2 ᠰᠠᠷ᠎ᠠ ᠶᠢᠨ 18 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠶᠠᠩ ᠶᠢᠩ ᠰᠢᠨ ᠪᠦᠬᠦ ᠬᠤᠰᠢᠭᠤᠨ ᠤ ᠰᠤᠷᠭᠠᠨ ᠬᠦᠮᠤᠵᠢᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ | | | | ᠸᠠᠩ ᠢᠦᠢ ᠴᠢᠶᠠᠩ᠂ ᠶᠠᠩ ᠶᠢᠩ ᠰᠢᠨ ᠤᠷᠢᠤᠨ ᠬᠤᠵᠢᠤᠨ ᠬᠤᠰᠢᠭᠤ ᠨᠢᠬᠡᠳᠤᠬᠡᠷ ᠳᠤᠮᠳᠠᠳᠤ ᠰᠤᠷᠭᠠᠭᠤᠯᠢ᠂ ᠬᠤᠰᠢᠭᠤ ᠳᠡᠬᠡᠳᠤ ᠵᠡᠷᠬᠡ ᠶᠢᠨ ᠳᠤᠮᠳᠠᠳᠤ | ᠰᠤᠷᠭᠠᠭᠤᠯᠢ᠂ ᠬᠤᠰᠢᠭᠤ ᠨᠢᠬᠡᠳᠤᠬᠡᠷ ᠪᠠᠭ᠎ᠠ ᠰᠤᠷᠭᠠᠭᠤᠯᠢ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠤ ᠵᠢᠭᠠᠨ ᠰᠤᠷᠭᠠᠬᠤ ᠠᠰᠠᠷ᠂ | ᠳᠤᠷᠰᠢᠯᠳᠠ ᠶᠢᠨ ᠠᠰᠠᠷ᠂ ᠳᠠᠮᠢᠷ ᠤᠨ ᠤᠷᠳᠤᠨ᠂ ᠪᠠᠶᠢᠷᠢ ᠶᠢᠨ ᠬᠡᠷ᠂ ᠬᠤᠭᠤᠯᠠᠨ ᠬᠡᠷ ᠵᠡᠷᠬᠡ ᠭᠠᠵᠠᠷ ᠢᠶᠠᠷ ᠰᠤᠷᠭᠠᠭᠤᠯᠢ ᠡᠬᠢᠯᠡᠬᠦ ᠪᠡᠯᠡᠤᠨᠬᠡᠯ᠂ ᠰᠤᠷᠭᠠᠭᠤᠯᠢ ᠶᠢᠨ | ᠪᠠᠶᠢᠭᠤᠯᠤᠯᠳᠠ ᠶᠢᠨ ᠪᠠᠶᠢᠷᠢᠯᠠᠭᠤᠯᠤᠯᠳᠠ᠂ ᠠᠮᠤᠷ ᠲᠦᠪᠰᠢᠨ ᠤ ᠬᠠᠮᠢᠶᠠᠷᠤᠯᠳᠠ ᠵᠡᠷᠬᠡ ᠪᠠᠶᠢᠳᠠᠯ ᠢ ᠨᠠᠷᠢᠯᠢᠭ ᠤᠶᠢᠯᠠᠭᠠᠬᠤ ᠶᠢᠨ ᠬᠠᠮᠳᠤ ᠰᠤᠷᠭᠠᠭᠤᠯᠢ ᠶᠢᠨ | ᠬᠠᠷᠢᠭᠤᠴᠠᠯᠭᠠᠳᠠᠨ ᠲᠠᠢ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠴᠢᠨᠠᠷᠯᠢᠭ ᠳᠡᠩᠴᠡᠬᠦᠷᠢᠳᠠᠢ ᠬᠦᠭᠵᠢᠯᠳᠠ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠵᠡᠷᠬᠡ | ᠠᠵᠢᠯ ᠤᠨ ᠳᠤᠭᠤᠷᠢᠨ ᠳᠤ ᠨᠠᠷᠢᠯᠢᠭ ᠶᠠᠷᠢᠯᠴᠠᠪᠠ᠃ | | | △ ᠬᠤᠰᠢᠭᠤ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ ᠳᠤ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ | | | | △ ᠬᠤᠰᠢᠭᠤ ᠨᠢᠬᠡᠳᠤᠬᠡᠷ ᠪᠠᠭ᠎ᠠ ᠰᠤᠷᠭᠠᠭᠤᠯᠢ ᠳᠤ ᠰᠤᠷᠭᠠᠭᠤᠯᠢ ᠡᠬᠢᠯᠡᠬᠦ ᠪᠡᠯᠡᠤᠨᠬᠡᠯ ᠵᠡᠷᠬᠡ ᠪᠠᠶᠢᠳᠠᠯ ᠢ ᠪᠠᠶᠢᠴᠠᠭᠠᠨ ᠰᠤᠳᠤᠯᠪᠠ | ᠸᠠᠩ ᠢᠦᠢ ᠴᠢᠶᠠᠩ ᠰᠠᠭᠤᠳᠠᠯ ᠤᠨ ᠬᠤᠷᠠᠯ ᠳᠡᠬᠡᠷ᠎ᠡ᠂ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠯᠠᠨ ᠤ ᠬᠡᠷ ᠤᠨ ᠳᠡᠷᠬᠡᠳᠡᠬᠢ ᠰᠤᠷᠭᠠᠨ ᠬᠦᠮᠤᠵᠢᠯ | ᠢ ᠰᠠᠶᠢᠳᠤᠷ ᠬᠢᠬᠦ ᠨᠢ ᠲᠦᠢᠯ ᠤᠨ ᠴᠢᠬᠤᠯᠠ ᠪᠤᠯᠬᠤᠷ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠦᠬᠡᠷᠡᠴᠢᠯᠡᠯᠳᠠ ᠶᠢ ᠦᠨᠡᠨᠬᠦ ᠬᠦᠨᠵᠡᠬᠡᠶᠢᠷᠡᠬᠦᠯᠤᠨ᠂ ᠪᠠᠭ᠎ᠠ | ᠰᠤᠷᠭᠠᠭᠤᠯᠢ ᠶᠢᠨ ᠰᠠᠭᠤᠷᠢ ᠶᠢ ᠪᠠᠬᠢᠵᠢᠬᠦᠯᠤᠨ ᠳᠤᠮᠳᠠᠳᠤ ᠰᠤᠷᠭᠠᠭᠤᠯᠢ ᠶᠢᠨ ᠳᠤᠯᠭᠠᠭᠤᠷᠢᠯᠠᠯ ᠢ ᠪᠠᠳᠤᠤᠨᠬᠠᠵᠤ ᠳᠡᠬᠡᠳᠤ ᠳᠤᠮᠳᠠᠳᠤ ᠶᠢᠨ ᠶᠠᠰᠤ ᠴᠢᠨᠠᠷ ᠢ | ᠳᠡᠬᠡᠭᠰᠢᠯᠡᠬᠦᠯᠬᠦ ᠬᠡᠷᠡᠭᠳᠠᠢ᠃ ᠤᠯᠠᠨ ᠠᠷᠭ᠎ᠠ ᠵᠠᠮ ᠢᠶᠠᠷ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠤᠨᠬᠠᠨ᠂ ᠪᠠᠭᠰᠢ ᠶᠢ ᠰᠤᠩᠭᠤᠬᠤ ᠬᠦᠮᠤᠵᠢᠬᠦᠯᠬᠦ | ᠬᠠᠮᠢᠶᠠᠷᠬᠤ ᠬᠡᠷᠡᠭᠯᠡᠬᠦ ᠪᠦᠬᠦ ᠬᠡᠯᠬᠢᠶᠡᠵᠢᠯ ᠤᠨ ᠬᠦᠮᠤᠵᠢᠬᠦᠯᠤᠨ ᠦᠨᠡᠯᠡᠬᠦ ᠳᠤᠭᠳᠠᠴᠠ ᠶᠢ ᠪᠦᠷᠢᠨᠰᠢᠬᠦᠯᠵᠤ᠂ ︽ᠳᠤᠷᠰᠢᠯᠭ᠎ᠠ ᠪᠠᠶᠠᠯᠢᠭ ᠪᠠᠭᠰᠢ ᠰᠢᠨ᠎ᠠ ᠪᠠᠭᠰᠢ ᠶᠢ | ᠳᠠᠭᠠᠭᠤᠯᠬᠤ︾᠂ ︽ᠰᠢᠯᠢᠳᠡᠭ ᠪᠠᠭᠰᠢ ᠰᠢᠨ᠎ᠠ ᠪᠠᠭᠰᠢ ᠶᠢ ᠳᠠᠭᠠᠭᠤᠯᠬᠤ︾ ᠱᠠᠳᠤᠴᠢᠯᠠᠭᠰᠡᠨ ᠪᠤᠶᠢᠵᠢᠯ ᠢ ᠨᠠᠷᠢᠯᠢᠭ ᠬᠡᠷᠡᠭᠵᠢᠬᠦᠯᠤᠨ᠂ ︽ᠢᠯᠡᠬᠦᠤ | ᠬᠦᠳᠡᠯᠮᠤᠷᠢᠯᠡᠪᠡᠯ ᠢᠯᠡᠬᠦᠤ ᠤᠯᠬᠤ᠂ ᠰᠢᠯᠢᠳᠡᠭ ᠪᠦᠳᠤᠮᠵᠢ ᠪᠠᠷ ᠰᠠᠶᠢᠨ ᠬᠠᠷᠠᠮᠵᠢ ᠤᠯᠬᠤ︾ ᠪᠦᠳᠤᠮᠵᠢ ᠶᠢᠨ ᠱᠠᠩᠨᠠᠯ ᠤᠨ ᠠᠷᠭ᠎ᠠ ᠶᠢ ᠦᠷᠬᠦᠯᠵᠢᠯᠡᠨ | ᠬᠡᠷᠡᠭᠵᠢᠬᠦᠯᠵᠤ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢᠨ ︽ᠳᠤᠭ᠎ᠠ ᠴᠢᠨᠠᠷ︾ ᠢ ᠵᠡᠷᠬᠡᠪᠡᠷ ᠠᠬᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨᠴᠢ ᠪᠠᠷ | ᠲᠦᠯᠤᠪᠵᠢᠬᠦᠯᠤᠨ ᠨᠢᠬᠡᠳᠤᠯᠳᠠᠢ ᠪᠠᠶᠢᠷᠢᠯᠠᠭᠤᠯᠵᠤ᠂ ᠠᠯᠢᠪᠡ ᠪᠦᠬᠦᠨ ᠳᠤ ᠰᠤᠷᠭᠠᠭᠤᠯᠢ ᠶᠢᠨ ᠪᠠᠶᠢᠳᠠᠯ ᠠᠴᠠ ᠡᠬᠦᠰᠴᠤ ᠰᠤᠷᠭᠠᠭᠤᠯᠢ ᠶᠢᠨ ᠪᠠᠶᠢᠳᠠᠯ ᠳᠤ ᠪᠠᠨ | ᠳᠤᠬᠢᠷᠠᠭᠤᠯᠤᠨ᠂ ᠤᠨᠴᠠᠯᠢᠭᠳᠤ ᠴᠢᠨᠠᠷ᠂ ᠬᠡᠷᠡᠭᠴᠡᠬᠡᠳᠤ ᠴᠢᠨᠠᠷ᠂ ᠬᠡᠷᠡᠭᠵᠢᠬᠦᠯᠵᠤ ᠪᠤᠯᠬᠤᠶᠢᠴᠠ ᠴᠢᠨᠠᠷ ᠢ ᠴᠢᠬᠤᠯᠠᠴᠢᠯᠠᠵᠤ᠂ ᠡᠯ᠎ᠡ ᠰᠤᠷᠭᠠᠭᠤᠯᠢ ᠴᠡᠴᠡᠷᠯᠢᠭ ᠤᠨ | ᠦᠬᠡᠷᠡᠴᠢᠯᠡᠯᠳᠠ ᠪᠠᠶᠢᠭᠤᠯᠤᠯᠳᠠ ᠶᠢᠨ ᠠᠬᠢᠴᠠ ᠶᠢ ᠳᠠᠰᠤᠷᠠᠯᠳᠠ ᠦᠬᠡᠢ ᠴᠢᠩᠭᠠᠤᠨᠬᠠᠨ᠂ ᠰᠤᠷᠭᠠᠭᠤᠯᠢ ᠶᠢᠨ ᠬᠦᠷᠢᠶᠡᠨ ᠤ ︽ᠨᠤᠭᠤᠭᠠᠵᠢᠭᠤᠯᠤᠯᠳᠠ᠂ | ᠭᠤᠶᠤᠵᠢᠭᠤᠯᠤᠯᠳᠠ᠂ ᠬᠡᠷᠡᠯᠳᠤᠬᠦᠯᠬᠡ︾ ᠶᠢᠨ ᠢᠨᠵᠧᠨᠧᠷᠢᠩ ᠢ ᠪᠠᠳᠤᠳᠠᠢ ᠦᠷᠨᠢᠬᠦᠯᠵᠤ᠂ ᠵᠢᠭᠠᠨ ᠰᠤᠷᠭᠠᠯᠳᠠ ᠶᠢᠨ ᠳᠤᠨᠤᠭ᠂ ᠡᠷᠳᠠᠮ ᠰᠢᠨᠵᠢᠯᠡᠬᠡᠨ ᠤ | ᠲᠦᠬᠦᠬᠡᠷᠤᠮᠵᠢ᠂ ᠨᠤᠮ ᠪᠢᠴᠢᠭ᠂ ᠬᠦᠳᠡᠯᠬᠡᠬᠡᠨ ᠤ ᠬᠡᠷᠡᠭᠰᠡᠯ᠂ ᠮᠡᠳᠡᠭᠡ ᠵᠠᠩᠬᠢᠴᠢᠯᠠᠯᠳᠠ ᠶᠢᠨ ᠳᠤᠨᠤᠭᠯᠠᠯ ᠵᠡᠷᠬᠡ ᠪᠠᠳᠤᠯᠠᠭ᠎ᠠ ᠶᠢ ᠳᠠᠰᠤᠷᠠᠯᠳᠠ ᠦᠬᠡᠢ ᠴᠢᠩᠭᠠᠤᠨᠬᠠᠨ᠂ | ᠲᠦᠷᠤᠯ ᠵᠦᠢᠯ ᠤᠨ ᠬᠡᠷᠡᠭᠵᠢᠬᠦᠯᠤᠯᠳᠠ᠂ ᠵᠠᠷᠤᠳᠠᠯ ᠮᠦᠩᠬᠦᠨ ᠤ ᠳᠤᠬᠢᠷᠠᠭᠤᠯᠤᠯᠳᠠ᠂ ᠤᠷᠤᠨ ᠳᠤᠭ᠎ᠠ ᠶᠢᠨ ᠨᠠᠶᠢᠳᠠᠪᠤᠷᠢᠵᠢᠭᠤᠯᠤᠯᠳᠠ ᠵᠡᠷᠬᠡ ᠳᠠᠯ᠎ᠠ ᠶᠢ ᠰᠤᠷᠭᠠᠨ | ᠬᠦᠮᠤᠵᠢᠯ ᠳᠡᠶᠢᠰᠢ ᠬᠡᠯᠪᠡᠶᠢᠯᠬᠡᠬᠦ ᠶᠢ ᠶᠡᠬᠡᠪᠡᠷ ᠠᠬᠢᠭᠤᠯᠵᠤ᠂ ᠪᠤᠳᠠᠳᠠᠢ ᠠᠵᠢᠯ ᠤᠶᠢᠯᠡᠴᠢᠯᠡᠭᠡ ᠶᠢ ᠳᠡᠷᠢᠬᠦᠴᠢ ᠠᠯᠬᠤᠮ ᠢᠶᠠᠷ ᠬᠢᠨ᠂ ᠤᠳᠤᠭ ᠤᠨ ᠡᠮᠤᠨᠡᠳᠤ | ᠬᠤᠰᠢᠭᠤᠨ ᠤ ᠠᠷᠠᠤᠨ ᠤᠯᠠᠨ ᠤ ᠬᠡᠷ ᠤᠨ ᠳᠡᠷᠬᠡᠳᠡᠬᠢ ᠰᠤᠷᠭᠠᠨ ᠬᠦᠮᠤᠵᠢᠯ ᠢ ᠪᠤᠳᠠᠳᠠᠢ ᠰᠠᠶᠢᠳᠤᠷ ᠬᠢᠵᠤ ᠪᠦᠳᠤᠮᠵᠢ ᠭᠠᠷᠭᠠᠬᠤ ᠶᠢ ᠪᠠᠷᠢᠮᠳᠠᠯᠠᠵᠤ᠂ ᠪᠦᠬᠦ | ᠬᠦᠴᠤᠨ ᠢᠶᠠᠷ ᠢᠶᠠᠨ ᠭᠠᠷᠮᠠᠭᠠᠶᠢᠯᠠᠨ ᠳᠠᠪᠰᠢᠬᠤ ᠤᠳᠤᠭ ᠤᠨ ᠡᠮᠤᠨᠡᠳᠤ ᠬᠤᠰᠢᠭᠤᠨ ᠤ ᠲᠦᠷᠪᠡᠨ ᠤᠷᠤᠨ ᠤ ᠪᠠᠶᠢᠭᠤᠯᠤᠯᠳᠠ ᠶᠢᠨ ᠳᠡᠰ ᠳᠠᠪᠰᠢᠯᠳᠠ ᠳᠤ ᠰᠤᠷᠭᠠᠨ | ᠬᠦᠮᠤᠵᠢᠯ ᠤᠨ ᠬᠦᠴᠤᠨ ᠢᠶᠠᠨ ᠨᠡᠮᠡᠷᠢᠯᠡᠬᠦ ᠬᠡᠷᠡᠭᠳᠠᠢ ᠬᠡᠪᠡ᠃ | ᠶᠠᠩ ᠶᠢᠩ ᠰᠢᠨ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ ᠳᠤᠬᠢᠷᠠᠭᠤᠯᠪᠠ᠃ ᠳᠠᠷᠠ᠂ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢ | ᠴᠢᠩᠭᠠᠤᠨᠬᠠᠨ᠂ ᠰᠢᠨ᠎ᠠ ᠬᠠᠨᠳᠤᠰᠢ ᠰᠢᠨ᠎ᠠ ᠱᠠᠭᠠᠷᠳᠠᠯᠭ᠎ᠠ ᠲᠠᠢ ᠬᠠᠷᠢᠴᠠᠭᠤᠯᠤᠨ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ᠂ ᠴᠢᠳᠠᠪᠤᠷᠢᠳᠠᠨ ᠤ ᠤᠷᠤᠭᠤᠯᠤᠯᠳᠠ᠂ | ᠠᠵᠢᠯ ᠤᠨ ᠪᠠᠶᠢᠷᠢ ᠶᠢᠨ ᠡᠬᠡᠯᠵᠢᠯᠡᠨ ᠪᠤᠯᠪᠠᠰᠤᠷᠠᠭᠤᠯᠤᠯᠳᠠ᠂ ᠪᠠᠭᠰᠢ ᠰᠤᠷᠤᠭᠴᠢ ᠶᠢᠨ ᠰᠡᠤᠨᠬᠢᠴᠠ ᠶᠢᠨ ᠡᠷᠡᠬᠦᠯ ᠮᠠᠨᠳᠤ ᠵᠡᠷᠬᠡ ᠡᠯ᠎ᠡ ᠴᠠᠷᠠᠭᠠᠨ ᠤ ᠠᠵᠢᠯ ᠢ | ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠵᠤ᠂ ︽ᠨᠢᠬᠡ ᠰᠤᠷᠭᠠᠭᠤᠯᠢ ᠨᠢᠬᠡ ᠲᠦᠰᠤᠯ᠂ ᠨᠢᠬᠡ ᠬᠢᠴᠢᠶᠡᠯ ᠲᠦᠷᠤᠯ ᠨᠢᠬᠡ ᠪᠤᠳᠤᠯᠭ᠎ᠠ᠂ ᠨᠢᠬᠡ ᠪᠠᠭᠰᠢ ᠨᠢᠬᠡ | ᠪᠤᠳᠤᠯᠭ᠎ᠠ᠂ ᠨᠢᠬᠡ ᠰᠤᠷᠤᠭᠴᠢ ᠨᠢᠬᠡ ᠪᠤᠳᠤᠯᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠤᠨ᠂ ᠵᠢᠭᠠᠨ ᠰᠤᠷᠭᠠᠯᠳᠠ ᠶᠢᠨ | ᠶᠠᠰᠤ ᠴᠢᠨᠠᠷ ᠪᠠ ᠴᠢᠳᠠᠪᠤᠷᠢᠳᠠᠨ ᠬᠦᠮᠤᠵᠢᠬᠦᠯᠬᠦ ᠲᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠴᠢᠨᠠᠷᠯᠢᠭ ᠳᠡᠩᠴᠡᠬᠦᠷᠢᠳᠠᠢ ᠬᠦᠭᠵᠢᠯᠳᠠ ᠶᠢᠨ ᠰᠢᠶᠠᠨ ᠢ ᠴᠢᠷᠮᠠᠶᠢᠨ ᠴᠤᠭᠴᠠᠯᠠᠬᠤ ᠬᠡᠷᠡᠭᠳᠠᠢ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ | ᠦᠬᠡᠷᠡᠴᠢᠯᠡᠯᠳᠠ ᠨᠠᠶᠢᠳᠠᠪᠤᠷᠢᠵᠢᠭᠤᠯᠤᠯᠳᠠ ᠶᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠵᠤ᠂ ᠨᠢᠭᠳᠠ ᠬᠠᠮᠵᠢᠯᠴᠠᠨ ᠬᠦᠴᠤᠯᠡᠨ ᠬᠠᠪᠰᠤᠷᠤᠯᠴᠠᠵᠤ ᠰᠤᠷᠭᠠᠨ | ᠬᠦᠮᠤᠵᠢᠯ ᠢ ᠳᠡᠷᠢᠬᠦᠨ ᠳᠤ ᠬᠦᠭᠵᠢᠬᠦᠯᠬᠦ ᠰᠢᠷᠢᠰ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠤᠷᠭᠠᠨ ᠬᠦᠮᠤᠵᠢᠯ ᠤᠨ | ᠤᠶᠢᠯᠡᠰ ᠤᠨ ᠬᠦᠭᠵᠢᠯᠳᠠ ᠳᠤ ᠨᠠᠩ ᠶᠡᠭᠡ ᠳᠡᠮᠵᠢᠯᠬᠡ᠂ ᠨᠠᠩ ᠠᠷᠪᠢᠨ ᠬᠠᠪᠰᠤᠷᠤᠯᠭ᠎ᠠ᠂ ᠨᠠᠩ ᠬᠦᠴᠤᠳᠠᠢ ᠤᠶᠢᠯᠡᠴᠢᠯᠡᠭᠡ ᠬᠠᠩᠭᠠᠬᠤ ᠬᠡᠷᠡᠭᠳᠠᠢ ᠬᠡᠪᠡ᠃ | ᠬᠤᠷᠠᠯ ᠳᠡᠬᠡᠷ᠎ᠡ ᠪᠦᠬᠦ ᠬᠤᠳᠠ ᠶᠢᠨ ᠰᠤᠷᠭᠠᠨ ᠬᠦᠮᠤᠵᠢᠯ ᠤᠨ ᠴᠠᠷᠠᠭᠠᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ | ᠨᠢᠬᠡᠳᠤᠬᠡᠷ ᠳᠤᠮᠳᠠᠳᠤ ᠰᠤᠷᠭᠠᠭᠤᠯᠢ᠂ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ᠂ ᠨᠢᠬᠡᠳᠤᠬᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ | ᠠᠴᠠ ᠬᠠᠮᠢᠶ᠎ᠠ ᠪᠦᠬᠦᠢ ᠠᠵᠢᠯ ᠤᠨ ᠪᠠᠶᠢᠳᠠᠯ ᠪᠠ 2025 ᠤᠨ ᠤ ᠠᠵᠢᠯ ᠤᠨ ᠲᠦᠯᠤᠪᠯᠡᠭᠡ ᠪᠠᠨ ᠬᠠᠷᠢᠭᠤ ᠮᠡᠳᠡᠬᠦᠯᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠳᠠᠷᠤᠭ᠎ᠠ ᠴᠢᠤ ᠯᠢᠨ ᠰᠠᠭᠤᠳᠠᠯ ᠤᠨ ᠬᠤᠷᠠᠯ ᠢ ᠡᠷᠬᠢᠯᠡᠵᠤ᠂ | ᠬᠤᠰᠢᠭᠤ ᠤᠳᠤᠷᠢᠳᠤᠯᠭ᠎ᠠ ᠹᠦ᠋ ᠺᠧ᠂ ᠭᠤᠣ ᠢᠦᠢ᠂ ᠸᠠᠩ ᠬᠤᠣ ᠷᠠᠨ᠂ ᠨᠠᠶᠠ᠂ ᠸᠠᠩ ᠯᠢᠨ᠂ ᠭᠤᠸᠠᠨ ᠫᠢᠩ᠂ ᠴᠧᠨ ᠰᠢᠶᠣᠣ ᠬᠤᠢ᠂ ᠴᠢᠨ ᠯᠢᠩ ᠹᠧᠩ᠂ ᠵᠠᠩ | ᠱᠢ ᠹᠦ᠋ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠬᠤᠰᠢᠭᠤ ᠰᠤᠷᠭᠠᠨ ᠬᠦᠮᠤᠵᠢᠯ ᠪᠡᠶ᠎ᠡ ᠶᠢᠨ ᠳᠠᠮᠢᠷ ᠤᠨ ᠳᠤᠪᠴᠢᠶ᠎ᠠ ᠶᠢᠨ ᠤᠳᠤᠷᠢᠤᠨᠬᠤ | ᠪᠠᠭ ᠤᠨ ᠪᠦᠷᠢᠯᠳᠤᠬᠦᠨ ᠵᠢᠴᠢ ᠳᠤᠳᠤᠭᠠᠳᠤ ᠳᠠᠰᠤᠭ ᠤᠨ ᠬᠠᠷᠢᠭᠤᠴᠠᠯᠭᠠᠳᠠᠨ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠤᠨ | ᠳᠠᠷᠤᠭ᠎ᠠ ᠤᠷᠤᠯᠴᠠᠪᠠ᠃ |