ᠶᠠᠩ ᠶᠢᠩ ᠰᠢᠨ ᠠᠮᠢ ᠠᠬᠤᠢ ᠶᠢᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠤ ᠵᠢᠯᠤᠭᠤᠤᠨᠪᠠ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 20 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠤᠯᠵᠠᠴᠢ ᠪᠠᠯᠭᠠᠰᠤ᠂ ᠪᠤᠷᠤᠪᠠᠯᠭᠠᠰᠤ ᠪᠠᠯᠭᠠᠰᠤᠨ ᠳᠤ ᠬᠦᠨᠵᠡᠬᠡᠶᠢᠷᠡᠨ᠂ ᠡᠯᠡᠰᠤ ᠰᠡᠷᠬᠡᠶᠢᠯᠡᠨ ᠵᠠᠰᠠᠯᠳᠠ᠂ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ  ᠤᠨ ᠴᠡᠭᠴᠡᠯᠡᠯᠳᠠ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠵᠡᠷᠬᠡ ᠠᠮᠢ ᠠᠬᠤᠢ ᠶᠢᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠪᠠ᠃
微信图片_20250221170613.jpg
     △ ᠶᠠᠩ ᠶᠢᠩ ᠰᠢᠨ ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ ᠶᠢᠨ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠡᠯᠡᠩ ᠤᠨ ᠤᠶᠢᠷ᠎ᠠ ᠬᠠᠪᠢ ᠶᠢᠨ ᠡᠯᠡᠰᠤᠨ ᠭᠠᠵᠠᠷ ᠲᠤ ᠪᠦᠬᠦ ᠬᠤᠰᠢᠭᠤᠨ ᠤ ᠡᠯᠡᠰᠤ ᠰᠡᠷᠬᠡᠶᠢᠯᠡᠨ ᠵᠠᠰᠠᠯᠳᠠ᠂ ᠬᠠᠪᠤᠷ ᠤᠨ ᠤᠯᠠᠷᠢᠯ ᠤᠨ ᠮᠤᠳᠤ ᠳᠠᠷᠢᠬᠤ ᠲᠦᠯᠤᠪᠵᠢᠬᠦᠯᠬᠡ ᠵᠡᠷᠬᠡ ᠠᠵᠢᠯ ᠢ ᠨᠠᠷᠢᠯᠢᠭ ᠤᠶᠢᠯᠠᠭᠠᠪᠠ᠃      ᠶᠠᠩ ᠶᠢᠩ ᠰᠢᠨ ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ ᠶᠢᠨ ᠶᠡᠷᠤᠩᠬᠡᠶᠢᠡᠯᠭᠰᠡᠨ ᠠᠵᠤ ᠤᠶᠢᠯᠡᠰ ᠤᠨ ᠬᠦᠷᠢᠶᠡᠯᠡᠩ ᠤᠨ ᠤᠶᠢᠷ᠎ᠠ ᠬᠠᠪᠢ  ᠶᠢᠨ ᠡᠯᠡᠰᠤᠨ ᠭᠠᠵᠠᠷ ᠲᠤ ᠪᠦᠬᠦ ᠬᠤᠰᠢᠭᠤᠨ ᠤ ᠡᠯᠡᠰᠤ ᠰᠡᠷᠬᠡᠶᠢᠯᠡᠨ ᠵᠠᠰᠠᠯᠳᠠ᠂ ᠬᠠᠪᠤᠷ ᠤᠨ ᠤᠯᠠᠷᠢᠯ ᠤᠨ ᠮᠤᠳᠤ ᠳᠠᠷᠢᠬᠤ ᠲᠦᠯᠤᠪᠵᠢᠬᠦᠯᠬᠡ ᠵᠡᠷᠬᠡ ᠠᠵᠢᠯ ᠢ ᠨᠠᠷᠢᠯᠢᠭ ᠤᠶᠢᠯᠠᠭᠠᠪᠠ᠃ ᠳᠠᠷᠠ᠂ ᠡᠯᠡᠰᠤ ᠶᠢ ᠰᠡᠷᠬᠡᠶᠢᠯᠡᠨ ᠵᠠᠰᠠᠬᠤ ᠪᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠤᠯᠬᠤᠷ ᠭᠠᠵᠠᠷ ᠤᠷᠤᠨ ᠳᠤ ᠨᠢ ᠳᠤᠬᠢᠷᠠᠭᠤᠯᠤᠨ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠡᠯᠡᠰᠤ ᠵᠠᠰᠠᠬᠤ ᠠᠷᠭ᠎ᠠ ᠠᠪᠴᠠᠯ ᠢ ᠬᠡᠷᠡᠭᠯᠡᠨ ᠡᠯᠡᠰᠤ ᠵᠠᠰᠠᠬᠤ ᠪᠦᠳᠤᠮᠵᠢ ᠶᠢ ᠪᠠᠳᠤᠤᠨᠬᠠᠬᠤ ᠬᠡᠷᠡᠭᠳᠠᠢ᠃ ᠬᠤᠶᠢᠰᠢᠳᠠ ᠶᠢᠨ ᠠᠵᠤ ᠤᠶᠢᠯᠡᠰ ᠤᠨ ᠬᠦᠭᠵᠢᠯᠳᠠ ᠢ ᠤᠷᠢᠤᠨᠴᠢᠯᠡᠨ ᠰᠠᠶᠢᠳᠤᠷ ᠲᠦᠯᠤᠪᠵᠢᠬᠦᠯᠵᠤ᠂ ᠭᠠᠵᠠᠷ ᠬᠡᠷᠡᠭᠯᠡᠬᠦ ᠪᠠᠳᠤᠯᠠᠭ᠎ᠠ ᠶᠢ ᠴᠢᠩᠭᠠᠤᠨᠬᠠᠨ᠂ ᠬᠤᠶᠢᠰᠢᠳᠠ ᠶᠢᠨ ᠠᠮᠢ ᠠᠬᠤᠢ ᠪᠠ ᠠᠵᠤ ᠠᠬᠤᠢ ᠶᠢᠨ ᠵᠤᠬᠢᠴᠠᠩᠭᠤᠢ ᠬᠦᠭᠵᠢᠯᠳᠠ ᠳᠤ ᠪᠠᠳᠤ ᠰᠠᠭᠤᠷᠢ ᠳᠠᠯᠪᠢᠬᠤ ᠬᠡᠷᠡᠭᠳᠠᠢ᠃ ᠬᠠᠷᠢᠯᠴᠠᠭ᠎ᠠ ᠨᠡᠪᠳᠡᠷᠡᠯᠴᠡᠭᠡ ᠪᠠᠨ ᠴᠢᠩᠭᠠᠤᠨᠬᠠᠨ᠂ ᠨᠠᠷᠠᠨ ᠡᠨᠧᠷᠬᠢ ᠪᠠᠷ ᠡᠯᠡᠰᠤ ᠵᠠᠰᠠᠬᠤ ᠲᠦᠷᠤᠯ ᠵᠦᠢᠯ ᠢ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠬᠤ ᠬᠡᠷᠡᠭᠳᠠᠢ᠃ ᠡᠯᠡᠰᠦᠷᠬᠡᠭ ᠤᠷᠤᠨ ᠤ ᠠᠵᠤ ᠤᠶᠢᠯᠡᠰ ᠤᠨ ᠬᠦᠭᠵᠢᠯᠳᠠ ᠶᠢᠨ ᠵᠠᠭᠪᠤᠷ ᠢ ᠢᠳᠡᠪᠬᠢᠳᠠᠢ ᠡᠷᠢᠯᠬᠢᠯᠡᠨ᠂ ᠠᠵᠤ ᠠᠬᠤᠢ ᠶᠢᠨ ᠦᠷ᠎ᠠ ᠠᠰᠢᠭ᠂ ᠨᠠᠶᠢᠬᠡᠮ ᠤᠨ ᠦᠷ᠎ᠠ ᠠᠰᠢᠭ ᠪᠠ ᠠᠮᠢ ᠠᠬᠤᠢ ᠶᠢᠨ ᠦᠷ᠎ᠠ ᠠᠰᠢᠭ ᠤᠨ ᠭᠤᠷᠪᠠᠨ ᠢᠯᠠᠯᠳᠠ ᠶᠢ ᠪᠡᠶᠡᠯᠡᠬᠦᠯᠬᠦ ᠬᠡᠷᠡᠭᠳᠠᠢ ᠬᠡᠪᠡ᠃      ᠶᠠᠩ ᠶᠢᠩ ᠰᠢᠨ ᠪᠤᠷᠤᠪᠠᠯᠭᠠᠰᠤ ᠪᠠᠯᠭᠠᠰᠤᠨ ᠤ ᠢᠮᠠᠭᠠᠯᠠᠢ ᠳᠤᠰᠬᠤᠨ᠂ ᠵᠡᠬᠡᠷᠬᠡᠨᠡᠳᠤ ᠳᠤᠰᠬᠤᠨ ᠳᠤ ᠤᠢ ᠰᠢᠭᠤᠢ ᠨᠤᠳᠤᠭ ᠪᠡᠯᠴᠢᠬᠡᠷ ᠤᠨ ᠳᠤᠯᠪᠤᠳᠤ ᠵᠢᠷᠤᠭ  ᠤᠨ ᠠᠰᠠᠭᠤᠳᠠᠯ ᠤᠨ ᠴᠡᠭᠴᠡᠯᠡᠯᠳᠠ ᠶᠢᠨ ᠪᠠᠶᠢᠳᠠᠯ ᠢ ᠪᠤᠳᠠᠳᠤ ᠭᠠᠵᠠᠷ ᠲᠤ ᠬᠢᠨᠠᠨ ᠵᠢᠯᠤᠭᠤᠤᠨᠪᠠ᠃ ᠳᠠᠷᠠ᠂ ᠳᠤᠯᠪᠤᠳᠤ ᠵᠢᠷᠤᠭ ᠤᠨ ᠴᠡᠭᠴᠡᠯᠡᠯᠳᠠ ᠶᠢᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠠᠯᠴᠢᠯᠠᠨ᠂ ᠴᠡᠭᠴᠡᠯᠡᠯᠳᠠ ᠶᠢᠨ ᠱᠠᠭᠠᠷᠳᠠᠯᠭ᠎ᠠ ᠪᠠ ᠴᠠᠭ ᠬᠢᠵᠠᠭᠠᠷᠯᠠᠯ ᠶᠤᠰᠤᠭᠠᠷ ᠴᠡᠭᠴᠡᠯᠡᠯᠳᠠ ᠶᠢᠨ ᠡᠬᠦᠷᠬᠡ ᠪᠠᠨ ᠴᠢᠨᠠᠷᠯᠢᠭ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ᠃ ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠨ᠂ ᠬᠦᠮᠤᠨ ᠦᠬᠡᠢ ᠨᠢᠰᠬᠡᠯ ᠵᠡᠷᠬᠡ ᠰᠢᠨᠵᠢᠯᠡᠭᠡ ᠮᠡᠷᠬᠡᠵᠢᠯ ᠤᠨ ᠠᠷᠭ᠎ᠠ ᠪᠠᠷᠢᠯ ᠢᠶᠠᠷ ᠬᠢᠨᠠᠯᠳᠠ ᠬᠠᠮᠢᠶᠠᠷᠤᠯᠳᠠ ᠶᠢᠨ ᠪᠦᠳᠤᠮᠵᠢ ᠪᠠᠨ ᠳᠡᠬᠡᠭᠰᠢᠯᠡᠬᠦᠯᠵᠤ᠂ ︽ᠬᠦᠮᠤᠨ ᠤ ᠬᠦᠴᠤᠨ ᠤ ᠰᠡᠷᠬᠡᠶᠢᠯᠡᠯᠳᠠ︾ ᠠᠴᠠ ︽ᠮᠡᠷᠬᠡᠵᠢᠯ ᠤᠨ ᠰᠡᠷᠬᠡᠶᠢᠯᠡᠯᠳᠠ︾ ᠳᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠳᠠᠢ᠃ ᠦᠨᠳᠤᠷ ᠳᠠᠷᠤᠯᠳᠠᠳᠤ ᠬᠠᠨᠳᠤᠰᠢ ᠪᠠᠨ ᠪᠠᠳᠤᠯᠠᠨ᠂ ᠤᠢ ᠮᠤᠳᠤ ᠶᠢ ᠰᠦᠢᠤᠨᠬᠡᠨ  ᠠᠳᠠᠷ ᠬᠠᠭᠠᠯᠪᠤᠷᠢᠯᠠᠬᠤ ᠵᠡᠷᠬᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠬᠦ ᠬᠡᠷᠡᠭᠳᠠᠢ᠃ ᠳᠤᠭᠳᠠᠮᠠᠯ ᠪᠤᠰᠤ ᠬᠤᠭᠤᠴᠠᠭ᠎ᠠ ᠪᠠᠷ ᠳᠠᠪᠳᠠᠨ ᠬᠢᠨᠠᠵᠤ᠂ ᠠᠰᠠᠭᠤᠳᠠᠯ ᠤᠨ ᠳᠠᠬᠢᠨ ᠡᠬᠦᠰᠬᠦ ᠶᠢ ᠰᠡᠷᠬᠡᠶᠢᠯᠡᠨ᠂ ᠴᠡᠭᠴᠡᠯᠡᠯᠳᠠ ᠪᠤᠳᠠᠳᠠᠢ ᠪᠦᠳᠤᠮᠵᠢᠳᠠᠢ ᠪᠠᠶᠢᠬᠤ ᠶᠢ ᠪᠠᠳᠤᠯᠠᠬᠤ ᠬᠡᠷᠡᠭᠳᠠᠢ ᠬᠡᠪᠡ᠃     ᠶᠠᠩ ᠶᠢᠩ ᠰᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠲᠦᠷᠤᠯ ᠵᠦᠢᠯ ᠤᠨ ᠬᠡᠷᠡᠭᠯᠡᠯᠳᠠ ᠶᠢᠨ ᠠᠬᠤᠢ ᠳᠠᠯᠠᠪᠠᠢ  ᠳᠤ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠬᠦᠯᠤᠯᠳᠠ ᠵᠢᠴᠢ ᠤᠷᠤᠰᠢᠵᠤ ᠪᠠᠶᠢᠭ᠎ᠠ ᠠᠰᠠᠭᠤᠳᠠᠯ ᠢ ᠰᠤᠨᠤᠰᠤᠨ ᠳᠤᠬᠠᠢ ᠶᠢᠨ ᠳᠠᠯᠠᠪᠤᠷ ᠲᠤ ᠠᠯᠠᠪᠠᠯᠠᠵᠤ ᠵᠤᠬᠢᠴᠠᠭᠤᠯᠤᠨ ᠰᠢᠢᠤᠨᠪᠤᠷᠢᠯᠡᠪᠡ᠃ ᠳᠠᠷᠠ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠤᠨ᠂ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠤᠯᠤᠰ ᠲᠦᠷᠤ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ᠂ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢᠨ ᠲᠦᠬᠦᠷᠴᠢᠯᠡᠭᠰᠡᠨ ᠠᠷᠭ᠎ᠠ ᠠᠪᠴᠠᠯ ᠢ ᠨᠠᠷᠢᠯᠢᠭᠵᠢᠭᠤᠯᠤᠨ ᠰᠢᠯᠢᠳᠡᠭᠵᠢᠬᠦᠯᠵᠤ ᠪᠤᠳᠠᠳᠤ ᠪᠦᠳᠤᠮᠵᠢ ᠤᠯᠬᠤ ᠶᠢ ᠪᠠᠳᠤᠯᠠᠬᠤ ᠬᠡᠷᠡᠭᠳᠠᠢ᠃ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ ᠶᠢ ᠤᠳᠤᠬᠠᠨ ᠤ ᠡᠯ᠎ᠡ ᠲᠦᠷᠤᠯ ᠤᠨ ᠭᠤᠤᠯᠳᠠᠯᠭᠠᠳᠤ ᠠᠵᠢᠯ ᠲᠠᠢ ᠪᠦᠳᠤᠮᠵᠢ ᠲᠠᠢ ᠤᠶᠠᠯᠳᠤᠭᠤᠯᠤᠨ᠂ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠤᠨᠬᠠᠵᠤ᠂ ᠮᠠᠯᠴᠢᠨ ᠳᠠᠷᠢᠶᠠᠴᠢᠨ ᠤ ᠤᠰᠤ ᠠᠷᠪᠢᠯᠠᠬᠤ ᠤᠬᠠᠮᠰᠠᠷ ᠢ ᠳᠡᠬᠡᠭᠰᠢᠯᠡᠬᠦᠯᠤᠨ᠂ ᠬᠠᠪᠤᠷ ᠤᠨ ᠳᠠᠷᠢᠶᠠᠯᠠᠭ᠎ᠠ ᠶᠢᠨ ᠪᠡᠯᠡᠤᠨᠬᠡᠯ ᠠᠵᠢᠯ᠂ ᠳᠠᠷᠢᠶᠠᠯᠠᠩ ᠤᠨ ᠤᠰᠤᠨ ᠦᠨ᠎ᠡ ᠶᠢᠨ ᠦᠬᠡᠷᠡᠴᠢᠯᠡᠯᠳᠠ ᠵᠡᠷᠬᠡ ᠭᠤᠤᠯᠳᠠᠯᠭᠠᠳᠤ ᠠᠵᠢᠯ ᠢ ᠪᠠᠳᠤᠳᠠᠢ ᠰᠠᠶᠢᠳᠤᠷ ᠬᠢᠵᠤ᠂ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢ ᠴᠢᠨᠠᠷᠯᠢᠭ ᠦᠨᠳᠤᠷ ᠪᠦᠳᠤᠮᠵᠢᠳᠤ ᠳᠡᠶᠢᠰᠢ ᠬᠤᠪᠢᠷᠠᠭᠠᠬᠤ ᠶᠢ ᠠᠬᠢᠭᠤᠯᠬᠤ ᠬᠡᠷᠡᠭᠳᠠᠢ ᠬᠡᠪᠡ᠃     ᠬᠤᠰᠢᠭᠤ ᠤᠳᠤᠷᠢᠳᠤᠯᠭ᠎ᠠ ᠶᠢᠤ ᠵᠢᠶᠠᠨ ᠴᠢᠩ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ