠤᠨᠵᠢᠭᠤᠯᠬᠤ ᠶᠢ ᠨᠢᠬᠡᠯᠡ ᠪᠡᠶᠡᠯᠡᠬᠦᠯᠬᠦ ᠶᠢ ᠬᠡᠷᠡᠭᠵᠢᠬᠦᠯᠵᠤ᠂ ᠤᠶᠢᠯᠡᠴᠢᠯᠡᠬᠡᠨ ᠤ ᠤᠶᠢᠯᠡᠳᠤᠯ ᠴᠢᠳᠠᠪᠤᠷᠢ ᠶᠢ ᠳᠡᠬᠡᠭᠰᠢᠯᠡᠬᠦᠯᠤᠨ᠎ᠠ᠃ | ︵ᠳᠠᠪᠤ︶ ᠨᠠᠶᠢᠳᠠ ᠶᠢᠨ ᠤᠶᠢᠯᠡᠴᠢᠯᠡᠬᠡᠨ ᠤ ᠬᠠᠩᠭᠠᠯᠭ᠎ᠠ ᠶᠢ ᠰᠢᠯᠢᠳᠡᠭᠵᠢᠬᠦᠯᠬᠦ ᠳᠤ ᠠᠩᠬᠠᠷᠤᠯ ᠢᠶᠠᠨ ᠲᠦᠪᠯᠡᠷᠡᠬᠦᠯᠤᠨ᠂ ᠠᠷᠠᠤᠨ ᠤᠨ ᠠᠮᠢᠳᠤᠷᠠᠯ ᠤᠨ ᠵᠤᠯ | ᠵᠢᠷᠭᠠᠯ ᠢ ᠨᠡᠮᠡᠭᠳᠡᠬᠦᠯᠬᠦ ᠳᠠᠯ᠎ᠠ ᠪᠠᠷ ᠰᠢᠨ᠎ᠠ ᠠᠵᠢᠯᠯᠠᠮᠵᠢ ᠭᠠᠷᠭᠠᠨ᠎ᠠ᠃ ᠠᠵᠢᠯ ᠤᠯᠭᠤᠯᠳᠠ ᠶᠢ ᠡᠩ ᠳᠡᠷᠢᠬᠦᠨ ᠳᠤ ᠪᠠᠳᠤᠯᠠᠨ᠎ᠠ᠃ ︽ᠠᠵᠢᠯ ᠣᠯᠭᠤᠯᠳᠠ ᠶᠢ | ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠦᠷᠢᠵᠢᠭᠤᠯᠣᠨ᠂ ᠤᠯᠠᠨ ᠨᠠᠶᠢᠳᠠ ᠶᠢᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠢ ᠪᠠᠶᠢᠭᠤᠯᠵᠣ᠂ ᠤᠯᠠᠨ ᠳᠠᠯ᠎ᠠ | ᠪᠠᠷ ᠳᠡᠮᠵᠢᠨ ᠠᠵᠢᠯ ᠤᠨ ᠪᠠᠶᠢᠷᠢ ᠶᠢ ᠳᠤᠭᠳᠠᠪᠤᠷᠢᠵᠢᠭᠤᠯᠤᠨ ᠦᠷᠬᠡᠤᠨᠬᠡᠵᠤ᠂ ᠶᠡᠭᠡ ᠳᠡᠬᠡᠳᠤ ᠰᠤᠷᠭᠠᠭᠤᠯᠢ ᠳᠡᠬᠦᠰᠦᠭᠰᠠᠤᠨ᠂ ᠴᠡᠷᠢᠭ ᠠᠴᠠ ᠬᠠᠯᠠᠭᠳᠠᠭᠰᠠᠤᠨ᠂ | ᠮᠠᠯᠴᠢᠨ ᠳᠠᠷᠢᠶᠠᠴᠢᠨ ᠬᠦᠴᠤ ᠶᠠᠪᠤᠭᠴᠢᠤᠨ᠂ ᠠᠵᠢᠯ ᠠᠯᠳᠠᠭᠰᠠᠤᠨ ᠵᠡᠷᠬᠡ ᠭᠤᠤᠯᠳᠠᠯᠭ᠎ᠠ ᠲᠠᠢ ᠬᠦᠮᠤᠰ ᠤᠨ ᠤᠶᠢᠯᠡᠰ ᠪᠤᠰᠬᠠᠨ ᠠᠵᠢᠯ ᠤᠯᠬᠤ ᠶᠢ ᠳᠡᠮᠵᠢᠬᠦ | ᠬᠦᠴᠤᠯᠡᠴᠠ ᠶᠢ ᠶᠡᠬᠡᠤᠨᠬᠡᠨ᠂ ᠬᠤᠳᠠ ᠪᠠᠯᠭᠠᠰᠤᠨ ᠤ ᠠᠶᠢᠯ ᠪᠦᠬᠦᠨ ᠳᠤ ᠠᠵᠢᠯ ᠲᠠᠢ ᠬᠦᠮᠤᠨ ᠪᠠᠶᠢᠬᠤ ᠶᠢ ᠪᠠᠳᠤᠯᠠᠨ᠎ᠠ᠃ ᠰᠤᠷᠭᠠᠨ ᠬᠦᠮᠤᠵᠢᠯ ᠵᠢᠭᠠᠨ ᠰᠤᠷᠭᠠᠯᠳᠠ | ᠶᠢᠨ ᠶᠠᠰᠤ ᠴᠢᠨᠠᠷ ᠢ ᠳᠡᠬᠡᠭᠰᠢᠯᠡᠬᠦᠯᠤᠨ᠎ᠠ᠃ ᠰᠤᠷᠭᠠᠨ ᠬᠦᠮᠤᠵᠢᠯ ᠤᠨ ᠨᠠᠷᠢᠯᠢᠭᠵᠢᠭᠤᠯᠤᠭᠰᠡᠨ ᠬᠠᠮᠢᠶᠠᠷᠤᠯᠳᠠ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠤᠨ | ᠳᠡᠬᠡᠭᠰᠢᠯᠡᠬᠦᠯᠤᠯᠳᠠ ᠶᠢ ᠦᠷᠬᠦᠯᠵᠢᠯᠡᠨ ᠬᠦᠨᠵᠡᠬᠡᠶᠢᠷᠡᠬᠦᠯᠤᠨ᠂ ᠰᠤᠷᠭᠠᠭᠤᠯᠢ ᠶᠢᠨ ᠬᠦᠷᠢᠶᠡᠨ ᠤ ᠪᠠᠷᠢᠮᠵᠢᠶᠠᠳᠤ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ | ᠰᠤᠷᠭᠠᠭᠤᠯᠢ ᠡᠷᠬᠢᠯᠡᠬᠦ ᠨᠦᠬᠦᠴᠡᠯ ᠢ ᠳᠠᠰᠤᠷᠠᠯᠳᠠ ᠦᠬᠡᠢ ᠰᠢᠯᠢᠳᠡᠭᠵᠢᠬᠦᠯᠤᠨ᠂ ᠬᠤᠯᠪᠤᠭᠠᠯᠠᠨ ᠬᠠᠮᠳᠤ ᠪᠠᠷ ᠰᠤᠷᠭᠠᠭᠤᠯᠢ ᠡᠷᠬᠢᠯᠡᠬᠦ ᠬᠡᠯᠪᠡᠷᠢ ᠶᠢ ᠬᠦᠨᠵᠡᠬᠡᠶᠢᠷᠡᠬᠦᠯᠵᠤ᠂ | ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠴᠢᠳᠠᠪᠤᠷᠢᠳᠠᠨ ᠤ ᠤᠷᠤᠭᠤᠯᠤᠨ ᠠᠪᠴᠢᠷᠠᠯᠳᠠ ᠶᠢ ᠴᠢᠩᠭᠠᠤᠨᠬᠠᠨ᠂ ︽ᠤᠯᠤᠰ ᠤᠨ ᠰᠢᠶᠠᠨ ᠤ ᠬᠡᠪᠴᠢᠶᠡᠨ ᠤ | ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠴᠢᠨᠠᠷᠯᠢᠭ ᠳᠡᠩᠴᠡᠬᠦᠷᠢᠳᠠᠢ ᠬᠦᠭᠵᠢᠯᠳᠠ︾ ᠶᠢᠨ ᠦᠨᠡᠯᠡᠯᠳᠠ ᠨᠤᠳᠠᠯᠠᠯᠳᠠ ᠶᠢ ᠳᠤᠭᠤᠯᠬᠤ ᠶᠢ ᠪᠠᠳᠤᠯᠠᠵᠤ᠂ ᠰᠤᠷᠭᠠᠨ | ᠬᠦᠮᠤᠵᠢᠯ ᠤᠨ ᠴᠢᠨᠠᠷᠯᠢᠭ ᠳᠡᠩᠴᠡᠬᠦᠷᠢᠳᠠᠢ ᠬᠦᠭᠵᠢᠯᠳᠠ ᠶᠢ ᠠᠬᠢᠭᠤᠯᠤᠨ᠎ᠠ᠃ ᠡᠮᠴᠢᠯᠡᠬᠡᠨ ᠤ ᠬᠤᠯᠪᠤᠭᠠᠳᠤ ᠪᠠᠶᠢᠭᠤᠯᠤᠯᠳᠠ ᠶᠢ ᠴᠢᠩᠭᠠᠤᠨᠬᠠᠨ᠎ᠠ᠃ ᠡᠮᠴᠢᠯᠡᠭᠡᠨ ᠤ | ᠬᠤᠯᠪᠣᠭᠠᠳᠦ ᠴᠣᠭᠴᠠ᠂ ᠬᠠᠮᠳᠦ ᠶᠢᠨ ᠴᠣᠭᠴᠠ ᠶᠢᠨ ᠪᠠᠶᠢᠭᠤᠯᠣᠯᠳᠠ ᠶᠢ ᠭᠦᠨᠵᠡᠭᠡᠢ ᠠᠬᠢᠭᠤᠯᠣᠨ᠂ ᠨᠠᠩᠰᠤ ᠪᠠᠯᠭᠠᠰᠤᠨ ᠤ ᠭᠤᠤᠯᠳᠠᠯᠭᠠᠳᠤ ᠡᠷᠡᠬᠦᠯ ᠬᠠᠮᠠᠭᠠᠯᠠᠯ ᠤᠨ | ᠬᠤᠷᠢᠶ᠎ᠠ ᠶᠢ ᠦᠭᠡᠷᠡᠴᠢᠯᠡᠨ ᠳᠡᠰ ᠲᠡᠪᠰᠢᠭᠦᠯᠵᠣ᠂ ᠪᠤᠷᠤᠪᠠᠯᠭᠠᠰᠤ ᠪᠠᠯᠭᠠᠰᠤ ᠶᠢᠨ ᠭᠤᠤᠯᠳᠠᠯᠭᠠᠳᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠣᠨ᠂ ᠦᠨᠳᠤᠰᠤᠨ | ᠱᠠᠳᠤᠨ ᠤ ᠡᠮ ᠡᠮᠴᠢᠯᠡᠬᠡᠨ ᠤ ᠲᠦᠬᠦᠬᠡᠷᠤᠮᠵᠢ ᠶᠢ ᠰᠢᠨᠡᠤᠨᠬᠡᠵᠤ᠂ ᠦᠨᠳᠤᠰᠤᠨ ᠱᠠᠳᠤᠨ ᠤ ᠡᠮ ᠡᠮᠴᠢᠯᠡᠬᠡᠨ ᠤ ᠪᠠᠶᠢᠭᠤᠯᠤᠮᠵᠢ ᠶᠢᠨ ᠡᠬᠢ ᠪᠠᠶᠠᠯᠢᠭ ᠤᠨ | ᠲᠦᠬᠦᠷᠴᠢᠯᠡᠯᠳᠠ ᠶᠢ ᠰᠢᠯᠢᠳᠡᠭᠵᠢᠬᠦᠯᠤᠨ᠂ ᠡᠮ ᠡᠮᠴᠢᠯᠡᠭᠡ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠤᠨ᠎ᠠ᠃ ᠨᠠᠶᠢᠳᠠ ᠶᠢᠨ | ᠤᠶᠢᠯᠡᠴᠢᠯᠡᠬᠡᠨ ᠤ ᠬᠠᠩᠭᠠᠯᠭ᠎ᠠ ᠶᠢ ᠰᠢᠯᠢᠳᠡᠭᠵᠢᠬᠦᠯᠤᠨ᠎ᠠ᠃ ︽ᠨᠠᠰᠤᠳᠠᠶᠢᠴᠤᠤᠨ ᠤᠨ ᠠᠵᠤ ᠠᠬᠤᠢ︾ ᠶᠢ ᠶᠡᠬᠡᠪᠡᠷ ᠬᠦᠭᠵᠢᠬᠦᠯᠤᠨ᠂ ᠨᠠᠰᠤᠳᠠᠶᠢᠴᠤᠤᠨ ᠤᠨ ᠢᠳᠡᠭᠡ | ᠪᠤᠳᠠᠭ᠎ᠠ᠂ ᠡᠷᠡᠬᠦᠯ ᠮᠠᠨᠳᠤ᠂ ᠡᠮᠴᠢᠯᠡᠭᠡ ᠰᠤᠪᠢᠯᠠᠯᠳᠠ ᠶᠢᠨ ᠤᠶᠠᠯᠳᠤᠯ ᠵᠡᠷᠬᠡ ᠤᠶᠢᠯᠡᠴᠢᠯᠡᠬᠡᠨ ᠤ ᠵᠠᠭᠪᠤᠷ ᠢ ᠲᠦᠷᠬᠡᠤᠨᠬᠡᠨ ᠬᠦᠭᠵᠢᠬᠦᠯᠵᠤ᠂ ᠨᠠᠶᠢᠬᠡᠮ ᠳᠤᠭᠤᠷᠢᠭ | ᠤᠨ ᠨᠠᠰᠤᠵᠢᠯ ᠤᠨ ᠳᠠᠭᠤᠷᠢᠶᠠᠯ ᠤᠶᠢᠯᠡᠴᠢᠯᠡᠬᠡᠨ ᠤ ᠲᠦᠪ ᠢ ᠪᠠᠶᠢᠭᠤᠯᠤᠨ᠂ ᠬᠡᠷ᠂ ᠨᠠᠶᠢᠬᠡᠮ ᠳᠤᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ ᠤᠶᠢᠯᠡᠴᠢᠯᠡᠬᠡᠨ ᠤ | ᠬᠠᠩᠭᠠᠯᠭ᠎ᠠ ᠶᠢ ᠰᠢᠯᠢᠳᠡᠭᠵᠢᠬᠦᠯᠵᠤ᠂ ᠨᠠᠰᠤᠵᠢᠯ ᠳᠤ ᠵᠤᠬᠢᠴᠠᠭᠤᠯᠬᠤ ᠦᠬᠡᠷᠡᠴᠢᠯᠡᠯᠳᠠ᠂ ᠨᠠᠰᠤᠵᠢᠯ ᠤᠨ ᠤᠶᠢᠯᠡᠴᠢᠯᠡᠬᠡᠨ ᠤ ᠲᠦᠬᠦᠬᠡᠷᠤᠮᠵᠢ ᠶᠢᠨ ᠪᠠᠶᠢᠭᠤᠯᠤᠯᠳᠠ ᠶᠢ | ᠲᠦᠷᠬᠡᠤᠨᠬᠡᠵᠤ ᠠᠬᠢᠭᠤᠯᠤᠨ᠂ ᠨᠠᠰᠤᠳᠠᠶᠢᠴᠤᠤᠨ ᠲᠤ ᠬᠡᠷ ᠤᠨ ᠳᠡᠷᠬᠡᠳᠠᠬᠢ ᠨᠠᠰᠤᠵᠢᠯ ᠤᠨ ᠤᠶᠢᠯᠡᠴᠢᠯᠡᠭᠡ ᠬᠦᠷᠳᠡᠬᠡᠨ᠎ᠡ᠃ ᠲᠦᠬᠡᠮᠡᠯ ᠬᠠᠷᠠᠭᠠᠯᠵᠠᠯᠳᠤ ᠨᠠᠶᠢᠳᠠᠨ | ᠬᠦᠮᠤᠵᠢᠬᠦᠯᠤᠯᠳᠠ᠂ ᠰᠤᠶᠤᠯ ᠢᠶᠠᠷ ᠠᠷᠠᠤᠨ ᠢ ᠬᠠᠷᠠᠭᠠᠯᠵᠠᠬᠤ ᠤᠶᠢᠯᠡᠴᠢᠯᠡᠭᠡ ᠶᠢᠨ ᠶᠠᠰᠤ ᠴᠢᠨᠠᠷ ᠢ ᠳᠡᠬᠡᠭᠰᠢᠯᠡᠬᠦᠯᠤᠨ᠂ ︽15 ᠮᠢᠨᠦ᠋ᠲ ᠤᠨ ᠨᠠᠶᠢᠳᠠᠨ | ᠬᠠᠷᠠᠭᠠᠯᠵᠠᠭᠤᠯᠬᠤ ᠤᠶᠢᠯᠡᠴᠢᠯᠡᠬᠡᠨ ᠤ ᠳᠤᠭᠤᠷᠢᠭ︾᠂ ︽15 ᠮᠢᠨᠦ᠋ᠲ ᠤᠨ ᠪᠤᠯᠪᠠᠰᠤᠨ ᠢ ᠤᠶᠢᠯᠡᠳᠤᠯᠬᠡᠵᠢᠬᠦᠯᠬᠦ ᠤᠶᠢᠯᠡᠴᠢᠯᠡᠬᠡᠨ ᠤ ᠳᠤᠭᠤᠷᠢᠭ︾ ᠢ | ᠴᠤᠭᠴᠠᠯᠠᠵᠤ᠂ ᠨᠠᠶᠢᠳᠠ ᠶᠢᠨ ᠤᠶᠢᠯᠡᠴᠢᠯᠡᠬᠡᠨ ᠤ ᠬᠠᠩᠭᠠᠯᠭ᠎ᠠ ᠶᠢᠨ ᠬᠦᠷᠢᠶ᠎ᠡ ᠬᠡᠪᠴᠢᠶ᠎ᠡ ᠶᠢ ᠦᠷᠬᠡᠤᠨᠬᠡᠨ᠂ ᠨᠠᠶᠢᠳᠠ ᠶᠢᠨ ᠤᠶᠢᠯᠡᠴᠢᠯᠡᠬᠡᠨ ᠤ ᠬᠠᠩᠭᠠᠯᠭ᠎ᠠ ᠶᠢᠨ | ᠶᠠᠰᠤ ᠴᠢᠨᠠᠷ ᠢ ᠳᠡᠬᠡᠭᠰᠢᠯᠡᠬᠦᠯᠤᠨ᠎ᠠ᠃ ᠨᠠᠶᠢᠬᠡᠮ ᠤᠨ ᠪᠠᠳᠤᠯᠠᠭ᠎ᠠ ᠶᠢᠨ ᠨᠠᠷᠢᠯᠢᠭ ᠤᠨᠤᠪᠴᠢᠳᠠᠢ ᠦᠷᠬᠡᠤᠨᠬᠡᠯ ᠢ ᠠᠬᠢᠭᠤᠯᠤᠨ᠎ᠠ᠃ᠬᠤᠳᠠ ᠪᠠᠯᠭᠠᠰᠤᠨ ᠤ ᠨᠡᠶᠢᠬᠡᠮ ᠤᠨ | ᠠᠪᠤᠷᠠᠨ ᠳᠤᠰᠠᠯᠠᠬᠤ ᠰᠢᠰᠲ᠋ᠧᠮ ᠢ ᠳᠡᠬᠦᠯᠳᠡᠷᠵᠢᠬᠦᠯᠤᠨ᠂ ᠦᠨᠳᠤᠰᠤᠨ ᠠᠮᠢᠳᠤᠷᠠᠯ ᠤᠨ ᠠᠪᠤᠷᠠᠨ ᠳᠤᠰᠠᠯᠠᠯᠳᠠ᠂ ᠳᠤᠰᠬᠠᠢ ᠲᠦᠷᠤᠯ ᠤᠨ ᠨᠠᠶᠢᠬᠡᠮ ᠤᠨ ᠠᠪᠤᠷᠠᠨ | ᠳᠤᠰᠠᠯᠠᠯᠳᠠ᠂ ᠨᠠᠶᠢᠬᠡᠮ ᠤᠨ ᠪᠠᠴᠢᠮ ᠬᠦᠴᠢᠷ ᠠᠰᠠᠭᠤᠳᠠᠯ ᠤᠨ ᠠᠪᠤᠷᠠᠨ ᠳᠤᠰᠠᠯᠠᠯᠳᠠ ᠪᠠᠷ ᠭᠤᠤᠯ ᠴᠤᠭᠴᠠ ᠪᠤᠯᠭᠠᠵᠤ᠂ ᠨᠠᠶᠢᠬᠡᠮ ᠤᠨ ᠬᠦᠴᠤᠨ ᠤ ᠤᠷᠤᠯᠴᠠᠯᠭ᠎ᠠ | ᠪᠠᠷ ᠨᠦᠬᠦᠪᠤᠷᠢ ᠪᠤᠯᠭᠠᠭᠰᠡᠨ ᠳᠡᠰ ᠲᠦᠷᠤᠯ ᠬᠤᠪᠢᠶᠠᠭᠰᠡᠨ ᠨᠠᠶᠢᠬᠡᠮ ᠤᠨ ᠠᠪᠤᠷᠠᠨ ᠳᠤᠰᠠᠯᠠᠬᠤ ᠰᠢᠰᠲ᠋ᠧᠮ ᠢ ᠳᠡᠬᠦᠯᠳᠡᠷᠵᠢᠬᠦᠯᠤᠨ᠎ᠠ᠃ ᠦᠨᠳᠤᠰᠤᠨ ᠠᠷᠠᠤᠨ ᠤᠨ | ᠠᠮᠢᠳᠤᠷᠠᠯ ᠤᠨ ᠪᠠᠳᠤᠯᠠᠭ᠎ᠠ ᠪᠣᠯᠣᠨ ᠡᠯ᠎ᠡ ᠱᠠᠳᠤ ᠡᠯ᠎ᠡ ᠲᠦᠷᠤᠯ ᠤᠨ ᠳᠡᠤᠨᠬᠦᠬᠦ ᠲᠦᠷᠤ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠮ ᠡᠮᠨᠡᠯᠬᠡ ᠶᠢᠨ | ᠳᠠᠭᠠᠤᠨᠬᠠᠯ᠂ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠬᠢᠨᠠᠯᠳᠠ ᠬᠠᠮᠢᠶᠠᠷᠤᠯᠳᠠ ᠶᠢᠨ ᠳᠤᠭᠳᠠᠴᠠ ᠶᠢ ᠳᠡᠬᠦᠯᠳᠡᠷᠵᠢᠬᠦᠯᠤᠨ᠂ ︽ᠨᠠᠰᠤᠳᠠᠶᠢᠴᠤᠤᠨ | ᠬᠡᠤᠬᠡᠤᠨ ᠬᠦᠴᠢᠷᠳᠠᠯᠳᠠᠢ ᠬᠦᠮᠤᠰ︾ ᠤᠨ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢᠨ ᠱᠤᠭᠤᠮ ᠢ ᠪᠠᠳᠤ ᠰᠠᠬᠢᠨ᠂ ᠬᠦᠴᠢᠷᠳᠠᠯᠳᠠᠢ ᠤᠯᠠᠨ ᠲᠦᠮᠡᠨ᠂ ᠤᠨᠴᠠᠯᠠᠨ | ᠬᠠᠷᠠᠭᠠᠯᠬᠠᠤ ᠬᠦᠮᠤᠰ ᠤᠨ ᠦᠨᠳᠤᠰᠤᠨ ᠠᠮᠢᠳᠤᠷᠠᠯ ᠤᠨ ᠪᠠᠳᠤᠯᠠᠭ᠎ᠠ ᠪᠠ ᠲᠦᠷ ᠴᠠᠭ ᠤᠨ ᠠᠪᠤᠷᠠᠨ ᠳᠤᠰᠠᠯᠠᠯᠳᠠ ᠶᠢ ᠴᠢᠩᠭᠠᠤᠨᠬᠠᠵᠤ᠂ ᠤᠯᠠᠨ ᠲᠦᠮᠡᠨ ᠤ | ᠬᠦᠷᠳᠡᠮᠵᠢ ᠪᠠ ᠵᠤᠯ ᠵᠢᠷᠭᠠᠯ ᠤᠨ ᠲᠦᠷᠦᠭᠳᠡᠯ ᠢ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ᠡᠬᠦᠨ ᠠᠴᠠ ᠭᠠᠳᠠᠨ᠎ᠠ᠂ ᠬᠠᠩᠭᠠᠯᠭ᠎ᠠ ᠶᠢᠨ ᠪᠠᠳᠤᠯᠠᠭ᠎ᠠ ᠬᠠᠩᠰᠢ ᠶᠢᠨ | ᠳᠤᠭᠳᠠᠪᠤᠷᠢᠵᠢᠭᠤᠯᠤᠯᠳᠠ᠂ ᠲᠦᠭᠰᠢᠬᠦᠷᠢ ᠶᠢᠨ ᠰᠢᠢᠤᠨᠪᠤᠷᠢᠯᠡᠯᠳᠠ᠂ ᠪᠠᠴᠢᠮ ᠢ ᠠᠷᠭᠠᠴᠠᠬᠤ ᠬᠠᠮᠢᠶᠠᠷᠤᠯᠳᠠ᠂ ᠠᠶᠤᠯᠬᠦᠢ ᠤᠶᠢᠯᠡᠤᠨᠪᠤᠷᠢᠯᠡᠯ᠂ ᠢᠳᠡᠬᠡᠨ ᠡᠮ ᠤᠨ | ᠵᠦᠢᠯ ᠤᠨ ᠠᠮᠤᠷ ᠲᠦᠪᠰᠢᠨ ᠬᠢᠬᠡᠤᠨ ᠨᠡᠶᠢᠬᠡᠮ ᠤᠨ ᠠᠮᠤᠷ ᠢ ᠬᠠᠮᠠᠭᠠᠯᠠᠬᠤ ᠶᠡᠷᠤᠩᠬᠡᠶᠢᠯᠡᠭᠰᠡᠨ ᠵᠠᠰᠠᠯᠳᠠ ᠵᠡᠷᠬᠡ ᠳᠠᠯ᠎ᠠ ᠶᠢᠨ ᠠᠵᠢᠯ ᠢ ᠴᠤ ᠨᠢᠬᠡᠳᠤᠯᠳᠠᠢ | ᠳᠤᠬᠢᠷᠠᠭᠤᠯᠤᠨ ᠰᠠᠶᠢᠳᠤᠷ ᠬᠦᠢᠴᠡᠤᠨᠬᠡᠵᠤ᠂ ᠠᠰᠠᠭᠤᠳᠠᠯ ᠬᠡᠮ ᠰᠤᠭᠤᠭ ᠢ ᠪᠠᠶᠢᠴᠠᠭᠠᠨ ᠴᠡᠭᠴᠡᠯᠡᠬᠦ ᠠᠵᠢᠯ ᠢ ᠬᠦᠨᠵᠡᠬᠡᠶᠢᠷᠡᠬᠦᠯᠤᠨ᠂ ᠠᠶᠤᠯᠬᠦᠢ ᠤᠶᠢᠯᠡᠤᠨᠪᠤᠷᠢᠯᠡᠯ | ᠤᠨ ᠬᠤᠷᠢᠭᠯᠠᠯᠳᠠ ᠶᠢᠨ ᠱᠤᠭᠤᠮ ᠢ ᠪᠠᠳᠤ ᠰᠠᠬᠢᠵᠤ᠂ ᠨᠠᠶᠢᠬᠡᠮ ᠤᠨ ᠠᠮᠤᠷ ᠳᠤᠭᠳᠠᠭᠤᠨ ᠢ ᠪᠠᠳᠤᠯᠠᠨ᠎ᠠ᠃ | ᠲᠦᠯᠤᠬᠡᠯᠡᠭᠴᠢᠤᠨ ᠡ᠂ ᠤᠨ ᠵᠢᠯ ᠤᠯᠠᠷᠢᠨ ᠰᠢᠨᠡᠤᠨᠴᠤ ᠪᠠᠶᠢᠭ᠎ᠠ ᠪᠤᠯᠬᠤᠷ ᠢᠳᠡᠬᠡᠯ ᠵᠤᠷᠢᠭ ᠢᠶᠠᠨ ᠪᠠᠳᠤᠤᠨᠬᠠᠨ ᠵᠤᠷᠢᠭᠳᠠᠢ ᠤᠷᠤᠭᠰᠢᠯᠠᠶ᠎ᠠ︔ ᠠᠶᠠᠨ ᠵᠠᠮ | ᠳᠠᠷᠳᠠᠩ ᠰᠠᠷᠠᠭᠤᠯ ᠪᠤᠯᠬᠤᠷ ᠰᠢᠷᠭᠠᠭᠤ ᠠᠵᠢᠯᠯᠠᠮᠵᠢ ᠶᠢ ᠪᠠᠷᠢᠮᠳᠠᠯᠠᠨ ᠢᠳᠡᠬᠡᠯᠳᠠᠢ ᠴᠢᠷᠮᠠᠶᠢᠶ᠎ᠠ᠃ ᠪᠢᠳᠠ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ | ᠲᠦᠪ ᠬᠤᠷᠢᠶ᠎ᠠ ᠶᠢᠨ ᠳᠤᠭᠤᠷᠢᠨ ᠳᠤ ᠨᠠᠩ ᠨᠢᠭᠳᠠ ᠪᠦᠯᠬᠦᠮᠳᠠᠨ᠂ ᠳᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ ᠠᠭᠤᠤ ᠳᠤᠭ ᠢ ᠦᠨᠳᠤᠷ | ᠮᠠᠨᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠤᠳᠤ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠤᠨ ᠤᠨ ᠲᠦᠯᠤᠬᠡᠯᠡᠭᠴᠢᠤᠨ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠳᠠ ᠳᠡᠮᠵᠢᠯᠬᠡ ᠳᠤᠤᠷ᠎ᠠ ᠢᠳᠡᠬᠡᠯ ᠵᠤᠷᠢᠭ ᠢᠶᠠᠨ ᠪᠠᠳᠤᠤᠨᠬᠠᠨ ᠠᠵᠢᠯᠯᠠᠬᠤ ᠡᠷᠴᠢ ᠪᠠᠨ ᠴᠢᠩᠭᠠᠷᠠᠭᠤᠯᠵᠤ | ᠰᠡᠤᠨᠬᠢᠯ ᠨᠢᠬᠡᠳᠤᠨ ᠤᠷᠤᠭᠰᠢᠯᠡᠨ ᠳᠠᠪᠰᠢᠵᠤ᠂ ︽ᠲᠦᠷᠪᠡᠨ ᠣᠷᠣᠨ︾ ᠤ ᠪᠠᠶᠢᠭᠤᠯᠣᠯᠳᠠ ᠶᠢᠨ ᠲᠡᠰ ᠲᠡᠪᠰᠢᠯᠳᠡ ᠶᠢ ᠬᠦᠴᠦᠯᠡᠵᠣ ᠠᠬᠢᠭᠤᠯᠣᠨ᠂ ᠳᠤᠮᠳᠠᠳᠤ | ᠤᠯᠤᠰ ᠤᠨ ᠮᠠᠶ᠋ᠢᠭ ᠤᠨ ᠤᠳᠤ ᠦᠶ᠎ᠡ ᠶᠢᠨ ᠭᠠᠷᠮᠠᠭᠠᠶᠢᠯᠠᠨ ᠳᠠᠪᠰᠢᠬᠤ ᠤᠳᠤᠭ ᠤᠨ ᠡᠮᠤᠨᠡᠳᠤ ᠬᠤᠰᠢᠭᠤᠨ ᠤ ᠵᠢᠪᠬᠤᠯᠠᠩᠳᠤ ᠬᠠᠭᠤᠳᠠᠰᠤ ᠶᠢ ᠦᠷᠭᠦᠯᠵᠢᠯᠡᠨ | ᠪᠢᠴᠢᠭᠯᠡᠰᠦᠭᠡᠢ︕ | |