ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠶᠢᠷᠡᠬᠦᠯᠤᠨ ᠦᠢᠯᠡᠳᠤᠯᠬᠡᠵᠢᠬᠦᠯᠵᠤ᠂ ᠮᠠᠨ ᠤ ᠬᠤᠰᠢᠭᠤᠨ ᠤ ᠤᠢ ᠰᠢᠭᠤᠢ | ᠨᠤᠳᠤᠭ ᠪᠡᠯᠴᠢᠬᠡᠷ ᠤᠨ ᠡᠬᠢ ᠪᠠᠶᠠᠯᠢᠭ ᠢ ᠦᠨᠡᠨᠬᠦ ᠬᠠᠮᠠᠭᠠᠯᠠᠨ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠤᠬᠡ᠂ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠳᠤᠭᠳᠠᠭᠠᠯ ᠢ ᠦᠨᠳᠤᠰᠤᠯᠠᠨ ᠡᠳᠤᠬᠡ ᠳᠤᠰ ᠤᠢ ᠶᠢᠨ ᠳᠠᠷᠤᠭᠠᠴᠢ ᠶᠢᠨ ᠵᠠᠷᠯᠢᠭ ᠢ ᠨᠡᠶᠢᠳᠡᠯᠡᠪᠡ᠃ | ᠨᠢᠬᠡ᠂ ᠤᠯᠤᠰ ᠲᠦᠷᠤ ᠶᠢᠨ ᠵᠤᠭᠰᠤᠴᠠ ᠪᠠᠨ ᠳᠡᠬᠡᠭᠰᠢᠯᠡᠬᠦᠯᠬᠦ ᠬᠡᠷᠡᠭᠳᠠᠢ᠃ | ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠤᠨ ᠬᠠᠮᠠᠭᠠᠯᠠᠯᠳᠠ ᠨᠢ ᠠᠮᠢ ᠠᠬᠤᠢ ᠶᠢᠨ ᠠᠮᠤᠷ ᠲᠦᠪᠰᠢᠨ ᠪᠠ ᠠᠵᠤ ᠠᠬᠤᠢ ᠨᠡᠶᠢᠬᠡᠮ ᠤᠨ | ᠦᠷᠬᠦᠯᠵᠢᠬᠦᠶᠢᠴᠠ ᠬᠦᠭᠵᠢᠯᠳᠠ ᠲᠠᠢ ᠬᠤᠯᠪᠤᠭᠳᠠᠵᠤ ᠪᠠᠶᠢᠭ᠎ᠠ ᠪᠤᠯᠬᠤᠷ ᠬᠠᠤᠯᠢ ᠪᠤᠰᠤ ᠪᠠᠷ ᠠᠳᠠᠷ ᠬᠠᠭᠠᠯᠪᠤᠷᠢᠯᠠᠨ ᠤᠷᠭᠤᠮᠠᠯ ᠤᠨ ᠪᠦᠷᠬᠦᠪᠴᠢ ᠶᠢ ᠡᠪᠳᠡᠬᠦ ᠶᠢᠨ | ᠬᠤᠤᠷ ᠬᠦᠨᠤᠬᠡᠯ ᠲᠦᠢᠯ ᠤᠨ ᠶᠡᠭᠡ ᠪᠠᠶᠢᠳᠠᠭ᠃ ᠡᠯ᠎ᠡ ᠱᠠᠳᠤᠨ ᠤ ᠤᠢ ᠶᠢᠨ ᠳᠠᠷᠤᠭᠠᠴᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠷᠬᠡᠪᠰᠢ ᠤᠯᠤᠰ | ᠲᠦᠷᠤ ᠶᠢᠨ ᠵᠤᠭᠰᠤᠴᠠ ᠪᠠᠨ ᠳᠡᠬᠡᠭᠰᠢᠯᠡᠬᠦᠯᠤᠨ᠂ ᠡᠬᠦᠷᠬᠡᠯᠡᠯ ᠬᠠᠷᠢᠭᠤᠴᠠᠯᠭ᠎ᠠ ᠪᠠᠨ ᠴᠢᠩᠭᠠᠤᠨᠬᠠᠵᠤ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ︽ᠠᠷᠪᠠᠨ ᠨᠢᠬᠡ︾ | ᠶᠢᠨ ᠬᠠᠮᠢᠶᠠᠷᠤᠯᠳᠠ ᠡᠵᠡᠮᠳᠡᠯ ᠤᠨ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠠᠵᠢᠯᠯᠠᠭ᠎ᠠ ᠶᠢ ᠡᠷᠡᠰ | ᠴᠠᠭᠠᠵᠠᠯᠠᠨ ᠴᠢᠩᠭ᠎ᠠ ᠴᠤᠬᠢᠯᠳᠠ ᠦᠭᠬᠦ ᠬᠡᠷᠡᠭᠳᠠᠢ᠃ ᠬᠠᠤᠯᠢ ᠶᠢᠨ ᠵᠦᠪᠰᠢᠶᠡᠷᠡᠯ ᠦᠬᠡᠢ ᠪᠠᠷ ᠶᠠᠮᠠᠷᠴᠤ ᠨᠢᠬᠡᠴᠠ ᠪᠠ ᠬᠤᠪᠢ ᠬᠦᠮᠤᠨ ᠤᠢ ᠶᠢᠨ ᠭᠠᠵᠠᠷ᠂ ᠡᠪᠡᠰᠤᠳᠤ | ᠭᠠᠵᠠᠷ ᠢ ᠳᠤᠷ᠎ᠠ ᠪᠠᠷ ᠬᠠᠭᠠᠯᠪᠤᠷᠢᠯᠠᠵᠤ ᠪᠤᠯᠬᠤ ᠦᠬᠡᠢ᠂ ᠬᠤᠤᠨᠳᠤᠭ ᠮᠠᠯᠳᠠᠵᠤ ᠤᠰᠤ ᠠᠪᠴᠤ ᠪᠤᠯᠬᠤ ᠦᠬᠡᠢ᠃ | ᠬᠤᠶᠠᠷ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠠᠢ᠃ | ︵ᠨᠢᠬᠡ︶ ᠡᠯ᠎ᠡ ᠱᠠᠳᠤᠨ ᠤ ᠤᠢ ᠶᠢᠨ ᠳᠠᠷᠤᠭᠠᠴᠢ ᠶᠢᠨ ᠲᠦᠷᠢᠮ ᠤᠨ ᠠᠯᠪᠠᠨ ᠬᠡᠷ ᠤᠨ ᠬᠢᠨ ᠤᠢ ᠶᠢᠨ ᠳᠠᠷᠤᠭᠠᠴᠢ ᠶᠢᠨ ᠠᠵᠢᠯ ᠤᠨ ᠲᠦᠷᠢᠮ ᠶᠤᠰᠤᠭᠠᠷ | ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠬᠠᠷᠢᠶ᠎ᠠ ᠭᠠᠵᠠᠷ ᠤᠨ ᠬᠠᠮᠢᠶᠠᠷᠤᠯᠳᠠ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠪᠠᠯᠭᠠᠰᠤᠨ ᠤ ᠨᠠᠮ | ᠤᠨ ᠬᠤᠷᠢᠶ᠎ᠠ ᠵᠠᠰᠠᠭ ᠤᠨ ᠤᠷᠳᠤᠨ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠬᠠᠮᠢᠶᠠᠷᠤᠯᠳᠠ ᠡᠵᠡᠮᠳᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ | ᠦᠨᠡᠨᠬᠦ ᠬᠦᠢᠴᠡᠤᠨᠬᠡᠵᠤ᠂ ᠤᠢ ᠶᠢᠨ ᠭᠠᠵᠠᠷ ᠨᠤᠳᠤᠭ ᠪᠡᠯᠴᠢᠬᠡᠷ ᠢ ᠬᠠᠮᠠᠭᠠᠯᠠᠬᠤ ᠬᠠᠮᠢᠶᠠᠷᠤᠯᠳᠠ ᠶᠢᠨ ᠳᠠᠭᠠᠭᠠᠮᠠᠭᠠᠢ ᠳᠤᠭᠳᠠᠴᠠ ᠪᠠᠨ ᠳᠡᠬᠦᠯᠳᠡᠷᠵᠢᠬᠦᠯᠤᠨ᠂ ᠬᠠᠤᠯᠢ | ᠬᠡᠷᠡᠭᠵᠢᠬᠦᠯᠤᠯᠳᠠ ᠶᠢᠨ ᠳᠤᠭᠤᠷᠢᠨ ᠪᠠᠶᠢᠴᠠᠭᠠᠯᠳᠠ᠂ ᠡᠳᠤᠷ ᠳᠤᠳᠤᠮ ᠤᠨ ᠬᠢᠨᠠᠯᠳᠠ ᠬᠠᠮᠢᠶᠠᠷᠤᠯᠳᠠ᠂ ᠤᠬᠠᠭᠤᠯᠭ᠎ᠠ ᠬᠦᠮᠤᠵᠢᠯ ᠢ ᠦᠨᠡᠨᠬᠦ ᠴᠢᠩᠭᠠᠤᠨᠬᠠᠵᠤ᠂ ᠬᠠᠤᠯᠢ | ᠪᠤᠰᠤ ᠪᠠᠷ ᠠᠳᠠᠷ ᠬᠠᠭᠠᠯᠪᠤᠷᠢᠯᠠᠬᠤ ᠠᠵᠢᠯᠯᠠᠭ᠎ᠠ ᠶᠢ ᠴᠠᠭ ᠳᠤᠬᠠᠢ ᠳᠤ ᠨᠢ ᠪᠠᠶᠢᠴᠠᠭᠠᠨ ᠬᠤᠷᠢᠭᠯᠠᠬᠤ ᠬᠡᠷᠡᠭᠳᠠᠢ᠃ ᠳᠤᠤᠷᠵᠢᠭᠰᠡᠨ ᠬᠠᠮᠢᠶᠠᠷᠤᠯᠳᠠ ᠶᠢᠨ ᠳᠤᠭᠳᠠᠴᠠ | ᠶᠢ ᠪᠠᠶᠢᠭᠤᠯᠤᠨ᠂ ᠪᠦᠬᠦᠶᠢᠯᠡ ᠴᠤᠭᠴᠠ ᠶᠢᠨ ᠬᠢᠨᠠᠯᠳᠠ ᠬᠠᠮᠢᠶᠠᠷᠤᠯᠳᠠ ᠶᠢ ᠪᠠᠳᠤᠯᠬᠠᠤ ᠬᠡᠷᠡᠭᠳᠠᠢ᠃ | ︵ᠬᠤᠶᠠᠷ︶ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠬᠦᠷᠬᠡᠯᠡᠯ ᠬᠠᠷᠢᠭᠤᠴᠠᠯᠭ᠎ᠠ ᠶᠤᠰᠤᠭᠠᠷ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠳᠤ | ᠬᠢᠨᠠᠯᠳᠠ ᠳᠠᠯᠪᠢᠬᠤ ᠠᠵᠢᠯ ᠢ ᠬᠠᠮᠵᠢᠯᠴᠠᠨ ᠰᠠᠶᠢᠳᠤᠷ ᠬᠢᠬᠦ ᠬᠡᠷᠡᠭᠳᠠᠢ᠃ ᠬᠤᠰᠢᠭᠤ ᠤᠢ ᠰᠢᠭᠤᠢ ᠨᠤᠳᠤᠭ ᠪᠡᠯᠴᠢᠬᠡᠷ ᠤᠨ ᠰᠠᠯᠠᠭ᠎ᠠ ᠮᠦᠴᠢᠷ ᠬᠢᠨᠠᠯᠳᠠ | ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠤᠨᠬᠡᠨ᠂ ᠡᠳᠤᠷ ᠳᠤᠳᠤᠮ ᠤᠨ ᠬᠢᠨᠠᠯᠳᠠ ᠬᠠᠮᠢᠶᠠᠷᠤᠯᠳᠠ ᠪᠠ ᠬᠠᠤᠯᠢ ᠬᠡᠷᠡᠭᠵᠢᠬᠦᠯᠤᠯᠳᠠ ᠪᠠᠨ | ᠴᠢᠩᠭᠠᠤᠨᠬᠠᠵᠤ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠤᠨᠪᠤᠷᠢᠯᠡᠬᠦ ᠬᠡᠷᠡᠭᠳᠠᠢ︔ ᠬᠤᠰᠢᠭᠤ ᠳᠤᠳᠤᠭᠠᠳᠤ ᠶᠢ | ᠬᠠᠮᠠᠭᠠᠯᠠᠬᠤ ᠰᠠᠯᠠᠭ᠎ᠠ ᠮᠦᠴᠢᠷ ᠬᠠᠮᠵᠢᠯᠴᠠᠨ ᠬᠠᠤᠯᠢ ᠬᠡᠷᠡᠭᠵᠢᠬᠦᠯᠵᠤ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠬᠡᠷᠡᠭᠳᠠᠢ᠃ | ︵ᠭᠤᠷᠪᠠ︶ ᠡᠯ᠎ᠡ ᠭᠠᠴᠠᠭ᠎ᠠ ᠳᠤᠰᠬᠤᠨ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠤ᠂ ᠬᠠᠷᠢᠶ᠎ᠠ ᠤᠷᠤᠨ ᠤ ᠳᠤᠳᠤᠷᠠᠬᠢ | ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠠᠵᠢᠯ ᠤᠨ ᠡᠳᠤᠷ ᠳᠤᠳᠤᠮ ᠤᠨ ᠬᠢᠨᠠᠯᠳᠠ ᠬᠠᠮᠢᠶᠠᠷᠤᠯᠳᠠ ᠪᠠᠨ ᠦᠨᠡᠨᠬᠦ ᠴᠢᠩᠭᠠᠤᠨᠬᠠᠨ᠂ ᠭᠠᠴᠠᠭ᠎ᠠ ᠳᠤᠰᠬᠤᠨ ᠤ | ᠠᠷᠠᠤᠨ ᠤᠯᠠᠨ ᠢ ᠵᠢᠯᠤᠭᠤᠳᠤᠨ ᠬᠠᠭᠠᠯᠪᠤᠷᠢᠯᠠᠬᠤ ᠶᠢ ᠴᠠᠭᠠᠵᠠᠯᠠᠬᠤ ᠳᠤᠭᠳᠠᠭᠠᠯ ᠢ ᠵᠢᠷᠤᠮᠯᠠᠭᠤᠯᠵᠤ᠂ ᠬᠠᠤᠯᠢ ᠶᠢ ᠵᠦᠷᠢᠴᠡᠨ ᠨᠤᠳᠤᠭ ᠪᠡᠯᠴᠢᠬᠡᠷ ᠤᠢ ᠶᠢᠨ ᠭᠠᠵᠠᠷ ᠢ | ᠡᠪᠳᠡᠭᠰᠡᠨ ᠠᠵᠢᠯᠯᠠᠭ᠎ᠠ ᠢᠯᠡᠷᠡᠪᠡᠯ ᠡᠯ᠎ᠡ ᠪᠠᠯᠭᠠᠰᠤᠨ ᠤ ᠠᠷᠠᠤᠨ ᠤᠨ ᠵᠠᠰᠠᠭ ᠤᠨ ᠤᠷᠳᠤᠨ ᠳᠤ ᠴᠠᠭ ᠳᠤᠬᠠᠢ ᠳᠤ ᠨᠢ ᠮᠡᠳᠡᠬᠦᠯᠬᠦ ᠬᠡᠷᠡᠭᠳᠠᠢ᠂ ᠮᠡᠳᠡᠵᠤ ᠪᠠᠶᠢᠭᠠᠤᠨ | ᠮᠡᠳᠡᠬᠦᠯᠬᠦ ᠦᠬᠡᠢ ᠪᠠᠷ ᠦᠮᠦᠭᠯᠡᠨ ᠨᠢᠭᠤᠪᠠᠯ ᠬᠠᠷᠢᠭᠤᠴᠠᠯᠭ᠎ᠠ ᠠᠯᠳᠠᠭᠰᠡᠨ᠂ ᠳᠤᠰᠢᠶᠠᠯ ᠢᠶᠠᠨ ᠭᠤᠳᠤᠭᠠᠭᠰᠡᠨ ᠢᠶᠠᠷ ᠬᠠᠷᠢᠭᠤᠴᠠᠯᠭ᠎ᠠ ᠨᠡᠬᠡᠮᠵᠢᠯᠠᠨ᠎ᠠ᠃ | ᠭᠤᠷᠪᠠ᠂ ᠬᠢᠨᠠᠯᠳᠠ ᠪᠠᠶᠢᠴᠠᠭᠠᠯᠳᠠ ᠪᠠᠨ ᠴᠢᠩᠭᠠᠤᠨᠬᠠᠬᠤ ᠬᠡᠷᠡᠭᠳᠠᠢ᠃ | ᠬᠤᠰᠢᠭᠤ ᠤᠢ ᠶᠢᠨ ᠳᠠᠷᠤᠭᠠᠴᠢ ᠶᠢᠨ ᠠᠯᠪᠠᠨ ᠬᠡᠷ ᠤᠨ ᠬᠢᠨ ᠡᠯ᠎ᠡ ᠱᠠᠳᠤᠨ ᠤ ᠤᠢ ᠶᠢᠨ ᠳᠠᠷᠤᠭᠠᠴᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠡᠨ ᠪᠠᠶᠢᠳᠠᠯ ᠢ ᠳᠤᠭᠳᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠠᠵᠢᠯ ᠨᠢ | ᠬᠦᠴᠤᠯᠡᠴᠠ ᠦᠬᠡᠢ᠂ ᠬᠠᠷᠢᠭᠤᠴᠠᠯᠭ᠎ᠠ ᠠᠯᠳᠠᠭᠰᠡᠨ ᠳᠤᠰᠢᠶᠠᠯ ᠢᠶᠠᠨ ᠭᠤᠳᠤᠭᠠᠭᠰᠡᠨ ᠨᠢᠬᠡᠴᠠ ᠪᠠ ᠬᠤᠪᠢ ᠬᠦᠮᠤᠨ ᠢ ᠬᠤᠰᠢᠭᠤ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠳᠤ ᠴᠠᠭ ᠳᠤᠬᠠᠢ ᠳᠤ ᠨᠢ ᠮᠡᠳᠡᠬᠦᠯᠤᠨ᠂ ᠬᠠᠤᠯᠢ ᠳᠤᠭᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃ | ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠭᠠᠴᠠᠭ᠎ᠠ ᠳᠤᠰᠬᠤᠨ ᠤ ᠬᠤᠶᠠᠷ ᠵᠦᠪᠯᠡᠯ ᠤᠨ ᠬᠡᠰᠢᠬᠦᠨ᠂ ᠳᠤᠰᠬᠤᠨ ᠳᠤ ᠰᠠᠭᠤᠭ᠎ᠠ ᠨᠢᠬᠡᠳᠤᠬᠡᠷ | ᠱᠦᠵᠢ ᠶᠢᠨ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠠᠵᠢᠯ ᠤᠨ ᠬᠢᠨᠠᠯᠳᠠ ᠬᠠᠮᠢᠶᠠᠷᠤᠯᠳᠠ ᠶᠢᠨ ᠳᠠᠯ᠎ᠠ ᠪᠠᠷ ᠬᠢ ᠡᠬᠦᠷᠬᠡᠯᠡᠯ ᠬᠠᠷᠢᠭᠤᠴᠠᠯᠭ᠎ᠠ ᠶᠢᠨ ᠪᠠᠶᠢᠳᠠᠯ ᠤᠨ | ᠬᠢᠨᠠᠯᠳᠠ ᠬᠠᠮᠢᠶᠠᠷᠤᠯᠳᠠ᠂ ᠬᠢᠨᠠᠨ ᠰᠢᠯᠭᠠᠯᠳᠠ ᠶᠢ ᠴᠢᠩᠭᠠᠤᠨᠬᠠᠬᠤ ᠬᠡᠷᠡᠭᠳᠠᠢ᠃ | ᠲᠦᠷᠪᠡ᠂ ᠤᠬᠠᠭᠤᠯᠭ᠎ᠠ ᠬᠦᠮᠤᠵᠢᠯ ᠢ ᠴᠢᠩᠭᠠᠤᠨᠬᠠᠬᠤ ᠬᠡᠷᠡᠭᠳᠠᠢ᠃ | ᠤᠯᠠᠨ ᠬᠡᠯᠪᠡᠷᠢ ᠶᠢᠨ ᠵᠠᠭᠤᠴᠢᠯᠠᠭᠤᠷ ᠢ ᠠᠰᠢᠭᠯᠠᠨ ᠤᠢ ᠰᠢᠭᠤᠢ ᠨᠤᠳᠤᠭ ᠪᠠᠯᠴᠢᠬᠡᠷ ᠤᠨ ᠬᠠᠮᠠᠭᠠᠯᠠᠯᠳᠠ ᠶᠢᠨ ᠬᠠᠤᠯᠢ ᠳᠤᠭᠳᠠᠭᠠᠯ ᠲᠦᠷᠤ ᠶᠢᠨ ᠪᠤᠳᠤᠯᠭ᠎ᠠ | ᠶᠢ ᠤᠬᠠᠭᠤᠯᠤᠨ᠂ ᠮᠠᠲ᠋ᠧᠷᠢᠶᠡᠯ ᠳᠠᠷᠬᠠᠭᠠᠬᠤ᠂ ᠤᠷᠢᠶ᠎ᠠ ᠨᠠᠭᠠᠬᠤ᠂ ᠤᠬᠠᠭᠤᠯᠭ᠎ᠠ ᠶᠢᠨ ᠪᠢᠴᠢᠯ ᠸᠢᠳᠢᠤ᠋ ᠬᠢᠬᠦ ᠵᠡᠷᠬᠡ ᠬᠡᠯᠪᠡᠷᠢ ᠪᠠᠷ ᠤᠬᠠᠭᠤᠯᠭ᠎ᠠ ᠬᠦᠮᠤᠵᠢᠯ ᠤᠨ | ᠠᠵᠢᠯᠯᠠᠭ᠎ᠠ ᠦᠷᠨᠢᠬᠦᠯᠵᠤ᠂ ᠪᠦᠬᠦ ᠨᠡᠶᠢᠬᠡᠮ ᠢᠶᠠᠷ ᠢᠶᠠᠨ ᠠᠳᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠳᠡᠮᠵᠢᠬᠦ ᠤᠬᠢ ᠰᠠᠶᠢᠨ ᠠᠭᠤᠷ ᠠᠮᠢᠰᠬᠤᠯ ᠢ | ᠪᠦᠷᠢᠯᠳᠤᠬᠦᠯᠬᠦ ᠬᠡᠷᠡᠭᠳᠠᠢ᠃ | ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤᠢ ᠰᠢᠭᠤᠢ ᠨᠤᠳᠤᠭ ᠪᠡᠯᠴᠢᠬᠡᠷ ᠤᠨ ᠡᠬᠢ ᠪᠠᠶᠠᠯᠢᠭ ᠤᠨ ᠬᠠᠮᠠᠭᠠᠯᠠᠯᠳᠠ ᠳᠤ ᠢᠳᠡᠪᠬᠢᠳᠠᠢ ᠤᠷᠤᠯᠴᠠᠨ᠂ ᠬᠠᠤᠯᠢ | ᠪᠤᠰᠤ ᠪᠠᠷ ᠠᠳᠠᠷ ᠬᠠᠭᠠᠯᠪᠤᠷᠢᠯᠠᠬᠤ ᠶᠢ ᠡᠷᠡᠰ ᠬᠤᠷᠢᠭᠯᠠᠨ᠂ ᠦᠵᠡᠰᠬᠦᠯᠡᠩᠳᠤ ᠰᠠᠶᠢᠬᠠᠨ ᠤᠳᠤᠭ ᠤᠨ ᠡᠮᠤᠨᠡᠳᠤ ᠬᠤᠰᠢᠭᠤ ᠪᠠᠨ ᠬᠠᠮᠳᠤ ᠪᠠᠷ ᠪᠠᠶᠢᠭᠤᠯᠬᠤ ᠬᠡᠷᠡᠭᠳᠠᠢ᠃ | | | ᠤᠨᠴᠠᠭᠠᠶᠢᠯᠠᠨ ᠵᠠᠷᠯᠢᠭᠳᠠᠪᠠ | | | ᠤᠳᠤᠭ ᠤᠨ ᠡᠮᠤᠨᠡᠳᠤ ᠬᠤᠰᠢᠭᠤᠨ ᠤ ᠤᠢ ᠶᠢᠨ ᠳᠠᠷᠤᠭᠠᠴᠢ᠄ ᠸᠠᠩ ᠢᠦᠢ ᠴᠢᠶᠠᠩ ᠶᠠᠩ ᠶᠢᠩ ᠰᠢᠨ | 2025 ᠤᠨ ᠤ 3 ᠰᠠᠷ᠎ᠠ ᠶᠢᠨ 6 ᠤ ᠡᠳᠤᠷ | |