ᠶᠠᠩ ᠶᠢᠩ ᠰᠢᠨ ᠪᠦᠯᠬᠦᠮ ᠳᠠᠭᠠᠭᠤᠯᠤᠨ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠢᠩᠬᠢᠮ ᠳᠤᠪᠴᠢᠶ᠎ᠡ᠂ ᠠᠵᠤ ᠠᠬᠤᠶᠢᠯᠠᠯ ᠳᠤ ᠬᠦᠷᠴᠤ ᠠᠵᠢᠯ  ᠤᠨ ᠳᠤᠬᠠᠢ ᠬᠠᠷᠢᠯᠴᠠᠪᠠ
ᠨᠡᠶᠢᠲᠡᠯᠡᠭᠰᠡᠨ ᠴᠠᠭ᠄
2025/2/26
     2 ᠰᠠᠷ᠎ᠠ ᠶᠢᠨ 24 ᠤ ᠡᠳᠤᠷ ᠠᠴᠠ 25 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠪᠦᠯᠬᠦᠮ ᠳᠠᠭᠠᠭᠤᠯᠤᠨ ᠤᠷᠢᠤᠨ ᠬᠤᠵᠢᠤᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ᠂ ᠪᠡᠶ᠎ᠡ ᠶᠢᠨ ᠳᠠᠮᠢᠷ ᠤᠨ ᠳᠤᠪᠴᠢᠶ᠎ᠠ ᠪᠠ ᠪᠠᠷᠠᠭᠤᠨ ᠬᠡᠰᠡᠭ ᠤᠨ ᠳᠡᠮᠤᠷ ᠵᠠᠮ  ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠬᠦᠷᠴᠤ ᠬᠠᠮᠢᠶ᠎ᠠ ᠪᠦᠬᠦᠢ ᠤᠴᠢᠷ ᠶᠠᠪᠤᠳᠠᠯ ᠤᠨ ᠳᠤᠬᠠᠢ ᠬᠠᠷᠢᠯᠴᠠᠨ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠢᠩᠬᠢᠮ ᠳᠤᠪᠴᠢᠶ᠎ᠠ ᠪᠠ ᠠᠵᠤ ᠠᠬᠤᠶᠢᠯᠠᠯ ᠤᠨ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠳᠠᠬᠢ ᠤᠷᠳᠤ ᠬᠤᠭᠤᠴᠠᠭᠠᠨ ᠤ ᠬᠠᠯᠠᠮᠵᠢᠯᠠᠯ ᠳᠡᠮᠵᠢᠯᠬᠡ ᠳᠤ ᠳᠠᠯᠠᠷᠬᠠᠵᠤ ᠪᠠᠶᠢᠭ᠎ᠠ ᠪᠠᠨ ᠢᠯᠡᠤᠨᠬᠡᠬᠦ ᠶᠢᠨ ᠬᠠᠮᠳᠤ ᠡᠯ᠎ᠡ ᠳᠠᠯ᠎ᠠ ᠶᠢᠨ ᠳᠤᠬᠠᠶᠢᠯᠠᠭᠰᠡᠨ ᠠᠵᠢᠯ ᠤᠨ ᠵᠢᠯᠤᠭᠤᠳᠤᠯᠭ᠎ᠠ ᠪᠠ ᠠᠵᠢᠯ ᠤᠨ ᠳᠡᠮᠵᠢᠯᠬᠡ ᠶᠢ ᠢᠳᠡᠪᠬᠢᠳᠠᠢ ᠴᠢᠷᠮᠠᠶᠢᠨ ᠤᠯᠤᠭᠰᠠᠨ ᠪᠠᠶᠢᠨ᠎ᠠ᠃     ᠶᠠᠩ ᠶᠢᠩ ᠰᠢᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠳᠤ ᠪᠦᠬᠦ ᠬᠤᠰᠢᠭᠤᠨ ᠤ ᠦᠨᠡᠨᠴᠢ ᠢᠳᠡᠬᠡᠮᠵᠢᠳᠤ ᠢᠨᠵᠧᠨᠧᠷᠢᠩ ᠤᠨ ᠪᠠᠶᠢᠭᠤᠯᠤᠯᠳᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠪᠠ᠃ ᠳᠠᠷᠠ᠂ ᠤᠶᠢᠷ᠎ᠠ ᠶᠢᠨ ᠵᠢᠯ ᠳᠤ ᠤᠳᠤᠭ ᠤᠨ ᠡᠮᠤᠨᠡᠳᠤ ᠬᠤᠰᠢᠭᠤ ᠵᠠᠰᠠᠭ ᠤᠨ ᠶᠠᠪᠤᠳᠠᠯ  ᠤᠨ ᠦᠨᠡᠨᠴᠢ ᠢᠳᠡᠬᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠳᠡᠬᠡᠮᠵᠢ᠂ ᠬᠠᠤᠯᠢ ᠴᠠᠭᠠᠵᠠ ᠶᠢᠨ ᠨᠠᠶᠢᠳᠠ ᠶᠢᠨ ᠢᠳᠡᠬᠡᠮᠵᠢ ᠶᠢᠨ ᠪᠠᠶᠢᠭᠤᠯᠤᠯᠳᠠ ᠶᠢᠨ ᠡᠯ᠎ᠡ ᠲᠦᠷᠤᠯ ᠤᠨ ᠡᠬᠦᠷᠬᠡ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠪᠠᠳᠤᠳᠠᠢ ᠠᠬᠢᠭᠤᠯᠵᠤ᠂ ᠴᠢᠨᠠᠷᠯᠢᠭ ᠬᠦᠭᠵᠢᠯᠳᠠ ᠲᠠᠢ ᠵᠤᠬᠢᠴᠠᠭᠰᠡᠨ ᠨᠠᠶᠢᠬᠡᠮ ᠤᠨ ᠢᠳᠡᠬᠡᠮᠵᠢ ᠶᠢᠨ ᠰᠢᠰᠲ᠋ᠧᠮ ᠢ ᠪᠦᠬᠦ ᠳᠠᠯ᠎ᠠ ᠪᠠᠷ ᠪᠦᠷᠢᠯᠳᠤᠬᠦᠯᠤᠨ᠂ ︽ᠦᠨᠡᠨᠴᠢ ᠢᠳᠡᠬᠡᠮᠵᠢᠳᠤ ᠤᠳᠤᠭ ᠤᠨ ᠡᠮᠤᠨᠡᠳᠤ ᠬᠤᠰᠢᠭᠤᠨ ᠤ︾ ᠨᠡᠷᠡᠳᠤ ᠳᠡᠮᠳᠡᠭ ᠢ ᠴᠤᠭᠴᠠᠯᠠᠵᠤ᠂ ᠪᠦᠬᠦ ᠨᠡᠶᠢᠬᠡᠮ ᠢ ᠵᠢᠯᠤᠭᠤᠳᠤᠨ ᠢᠳᠡᠬᠡᠯ ᠵᠢᠷᠤᠮ ᠢ ᠰᠠᠬᠢᠨ ᠤᠶᠢᠯᠡᠳᠤᠯᠬᠡᠵᠢᠬᠦᠯᠪᠡ᠃ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠬᠢᠨ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ᠂ ᠵᠠᠰᠠᠭ ᠵᠠᠬᠢᠷᠭᠠᠨ ᠤ ᠬᠡᠷᠡᠭ ᠤᠨ ᠰᠢᠢᠤᠨᠪᠤᠷᠢᠯᠡᠯᠳᠠ ᠵᠡᠷᠬᠡ ᠳᠠᠯ᠎ᠠ ᠪᠠᠷ ᠨᠠᠩ ᠠᠷᠪᠢᠨ ᠳᠡᠮᠵᠢᠯᠬᠡ ᠪᠠ ᠳᠤᠬᠠᠶᠢᠯᠠᠭᠰᠡᠨ ᠠᠵᠢᠯ ᠤᠨ ᠵᠢᠯᠤᠭᠤᠳᠤᠯᠭ᠎ᠠ ᠬᠠᠩᠭᠠᠨ᠂ ᠤᠳᠤᠭ ᠤᠨ ᠡᠮᠤᠨᠡᠳᠤ ᠬᠤᠰᠢᠭᠤᠨ ᠤ ᠦᠨᠡᠨᠴᠢ ᠢᠳᠡᠬᠡᠮᠵᠢᠳᠤ ᠪᠠᠶᠢᠭᠤᠯᠤᠯᠳᠠ  ᠶᠢ ᠳᠠᠬᠢᠨ ᠰᠢᠨ᠎ᠡ ᠳᠡᠭᠳᠡᠷ ᠲᠤ ᠭᠠᠷᠭᠠᠬᠤ ᠳᠤ ᠬᠦᠴᠤᠨ ᠨᠡᠮᠡᠷᠢᠯᠡᠬᠦ ᠶᠢ ᠬᠦᠰᠡᠵᠤ ᠪᠠᠶᠢᠨ᠎ᠠ ᠬᠡᠪᠡ᠃     ᠶᠠᠩ ᠶᠢᠩ ᠰᠢᠨ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠳᠤ ᠤᠷᠳᠤᠰ ᠤᠨ ︽ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ︾  ᠶᠢᠨ ᠰᠢᠷᠢᠰ ᠠᠵᠢᠯᠯᠠᠭᠠᠨ ᠤ ᠪᠡᠯᠡᠤᠨᠬᠡᠯ ᠪᠠᠶᠢᠳᠠᠯ ᠢᠶᠠᠨ ᠬᠠᠷᠢᠭᠤ ᠮᠡᠳᠡᠬᠦᠯᠵᠤ᠂ ᠤᠳᠤᠭ ᠤᠨ ᠡᠮᠤᠨᠡᠳᠤ ᠬᠤᠰᠢᠭᠤ ᠦᠪᠡᠷᠳᠡᠬᠡᠨ ᠵᠠᠰᠠᠬᠤ ᠤᠷᠤᠨ ᠤ ᠬᠤᠶᠠᠷ ᠬᠤᠷᠠᠯ  ᠤᠨ ᠵᠤᠷᠢᠭ ᠰᠠᠨᠠᠭ᠎ᠠ ᠶᠢ ᠬᠢᠨᠠᠮᠠᠭᠠᠢ ᠳᠤᠤᠱᠯᠠᠭᠤᠯᠤᠨ᠂ ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ ᠶᠢᠨ ᠰᠢᠨᠵᠢ ᠴᠢᠨᠠᠷ ᠢ ᠪᠠᠷᠢᠮᠳᠠᠯᠠᠵᠤ᠂ ᠠᠯᠠᠭᠠᠳᠠᠬᠤ ᠪᠦᠮᠪᠦᠭᠡ  ᠶᠢᠨ ᠤᠯᠠᠨ ᠲᠦᠮᠡᠨᠴᠢ ᠴᠢᠨᠠᠷ ᠪᠠ ᠴᠡᠪᠡᠷ ᠴᠢᠨᠠᠷ ᠢ ᠬᠠᠮᠠᠭᠠᠯᠠᠨ᠂ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠬᠦᠮᠤᠵᠢᠬᠦᠯᠤᠨ ᠰᠠᠭᠤᠷᠢ ᠲᠦᠬᠦᠬᠡᠷᠤᠮᠵᠢ ᠪᠠᠨ ᠳᠡᠬᠦᠯᠳᠡᠷᠵᠢᠬᠦᠯᠵᠤ᠂ ᠤᠷᠳᠤᠰ ᠤᠨ ︽ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ︾ ᠶᠢᠨ ᠨᠡᠷᠡᠳᠤ ᠳᠡᠮᠳᠡᠭ ᠢ ᠤᠯᠠᠮ ᠰᠠᠶᠢᠨ ᠬᠢᠨ᠎ᠠ ᠬᠡᠵᠤ ᠢᠯᠡᠷᠬᠡᠶᠢᠯᠡᠪᠡ᠃ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠶᠢᠨ ᠬᠢᠨ ᠬᠦᠳᠡᠯᠬᠡᠬᠡᠨ ᠤ ᠳᠠᠯᠠᠪᠤᠷ ᠤᠨ ᠪᠠᠶᠢᠭᠤᠯᠤᠯᠳᠠ᠂ ᠤᠷᠤᠯᠳᠤᠭᠠᠨ ᠤ ᠲᠦᠯᠤᠪᠯᠡᠭᠡ ᠡᠵᠡᠩᠨᠡᠯᠳᠠ᠂ IP ᠪᠠᠶᠢᠭᠤᠯᠤᠯᠳᠠ ᠤᠬᠠᠭᠤᠯᠭ᠎ᠠ ᠵᠡᠷᠬᠡ ᠳᠠᠯ᠎ᠠ ᠪᠠᠷ ᠬᠠᠪᠰᠤᠷᠤᠯᠭ᠎ᠠ ᠪᠠ ᠳᠡᠮᠵᠢᠯᠬᠡ ᠦᠵᠡᠬᠦᠯᠵᠤ᠂ ᠳᠠᠯ᠎ᠠ ᠨᠤᠳᠤᠭ ᠤᠨ ᠠᠯᠠᠭᠠᠳᠠᠬᠤ ᠪᠦᠮᠪᠦᠭᠡ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠶᠢ ᠬᠦᠰᠡᠵᠤ ᠪᠠᠶᠢᠨ᠎ᠠ ᠬᠡᠪᠡ᠃     ᠶᠠᠩ ᠶᠢᠩ ᠰᠢᠨ ᠪᠠᠷᠠᠭᠤᠨ ᠬᠡᠰᠡᠭ ᠤᠨ ᠳᠡᠮᠤᠷ ᠵᠠᠮ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠬᠡᠷᠡᠭ ᠮᠡᠳᠡᠭᠴᠢᠤᠨ ᠤᠨ ᠳᠠᠷᠤᠭ᠎ᠠ ᠵᠠᠩ ᠳ᠋ᠧ ᠯᠢᠶᠠᠩ  ᠲᠠᠢ ᠭᠤᠤᠯᠳᠠᠯᠭᠠᠳᠤ ᠳᠡᠮᠤᠷ ᠵᠠᠮ ᠤᠨ ᠲᠦᠷᠤᠯ ᠵᠦᠢᠯ ᠤᠨ ᠪᠠᠶᠢᠭᠤᠯᠤᠯᠳᠠ ᠶᠢ ᠲᠦᠷᠬᠡᠤᠨᠬᠡᠬᠦ ᠳᠤᠬᠠᠢ ᠰᠠᠭᠤᠳᠠᠯ ᠤᠨ ᠬᠤᠷᠠᠯ ᠬᠢᠪᠡ᠃ ᠶᠠᠩ ᠶᠢᠩ ᠰᠢᠨ᠂ ᠤᠳᠤᠭ ᠤᠨ ᠡᠮᠤᠨᠡᠳᠤ ᠬᠤᠰᠢᠭᠤ ᠶᠠᠭ ᠭᠤᠤᠯᠳᠠᠯᠭᠠᠳᠤ ᠵᠠᠮ ᠬᠠᠷᠢᠯᠴᠠᠭᠠᠨ ᠤ ᠲᠦᠷᠤᠯ ᠵᠦᠢᠯ ᠤᠨ ᠪᠠᠶᠢᠭᠤᠯᠤᠯᠳᠠ ᠶᠢ ᠴᠢᠩᠭ᠎ᠠ ᠠᠤᠨᠬᠤᠨ᠂ ᠰᠠᠭᠤᠷᠢ ᠲᠦᠬᠦᠬᠡᠷᠤᠮᠵᠢ ᠶᠢᠨ ᠳᠤᠳᠠᠭᠤᠳᠠᠯ ᠢᠶᠠᠨ ᠲᠦᠷᠬᠡᠤᠨᠬᠡᠨ ᠨᠦᠬᠦᠪᠤᠷᠢᠯᠡᠵᠤ ᠪᠠᠶᠢᠭ᠎ᠠ ᠪᠤᠯᠬᠤᠷ ᠬᠤᠶᠠᠷ ᠳᠠᠯ᠎ᠠ ᠪᠠᠷ ᠢᠶᠠᠨ ᠬᠠᠷᠢᠯᠴᠠᠭ᠎ᠠ ᠪᠠᠨ ᠴᠢᠩᠭᠠᠤᠨᠬᠠᠨ ᠬᠠᠮᠳᠤᠷᠠᠯᠴᠠᠭ᠎ᠠ ᠪᠠᠨ ᠪᠤᠳᠠᠳᠠᠶᠢᠵᠢᠭᠤᠯᠵᠤ᠂ ᠭᠤᠤᠯᠳᠠᠯᠭᠠᠳᠤ ᠳᠡᠮᠤᠷ ᠵᠠᠮ ᠤᠨ ᠲᠦᠷᠤᠯ ᠵᠦᠢᠯ ᠢ ᠡᠷᠳᠡᠬᠡᠨ ᠪᠠᠶᠢᠭᠤᠯᠤᠨ ᠬᠡᠷᠡᠭᠯᠡᠯᠳᠠ ᠳᠤ ᠤᠷᠤᠭᠤᠯᠬᠤ ᠶᠢ ᠬᠦᠰᠡᠵᠤ ᠪᠠᠶᠢᠨ᠎ᠠ ᠬᠡᠪᠡ᠃     ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠢᠩᠬᠢᠮ ᠳᠤᠪᠴᠢᠶ᠎ᠠ ᠶᠢᠨ ᠤᠳᠤᠷᠢᠳᠤᠯᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠳᠠᠤᠨ ᠠᠴᠠ ᠳᠤᠷᠠᠳᠤᠭᠰᠡᠨ ᠠᠰᠠᠭᠤᠳᠠᠯ ᠳᠤ ᠢᠳᠡᠪᠬᠢᠳᠠᠢ ᠬᠠᠷᠢᠭᠤ ᠦᠭᠬᠦ ᠶᠢᠨ ᠬᠠᠮᠳᠤ᠂ ᠬᠦᠢᠴᠡᠤᠨ ᠵᠤᠬᠢᠴᠠᠭᠤᠯᠤᠨ ᠰᠢᠢᠤᠨᠪᠤᠷᠢᠯᠡᠵᠤ᠂ ᠳᠤᠬᠠᠶᠢᠯᠠᠭᠰᠡᠨ ᠠᠵᠢᠯ ᠤᠨ ᠵᠢᠯᠤᠭᠤᠳᠤᠯᠭ᠎ᠠ ᠪᠠ ᠠᠵᠢᠯ ᠤᠨ ᠳᠡᠮᠵᠢᠯᠬᠡ ᠪᠠᠨ ᠴᠢᠩᠭᠠᠤᠨᠬᠠᠨ᠂ ᠤᠳᠤᠭ ᠤᠨ ᠡᠮᠤᠨᠡᠳᠤ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠠ ᠳᠤ ᠬᠦᠴᠤᠨ ᠨᠡᠮᠡᠷᠢᠯᠡᠨ᠎ᠡ ᠬᠡᠵᠤ ᠢᠯᠡᠷᠬᠡᠶᠢᠯᠡᠭᠰᠡᠨ ᠪᠠᠶᠢᠨ᠎ᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ