2 ᠰᠠᠷ᠎ᠠ ᠶᠢᠨ 20 ᠤ ᠡᠳᠦᠷ ᠰᠢᠨᠬᠤᠸᠠ ᠬᠤᠷᠢᠶ᠎ᠠ ᠶᠢᠨ ᠦᠪᠦᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠳᠠᠷᠤᠭ᠎ᠠ᠂ ᠨᠠᠮ ᠤᠨ ᠣᠳᠣᠷᠢᠳᠬᠤ | ᠳᠣᠭᠤᠶᠢᠯᠠᠩ ᠤᠨ ᠱᠦᠵᠢ ᠯᠢᠦ ᠸᠧᠢ ᠨᠠᠷ ᠮᠠᠨ ᠤ ᠬᠤᠰᠢᠭᠤᠨ ᠳᠤ ᠪᠠᠶᠢᠴᠠᠭᠠᠨ ᠰᠣᠳᠣᠯᠵᠣ ᠰᠣᠷᠪᠣᠯᠵᠢᠯᠠᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠲᠡᠰ ᠤᠨ ᠳᠠᠷᠤᠭ᠎ᠠ ᠵᠠᠩ ᠸᠧᠢ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠠᠷᠠᠭᠠᠳᠠᠪᠠ᠃ | | | | | ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠲᠦᠷᠦᠯ ᠵᠦᠢᠯ ᠢ ᠪᠠᠶᠢᠴᠠᠭᠠᠨ ᠰᠣᠳᠣᠯᠪᠠ | ᠯᠢᠦ ᠸᠧᠢ ᠨᠠᠷ ᠣᠷᠢᠳ ᠬᠤᠵᠢᠳ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠬᠦᠷᠡᠰᠦ ᠮᠠᠯᠲᠠᠭᠰᠠᠨ ᠠᠴᠠ ᠪᠤᠯᠵᠤ ᠰᠠᠭᠤᠭᠳᠠᠭᠰᠠᠨ ᠣᠷᠣᠨ | ᠤ 4GW ᠰᠢᠨ᠎ᠡ ᠡᠨᠧᠷᠬᠢ ᠶᠢᠨ ᠰᠠᠭᠤᠷᠢᠨ᠂ ᠣᠯᠣᠰ ᠤᠨ ᠡᠨᠧᠷᠬᠢ ᠶᠢᠨ ᠪᠦᠯᠦᠭᠯᠡᠯ ᠤᠨ ᠣᠯᠣᠰ ᠤᠨ ᠴᠠᠬᠢᠯᠭᠠᠨ ᠬᠦᠴᠦᠨ ᠤ ᠱᠠᠩᠬᠠᠢ ᠶᠢᠨ ᠰᠦᠮ᠎ᠡ ᠳᠠᠬᠢ | ᠺᠣᠮᠫᠠᠨᠢ ᠶᠢᠨ ᠴᠠᠬᠢᠯᠭᠠᠨ ᠦᠢᠯᠡᠳᠪᠦᠷᠢ᠂ ᠷᠦᠨ ᠶᠠᠩ ᠤᠨ ᠨᠠᠷᠠᠨ ᠡᠨᠧᠷᠬᠢ ᠶᠢᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠢᠨᠵᠢᠯᠡᠭᠡ | ᠮᠡᠷᠬᠡᠵᠢᠯ ᠤᠨ ᠳᠠᠭᠤᠷᠢᠶᠠᠯ ᠲᠦᠷᠦᠯ ᠵᠦᠢᠯ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠲᠦᠷᠦᠯ ᠵᠦᠢᠯ᠂ ᠣᠷᠳᠣᠰ ᠤᠨ | ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠦᠵᠡᠬᠦᠯᠬᠡ ᠶᠢᠨ ᠲᠢᠩᠬᠢᠮ᠂ ᠬᠠᠷᠭᠠᠨ᠎ᠠ ᠶᠢᠨ ᠠᠵᠤ ᠦᠢᠯᠡᠰᠴᠢᠯᠡᠭᠰᠡᠨ ᠰᠣᠳᠣᠯᠭᠠᠨ ᠤ ᠲᠦᠪ ᠲᠤ ᠬᠦᠨᠵᠡᠬᠡᠶᠢᠷᠡᠨ | ᠪᠠᠶᠢᠴᠠᠭᠠᠨ ᠰᠣᠳᠣᠯᠵᠣ᠂ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ | | | | | ᠣᠷᠳᠣᠰ ᠤᠨ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠦᠵᠡᠬᠦᠯᠬᠡ ᠶᠢᠨ ᠲᠢᠩᠬᠢᠮ ᠳᠤ ᠪᠠᠶᠢᠴᠠᠭᠠᠨ ᠰᠣᠳᠣᠯᠣᠯᠲᠠ ᠬᠢᠪᠡ᠃ | ᠯᠢᠦ ᠸᠧᠢ ᠲᠤᠭᠤᠷᠢᠨ ᠦᠵᠡᠬᠦ ᠶᠢᠨ ᠳᠠᠭᠠᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ᠂ ᠮᠠᠨ ᠤ ᠬᠤᠰᠢᠭᠤᠨ ᠤ ᠰᠢᠨ᠎ᠡ ᠡᠨᠧᠷᠬᠢ ᠶᠢᠨ ᠠᠵᠤ | ᠦᠢᠯᠡᠰ᠂ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠣᠯᠣᠭᠰᠠᠨ ᠪᠦᠲᠦᠮᠵᠢ ᠶᠢ ᠳᠡᠭᠡᠳᠦ ᠬᠡᠮᠵᠢᠶ᠎ᠡ ᠪᠠᠷ | ᠦᠨᠡᠯᠡᠪᠡ᠃ ᠰᠢᠨᠬᠤᠸᠠ ᠬᠤᠷᠢᠶ᠎ᠠ ᠶᠢᠨ ᠦᠪᠦᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠳᠠᠪᠴᠠᠩ ᠤᠨ ᠳᠠᠪᠠᠭᠤᠯᠢᠭ ᠢᠶᠠᠨ ᠣᠯᠠᠮ ᠪᠠᠳᠠᠷᠠᠭᠤᠯᠤᠨ᠂ ᠣᠲᠤᠭ | ᠤᠨ ᠡᠮᠦᠨᠡᠲᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠦᠷᠨᠢᠨ ᠬᠦᠭᠵᠢᠭᠰᠡᠨ ᠣᠬᠢ ᠲᠤᠷᠰᠢᠯᠭ᠎ᠠ ᠰᠠᠶᠢᠨ ᠠᠷᠭ᠎ᠠ ᠶᠢ ᠬᠦᠨᠵᠡᠬᠡᠢ ᠠᠭᠤᠲᠠᠯᠠᠵᠤ᠂ | ᠣᠲᠤᠭ ᠤᠨ ᠡᠮᠦᠨᠡᠲᠦ ᠬᠤᠰᠢᠭᠤᠨ ᠤ ᠦᠯᠢᠭᠡᠷ ᠲᠡᠣᠬᠡ᠂ ᠦᠢᠯᠡ ᠠᠵᠢᠯᠯᠠᠭ᠎ᠠ ᠶᠢ ᠶᠠᠷᠢᠵᠦ ᠣᠬᠠᠭᠤᠯᠤᠨ᠂ ᠣᠷᠣᠨ ᠨᠣᠲᠤᠭ ᠤᠨ ᠠᠵᠤ ᠠᠬᠤᠢ ᠨᠡᠶᠢᠬᠡᠮ ᠤᠨ | ᠴᠢᠨᠠᠷᠯᠢᠭ ᠬᠦᠭᠵᠢᠯᠲᠡ ᠳᠤ ᠬᠦᠴᠦᠨ ᠨᠡᠮᠡᠷᠢᠯᠡᠨ᠎ᠡ ᠬᠡᠵᠦ ᠢᠯᠡᠷᠬᠡᠶᠢᠯᠡᠪᠡ᠃ | ᠰᠢᠨᠬᠤᠸᠠ ᠬᠤᠷᠢᠶ᠎ᠠ ᠶᠢᠨ ᠦᠪᠦᠷ ᠮᠣᠩᠭᠤᠯ ᠳᠠᠬᠢ ᠬᠤᠪᠢᠶᠠᠷᠢ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠬᠤᠰᠢᠭᠤ | ᠬᠤᠯᠪᠤᠭᠳᠠᠯ ᠪᠦᠬᠦᠢ ᠣᠳᠣᠷᠢᠳᠣᠯᠭ᠎ᠠ ᠣᠷᠣᠯᠴᠠᠪᠠ᠃ | |