ᠸᠠᠩ ᠢᠦᠢ ᠴᠢᠶᠠᠩ᠂ ᠶᠠᠩ ᠶᠢᠩ ᠰᠢᠨ ᠳᠣᠮᠳᠠᠳᠣ ᠣᠯᠣᠰ ᠤᠨ ᠴᠢᠯᠠᠭᠤᠨ ᠲᠤᠰᠤᠨ ᠤ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠬᠡᠢ  ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠬᠦᠢᠴᠡᠳᠬᠡᠭᠴᠢ ᠬᠡᠷᠡᠭ ᠮᠡᠳᠡᠭᠴᠢ᠂ ᠨᠠᠮ ᠤᠨ ᠬᠤᠷᠢᠶᠠᠨ ᠤ ᠱᠦᠵᠢ ᠹᠧᠩ ᠴᠢᠶᠠᠩ ᠬᠠᠨ ᠲᠠᠢ ᠲᠤᠰ ᠲᠤᠰ ᠠᠭᠤᠯᠵᠠᠪᠠ
ᠨᠡᠶᠢᠲᠡᠯᠡᠭᠰᠡᠨ ᠴᠠᠭ᠄
2025/3/1
     2 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ  ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠳᠣᠮᠳᠠᠳᠣ ᠣᠯᠣᠰ ᠤᠨ ᠴᠢᠯᠠᠭᠤᠨ ᠲᠤᠰᠤᠨ ᠤ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠬᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠬᠦᠢᠴᠡᠳᠬᠡᠭᠴᠢ ᠬᠡᠷᠡᠭ ᠮᠡᠳᠡᠭᠴᠢ᠂ ᠨᠠᠮ ᠤᠨ ᠬᠤᠷᠢᠶᠠᠨ ᠤ ᠱᠦᠵᠢ ᠹᠧᠩ ᠴᠢᠶᠠᠩ ᠬᠠᠨ ᠨᠠᠷ ᠲᠠᠢ ᠲᠤᠰ ᠲᠤᠰ ᠠᠭᠤᠯᠵᠠᠪᠠ᠃     ᠠᠭᠤᠯᠵᠠᠯᠲᠠ ᠶᠢᠨ ᠶᠠᠪᠤᠴᠠ ᠳᠤ᠂ ᠣᠷᠣᠨ ᠨᠣᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠩᠬᠠᠷᠬᠤ ᠠᠰᠠᠭᠤᠳᠠᠯ ᠤᠨ ᠲᠤᠭᠤᠷᠢᠨ ᠳᠤ ᠰᠠᠨᠠᠯ ᠢᠶᠠᠨ ᠰᠣᠯᠢᠯᠴᠠᠵᠤ᠂ ᠣᠲᠤᠭ ᠤᠨ ᠡᠮᠦᠨᠡᠲᠦ ᠬᠤᠰᠢᠭᠤ ᠳᠣᠮᠳᠠᠳᠣ ᠣᠯᠣᠰ ᠤᠨ ᠴᠢᠯᠠᠭᠤᠨ ᠲᠤᠰᠤᠨ ᠤ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ  ᠶᠢᠨ ᠱᠦᠬᠦᠷᠬᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠯᠤᠭ᠎ᠠ ᠣᠷᠲᠣ ᠬᠤᠭᠤᠴᠠᠭᠠᠨ ᠤ ᠲᠤᠷᠰᠢ ᠨᠦᠬᠦᠷᠰᠡᠭ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠷᠢᠮᠲᠠᠯᠠᠨ᠂ ᠬᠤᠶᠠᠷ ᠲᠠᠯ᠎ᠠ ᠪᠠᠷ ᠢᠶᠠᠨ ᠣᠷᠣᠨ ᠣᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠬᠦᠨᠵᠡᠭᠡᠶᠢᠷᠡᠬᠦᠯᠦᠨ᠂ ᠬᠠᠮᠲᠤᠪᠡᠷ ᠠᠰᠢᠭ ᠬᠦᠷᠲᠡᠬᠦ ᠶᠢ ᠪᠡᠶᠡᠯᠡᠬᠦᠯᠵᠦ᠂ ᠬᠠᠷᠢᠯᠴᠠᠭ᠎ᠠ ᠬᠤᠯᠪᠤᠭ᠎ᠠ ᠪᠠᠨ ᠣᠯᠠᠮ ᠴᠢᠩᠭᠠᠳᠬᠠᠨ᠂ ᠠᠮᠢ ᠠᠬᠤᠢ ᠣᠷᠴᠢᠨ ᠬᠠᠮᠠᠭᠠᠯᠠᠯᠲᠠ᠂ ᠠᠶᠤᠯᠬᠦᠢ ᠦᠢᠯᠡᠳᠪᠦᠷᠢᠯᠡᠯ᠂ ᠲᠦᠷᠦᠯ ᠵᠦᠢᠯ ᠤᠨ ᠲᠦᠯᠦᠪᠵᠢᠬᠦᠯᠬᠡ᠂ ᠭᠠᠷᠳᠠᠮ ᠤᠨ ᠬᠦᠢᠴᠡᠳᠬᠡᠯ᠂ ᠬᠦᠴᠦᠨ ᠵᠦᠢᠯ ᠤᠨ ᠪᠠᠲᠤᠯᠠᠭ᠎ᠠ᠂ ᠪᠦᠷᠢᠳᠬᠡᠯ ᠬᠦᠮᠦᠷᠬᠡᠯᠡᠯᠲᠡ ᠵᠡᠷᠭᠡ ᠲᠠᠯ᠎ᠠ ᠪᠠᠷ ᠬᠠᠮᠲᠤᠪᠡᠷ ᠬᠦᠴᠦᠯᠡᠵᠦ᠂ ᠣᠷᠣᠨ ᠨᠣᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠨᠦᠬᠦᠷᠰᠡᠭ ᠬᠠᠮᠲᠤᠷᠠᠯᠴᠠᠭ᠎ᠠ ᠪᠠᠨ ᠰᠠᠶᠢᠲᠤᠷ ᠬᠠᠮᠠᠭᠠᠯᠠᠨ᠂ ᠲᠤᠯᠭᠠᠷᠠᠵᠤ ᠪᠠᠶᠢᠭ᠎ᠠ ᠬᠦᠴᠢᠷᠳᠡᠯ ᠠᠰᠠᠭᠤᠳᠠᠯ  ᠢ ᠰᠠᠶᠢᠲᠤᠷ ᠰᠢᠢᠳᠪᠦᠷᠢᠯᠡᠵᠦ᠂ ᠰᠢᠨ᠎ᠡ ᠨᠢᠬᠡ ᠵᠢᠯ ᠳᠤ ᠰᠠᠶᠢᠨ ᠡᠬᠢᠯᠡᠯᠲᠡ ᠣᠯᠬᠤ ᠶᠢ ᠬᠦᠰᠡᠵᠦ ᠪᠠᠶᠢᠨ᠎ᠠ ᠬᠡᠵᠦ ᠬᠠᠮᠲᠤᠪᠡᠷ ᠢᠯᠡᠷᠬᠡᠶᠢᠯᠡᠪᠡ᠃     ᠬᠤᠰᠢᠭᠤ ᠣᠳᠣᠷᠢᠳᠣᠯᠭ᠎ᠠ ᠴᠢᠦ ᠯᠢᠨ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ