ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢᠨ ᠫᠠᠶᠢᠰᠠ ᠡᠯᠬᠦᠬᠦ ᠶᠣᠰᠣᠯᠠᠯ ᠶᠠᠪᠣᠭᠳᠠᠪᠠ
ᠨᠡᠶᠢᠲᠡᠯᠡᠭᠰᠡᠨ ᠴᠠᠭ᠄
2025/2/19
     2 ᠰᠠᠷ᠎ᠠ ᠶᠢᠨ 18 ᠤ ᠡᠳᠦᠷ᠂ ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢᠨ ᠫᠠᠶᠢᠰᠠ ᠡᠯᠬᠦᠬᠦ ᠶᠣᠰᠣᠯᠠᠯ ᠶᠠᠪᠣᠭᠳᠠᠪᠠ᠃     ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠪᠣᠯᠣᠨ ᠦᠪᠡᠷᠳᠡᠭᠡᠨ ᠵᠠᠰᠠᠬᠤ ᠣᠷᠣᠨ ᠤ ᠬᠠᠭᠤᠴᠢ ᠶᠢ ᠰᠣᠳᠣᠯᠬᠤ ᠬᠦᠷᠢᠶᠡᠯᠡᠩ ᠤᠨ ᠲᠡᠳ᠋ ᠲᠠᠷᠤᠭ᠎ᠠ ᠭᠠᠢ ᡁᠢ ᠶᠥᠩ ᠲᠠᠢ ᠬᠠᠮᠳᠦ ᠪᠠᠷ ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢᠨ ᠫᠠᠶᠢᠰᠠ ᠶᠢ ᠡᠯᠬᠦᠪᠡ᠃     ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠶᠠᠷᠢᠶᠠᠨ ᠳᠤ ᠪᠠᠨ᠂ ᠰᠣᠶᠣᠯ ᠤᠨ ᠴᠡᠴᠡᠭᠯᠡᠯᠳᠡ ᠨᠢ ᠰᠣᠶᠣᠯ ᠤᠨ ᠦᠪ ᠤᠨ ᠰᠢᠮᠡᠵᠢᠭᠦᠯᠦᠯ ᠠᠴᠠ ᠰᠠᠯᠣᠰᠢ ᠦᠭᠡᠢ᠂ ᠰᠣᠶᠣᠯ ᠤᠨ ᠦᠪ ᠤᠨ ᠬᠠᠮᠠᠭᠠᠯᠠᠯᠳᠠ ᠪᠣᠯᠣᠨ ᠣᠯᠠᠮᠵᠢᠯᠠᠯ ᠨᠢ ᠰᠣᠶᠣᠯ ᠤᠨ ᠴᠡᠴᠡᠭᠯᠡᠯᠳᠡ ᠶᠢᠨ ᠬᠦᠴᠦᠳᠦ ᠲᠡᠮᠵᠢᠯᠭᠡ ᠠᠴᠠ ᠰᠠᠯᠵᠣ ᠲᠡᠶᠢᠯᠦᠰᠢ ᠦᠭᠡᠢ ᠪᠣᠯᠬᠤᠷ ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢᠨ ᠫᠠᠶᠢᠰᠠ ᠡᠯᠬᠦᠵᠣ ᠨᠡᠭᠡᠭᠡᠭᠳᠡᠭᠰᠡᠨ ᠨᠢ ᠣᠳᠤᠭ ᠤᠨ ᠡᠮᠦᠨᠡᠳᠦ ᠬᠤᠰᠢᠭᠤᠨ ᠤ ᠰᠣᠶᠣᠯ ᠤᠨ ᠦᠢᠯᠠᠰ ᠤᠨ ᠬᠦᠭᠵᠢᠯᠳᠡ ᠶᠢᠨ ᠴᠢᠬᠤᠯᠠ ᠨᠢᠭᠡ ᠬᠦᠰᠢᠶ᠎ᠡ ᠲᠡᠮᠳᠡᠭ ᠮᠦᠨᠴᠦ ᠣᠳᠤᠭ ᠤᠨ ᠡᠮᠦᠨᠡᠳᠦ ᠬᠤᠰᠢᠭᠤᠨ ᠤ ︽ᠬᠤᠪᠢᠰᠬᠠᠯᠳᠦ ᠰᠣᠶᠣᠯ ᠤᠨ ᠣᠯᠠᠮᠵᠢᠯᠠᠯᠳᠦ ᠣᠷᠣᠨ︾ ᠤ ᠪᠠᠶᠢᠭᠤᠯᠣᠯᠳᠠ ᠶᠢ ᠲᠦᠷᠭᠡᠳᠬᠡᠨ᠂ ᠲᠣᠮᠳᠠᠳᠦ ᠶᠢᠨ ᠰᠢᠯᠢᠳᠡᠭ ᠣᠯᠠᠮᠵᠢᠯᠠᠯᠳᠦ ᠰᠣᠶᠣᠯ ᠢ ᠪᠠᠳᠠᠷᠠᠭᠤᠯᠬᠤ ᠴᠢᠬᠤᠯᠠ ᠠᠷᠭ᠎ᠠ ᠠᠪᠴᠠᠯ ᠪᠣᠯᠬᠤ ᠶᠣᠮ᠂ ᠡᠨᠡ ᠨᠢ ᠣᠳᠤᠭ ᠤᠨ ᠡᠮᠦᠨᠡᠳᠦ ᠬᠤᠰᠢᠭᠤᠨ ᠤ ᠰᠣᠶᠣᠯ ᠲᠡᠣᠭᠡ ᠶᠢᠨ ᠣᠶᠢᠯᠠᠰ ᠲᠣᠰᠬᠠᠢ ᠮᠡᠷᠭᠡᠵᠢᠭᠰᠡᠨ᠂ ᠲᠦᠷᠢᠮᠵᠢᠭᠰᠡᠨ ᠪᠠ ᠲᠦᠭᠡᠮᠡᠯᠵᠢᠯᠡᠭᠰᠡᠨ ᠵᠡᠮ ᠢᠶᠠᠷ ᠵᠠᠮᠨᠠᠵᠣ ᠪᠠᠶᠢᠭ᠎ᠠ ᠶᠢ ᠬᠠᠷᠠᠭᠤᠯᠵᠣ ᠪᠣᠢ᠃ ᠣᠳᠤᠭ ᠤᠨ ᠡᠮᠦᠨᠡᠳᠦ ᠬᠤᠰᠢᠭᠤ ᠲᠣᠰ ᠣᠳᠠᠭᠠᠨ ᠤ ᠲᠣᠬᠢᠶᠠᠯ ᠢᠶᠠᠷ ᠲᠡᠣᠬᠡ ᠶᠢᠨ ᠲᠣᠷᠠᠰᠬᠠᠯᠳᠦ ᠵᠣᠶᠢᠯᠠᠰ ᠤᠨ ᠬᠠᠮᠠᠭᠠᠯᠠᠯᠳᠠ ᠪᠣᠯᠣᠨ ᠠᠰᠢᠭᠯᠠᠯᠳᠠ ᠶᠢ ᠣᠯᠠᠮ ᠴᠢᠩᠭᠠᠳᠬᠠᠨ᠂ ᠨᠡᠩ ᠣᠯᠠᠨ ᠡᠷᠳᠡᠮᠳᠡᠨ ᠰᠣᠶᠣᠯ ᠤᠨ ᠪᠠᠶᠢᠭᠤᠯᠣᠯᠳᠠ ᠳᠤ ᠣᠷᠣᠯᠴᠠᠬᠤ ᠶᠢ ᠲᠡᠮᠵᠢᠨ ᠵᠢᠯᠣᠭᠤᠳᠴᠦ᠂ ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢ ᠣᠷᠣᠨ ᠨᠣᠳᠤᠭ ᠤᠨ ᠰᠣᠶᠣᠯ ᠤᠨ ᠲᠦᠷᠢ ᠲᠦᠷᠬᠦ ᠶᠢᠨ ᠴᠢᠬᠤᠯᠠ ᠭᠡᠭᠡᠪᠴᠢ᠂ ᠡᠬᠡ ᠣᠷᠣᠨᠴᠢ ᠬᠦᠮᠦᠵᠢᠯ ᠤᠨ ᠬᠢᠴᠢᠶᠡᠯᠯᠡᠭᠡ᠂ ᠣᠮᠠᠷᠠᠳᠦ ᠬᠢᠯᠢ ᠶᠢᠨ ᠰᠣᠶᠣᠯ ᠤᠨ ᠪᠠᠶᠢᠭᠤᠯᠣᠯᠳᠠ ᠶᠢ ᠲᠡᠭᠡᠭᠰᠢᠯᠡᠭᠦᠯᠬᠦ ᠶᠢ ᠠᠬᠢᠭᠤᠯᠬᠤ ᠰᠢᠨ᠎ᠡ ᠲᠠᠪᠴᠠᠩ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠬᠢᠵᠢᠭᠦᠯᠬᠦ ᠠᠮᠢᠳᠣᠯᠢᠭ ᠰᠠᠭᠤᠷᠢᠨ ᠪᠣᠯᠭᠠᠨ ᠴᠣᠭᠴᠠᠯᠠᠬᠤ ᠪᠠᠷ ᠴᠢᠷᠮᠠᠶᠢᠨ᠎ᠠ᠃ ᠮᠦᠽᠸᠢ ᠴᠢᠳᠠᠪᠬᠢ ᠶᠢᠨ ᠪᠠᠶᠢᠷᠢ ᠲᠣᠭᠳᠠᠭᠠᠯᠳᠠ ᠪᠠᠨ ᠣᠨᠣᠪᠴᠢᠳᠠᠢ ᠣᠯᠣᠨ᠂ ᠲᠡᠣᠬᠡ ᠶᠢᠨ ᠲᠣᠷᠠᠰᠬᠠᠯᠳᠦ ᠵᠣᠶᠢᠯᠠᠰ ᠤᠨ ᠰᠣᠯᠢᠯᠴᠠᠭᠠᠨ ᠤ ᠦᠵᠡᠭᠦᠯᠦᠯᠭᠡ ᠶᠢᠨ ᠠᠵᠢᠯᠯᠠᠭᠠᠨ ᠢ ᠢᠳᠡᠪᠬᠢᠳᠡᠢ ᠦᠷᠨᠢᠭᠦᠯᠵᠣ᠂ ᠲᠡᠣᠬᠡ ᠶᠢᠨ ᠲᠣᠷᠠᠰᠬᠠᠯᠳᠦ ᠵᠣᠶᠢᠯᠠᠰ ᠢ ᠠᠮᠢᠯᠠᠭᠤᠯᠣᠨ᠂ ᠲᠡᠣᠬᠡ  ᠶᠢ ᠮᠡᠳᠡᠭᠦᠯᠵᠣ᠂ ᠦᠷᠭᠡᠨ ᠣᠯᠠᠨ ᠲᠡᠣᠬᠡ ᠶᠢᠨ ᠲᠣᠷᠠᠰᠬᠠᠯᠳᠦ ᠵᠣᠶᠢᠯᠠᠰ ᠲᠤ ᠪᠠᠭ᠋ᠠᠳᠠᠢ ᠬᠦᠮᠦᠰ᠂ ᠬᠠᠳᠠᠯᠠᠭᠠᠬᠤ ᠲᠣᠷᠠᠳᠠᠢ ᠬᠦᠮᠦᠰ ᠲᠤ ᠰᠣᠯᠢᠯᠴᠠᠬᠤ ᠬᠤᠪᠢᠶᠠᠯᠴᠠᠬᠤ ᠲᠠᠪᠴᠠᠩ ᠬᠠᠩᠭᠠᠨ᠂ ᠺᠠᠳ᠋ᠷ ᠣᠯᠠᠨ ᠲᠦᠮᠡᠨ ᠲᠡᠣᠬᠡ ᠰᠣᠶᠣᠯ ᠤᠨ ᠷᠢᠳᠢ ᠰᠢᠳᠢ ᠶᠢ ᠰᠣᠨᠢᠷᠬᠠᠨ᠂ ᠴᠠᠭ ᠦᠶ᠎ᠡ ᠶᠢᠨ ᠬᠤᠪᠢᠷᠠᠯᠳᠠ ᠶᠢ ᠪᠡᠶᠡᠴᠢᠯᠡᠨ ᠣᠶᠢᠯᠠᠭᠠᠵᠣ᠂ ᠡᠷᠡᠯᠭᠡᠭᠯᠡᠨ ᠣᠷᠣᠭᠰᠢᠯᠠᠬᠤ ᠣᠶᠣᠨ ᠰᠠᠨᠠᠭᠠᠨ ᠤ ᠬᠦᠴᠦᠨ ᠢ ᠰᠢᠩᠭᠡᠭᠡᠨ ᠠᠪᠬᠤ ᠶᠢ ᠬᠦᠰᠡᠪᠡ᠃     ᠫᠠᠶᠢᠰᠠ ᠡᠯᠬᠦᠬᠦ ᠶᠣᠰᠣᠯᠠᠯ ᠳᠤ᠂ ᠦᠪᠡᠷᠳᠡᠭᠡᠨ ᠵᠠᠰᠠᠬᠤ ᠣᠷᠣᠨ ᠤ ᠬᠠᠭᠤᠴᠢ ᠶᠢ ᠰᠣᠳᠣᠯᠬᠤ ᠬᠦᠷᠢᠶᠡᠯᠡᠩ ᠤᠨ ᠬᠢᠨ ᠣᠳᠤᠭ ᠤᠨ ᠡᠮᠦᠨᠡᠳᠦ ᠬᠤᠰᠢᠭᠤᠨ ᠤ ᠲᠠᠬᠢᠯᠳᠦ ᠠᠴᠠ ᠠᠭᠤᠳᠠᠯᠠᠨ ᠣᠯᠣᠭᠰᠠᠨ 139 ᠲᠡᠣᠬᠡ ᠶᠢᠨ ᠲᠣᠷᠠᠰᠬᠠᠯᠳᠦ ᠵᠣᠶᠢᠯᠠᠰ ᠢ ᠣᠳᠤᠭ ᠤᠨ ᠡᠮᠦᠨᠡᠳᠦ ᠬᠤᠰᠢᠭᠤᠨ ᠤ ᠮᠦᠽᠸᠢ ᠳᠤ ᠰᠢᠯᠵᠢᠭᠦᠯᠦᠨ ᠦᠭᠪᠡ᠃     ᠫᠠᠶᠢᠰᠠ ᠡᠯᠬᠦᠬᠦ ᠶᠣᠰᠣᠯᠠᠯ ᠤᠨ ᠲᠠᠷᠠᠭ᠎ᠠ ᠬᠤᠷᠠᠯ ᠳᠤ ᠣᠷᠣᠯᠴᠠᠭᠰᠠᠳ ᠣᠳᠤᠭ ᠤᠨ ᠡᠮᠦᠨᠡᠳᠦ ᠬᠤᠰᠢᠭᠤᠨ ᠤ ᠮᠦᠽᠸᠢ ᠶᠢ ᠲᠣᠭᠤᠷᠢᠨ ᠦᠵᠡᠪᠡ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠲᠡᠳ᠋ ᠲᠠᠷᠤᠭ᠎ᠠ ᠹᠧᠩ ᠴᠦᠨ ᠬᠤᠸᠠ ᠶᠣᠰᠣᠯᠠᠯ ᠡᠷᠬᠢᠯᠡᠪᠡ᠃ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠠᠭᠤᠴᠢ ᠶᠢ ᠰᠣᠳᠣᠯᠬᠤ ᠬᠦᠷᠢᠶᠡᠯᠡᠩ ᠤᠨ ᠰᠣᠳᠣᠯᠣᠭᠴᠢ ᠯᠢ ᠴᠢᠶᠠᠩ᠂ ᠣᠷᠳᠣᠰ ᠬᠤᠳᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠭᠤᠷᠪᠠᠳᠣᠭᠠᠷ ᠲᠡᠰ ᠤᠨ ᠪᠠᠶᠢᠴᠠᠭᠠᠨ ᠰᠣᠳᠣᠯᠣᠭᠴᠢ ᠵᠣᠣ ᠰᠢᠩ ᠭᠥᠸᠧ ᠵᠢᠴᠢ ᠬᠤᠳᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯ᠎ᠡ ᠬᠤᠰᠢᠭᠤ ᠲᠣᠭᠤᠷᠢᠭ  ᠤᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠳ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠶᠢᠨ ᠨᠠᠮ ᠤᠨ ᠣᠳᠣᠷᠢᠳᠬᠤ ᠲᠣᠭᠤᠶᠢᠯᠠᠩ ᠤᠨ ᠱᠦᠵᠢ᠂ ᠨᠢᠭᠡᠳᠦᠭᠡᠷ ᠲᠡᠰ ᠤᠨ ᠪᠠᠶᠢᠴᠠᠭᠠᠨ ᠰᠣᠳᠣᠯᠣᠭᠴᠢ ᠰᠦᠨ ᠶᠢᠦ ᠵᠢᠶᠦ᠋ᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠲᠣᠭᠤᠶᠢᠯᠠᠩ ᠤᠨ ᠱᠦᠵᠢ᠂ ᠲᠡᠷᠢᠭᠦᠯᠡᠭᠴᠢ᠂ ᠨᠢᠭᠡᠳᠦᠭᠡᠷ ᠲᠡᠰ ᠤᠨ ᠪᠠᠶᠢᠴᠠᠭᠠᠨ ᠰᠣᠳᠣᠯᠣᠭᠴᠢ ᠲᠣᠳᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠬᠤᠣ ᠷᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠨᠠᠶᠠ ᠵᠢᠴᠢ ᠮᠠᠨ ᠤ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠳ ᠫᠠᠶᠢᠰᠠ ᠡᠯᠬᠦᠬᠦ ᠶᠣᠰᠣᠯᠠᠯ ᠳᠤ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ