ᠪᠢᠳᠡᠬᠦᠨ ᠤ ᠶᠤᠰᠤ | | | | | | ᠪᠢᠳᠡᠬᠦᠨ ᠤ ᠡᠳᠤᠷ ᠪᠤᠯ ᠪᠢᠯᠢᠭ ᠤᠨ ᠤᠯᠠᠷᠢᠯ ᠢᠶᠠᠷ ᠵᠢᠯ ᠤᠨ ᠬᠠᠮᠤᠭ ᠰᠡᠬᠦᠯᠴᠢ ᠶᠢᠨ ᠡᠳᠤᠷ ᠪᠤᠯᠬᠤᠷ ᠬᠦᠮᠤᠰ ᠬᠠᠭᠤᠴᠢᠨ ᠵᠢᠯ ᠢᠶᠠᠨ ᠦᠳᠡᠨ | ᠮᠤᠷᠳᠠᠭᠤᠯᠬᠤ ᠰᠢᠨ᠎ᠠ ᠵᠢᠯ ᠢᠶᠠᠨ ᠤᠭᠳᠤᠬᠤ ᠶᠤᠰᠤᠯᠠᠯ ᠤᠨ ᠠᠵᠢᠯᠯᠠᠭ᠎ᠠ ᠦᠷᠨᠢᠬᠦᠯᠳᠡᠭ᠃ | ᠪᠢᠳᠡᠬᠦᠨ ᠤ ᠡᠳᠤᠷ ᠮᠠᠰᠢ ᠤᠯᠠᠨ ᠰᠤᠶᠤᠯ ᠵᠠᠩ ᠤᠶᠢᠯᠡ ᠠᠭᠤᠯᠤᠭᠳᠠᠵᠤ ᠪᠠᠶᠢᠳᠠᠭ᠃ ᠡᠨᠡ ᠡᠳᠤᠷ ᠬᠦᠮᠤᠰ ᠬᠡᠷ ᠬᠤᠷᠤᠭ᠎ᠠ ᠪᠠᠨ ᠴᠡᠪᠡᠷᠯᠡᠨ ᠠᠷᠢᠭᠤᠤᠨᠬᠠᠬᠤ᠂ | ᠬᠤᠤᠰ ᠤᠶᠠᠩᠭ᠎ᠠ ᠨᠠᠭᠠᠬᠤ᠂ ᠭᠤᠶᠤᠯᠠᠯ ᠤᠨ ᠬᠤᠪᠴᠠᠰᠤ ᠬᠤᠨᠠᠷ ᠢᠶᠠᠨ ᠡᠮᠤᠰᠬᠦ᠂ ᠳ᠋ᠧᠩ ᠵᠤᠯᠠ ᠠᠰᠠᠭᠠᠬᠤ᠂ ᠰᠠᠩ ᠳᠠᠯᠪᠢᠵᠤ ᠰᠠᠴᠤᠯᠢ ᠡᠷᠬᠦᠬᠦ᠂ ᠳᠡᠬᠡᠳᠤᠰ | ᠲᠡᠭᠡᠨ ᠳᠠᠭᠠᠤᠨᠬᠠᠬᠤ᠂ ᠪᠠᠩᠰᠢ ᠪᠤᠤᠪᠤ ᠵᠡᠷᠬᠡ ᠠᠮᠳᠠᠳᠤ ᠬᠤᠭᠤᠯᠠ ᠪᠠᠵᠠᠭᠠᠵᠤ ᠪᠦᠬᠦ ᠬᠡᠷ ᠢᠶᠠᠷ ᠢᠶᠠᠨ ᠪᠢᠳᠡᠬᠦᠨ ᠤ ᠬᠤᠭᠤᠯᠠ ᠢᠳᠡᠬᠦ᠂ ᠬᠤᠸᠠᠷ ᠫᠤᠤᠵᠢᠩ ᠳᠠᠯᠪᠢᠬᠤ | ᠵᠡᠷᠬᠡ ᠬᠡᠯᠪᠡᠷᠢ ᠪᠠᠷ ᠡᠷᠡᠬᠦᠯ ᠡᠩᠬᠡ᠂ ᠪᠠᠶᠠᠷ ᠵᠢᠷᠭᠠᠯ ᠢ ᠢᠪᠡᠬᠡᠭᠰᠡᠨ ᠳᠤ ᠨᠢ ᠪᠠᠶᠠᠷᠯᠠᠨ ᠳᠠᠯᠠᠷᠬᠠᠵᠤ ᠪᠠᠶᠢᠭ᠎ᠠ ᠪᠠᠨ ᠢᠯᠡᠤᠨᠬᠡᠵᠤ᠂ ᠰᠢᠨ᠎ᠠ ᠨᠢᠬᠡᠨ ᠵᠢᠯ ᠳᠡᠭᠡᠨ ᠠᠯᠢᠪᠠ | ᠪᠦᠬᠦᠨ ᠰᠠᠶᠢᠨ ᠰᠠᠶᠢᠬᠠᠨ ᠪᠠᠶᠢᠬᠤ ᠶᠢ ᠵᠦᠩᠨᠡᠨ ᠪᠡᠯᠬᠡᠳᠡᠳᠡᠭ ᠪᠠᠶᠢᠨ᠎ᠠ᠃ | ᠪᠢᠳᠡᠬᠦᠨ ᠤ ᠰᠤᠶᠤᠯ ᠨᠢ ᠳᠤᠮᠳᠠᠳᠤ ᠶᠢᠨ ᠦᠨᠳᠤᠰᠤᠳᠠᠨ ᠤ ᠤᠯᠠᠮᠵᠢᠯᠠᠯᠳᠤ ᠦᠪ ᠰᠤᠶᠤᠯ ᠪᠤᠯᠤᠭᠰᠡᠨ ᠤ ᠬᠤᠪᠢ ᠳᠤ ᠴᠠᠭ ᠦᠶ᠎ᠡ ᠶᠢᠨ ᠬᠦᠭᠵᠢᠯᠳᠠ ᠶᠢ | ᠳᠠᠭᠠᠯᠳᠤᠨ ᠪᠢᠳᠡᠬᠦᠨ ᠤ ᠰᠦᠨᠢ ᠶᠢᠨ ︽ᠴᠠᠭᠠᠨ ᠰᠠᠷ᠎ᠠ ᠶᠢᠨ ᠦᠳᠡᠰᠢᠯᠡᠭᠡ︾ ᠶᠢ ᠰᠤᠨᠢᠷᠬᠠᠬᠤ ᠨᠢ ᠴᠤ ᠨᠢᠬᠡᠨ ᠳᠤᠳᠠᠭᠳᠠᠵᠤ ᠪᠤᠯᠤᠰᠢ ᠦᠬᠡᠢ ᠠᠭᠤᠯᠭ᠎ᠠ ᠪᠤᠯᠵᠤ᠂ | ᠪᠦᠬᠦ ᠬᠡᠷ ᠢᠶᠠᠷ ᠢᠶᠠᠨ ᠠᠮᠳᠠᠳᠤ ᠬᠤᠭᠤᠯᠠ ᠪᠠᠨ ᠢᠳᠡᠵᠤ ᠤᠷᠠᠨ ᠰᠠᠶᠢᠬᠠᠨ ᠤ ᠦᠳᠡᠰᠢᠯᠡᠭᠡ ᠶᠢ ᠰᠤᠨᠢᠷᠬᠠᠵᠤ ᠨᠠᠶᠢᠷᠯᠠᠨ ᠨᠠᠷᠬᠢᠳᠠᠭ ᠪᠠᠶᠢᠨ᠎ᠠ᠃ ᠪᠢᠳᠡᠬᠦᠨ ᠤ ᠨᠠᠶᠢᠷ | ᠤᠯᠠᠨ ᠦᠩᠬᠡ ᠶᠢᠨ ᠬᠤᠸᠠᠷ ᠫᠤᠤᠵᠢᠩ ᠤᠨ ᠦᠵᠡᠬᠦᠯᠬᠡ ᠪᠠᠷ ᠦᠨᠳᠤᠷᠯᠡᠵᠤ ᠰᠢᠨ᠎ᠠ ᠨᠢᠬᠡᠨ ᠵᠢᠯ ᠢᠶᠠᠨ ᠤᠭᠳᠤᠵᠤ ᠠᠪᠳᠠᠭ ᠪᠠᠶᠢᠨ᠎ᠠ᠃ | |