ᠶᠠᠩ ᠶᠢᠩ ᠰᠢᠨ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ 2025 ᠣᠨ ᠤ ᠠᠵᠢᠯ ᠤᠨ ᠬᠤᠷᠠᠯ ᠵᠢᠴᠢ ︽ᠠᠵᠤ ᠠᠬᠤᠶᠢᠯᠠᠯ ᠢ ᠬᠠᠪᠰᠣᠷᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠬᠤ ᠶᠢᠨ ᠬᠠᠮᠲᠤ ᠠᠵᠤ ᠠᠬᠤᠶᠢᠯᠠᠯ ᠢ ᠬᠠᠪᠰᠣᠷᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 19 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ 2025 ᠣᠨ ᠤ ᠠᠵᠢᠯ ᠤᠨ ᠬᠤᠷᠠᠯ ᠵᠢᠴᠢ ︽ᠠᠵᠤ ᠠᠬᠤᠶᠢᠯᠠᠯ ᠢ ᠬᠠᠪᠰᠣᠷᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢᠨ ᠬᠤᠷᠠᠯ  ᠢ ᠡᠷᠬᠢᠯᠡᠨ ᠬᠤᠷᠠᠯᠳᠣᠭᠤᠯᠬᠤ ᠶᠢᠨ ᠬᠠᠮᠲᠤ ᠠᠵᠤ ᠠᠬᠤᠶᠢᠯᠠᠯ ᠢ ᠬᠠᠪᠰᠣᠷᠬᠤ ᠰᠠᠭᠤᠳᠠᠯ ᠤᠨ ᠬᠤᠷᠠᠯ ᠬᠢᠪᠡ᠃     ᠬᠤᠷᠠᠯ ᠠᠴᠠ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ 2024 ᠣᠨ ᠤ ᠠᠵᠢᠯ ᠤᠨ ᠳ᠋ᠦᠩᠨᠡᠯᠲᠡ ᠪᠤᠯᠤᠨ ᠠᠵᠤ ᠠᠬᠤᠶᠢᠯᠠᠯ  ᠢ ᠬᠠᠪᠰᠣᠷᠬᠤ ᠠᠵᠢᠯᠯᠠᠭᠠᠨ ᠢ ᠨᠠᠶᠢᠲᠠᠪᠤᠷᠢᠵᠢᠭᠤᠯᠤᠭᠰᠠᠨ ᠪᠠᠶᠢᠳᠠᠯ ᠢ ᠰᠣᠨᠣᠰᠬᠤ ᠶᠢᠨ ᠬᠠᠮᠲᠤ 2025 ᠣᠨ ᠤ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃     ᠶᠠᠩ ᠶᠢᠩ ᠰᠢᠨ ᠠᠴᠠ ᠬᠦᠭᠵᠢᠯᠲᠡ ᠶᠢᠨ ᠢᠳᠡᠬᠡᠯ ᠵᠤᠷᠢᠭ ᠢᠶᠠᠨ ᠬᠦᠪᠴᠢᠯᠡᠨ᠂ ᠭᠠᠷᠮᠠᠭᠠᠶᠢᠯᠠᠨ ᠳᠠᠪᠰᠢᠬᠤ ᠬᠦᠳᠡᠯᠬᠡᠬᠦ ᠬᠦᠴᠦᠨ ᠢᠶᠠᠨ ᠣᠷᠮᠠᠰᠢᠭᠤᠯᠬᠤ ᠬᠡᠷᠡᠭᠲᠡᠢ᠃ ᠠᠵᠤ ᠠᠬᠤᠢ ᠶᠢᠨ ᠣᠬᠢ ᠬᠦᠭᠵᠢᠯᠲᠡ ᠶᠢᠨ ᠬᠠᠨᠳᠣᠰᠢ ᠶᠢ ᠦᠷᠬᠦᠯᠵᠢᠯᠡᠨ ᠪᠠᠬᠢᠵᠢᠬᠦᠯᠵᠦ᠂ ᠬᠦᠭᠵᠢᠯᠲᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠨ᠂ ᠠᠰᠠᠭᠤᠳᠠᠯ ᠲᠠᠢ ᠬᠠᠷᠢᠴᠠᠭᠤᠯᠵᠤ ᠵᠦᠷᠢᠶ᠎ᠡ ᠪᠠᠨ ᠡᠷᠢᠨ ᠵᠠᠮ ᠢᠶᠠᠨ ᠰᠦᠪᠡᠭᠴᠢᠯᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯ ᠤᠨ ᠠᠵᠢᠯ ᠤᠨ ᠪᠠᠶᠢᠷᠢᠯᠠᠭᠤᠯᠤᠯᠲᠠ ᠶᠤᠰᠤᠭᠠᠷ ᠣᠷᠣᠭᠰᠢᠯᠠᠵᠤ ᠳᠠᠪᠰᠢᠨ᠂ ᠬᠦᠷᠢᠶᠡᠯᠡᠩ ᠲᠤᠭᠤᠷᠢᠭ ᠤᠨ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠢᠮᠠᠭᠲᠠ ᠲᠤᠤᠱᠯᠠᠭᠤᠯᠵᠤ᠂ ᠢᠳᠡᠬᠡᠯ ᠵᠤᠷᠢᠭ ᠢᠶᠠᠨ ᠬᠦᠪᠴᠢᠯᠡᠬᠦ᠂ ᠬᠦᠳᠡᠯᠬᠡᠬᠦ ᠬᠦᠴᠦᠨ ᠢᠶᠠᠨ ᠴᠢᠩᠭᠠᠳᠬᠠᠬᠤ᠂ ᠲᠤᠲᠠᠭᠤᠳᠠᠯ ᠢᠶᠠᠨ ᠨᠦᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠬᠦᠭᠵᠢᠯᠲᠡ ᠶᠢ ᠠᠬᠢᠭᠤᠯᠬᠤ ᠲᠠᠯ᠎ᠠ ᠪᠠᠷ ᠬᠦᠴᠦᠯᠡᠨ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠯᠠᠪᠳᠠᠭᠤᠨ ᠳᠠᠪᠰᠢᠯᠲᠠ︾ ᠪᠠᠷ ᠪᠦᠬᠦ ᠬᠤᠰᠢᠭᠤᠨ ᠤ ᠠᠵᠤ ᠠᠬᠤᠢ ᠨᠡᠶᠢᠬᠡᠮ ᠳᠤ ᠬᠤᠪᠢ ᠨᠡᠮᠡᠷᠢ ᠦᠵᠡᠬᠦᠯᠬᠦ ᠬᠡᠷᠡᠭᠲᠡᠢ᠃ ᠲᠦᠷᠦᠯ ᠵᠦᠢᠯ ᠤᠨ ᠪᠠᠶᠢᠭᠤᠯᠤᠯᠲᠠ ᠳᠤ ᠠᠩᠬᠠᠷᠤᠯ  ᠢᠶᠠᠨ ᠲᠦᠪᠯᠡᠷᠡᠬᠦᠯᠵᠦ᠂ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠬᠦ ᠬᠡᠷᠡᠭᠲᠡᠢ᠃ ᠠᠵᠤ ᠦᠢᠯᠡᠰ ᠤᠨ ᠬᠦᠭᠵᠢᠯᠲᠡ ᠶᠢ ᠪᠤᠲᠠᠲᠠᠢ ᠠᠳᠬᠤᠨ᠂ ᠰᠢᠨ᠎ᠡ ᠡᠨᠧᠷᠬᠢ  ᠶᠢᠨ ᠠᠵᠤ ᠦᠢᠯᠡᠰ ᠤᠨ ᠲᠦᠷᠦᠯ ᠵᠦᠢᠯ ᠤᠨ ᠪᠠᠶᠢᠭᠤᠯᠤᠯᠲᠠ ᠶᠢ ᠦᠳᠲᠡᠷ ᠠᠬᠢᠭᠤᠯᠵᠤ᠂ ᠣᠯᠠᠮᠵᠢᠯᠠᠯᠲᠤ ᠡᠨᠧᠷᠬᠢ ᠶᠢᠨ ᠲᠦᠷᠦᠯ ᠵᠦᠢᠯ ᠤᠨ ᠳᠠᠯᠳᠠ ᠬᠦᠴᠦᠨ ᠢ ᠪᠠᠳᠠᠷᠠᠭᠤᠯᠤᠨ᠂ ᠬᠦᠷᠢᠶᠡᠯᠡᠩ ᠲᠤᠭᠤᠷᠢᠭ ᠤᠨ ᠣᠰᠣ᠂ ᠴᠠᠬᠢᠯᠭᠠᠨ᠂ ᠵᠠᠮ ᠬᠠᠷᠢᠯᠴᠠᠭ᠎ᠠ᠂ ᠰᠢᠲᠠᠮᠠᠬᠠᠢ ᠬᠡᠢ ᠵᠡᠷᠭᠡ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢ ᠲᠦᠯᠦᠪᠵᠢᠬᠦᠯᠦᠨ ᠠᠬᠢᠭᠤᠯᠬᠤ ᠬᠡᠷᠡᠭᠲᠡᠢ᠃ ᠬᠤᠳᠠᠯᠳᠣᠭᠠᠴᠢᠨ ᠤᠷᠢᠵᠦ ᠪᠡᠯᠡ ᠲᠠᠲᠠᠬᠤ ᠶᠢ ᠪᠠᠲᠤ ᠡᠵᠡᠮᠳᠡᠵᠦ᠂ ︽ᠶᠡᠭᠡ ᠪᠠᠭ᠎ᠠ ᠶᠢ ᠢᠯᠭᠠᠯ ᠦᠬᠡᠢ ᠪᠦᠬᠦᠨ ᠢ ᠠᠳᠬᠤᠬᠤ︾ ᠬᠤᠳᠠᠯᠳᠣᠭᠠᠴᠢᠨ ᠣᠷᠢᠬᠤ ᠦᠵᠡᠯᠲᠡ ᠶᠢ ᠪᠠᠷᠢᠮᠲᠠᠯᠠᠨ᠂ ᠠᠵᠤ ᠦᠢᠯᠡᠰ ᠤᠨ ᠰᠠᠭᠤᠷᠢ ᠮᠦᠩᠭᠦ ᠪᠠᠷ ᠬᠤᠳᠠᠯᠳᠣᠭᠠᠴᠢᠨ ᠣᠷᠢᠬᠤ᠂ ᠲᠤᠰᠬᠠᠶᠢᠯᠠᠨ ᠰᠠᠭᠤᠵᠤ ᠬᠤᠳᠠᠯᠳᠣᠭᠠᠴᠢᠨ ᠣᠷᠢᠬᠤ᠂ ᠳᠠᠪᠴᠠᠩ ᠢᠶᠠᠷ ᠬᠤᠳᠠᠯᠳᠣᠭᠠᠴᠢᠨ ᠣᠷᠢᠬᠤ ᠵᠡᠷᠭᠡ ᠠᠷᠭ᠎ᠠ ᠮᠠᠶ᠋ᠢᠭ ᠢ ᠰᠠᠶᠢᠲᠤᠷ ᠬᠡᠷᠡᠭᠯᠡᠵᠦ᠂ ᠰᠢᠨ᠎ᠡ ᠪᠠᠷ  ᠬᠦᠭᠵᠢᠭᠰᠡᠨ ᠠᠵᠤ ᠦᠢᠯᠡᠰ ᠤᠨ ᠬᠡᠯᠬᠢᠶᠡᠵᠢᠯ ᠤᠨ ᠰᠦᠷᠦᠭᠵᠢᠯ ᠢ ᠠᠬᠢᠭᠤᠯᠬᠤ ᠬᠡᠷᠡᠭᠲᠡᠢ᠃ ᠰᠢᠨ᠎ᠡ ᠶᠢ ᠡᠬᠦᠳᠦᠨ ᠴᠢᠯᠦᠬᠡᠲᠡᠢ ᠶᠠᠪᠤᠯᠴᠠᠬᠤ ᠶᠢ ᠰᠠᠶᠢᠲᠤᠷ ᠠᠳᠬᠤᠨ᠂ ᠨᠢᠩᠳᠦ᠋ᠩ — ᠱᠠᠩᠬᠠᠢ ᠶᠢᠨ ᠰᠦᠮ᠎ᠡ ᠶᠢᠨ ᠴᠢᠨᠠᠷᠯᠢᠭ ᠴᠤᠭᠴᠠᠵᠢᠭᠤᠯᠤᠭᠰᠠᠨ ᠬᠦᠭᠵᠢᠯᠲᠡ ᠶᠢᠨ ᠲᠦᠯᠦᠪᠵᠢᠬᠦᠯᠬᠡ ᠶᠢ ᠦᠨᠳᠦᠷ ᠳᠦᠪᠰᠢᠨ ᠢᠶᠠᠷ ᠨᠠᠶᠢᠲᠠᠪᠤᠷᠢᠵᠢᠭᠤᠯᠵᠤ᠂ ᠣᠶᠢᠷ᠎ᠠ ᠬᠠᠪᠢ ᠶᠢᠨ ᠬᠦᠷᠢᠶᠡᠯᠡᠩ ᠲᠤᠭᠤᠷᠢᠭ ᠯᠤᠭ᠎ᠠ ᠪᠤᠬᠢᠷᠳᠣᠯ ᠦᠬᠡᠢ ᠣᠰᠣᠳᠦ᠋ᠷᠦᠭᠴᠢ ᠠᠮᠮᠤᠨᠢ ᠠᠯᠺᠤᠤᠯ᠂ ᠠᠭᠠᠷ ᠠᠶᠠᠯᠠᠯ ᠳᠤ ᠬᠡᠷᠡᠭᠯᠡᠬᠦ ᠪᠤᠬᠢᠷᠳᠣᠯ ᠦᠬᠡᠢ ᠨᠡᠬᠦᠷᠡᠰᠦᠨ ᠲᠤᠰᠤ ᠵᠡᠷᠭᠡ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠬᠠᠮᠲᠤᠪᠡᠷ ᠪᠤᠶᠢᠵᠢᠭᠤᠯᠤᠨ᠂ ᠰᠢᠨᠵᠢᠯᠡᠭᠡ ᠮᠡᠷᠬᠡᠵᠢᠯ ᠤᠨ ᠰᠢᠨᠡᠴᠢᠯᠡᠯᠲᠡ ᠪᠠ ᠴᠢᠳᠠᠪᠤᠷᠢᠲᠠᠨ ᠤ ᠪᠤᠶᠢᠵᠢᠭᠤᠯᠤᠯᠲᠠ ᠶᠢᠨ ᠲᠠᠯ᠎ᠠ ᠪᠠᠷ ᠬᠢ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠵᠦ᠂ ᠠᠵᠤ ᠠᠬᠤᠶᠢᠯᠠᠯ ᠢ ᠬᠠᠪᠰᠣᠷᠬᠤ ᠠᠵᠢᠯᠯᠠᠭ᠎ᠠ ᠶᠢ ᠨᠠᠶᠢᠲᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠪᠦᠬᠦ ᠶᠠᠪᠤᠴᠠ ᠳᠤ ᠦᠢᠯᠡᠴᠢᠯᠡᠬᠦ᠂ ᠪᠦᠬᠦ ᠬᠡᠯᠬᠢᠶᠡᠵᠢᠯ ᠢᠶᠠᠷ ᠬᠦᠴᠢᠷᠳᠡᠯ ᠢ ᠰᠢᠢᠳᠪᠦᠷᠢᠯᠡᠬᠦ᠂ ᠪᠦᠬᠦ ᠪᠦᠷᠬᠦᠴᠡ ᠪᠠᠷ ᠳᠠᠷᠤᠭᠠᠰᠣ  ᠶᠢ ᠬᠦᠩᠭᠡᠷᠡᠬᠦᠯᠬᠦ᠂ ᠪᠦᠬᠦ ᠶᠠᠪᠤᠴᠠ ᠪᠠᠷ ᠰᠠᠨᠠᠭᠠᠰᠢᠷᠠᠯ ᠢ ᠰᠢᠢᠳᠪᠦᠷᠢᠯᠡᠬᠦ ᠶᠢ ᠰᠠᠶᠢᠲᠤᠷ ᠬᠢᠨ᠂ ᠲᠦᠷᠦᠯ ᠵᠦᠢᠯ ᠤᠨ ︽ᠲᠤᠮᠢᠯᠠᠨ ᠦᠢᠯᠡᠴᠢᠯᠡᠬᠦ︾ ᠳᠦᠷᠢᠮ ᠢ ᠬᠡᠷᠡᠭᠵᠢᠬᠦᠯᠵᠦ᠂ ᠡᠮᠦᠨ᠎ᠡ ᠹᠷᠤᠨᠲ ᠲᠤ ᠳᠠᠭᠠᠭᠠᠴᠢᠯᠠᠨ ᠵᠤᠬᠢᠴᠠᠭᠤᠯᠵᠤ ᠵᠢᠯᠤᠭᠤᠳᠤᠨ᠂ ᠦᠨᠳᠦᠰᠦᠨ ᠱᠠᠲᠤᠨ ᠳᠤ ᠲᠦᠪᠡᠭᠲᠡᠢ ᠵᠦᠢᠯ ᠢ ᠰᠢᠢᠳᠪᠦᠷᠢᠯᠡᠨ᠂ ︽ᠨᠢᠬᠡᠯᠡ ᠣᠳᠠᠭ᠎ᠠ ᠳᠤ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠶᠢ ᠬᠦᠢᠴᠡᠳᠬᠡᠵᠦ᠂ ︽ᠣᠴᠢᠷ ᠦᠬᠡᠢ ᠪᠤᠯ ᠣᠴᠢᠬᠤ ᠦᠬᠡᠢ ᠣᠴᠢᠷ ᠪᠠᠶᠢᠪᠠᠯ ᠳᠠᠷᠤᠢ ᠳᠤᠨᠢ ᠰᠢᠢᠳᠪᠦᠷᠢᠯᠡᠬᠦ︾ ᠶᠢ ᠪᠡᠶᠡᠯᠡᠬᠦᠯᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠣᠯᠭᠤᠯᠲᠠ ᠶᠢᠨ ᠦᠢᠯᠡᠴᠢᠯᠡᠭᠡ᠂ ᠨᠡᠶᠢᠬᠡᠮ ᠤᠨ ᠪᠠᠲᠤᠯᠠᠭ᠎ᠠ᠂ ᠦᠷ᠎ᠡ ᠬᠡᠣᠬᠡᠳ ᠤᠨ ᠰᠣᠷᠭᠠᠭᠤᠯᠢ ᠳᠤ ᠣᠷᠣᠬᠤ᠂ ᠡᠪᠡᠳᠴᠢᠨ ᠦᠵᠡᠬᠦᠯᠬᠦ᠂ ᠣᠷᠣᠨ ᠰᠠᠭᠤᠴᠠ ᠲᠦᠷᠢᠶᠡᠰᠦᠯᠡᠬᠦ ᠬᠤᠳᠠᠯᠳᠣᠨ ᠠᠪᠬᠤ ᠵᠡᠷᠭᠡ ᠲᠠᠯ᠎ᠠ ᠶᠢᠨ ᠪᠤᠲᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠭᠵᠢᠯᠲᠡ ᠳᠤ ᠣᠬᠢ ᠰᠠᠶᠢᠨ ᠣᠷᠴᠢᠨ ᠠᠬᠤᠢ ᠶᠢ ᠪᠤᠢ ᠪᠤᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠤᠯᠭᠠᠬᠤ ᠶᠢ ᠪᠤᠲᠠᠲᠠᠢ ᠠᠳᠬᠤᠨ᠂ ᠡᠬᠦᠷᠭᠡ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠯ ᠲᠤᠭᠲᠠᠴᠠ ᠶᠢ ᠰᠢᠨᠡᠴᠢᠯᠡᠵᠦ᠂ ᠣᠷᠣᠨ ᠪᠦᠰᠡ ᠶᠢᠨ ᠴᠢᠨᠠᠷᠲᠠᠢ ᠨᠠᠮ ᠤᠨ ᠪᠠᠶᠢᠭᠤᠯᠤᠯᠲᠠ ᠶᠢᠨ ᠰᠠᠭᠤᠷᠢᠨ ᠢ ᠬᠠᠮᠲᠤᠪᠡᠷ ᠪᠠᠶᠢᠭᠤᠯᠬᠤ᠂ ᠠᠵᠢᠯᠯᠠᠭᠠᠨ ᠢ ᠬᠠᠮᠲᠤᠪᠡᠷ ᠡᠷᠬᠢᠯᠡᠬᠦ᠂ ᠪᠤᠯᠪᠠᠰᠣᠷᠠᠯ ᠢ ᠬᠠᠮᠲᠤᠪᠡᠷ ᠠᠳᠬᠤᠬᠤ᠂ ᠬᠠᠪᠰᠣᠷᠣᠨ ᠳᠡᠳᠬᠦᠬᠦ ᠶᠢ ᠬᠠᠮᠲᠤᠪᠡᠷ ᠬᠠᠷᠠᠭᠠᠯᠵᠠᠬᠤ ᠶᠢ ᠬᠦᠨᠵᠡᠬᠡᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠬᠠᠮᠠᠭᠠᠯᠠᠯᠲᠠ ᠶᠢᠨ ᠠᠮᠣᠷ ᠳᠦᠪᠰᠢᠨ ᠤ ᠬᠤᠷᠢᠭ᠎ᠠ ᠱᠣᠭᠤᠮ ᠢ ᠪᠠᠲᠤ ᠰᠠᠬᠢᠨ᠂ ᠬᠦᠭᠵᠢᠯᠲᠠ ᠪᠠ ᠠᠮᠣᠷ ᠳᠦᠪᠰᠢᠨ ᠬᠤᠶᠠᠷ ᠶᠡᠭᠡ ᠶᠠᠪᠤᠳᠠᠯ ᠢ ᠨᠢᠬᠡᠳᠦᠯᠲᠡᠢ ᠲᠦᠯᠦᠪᠵᠢᠬᠦᠯᠵᠦ᠂ ᠣᠯᠣᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠬᠦᠷᠭᠡᠯᠡᠨ᠂ ᠬᠤᠷᠢᠭ᠎ᠠ ᠱᠣᠭᠤᠮ  ᠤᠨ ᠰᠡᠳᠬᠢᠬᠦᠢ ᠪᠠᠨ ᠪᠠᠲᠤ ᠱᠣᠭᠤᠬᠤ ᠬᠡᠷᠡᠭᠲᠡᠢ᠃ ᠺᠠᠳ᠋ᠷ ᠤᠨ ᠡᠩᠨᠡᠭᠡᠨ ᠤ ᠬᠦᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠺᠠᠳ᠋ᠷ ᠠᠵᠢᠯᠲᠠᠳ ᠤᠨ ᠣᠯᠣᠰ ᠲᠦᠷᠦ ᠶᠢᠨ ᠬᠡᠪ ᠴᠢᠨᠠᠷ ᠪᠤᠯᠤᠨ ᠠᠵᠢᠯ ᠤᠨ ᠴᠢᠳᠠᠪᠤᠷᠢ ᠶᠢ ᠣᠯᠠᠮ ᠳᠡᠭᠡᠭᠰᠢᠯᠡᠬᠦᠯᠬᠦ ᠬᠡᠷᠡᠭᠲᠡᠢ᠃ ᠨᠠᠮ ᠤᠨ ᠰᠣᠷᠲᠠᠯ ᠴᠢᠬᠡᠴᠢ ᠵᠠᠰᠠᠭ ᠤᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠤᠲᠠᠲᠠᠶᠢᠵᠢᠭᠤᠯᠤᠨ᠂ ᠨᠠᠮ ᠤᠨ ᠰᠣᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠲᠠᠪᠤᠷᠢᠵᠢᠭᠤᠯᠵᠤ᠂ ᠲᠦᠪ ᠴᠢᠩᠭ᠎ᠠ ᠠᠷᠢᠭᠤᠨ ᠴᠢᠬᠡᠴᠢ᠂ ᠠᠵᠢᠯ ᠬᠢᠵᠦ ᠦᠢᠯᠡᠰ ᠪᠤᠰᠬᠠᠬᠤ ᠣᠬᠢ ᠰᠠᠶᠢᠨ ᠣᠯᠣᠰ ᠲᠦᠷᠦ ᠶᠢᠨ ᠠᠮᠢ ᠠᠬᠤᠢ ᠶᠢ ᠣᠯᠠᠮ ᠨᠢᠬᠡ ᠠᠯᠬᠤᠮ ᠪᠤᠢ ᠪᠤᠯᠭᠠᠬᠤ ᠬᠡᠷᠡᠭᠲᠡᠢ ᠬᠡᠪᠡ᠃     ᠰᠠᠭᠤᠳᠠᠯ ᠤᠨ ᠬᠤᠷᠠᠯ ᠳᠡᠭᠡᠷ᠎ᠡ᠂ ᠶᠠᠩ ᠶᠢᠩ ᠰᠢᠨ ᠦᠪᠦᠷ ᠮᠣᠩᠭᠤᠯ ᠤᠨ ᠷᠦᠨ ᠶᠠᠩ ᠶᠣᠸᠡᠢ ᠳ᠋ᠠ ᠰᠢᠨ᠎ᠡ ᠡᠨᠧᠷᠬᠢ ᠶᠢᠨ ᠰᠢᠨᠵᠢᠯᠡᠭᠡ ᠮᠡᠷᠬᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠣ ᠵᠢᠶᠠ ᠭᠧᠨ᠂ ᠣᠯᠣᠰ ᠤᠨ ᠴᠠᠬᠢᠯᠭᠠᠨ ᠬᠦᠴᠦᠨ ᠤ ᠦᠪᠦᠷ ᠮᠣᠩᠭᠤᠯ ᠤᠨ ᠰᠢᠨ᠎ᠡ ᠡᠨᠧᠷᠬᠢ ᠶᠢᠨ ᠨᠡᠭᠡᠭᠡᠨ ᠬᠦᠭᠵᠢᠬᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠯᠢᠦᠢ ᠴᠢᠩ ᠬᠤᠩ ᠲᠠᠢ ᠡᠯ᠎ᠡ ᠲᠠᠯ᠎ᠠ ᠶᠢᠨ ᠬᠢᠨ ᠤ ᠠᠩᠬᠠᠷᠴᠤ ᠪᠠᠶᠢᠭ᠎ᠠ ᠪᠠ ᠲᠦᠷᠦᠯ ᠵᠦᠢᠯ ᠢ ᠠᠬᠢᠭᠤᠯᠬᠤ ᠳᠤ ᠣᠷᠣᠰᠢᠵᠦ ᠪᠠᠶᠢᠭ᠎ᠠ ᠠᠰᠠᠭᠤᠳᠠᠯ ᠤᠨ ᠲᠤᠭᠤᠷᠢᠨ ᠳᠤ ᠬᠠᠮᠲᠤᠷᠠᠯᠴᠠᠭᠠᠨ ᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠣᠨ ᠪᠦᠲᠦᠮᠵᠢ ᠭᠠᠷᠭᠠᠬᠤ ᠶᠢ ᠲᠦᠷᠬᠡᠳᠬᠡᠬᠦ ᠲᠤᠬᠠᠢ ᠬᠦᠨᠵᠡᠬᠡᠢ ᠵᠦᠪᠳᠡᠯᠴᠡᠪᠡ᠃ ᠲᠡᠷᠡ᠂ ᠡᠯ᠎ᠡ ᠲᠠᠯ᠎ᠠ ᠶᠢᠨ ᠬᠢᠨ ᠬᠠᠷᠠᠯᠲᠠ ᠪᠠᠷ ᠣᠳᠣᠷᠢᠳᠣᠮᠵᠢ ᠪᠤᠯᠭᠠᠬᠤ ᠶᠢ ᠪᠠᠷᠢᠮᠲᠠᠯᠠᠵᠤ᠂ ᠠᠵᠢᠯ ᠤᠨ ᠬᠠᠮ ᠬᠦᠴᠦ ᠪᠠᠨ ᠨᠢᠭᠲᠠᠷᠠᠭᠤᠯᠤᠨ᠂ ᠰᠢᠷᠭᠠᠭᠤ ᠠᠵᠢᠯᠯᠠᠬᠤ ᠵᠤᠷᠢᠭ ᠰᠠᠨᠠᠭ᠎ᠠ ᠪᠠᠷ ᠠᠷᠭ᠎ᠠ ᠪᠦᠬᠦᠨ ᠢ ᠰᠦᠪᠡᠭᠴᠢᠯᠡᠨ ᠬᠦᠴᠢᠷᠳᠡᠯ ᠢ ᠰᠢᠢᠳᠪᠦᠷᠢᠯᠡᠵᠦ᠂ ᠰᠢᠨ᠎ᠡ ᠠᠷᠭ᠎ᠠ ᠴᠢᠩᠭ᠎ᠠ ᠠᠪᠴᠠᠯ ᠢᠶᠠᠷ ᠪᠠᠶᠢᠭᠤᠯᠤᠭᠰᠠᠨ ᠲᠦᠷᠦᠯ ᠵᠦᠢᠯ ᠤᠨ ᠦᠢᠯᠡᠳᠪᠦᠷᠢᠯᠡᠯ ᠡᠵᠡᠩᠨᠡᠯᠲᠡ᠂ ᠦᠷᠬᠦᠯᠵᠢᠯᠡᠯ ᠲᠦᠷᠦᠯ ᠵᠦᠢᠯ  ᠤᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠦᠷᠬᠦᠯᠵᠢᠯᠡᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠨ᠂ ᠠᠵᠤ ᠠᠬᠤᠶᠢᠯᠠᠯ ᠢ ᠬᠠᠪᠰᠣᠷᠣᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠭᠵᠢᠨ ᠬᠦᠴᠦᠷᠬᠡᠭᠵᠢᠬᠦ ᠶᠢ ᠣᠯᠠᠨ ᠠᠷᠭ᠎ᠠ ᠪᠠᠷ ᠳᠡᠮᠵᠢᠨ᠎ᠡ ᠬᠡᠪᠡ᠃     ᠬᠤᠷᠠᠯ ᠤᠨ ᠳᠠᠷᠠᠭ᠎ᠠ᠂ ᠶᠠᠩ ᠶᠢᠩ ᠰᠢᠨ ᠴᠢᠶᠠᠩ ᠶᠢᠩ ᠡᠬᠦᠯᠳᠡᠷ ᠤᠨ ᠨᠣᠭᠤᠰᠣ ᠲᠡᠵᠢᠬᠡᠨ ᠦᠷᠡᠵᠢᠬᠦᠯᠬᠦ ᠰᠠᠭᠤᠷᠢᠨ ᠤ ᠲᠦᠪᠡᠳ ᠭᠠᠴᠠᠭᠠᠨ ᠳᠠᠬᠢ ᠲᠦᠷᠦᠯ ᠵᠦᠢᠯ ᠤᠨ ᠠᠬᠤᠢ ᠲᠠᠯᠠᠪᠠᠢ ᠳᠤ ᠬᠦᠨᠵᠡᠬᠡᠶᠢᠷᠡᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠭᠠᠠᠨ ᠦᠵᠡᠵᠦ᠂ ᠲᠦᠷᠦᠯ ᠵᠦᠢᠯ ᠤᠨ ᠪᠦᠬᠦᠯᠢ ᠴᠤᠭᠴᠠ ᠶᠢᠨ ᠲᠦᠯᠦᠪᠵᠢᠬᠦᠯᠬᠡ᠂ ᠪᠠᠶᠢᠭᠤᠯᠤᠯᠲᠠ ᠶᠢᠨ ᠠᠬᠢᠴᠠ᠂ ᠴᠢᠳᠠᠮᠵᠢ ᠶᠢᠨ ᠪᠠᠶᠢᠷᠢᠯᠠᠭᠤᠯᠤᠯᠲᠠ ᠵᠡᠷᠭᠡ ᠲᠠᠯ᠎ᠠ ᠶᠢᠨ ᠬᠠᠷᠢᠭᠤ ᠮᠡᠳᠡᠬᠦᠯᠦᠯᠲᠡ ᠶᠢ ᠬᠢᠨᠠᠮᠠᠭᠠᠢ ᠰᠣᠨᠣᠰᠣᠨ᠂ ᠣᠷᠣᠰᠢᠵᠦ ᠪᠠᠶᠢᠭ᠎ᠠ ᠠᠰᠠᠭᠤᠳᠠᠯ ᠢ ᠰᠣᠳᠣᠯᠣᠨ ᠰᠢᠢᠳᠪᠦᠷᠢᠯᠡᠪᠡ᠃     ᠬᠤᠰᠢᠭᠤ ᠣᠳᠣᠷᠢᠳᠣᠯᠭ᠎ᠠ ᠳ᠋ᠣᠸᠡᠨ ᡁᠢ ᠴᠢᠶᠠᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠷᠦᠢ᠂ ᠳ᠋ᠢᠩ ᠢᠦᠢ ᠰᠢᠶᠠᠩ᠂ ᠵᠢᠶᠠ ᠰᠢᠶᠠᠩ ᠪᠢᠩ᠂ ᠯᠢ ᠳ᠋ᠦᠩ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ