2 ᠰᠠᠷ᠎ᠠ ᠶᠢᠨ 21 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠠᠵᠤ ᠠᠬᠤᠢ ᠶᠢᠨ ᠡᠷᠬᠢᠯᠲᠡ ᠶᠢᠨ ᠲᠤᠰᠬᠠᠢ | ᠰᠡᠳᠦᠪᠲᠤ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠤᠭᠳᠠᠯ ᠪᠦᠬᠦᠢ ᠠᠵᠢᠯ ᠤᠨ | ᠱᠠᠭᠠᠷᠳᠠᠯᠭ᠎ᠠ ᠶᠢ ᠣᠯᠠᠮᠵᠢᠯᠠᠨ᠂ ᠨᠢᠬᠡᠳᠦᠬᠡᠷ ᠣᠯᠠᠷᠢᠯ ᠤᠨ ᠠᠵᠤ ᠠᠬᠤᠢ ᠶᠢᠨ ᠬᠦᠢᠴᠡᠳᠬᠡᠯ ᠲᠤᠭ᠎ᠠ ᠶᠢ ᠪᠡᠶᠡᠯᠡᠬᠦᠯᠦᠭᠰᠡᠨ ᠪᠠᠶᠢᠳᠠᠯ ᠢ ᠰᠣᠨᠣᠰᠴᠣ᠂ ᠣᠷᠣᠰᠢᠵᠦ | ᠪᠠᠶᠢᠭ᠎ᠠ ᠠᠰᠠᠭᠤᠳᠠᠯ ᠢ ᠵᠠᠳᠠᠯᠤᠨ᠂ ᠴᠢᠬᠤᠯᠠ ᠲᠦᠷᠦᠯ ᠵᠦᠢᠯ᠂ ᠭᠤᠤᠯᠳᠠᠯᠭᠠᠲᠤ ᠠᠵᠢᠯ ᠢ ᠳᠠᠬᠢᠨᠲᠠ ᠪᠠᠶᠢᠷᠢᠯᠠᠭᠤᠯᠤᠨ ᠠᠬᠢᠭᠤᠯᠪᠠ᠃ | ᠶᠠᠩ ᠶᠢᠩ ᠰᠢᠨ ᠠᠴᠠ ᠨᠢᠬᠡᠳᠦᠬᠡᠷ ᠣᠯᠠᠷᠢᠯ ᠪᠤᠯ ᠪᠦᠬᠦ ᠵᠢᠯ ᠤᠨ ᠠᠵᠤ ᠠᠬᠤᠢ ᠶᠢᠨ ᠵᠦᠭᠯᠡᠬᠦᠷ ᠪᠤᠯᠬᠤᠷ ᠪᠤᠲᠠᠲᠠᠢ ᠶᠢ ᠡᠷᠬᠢᠮᠯᠡᠬᠦ ᠣᠪᠣᠷ ᠢᠶᠠᠨ ᠪᠠᠷᠢᠮᠲᠠᠯᠠᠵᠤ᠂ | ᠬᠦᠭᠵᠢᠯᠲᠡ ᠶᠢᠨ ᠢᠳᠡᠬᠡᠯ ᠵᠤᠷᠢᠭ ᠢᠶᠠᠨ ᠬᠦᠪᠴᠢᠯᠡᠨ᠂ ᠬᠦᠴᠢᠷᠳᠡᠯ ᠭᠤᠤᠯᠳᠠᠯᠭ᠎ᠠ ᠶᠢ ᠰᠢᠪᠲᠤᠯᠵᠤ᠂ ᠪᠦᠬᠦ ᠵᠢᠯ ᠤᠨ ᠬᠠᠷᠠᠯᠲᠠ ᠡᠬᠦᠷᠭᠡ ᠶᠢ ᠪᠡᠶᠡᠯᠡᠬᠦᠯᠬᠦ ᠳᠤ | ᠪᠠᠲᠤ ᠰᠠᠭᠤᠷᠢ ᠲᠠᠯᠪᠢᠬᠤ ᠬᠡᠷᠡᠭᠲᠡᠢ᠃ ᠳᠠᠯᠳᠠ ᠬᠦᠴᠦᠨ ᠢᠶᠠᠨ ᠬᠦᠢᠴᠡᠳ ᠠᠭᠤᠲᠠᠯᠠᠨ᠂ ᠣᠷᠣᠭᠰᠢᠲᠠᠢ ᠡᠬᠢᠯᠡᠯᠲᠡ ᠶᠢ ᠪᠡᠶᠡᠯᠡᠬᠦᠯᠬᠦ ᠪᠠᠷ ᠴᠢᠷᠮᠠᠶᠢᠨ ᠠᠬᠢᠭᠤᠯᠬᠤ | ᠬᠡᠷᠡᠭᠲᠡᠢ᠃ ᠵᠠᠯᠭᠠᠵᠤ ᠪᠠᠶᠢᠭᠤᠯᠬᠤ ᠲᠦᠷᠦᠯ ᠵᠦᠢᠯ ᠢ ᠰᠡᠷᠬᠦᠬᠡᠬᠦ᠂ ᠲᠦᠷᠦᠯ ᠵᠦᠢᠯ ᠤᠨ ᠭᠠᠷᠳᠠᠮ ᠢ ᠬᠦᠢᠴᠡᠳᠬᠡᠬᠦ᠂ ᠪᠠᠶᠢᠭᠤᠯᠤᠭᠰᠠᠨ ᠲᠦᠷᠦᠯ ᠵᠦᠢᠯ ᠢ | ᠠᠰᠢᠭᠯᠠᠯᠲᠠ ᠳᠤ ᠣᠷᠣᠭᠤᠯᠬᠤ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠬᠢᠴᠠ ᠶᠢ ᠬᠤᠭᠤᠴᠠᠭᠠᠯᠠᠵᠤ ᠲᠤᠭᠲᠠᠭᠠᠨ᠂ ᠬᠠᠷᠠᠯᠲᠠ ᠡᠬᠦᠷᠭᠡ ᠶᠢ ᠴᠢᠨᠠᠷᠯᠢᠭ | ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠨᠠᠷᠢᠯᠢᠭ ᠤᠨᠤᠪᠴᠢᠲᠠᠢ ᠪᠠᠷ ᠬᠦᠴᠦᠯᠡᠵᠦ᠂ ᠬᠤᠳᠠᠯᠳᠣᠭᠠᠴᠢᠨ ᠣᠷᠢᠵᠦ ᠪᠡᠯᠡ ᠲᠠᠲᠠᠬᠤ ᠴᠢᠨᠠᠷ ᠪᠦᠲᠦᠮᠵᠢ ᠶᠢ | ᠳᠡᠭᠡᠭᠰᠢᠯᠡᠬᠦᠯᠬᠦ ᠬᠡᠷᠡᠭᠲᠡᠢ᠃ ᠲᠦᠷᠦᠯ ᠵᠦᠢᠯ ᠤᠨ ᠰᠦᠪᠡᠭᠴᠢ ᠳᠤ ᠠᠩᠬᠠᠷᠤᠯ ᠢᠶᠠᠨ ᠲᠦᠪᠯᠡᠷᠡᠬᠦᠯᠦᠨ᠂ ᠶᠡᠭᠡ ᠪᠠᠭ᠎ᠠ ᠶᠢ ᠢᠯᠭᠠᠯ ᠦᠬᠡᠢ ᠪᠦᠬᠦᠨ ᠢ ᠠᠳᠬᠤᠵᠤ᠂ | ᠲᠤᠮᠣ ᠲᠦᠷᠦᠯ ᠵᠦᠢᠯ ᠢᠶᠠᠷ ᠳᠠᠶᠢᠴᠢᠯᠠᠨ᠂ ᠪᠠᠭ᠎ᠠ ᠲᠦᠷᠦᠯ ᠵᠦᠢᠯ ᠰᠦᠷᠦᠭᠵᠢᠬᠦ ᠬᠦᠭᠵᠢᠯᠲᠡ ᠶᠢᠨ ᠪᠠᠶᠢᠳᠠᠯ ᠢ ᠦᠨᠡᠨ ᠬᠦ ᠪᠦᠷᠢᠯᠳᠦᠬᠦᠯᠬᠦ ᠬᠡᠷᠡᠭᠲᠡᠢ︔ | ᠬᠤᠳᠠᠯᠳᠣᠭᠠᠴᠢᠨ ᠣᠷᠢᠵᠦ ᠪᠡᠯᠡ ᠲᠠᠲᠠᠬᠤ ᠲᠦᠰᠦᠯ ᠢ ᠲᠡᠬᠦᠯᠳᠡᠷᠵᠢᠬᠦᠯᠵᠦ᠂ ᠠᠵᠣ ᠦᠢᠯᠡᠰ ᠤᠨ ᠰᠠᠭᠤᠷᠢ ᠮᠦᠩᠭᠦ ᠪᠠᠷ ᠬᠤᠳᠠᠯᠳᠣᠭᠠᠴᠢᠨ ᠣᠷᠢᠬᠤ ᠵᠠᠭᠪᠤᠷ ᠢ | ᠰᠠᠶᠢᠲᠤᠷ ᠬᠡᠷᠡᠭᠯᠡᠨ᠂ ᠬᠤᠳᠠᠯᠳᠣᠭᠠᠴᠢᠨ ᠢ ᠣᠷᠢᠵᠦ ᠠᠪᠴᠢᠷᠠᠬᠤ ᠪᠠᠷ ᠦᠳᠲᠡᠷ ᠬᠦᠳᠡᠯᠦᠯᠴᠡᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠲᠤᠬᠢᠷᠠᠭᠤᠯᠵᠤ᠂ ᠠᠷᠭ᠎ᠠ | ᠠᠪᠴᠠᠯ ᠤᠨ ᠪᠤᠲᠠᠲᠠᠶᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠵᠠᠳᠠᠯᠣᠯᠲᠠ ᠮᠠᠭᠠᠳᠯᠠᠯᠲᠠ ᠪᠠᠨ ᠨᠠᠷᠢᠯᠢᠭᠵᠢᠭᠤᠯᠤᠨ᠂ ᠪᠤᠲᠠᠲᠠᠢ ᠠᠰᠠᠭᠤᠳᠠᠯ ᠢ ᠴᠢᠭᠯᠡᠯᠲᠦ | ᠴᠢᠨᠠᠷᠲᠠᠢ ᠪᠠᠷ ᠰᠢᠢᠳᠪᠦᠷᠢᠯᠡᠵᠦ᠂ ᠠᠵᠢᠯ ᠲᠦᠷᠦᠯ ᠤᠨ ᠦᠢᠯᠡᠴᠢᠯᠡᠬᠡᠨ ᠤ ᠲᠤᠬᠢᠷᠠᠭᠤᠯᠤᠯᠲᠠ ᠶᠢ ᠪᠤᠲᠠᠲᠠᠢ ᠠᠳᠬᠤᠨ᠂ ᠠᠵᠤ ᠦᠢᠯᠡᠳᠪᠦᠷᠢ ᠶᠢᠨ ᠦᠢᠯᠡᠳᠪᠦᠷᠢᠯᠡᠯ | ᠢ ᠪᠠᠲᠤ ᠡᠵᠡᠮᠳᠡᠵᠦ᠂ ᠬᠡᠷᠡᠭᠯᠡᠭᠡ ᠶᠢ ᠦᠷᠬᠦᠯᠵᠢᠬᠦᠶᠢᠴᠡ ᠠᠬᠢᠭᠤᠯᠤᠨ᠂ ᠬᠦᠭᠵᠢᠯᠲᠡ ᠶᠢᠨ ᠵᠢᠱᠢᠭᠰᠡᠨ ᠬᠠᠷᠠᠯᠲᠠ ᠶᠢ ᠦᠨᠡᠨ ᠬᠦ ᠲᠤᠭᠲᠠᠪᠤᠷᠢᠵᠢᠭᠤᠯᠬᠤ ᠬᠡᠷᠡᠭᠲᠡᠢ | ᠬᠡᠪᠡ᠃ | ᠶᠠᠩ ᠶᠢᠩ ᠰᠢᠨ ᠠᠴᠠ ᠠᠵᠢᠯ ᠤᠨ ᠬᠢᠨᠠᠨ ᠵᠢᠯᠤᠭᠤᠳᠣᠯᠭ᠎ᠠ ᠪᠠᠨ ᠴᠢᠩᠭᠠᠳᠬᠠᠵᠤ᠂ ᠠᠵᠢᠯᠯᠠᠨ ᠬᠦᠢᠴᠡᠳᠬᠡᠬᠦ ᠪᠠᠨ ᠴᠢᠩᠭᠠᠳᠬᠠᠵᠤ ᠰᠠᠶᠢᠲᠤᠷ ᠬᠠᠷᠢᠭᠤᠴᠠᠨ᠂ | ᠠᠵᠢᠯ ᠤᠨ ᠲᠤᠰᠬᠠᠢ ᠪᠠᠭ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠵᠢᠯ ᠤᠨ ᠡᠬᠢᠨ ᠤ ᠪᠠᠭᠤᠯᠭᠠᠭᠰᠠᠨ ᠡᠯ᠎ᠡ ᠲᠦᠷᠦᠯ ᠤᠨ ᠬᠠᠷᠠᠯᠲᠠ ᠡᠬᠦᠷᠭᠡ ᠶᠢ | ᠬᠤᠭᠤᠴᠠᠭ᠎ᠠ ᠶᠤᠰᠣᠭᠠᠷ ᠠᠬᠢᠭᠤᠯᠤᠨ ᠪᠤᠲᠠᠲᠠᠶᠢᠵᠢᠭᠤᠯᠬᠤ ᠶᠢ ᠪᠠᠲᠤᠯᠠᠨ᠂ ︽ᠭᠠᠷᠮᠠᠭᠠᠶᠢᠯᠠᠨ ᠳᠠᠪᠰᠢᠬᠤ ᠣᠲᠤᠭ ᠤᠨ ᠡᠮᠦᠨᠡᠲᠦ ᠬᠤᠰᠢᠭᠤᠨ ᠤ ᠲᠦᠷᠪᠡᠨ ᠣᠷᠣᠨ | ᠤ ᠪᠠᠶᠢᠭᠤᠯᠤᠯᠲᠠ︾ ᠶᠢᠨ ᠳᠡᠰ ᠳᠡᠪᠰᠢᠯᠲᠡ ᠶᠢᠨ ᠵᠢᠯ ᠤᠨ ᠣᠬᠢ ᠡᠬᠢᠯᠡᠯᠲᠡ ᠶᠢ ᠠᠬᠢᠭᠤᠯᠬᠤ ᠬᠡᠷᠡᠭᠲᠡᠢ ᠬᠡᠪᠡ᠃ | ᠬᠤᠷᠠᠯ ᠳᠡᠭᠡᠷ᠎ᠡ᠂ ᠵᠠᠰᠠᠭ ᠤᠨ ᠣᠷᠳᠣᠨ ᠪᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠯ᠎ᠡ ᠬᠤᠪᠢᠳᠠᠨ ᠬᠠᠮᠢᠶᠠᠷᠬᠤ ᠣᠳᠣᠷᠢᠳᠣᠯᠭ᠎ᠠ ᠠᠴᠠ ᠦᠪᠡᠷ | ᠤᠨ ᠬᠤᠪᠢᠳᠠᠨ ᠬᠠᠮᠢᠶᠠᠷᠬᠤ ᠬᠦᠷᠢᠶ᠎ᠡ ᠴᠠᠷᠠᠭᠠᠨ ᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ ᠨᠢᠬᠡᠴᠡ ᠠᠴᠠ ᠪᠠᠶᠢᠳᠠᠯ ᠢᠶᠠᠨ ᠨᠡᠶᠢᠲᠡᠯᠡᠪᠡ᠃ | ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠰᠢᠦᠸᠡᠢ ᠵᠤᠤ ᠰᠢᠩ᠂ ᠶᠢᠦ ᠵᠢᠶᠡᠨ ᠴᠢᠩ᠂ ᠳ᠋ᠣᠸᠡᠨ ᡁᠢ ᠴᠢᠶᠠᠩ᠂ ᠹᠧᠩ ᠴᠦᠨ ᠬᠤᠸᠠ᠂ ᠵᠠᠩ ᡁᠢ | ᠶᠦᠩ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠷᠦᠢ ᠣᠷᠣᠯᠴᠠᠪᠠ᠃ |