ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠶᠢ ᠪᠦᠬᠦ ᠲᠠᠯ᠎ᠠ ᠪᠠᠷ ᠠᠬᠢᠭᠤᠯᠬᠤ ᠨᠢ ᠣᠳᠤᠭ ᠤᠨ ᠡᠮᠦᠨᠡᠳᠦ ᠬᠤᠰᠢᠭᠤᠨ ᠤ ᠠᠮᠢ ᠠᠬᠤᠢ ᠶᠢᠨ | ᠰᠠᠭᠤᠷᠢ ᠶᠢ ᠬᠠᠮᠠᠭᠠᠯᠠᠬᠤ᠂ ᠣᠢ ᠰᠢᠭᠤᠢ ᠨᠣᠳᠤᠭ ᠪᠡᠯᠴᠢᠭᠡᠷ ᠤᠨ ᠡᠬᠢ ᠪᠠᠶᠠᠯᠢᠭ ᠤᠨ ᠦᠷᠭᠦᠯᠵᠢᠬᠦᠶᠢᠴᠡ ᠬᠦᠭᠵᠢᠯᠳᠡ ᠶᠢ ᠪᠠᠳᠣᠯᠠᠬᠤ᠂ ᠮᠠᠨ ᠤ ᠣᠯᠣᠰ ᠤᠨ | ᠣᠮᠠᠷᠠᠳᠦ ᠶᠢᠨ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠣᠮ᠃ ᠡᠯ᠎ᠡ ᠱᠠᠳᠣᠨ ᠤ ᠣᠢ | ᠶᠢᠨ ᠲᠠᠷᠣᠭᠠᠴᠢ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠂ ᠪᠡᠯᠴᠢᠭᠡᠷᠯᠡᠭᠦᠯᠬᠦ ᠶᠢ ᠬᠤᠷᠢᠭᠯᠠᠨ ᠰᠠᠯᠭᠦᠨ ᠮᠠᠯᠵᠢᠬᠤ ᠠᠵᠢᠯ ᠤᠨ ᠦᠨᠳᠦᠷ ᠪᠦᠳᠦᠮᠵᠢᠳᠦ | ᠨᠠᠶᠢᠳᠠᠪᠦᠷᠢᠵᠢᠭᠤᠯᠣᠯᠳᠠ ᠶᠢ ᠠᠬᠢᠭᠤᠯᠬᠤ ᠶᠢᠨ ᠲᠣᠰᠠᠳᠠ ᠡᠳᠦᠭᠡ ᠲᠣᠰ ᠵᠠᠷᠯᠢᠭ ᠢ ᠨᠡᠶᠢᠳᠡᠯᠡᠪᠡ᠃ | ᠨᠢᠭᠡ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠂ ᠡᠯ᠎ᠡ ᠱᠠᠳᠣᠨ ᠤ ᠣᠢ ᠶᠢᠨ ᠲᠠᠷᠣᠭᠠᠴᠢ ᠶᠢᠨ ᠬᠠᠷᠢᠭᠤᠴᠠᠯᠭ᠎ᠠ ᠪᠠᠨ | ᠪᠣᠳᠠᠳᠠᠶᠢᠵᠢᠭᠤᠯᠬᠤ ᠬᠡᠷᠡᠭᠳᠡᠢ | ︵ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠳᠡᠢ᠃ ᠡᠯ᠎ᠡ ᠱᠠᠳᠣᠨ ᠤ ᠣᠢ ᠶᠢᠨ ᠲᠠᠷᠣᠭᠠᠴᠢ ᠪᠡᠯᠴᠢᠭᠡᠷᠯᠡᠭᠦᠯᠬᠦ ᠶᠢ | ᠬᠤᠷᠢᠭᠯᠠᠨ ᠰᠡᠯᠭᠦᠨ ᠮᠠᠯᠵᠢᠬᠤ ᠶᠢ ᠭᠤᠣᠯᠯᠠᠭᠴᠢ ᠠᠵᠢᠯ ᠢᠶᠠᠨ ᠪᠣᠯᠭᠠᠨ᠂ ᠬᠠᠮᠢᠶ᠎ᠠ ᠪᠦᠬᠦᠢ ᠲᠦᠷᠢᠮ ᠢ ᠦᠨᠳᠦᠰᠦᠯᠡᠵᠣ᠂ ᠲᠣᠰ ᠲᠣᠰ ᠤᠨ ᠡᠭᠦᠷᠭᠡ ᠲᠣᠰᠢᠶᠠᠯ | ᠢᠶᠠᠨ ᠭᠦᠢᠴᠡᠳᠬᠡᠨ ᠵᠣᠬᠢᠴᠠᠭᠤᠯᠣᠨ ᠬᠠᠮᠵᠢᠯᠴᠠᠬᠤ ᠬᠡᠷᠡᠭᠳᠡᠢ᠃ ᠣᠢ ᠶᠢᠨ ᠲᠠᠷᠣᠭᠠᠴᠢ ᠶᠢᠨ ᠮᠡᠳᠡᠭᠡ ᠵᠠᠩᠬᠢ ᠪᠣᠯᠣᠨ ᠬᠠᠷᠢᠭᠤᠴᠠᠯᠭ᠎ᠠ ᠶᠢᠨ ᠬᠦᠷᠢᠶ᠎ᠡ ᠴᠠᠷᠠᠭ᠎ᠠ ᠪᠠᠨ | ᠴᠠᠭ ᠲᠣᠬᠠᠢ ᠳᠤ ᠨᠢ ᠰᠢᠨᠡᠴᠢᠯᠡᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠬᠠᠷᠢᠭᠤᠴᠠᠯᠭ᠎ᠠ ᠶᠢ ᠪᠣᠳᠠᠳᠠᠢ ᠬᠦᠮᠦᠨ᠂ ᠪᠣᠳᠠᠳᠠᠢ ᠬᠦᠷᠢᠶ᠎ᠡ ᠴᠠᠷᠠᠭ᠎ᠠ | ᠬᠦᠷᠳᠡᠯ᠎ᠡ ᠨᠠᠷᠢᠯᠢᠭ ᠨᠠᠶᠢᠳᠠᠪᠦᠷᠢᠵᠢᠭᠤᠯᠬᠤ ᠶᠢ ᠪᠠᠳᠣᠯᠠᠵᠣ᠂ ᠪᠦᠬᠦ ᠬᠤᠰᠢᠭᠤᠨ ᠤ ᠣᠢ ᠰᠢᠭᠤᠢ ᠨᠣᠳᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ | ᠮᠠᠯᠵᠢᠬᠤ ᠬᠢᠨᠠᠯᠳᠠ ᠬᠠᠮᠢᠶᠠᠷᠣᠯᠳᠠ ᠶᠢᠨ ᠪᠦᠬᠦ ᠪᠦᠷᠭᠦᠴᠡ ᠶᠢ ᠪᠡᠶᠡᠯᠡᠭᠦᠯᠬᠦ ᠬᠡᠷᠡᠭᠳᠡᠢ᠃ | ︵ᠬᠤᠶᠠᠷ︶ ᠦᠨᠳᠦᠰᠣᠨ ᠱᠠᠳᠣᠨ ᠤ ᠬᠦᠴᠦᠨ ᠢᠶᠠᠨ ᠴᠢᠩᠭᠠᠳᠬᠠᠬᠤ ᠬᠡᠷᠡᠭᠳᠡᠢ᠃ ᠦᠨᠳᠦᠰᠦᠨ ᠱᠠᠳᠣᠨ ᠤ ᠣᠢ ᠰᠢᠭᠤᠢ ᠨᠣᠳᠤᠭ ᠪᠡᠯᠴᠢᠭᠡᠷ ᠤᠨ ᠡᠩᠨᠡᠭᠡᠨ | ᠤ ᠪᠠᠶᠢᠭᠤᠯᠣᠯᠳᠠ ᠪᠠᠨ ᠴᠢᠩᠭᠠᠳᠬᠠᠨ᠂ ᠦᠨᠳᠦᠰᠣᠨ ᠱᠠᠳᠣᠨ ᠤ ᠬᠠᠣᠯᠢ ᠬᠡᠷᠡᠭᠵᠢᠭᠦᠯᠦᠭᠴᠢ ᠶᠢᠨ ᠬᠠᠣᠯᠢ ᠬᠡᠷᠡᠭᠵᠢᠭᠦᠯᠭᠦ ᠲᠦᠪᠰᠢᠨ ᠢ ᠲᠡᠭᠡᠭᠰᠢᠯᠡᠭᠦᠯᠵᠣ᠂ ᠣᠢ | ᠰᠢᠭᠤᠢ ᠨᠣᠳᠤᠭ ᠪᠡᠯᠴᠢᠭᠡᠷ ᠢ ᠬᠠᠮᠠᠭᠠᠯᠠᠬᠤ ᠲᠣᠣᠷᠵᠢᠯ ᠲᠣᠭᠳᠠᠴᠠ ᠶᠢ ᠪᠠᠶᠢᠭᠤᠯᠵᠣ ᠨᠠᠷᠢᠯᠢᠭᠵᠢᠭᠤᠯᠣᠨ᠂ ᠬᠠᠣᠯᠢ ᠲᠦᠷᠢᠮ ᠢ ᠵᠦᠷᠢᠴᠡᠨ ᠮᠠᠯᠵᠢᠬᠤ ᠠᠵᠢᠯᠯᠠᠭᠠᠨ ᠢ | ᠡᠬᠢ ᠠᠴᠠ ᠨᠢ ᠰᠠᠷᠭᠡᠶᠢᠯᠡᠭᠦ ᠬᠡᠷᠡᠭᠳᠡᠢ᠃ | ︵ᠭᠤᠷᠪᠠ︶ ᠰᠠᠯᠠᠭ᠎ᠠ ᠮᠦᠴᠢᠷ ᠤᠨ ᠬᠠᠮᠳᠣᠷᠠᠯᠴᠠᠭ᠎ᠠ ᠶᠢ ᠠᠬᠢᠭᠤᠯᠬᠤ ᠬᠡᠷᠡᠭᠳᠡᠢ᠃ ᠬᠤᠰᠢᠭᠤ ᠣᠢ ᠶᠢᠨ ᠲᠠᠷᠣᠭᠠᠴᠢ ᠶᠢᠨ ᠲᠦᠷᠢᠮ ᠤᠨ ᠠᠯᠪᠠᠨ ᠭᠡᠷ | ᠨᠢᠭᠡᠳᠦᠯᠳᠡᠢ ᠲᠦᠯᠦᠪᠵᠢᠭᠦᠯᠦᠨ ᠵᠣᠬᠢᠴᠠᠭᠤᠯᠬᠤ ᠦᠢᠯᠠᠳᠣᠯ ᠢᠶᠠᠨ ᠭᠦᠢᠴᠡᠳ ᠪᠠᠳᠠᠷᠠᠭᠤᠯᠣᠨ᠂ ᠰᠠᠯᠠᠭ᠎ᠠ ᠮᠦᠴᠢᠷ ᠤᠨ ᠬᠠᠮᠵᠢᠯᠴᠠᠭ᠎ᠠ ᠬᠤᠯᠪᠣᠭᠠᠯᠠᠯ ᠢ | ᠴᠢᠩᠭᠠᠳᠬᠠᠬᠤ ᠬᠡᠷᠡᠭᠳᠡᠢ᠃ ︽ᠣᠢ ᠶᠢᠨ ᠲᠠᠷᠣᠭᠠᠴᠢ + ᠴᠠᠭᠳᠠᠭᠠᠨ ᠲᠠᠷᠤᠭ᠎ᠠ︾᠂ ︽ᠣᠢ ᠶᠢᠨ ᠲᠠᠷᠣᠭᠠᠴᠢ + ᠪᠠᠶᠢᠴᠠᠭᠠᠬᠤ ᠲᠠᠷᠤᠭ᠎ᠠ︾ ᠵᠡᠷᠭᠡ | ᠵᠣᠬᠢᠴᠠᠭᠤᠯᠭ᠎ᠠ ᠶᠢᠨ ᠲᠣᠭᠳᠠᠴᠠ ᠶᠢ ᠲᠡᠭᠦᠯᠳᠡᠷᠵᠢᠭᠦᠯᠦᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠬᠠᠣᠯᠢ ᠬᠡᠷᠡᠭᠵᠢᠭᠦᠯᠦᠯᠳᠠ᠂ ᠬᠡᠷᠡᠭ ᠤᠨ | ᠪᠠᠶᠢᠴᠠᠭᠠᠯᠳᠠ᠂ ᠠᠮᠢ ᠠᠬᠤᠢ ᠶᠢᠨ ᠨᠦᠬᠦᠪᠦᠷᠢ ᠵᠡᠷᠭᠡ ᠠᠵᠢᠯ ᠳᠤ ᠨᠢᠭᠳᠠ ᠬᠠᠮᠵᠢᠯᠴᠠᠵᠣ᠂ ᠭᠤᠣᠯᠳᠠᠯᠭᠠᠳᠦ ᠬᠦᠴᠢᠷᠳᠡᠯ ᠠᠰᠠᠭᠤᠳᠠᠯ ᠢ ᠬᠠᠮᠳᠦ ᠪᠠᠷ ᠰᠢᠢᠳᠪᠦᠷᠢᠯᠡᠭᠦ | ᠬᠡᠷᠡᠭᠳᠡᠢ᠃ | ᠬᠤᠶᠠᠷ᠂ ᠲᠣᠭᠳᠠᠭᠠᠯ ᠢ ᠴᠢᠩᠭ᠎ᠠ ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠬᠢᠨᠠᠯᠳᠠ ᠬᠠᠮᠢᠶᠠᠷᠣᠯᠳᠠ ᠶᠢᠨ ᠡᠷᠴᠢᠮ ᠢᠶᠠᠨ | ᠴᠢᠩᠭᠠᠷᠠᠭᠤᠯᠬᠤ ᠭᠡᠷᠡᠭᠳᠡᠢ | ︵ᠨᠢᠭᠡ︶ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠱᠠᠭᠠᠷᠳᠠᠯᠭ᠎ᠠ ᠶᠢ ᠨᠠᠶᠢᠳᠠᠪᠦᠷᠢᠵᠢᠭᠤᠯᠬᠤ ᠬᠡᠷᠡᠭᠳᠡᠢ᠃ ᠠᠯᠢᠪᠠ ᠠᠮᠢ ᠠᠬᠤᠢ ᠶᠢᠨ | ᠪᠠᠶᠢᠭᠤᠯᠣᠯᠳᠠ ᠶᠢᠨ ᠲᠦᠷᠦᠯ ᠵᠣᠶᠢᠯ ᠤᠨ ᠣᠷᠣᠨ ᠤ ᠣᠢ ᠶᠢᠨ ᠭᠠᠵᠠᠷ᠂ ᠨᠣᠭᠤ ᠭᠠᠵᠠᠷ ᠪᠣᠯᠣᠨ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠣᠷᠣᠨ ᠤ | ᠨᠣᠳᠤᠭ ᠪᠡᠯᠴᠢᠭᠡᠷ ᠲᠤ ᠪᠦᠬᠦ ᠵᠢᠯ ᠪᠡᠯᠴᠢᠭᠡᠷᠯᠡᠭᠦᠯᠬᠦ ᠶᠢ ᠬᠤᠷᠢᠭᠯᠠᠨ᠂ ᠨᠣᠳᠤᠭ ᠪᠡᠯᠴᠢᠭᠡᠷ ᠮᠠᠯ ᠤᠨ ᠲᠤᠭ᠎ᠠ ᠶᠢ ᠲᠡᠩᠴᠡᠭᠦᠷᠢᠰᠢᠭᠦᠯᠬᠦ ᠣᠷᠣᠨ ᠤ ᠨᠣᠳᠤᠭ ᠪᠡᠯᠴᠢᠭᠡᠷ | ᠲᠤ 2025 ᠣᠨ ᠤ 3 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 20 ᠡᠳᠦᠷ ᠪᠣᠯᠳᠠᠯ ᠣᠯᠠᠷᠢᠯ ᠤᠨ ᠴᠢᠨᠠᠷᠳᠠᠢ ᠰᠡᠯᠭᠦᠨ ᠮᠠᠯᠵᠢᠬᠤ ᠬᠡᠷᠡᠭᠳᠡᠢ᠃ ᠮᠠᠯᠴᠢᠨ | ᠲᠠᠷᠢᠶᠠᠴᠢᠨ ᠢ ᠱᠠᠭᠠᠷᠳᠠᠨ ᠣᠷᠢᠳᠴᠢᠯᠠᠨ ᠡᠪᠡᠰᠦ ᠪᠣᠷᠳᠤᠭ᠎ᠠ ᠨᠦᠭᠡᠴᠡᠯᠡᠬᠦ ᠶᠢ ᠠᠬᠢᠭᠤᠯᠣᠨ᠂ ᠰᠡᠯᠭᠦᠨ ᠮᠠᠯᠵᠢᠬᠤ ᠬᠤᠭᠤᠴᠠᠭᠠᠨ ᠳᠤ ᠡᠷᠬᠡᠪᠰᠢ ᠬᠠᠰᠢᠶᠠᠯᠠᠨ | ᠲᠡᠵᠢᠭᠡᠵᠣ᠂ ᠬᠤᠯᠠᠭᠠᠶᠢᠯᠠᠨ ᠪᠡᠯᠴᠢᠭᠡᠷᠯᠡᠭᠦᠯᠬᠦ᠂ ᠰᠦᠨᠢ ᠪᠡᠯᠴᠢᠭᠡᠷᠯᠡᠭᠦᠯᠬᠦ ᠶᠢ ᠡᠷᠡᠰ ᠴᠠᠭᠠᠵᠠᠯᠠᠬᠤ ᠬᠡᠷᠡᠭᠳᠡᠢ᠃ | ︵ᠬᠤᠶᠠᠷ︶ ᠲᠣᠭᠤᠷᠢᠨ ᠪᠠᠶᠢᠴᠠᠭᠠᠯᠳᠠ ᠶᠢᠨ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠬᠤ ᠬᠡᠷᠡᠭᠳᠡᠢ᠃ ᠪᠠᠶᠢᠩᠭᠤᠵᠢᠭᠰᠠᠨ ᠲᠣᠭᠤᠷᠢᠨ ᠪᠠᠶᠢᠴᠠᠭᠠᠯᠳᠠ ᠶᠢᠨ | ᠲᠣᠭᠳᠠᠴᠠ ᠶᠢ ᠪᠠᠶᠢᠭᠤᠯᠣᠨ᠂ ᠡᠯ᠎ᠡ ᠱᠠᠳᠣᠨ ᠤ ᠣᠢ ᠶᠢᠨ ᠲᠠᠷᠣᠭᠠᠴᠢ ᠲᠣᠭᠳᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠣᠨ ᠪᠠᠶᠢᠴᠠᠭᠠᠬᠤ ᠬᠡᠷᠡᠭᠳᠡᠢ᠃ | ᠸᠢᠳᠢᠤ᠋ ᠶᠢᠨ ᠡᠵᠡᠮᠳᠡᠯ᠂ ᠠᠯᠣᠰ ᠡᠵᠡᠮᠰᠢᠯᠳᠦ ᠨᠢᠰᠬᠡᠯ ᠵᠡᠷᠭᠡ ᠰᠢᠨᠵᠢᠯᠡᠭᠡ ᠮᠡᠷᠭᠡᠵᠢᠯ ᠤᠨ ᠠᠷᠭ᠎ᠠ ᠠᠪᠴᠠᠯ ᠢ ᠭᠦᠢᠴᠡᠳ ᠠᠰᠢᠭᠯᠠᠨ᠂ ᠪᠦᠬᠦ ᠲᠠᠯ᠎ᠠ ᠶᠢᠨ | ᠪᠠᠶᠢᠩᠭᠤᠵᠢᠭᠰᠠᠨ ᠬᠢᠨᠠᠯᠳᠠ ᠬᠠᠮᠢᠶᠠᠷᠣᠯᠳᠠ ᠶᠢ ᠪᠡᠶᠡᠯᠡᠭᠦᠯᠵᠣ᠂ ᠲᠦᠷᠢᠮ ᠵᠦᠷᠢᠴᠡᠭᠰᠡᠨ ᠠᠵᠢᠯᠯᠠᠭᠠᠨ ᠢ ᠴᠠᠭ ᠲᠣᠬᠠᠢ ᠳᠤ ᠨᠢ ᠢᠯᠡᠷᠡᠭᠦᠯᠦᠨ ᠴᠠᠭᠠᠵᠠᠯᠠᠬᠤ ᠬᠡᠷᠡᠭᠳᠡᠢ᠃ | ︵ᠭᠤᠷᠪᠠ︶ ᠬᠠᠣᠯᠢ ᠬᠡᠷᠡᠭᠵᠢᠭᠦᠯᠦᠨ ᠴᠢᠩᠭ᠎ᠠ ᠪᠠᠶᠢᠴᠠᠭᠠᠨ ᠰᠢᠢᠳᠪᠦᠷᠢᠯᠡᠭᠦ ᠬᠡᠷᠡᠭᠳᠡᠢ᠃ ᠪᠡᠯᠴᠢᠭᠡᠷᠯᠡᠭᠦᠯᠭᠦ ᠶᠢ ᠬᠤᠷᠢᠭᠯᠠᠬᠤ ᠬᠦᠷᠢᠶ᠎ᠡ ᠴᠠᠷᠠᠭ᠎ᠠ ᠪᠣᠶᠣ ᠰᠡᠯᠭᠦᠨ | ᠮᠠᠯᠵᠢᠬᠤ ᠬᠤᠭᠤᠴᠠᠭᠠᠨ ᠳᠤ ᠪᠠᠯᠴᠢᠭᠡᠷᠯᠡᠭᠦᠯᠪᠡᠯ᠂ ᠲᠦᠷᠢᠮ ᠵᠦᠷᠢᠴᠡᠵᠣ ᠪᠡᠯᠴᠢᠭᠡᠷᠯᠡᠭᠦᠯᠦᠭᠰᠡᠨ ᠮᠠᠯ ᠪᠦᠷᠢ ᠶᠢ 120 ᠲᠦᠭᠦᠷᠢᠭ ᠢᠶᠠᠷ ᠲᠣᠷᠭᠠᠨ᠎ᠠ︔ ᠲᠠᠭᠠᠭᠠᠴᠠ | ᠠᠴᠠ ᠬᠡᠳᠦᠷᠡᠭᠰᠡᠨ ᠮᠠᠯ ᠪᠦᠷᠢ ᠶᠢ 100 ᠲᠦᠭᠦᠷᠢᠭ ᠢᠶᠠᠷ ᠲᠣᠷᠭᠠᠨ᠎ᠠ︔ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠣᠷᠣᠨ ᠤ | ᠲᠠᠭᠠᠭᠠᠴᠠ ᠶᠢᠨ ᠨᠣᠷᠮ᠎ᠠ 10% ᠠᠴᠠ ᠬᠡᠳᠦᠷᠡᠭᠰᠡᠨ ᠪᠣᠶᠦ ᠰᠡᠯᠭᠦᠨ ᠮᠠᠯᠵᠢᠬᠤ ᠬᠤᠭᠤᠴᠠᠭᠠᠨ ᠳᠤ ᠬᠤᠶᠠᠷ ᠣᠳᠠᠭ᠎ᠠ ᠠᠴᠠ ᠲᠡᠭᠡᠭᠰᠢ ᠬᠤᠯᠠᠭᠠᠶᠢᠯᠠᠨ | ᠪᠡᠯᠴᠢᠭᠡᠷᠯᠡᠭᠦᠯᠪᠡᠯ ᠨᠣᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠶᠢᠨ ᠱᠠᠩᠨᠠᠯ ᠤᠨ ᠮᠦᠩᠭᠦ ᠠᠴᠠ ᠰᠠᠭᠤᠯᠭᠠᠨ ᠠᠪᠣᠨ᠎ᠠ᠃ | ᠭᠤᠷᠪᠠ᠂ ᠣᠬᠠᠭᠤᠯᠭ᠎ᠠ ᠵᠢᠯᠣᠭᠤᠳᠣᠯᠭ᠎ᠠ ᠪᠠᠨ ᠴᠢᠩᠭᠠᠳᠬᠠᠨ᠂ ᠣᠯᠠᠨ ᠨᠡᠶᠢᠳᠡ ᠶᠢᠨ ᠬᠠᠮᠠᠭᠠᠯᠠᠯᠳᠠ ᠶᠢᠨ ᠣᠬᠠᠮᠰᠠᠷ ᠢᠶᠠᠨ ᠲᠡᠭᠡᠭᠰᠢᠯᠡᠭᠦᠯᠬᠦ ᠬᠡᠷᠡᠭᠳᠡᠢ | ︵ᠨᠢᠭᠡ︶ ᠣᠯᠠᠨ ᠠᠷᠭ᠎ᠠ ᠵᠠᠮ ᠢᠶᠠᠷ ᠣᠬᠠᠭᠤᠯᠬᠤ ᠬᠡᠷᠡᠭᠳᠡᠢ᠃ ᠡᠯ᠎ᠡ ᠱᠠᠳᠣᠨ ᠤ ᠣᠢ ᠶᠢᠨ ᠲᠠᠷᠣᠭᠠᠴᠢ ᠣᠯᠠᠨ ᠠᠷᠭ᠎ᠠ ᠶᠠᠩᠵᠣ ᠪᠠᠷ ᠪᠡᠯᠴᠢᠭᠡᠷᠯᠡᠭᠦᠯᠬᠦ ᠶᠢ | ᠬᠤᠷᠢᠭᠯᠠᠨ ᠰᠡᠯᠭᠦᠨ ᠮᠠᠯᠵᠢᠬᠤ ᠣᠬᠠᠭᠤᠯᠭ᠎ᠠ ᠶᠢᠨ ᠠᠵᠢᠯᠯᠠᠭᠠᠨ ᠢ ᠵᠣᠬᠢᠶᠠᠨ ᠪᠠᠶᠢᠭᠤᠯᠵᠣ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠬᠠᠣᠯᠢ ᠲᠦᠷᠢᠮ᠂ | ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠬᠠᠭᠤᠯᠵᠣ᠂ ᠮᠠᠯᠴᠢᠨ ᠲᠠᠷᠢᠶᠠᠴᠢᠳ ᠤᠨ ᠪᠡᠯᠴᠢᠭᠡᠷᠯᠡᠭᠦᠯᠬᠦ ᠶᠢ | ᠬᠤᠷᠢᠭᠯᠠᠨ ᠰᠡᠯᠭᠦᠨ ᠮᠠᠯᠵᠢᠬᠤ ᠲᠣᠭᠳᠠᠭᠠᠯ ᠢ ᠣᠬᠠᠮᠰᠠᠷ ᠠᠴᠠ ᠪᠠᠨ ᠰᠠᠬᠢᠬᠤ ᠶᠢ ᠵᠢᠯᠣᠭᠤᠳᠬᠤ ᠬᠡᠷᠡᠭᠳᠡᠢ᠃ | ︵ᠬᠤᠶᠠᠷ︶ ᠵᠢᠱᠢᠶ᠎ᠡ ᠦᠵᠡᠭᠦᠯᠦᠨ ᠲᠠᠶᠢᠴᠢᠯᠠᠬᠤ ᠶᠢ ᠴᠢᠩᠭᠠᠳᠬᠠᠬᠤ ᠬᠡᠷᠡᠭᠳᠡᠢ᠃ ᠠᠮᠢ ᠠᠬᠤᠢ ᠶᠢ ᠬᠠᠮᠠᠭᠠᠯᠠᠬᠤ ᠣᠬᠠᠮᠰᠠᠷ ᠢᠶᠠᠷ ᠴᠢᠩᠭ᠎ᠠ᠂ ᠪᠡᠯᠴᠢᠭᠡᠷᠯᠡᠭᠦᠯᠬᠦ | ᠶᠢ ᠬᠤᠷᠢᠭᠯᠠᠨ ᠰᠡᠯᠭᠦᠨ ᠮᠠᠯᠵᠢᠬᠤ ᠠᠵᠢᠯ ᠲᠠᠢ ᠢᠳᠡᠪᠬᠢᠳᠡᠢ ᠬᠠᠮᠵᠢᠯᠴᠠᠭᠰᠠᠨ ᠮᠠᠯᠴᠢᠨ ᠲᠠᠷᠢᠶᠠᠴᠢᠨ ᠡᠷᠦᠭᠡ ᠪᠠᠷ ᠲᠠᠭᠤᠷᠢᠶᠠᠯ ᠡᠷᠦᠭᠡ ᠪᠣᠯᠭᠠᠬᠤ ᠶᠢ | ᠵᠣᠷᠢᠭᠵᠢᠭᠤᠯᠣᠨ ᠲᠡᠮᠵᠢᠵᠣ᠂ ᠲᠠᠶᠢᠴᠢᠯᠠᠬᠤ ᠦᠢᠯᠠᠳᠣᠯ ᠢ ᠨᠢ ᠪᠠᠳᠠᠷᠠᠭᠤᠯᠣᠨ᠂ ᠣᠶᠢᠷ᠎ᠠ ᠬᠠᠪᠢ ᠶᠢᠨ ᠣᠯᠠᠨ ᠲᠦᠮᠡᠨ ᠢ ᠲᠠᠶᠢᠴᠢᠯᠠᠨ ᠠᠮᠢ ᠠᠬᠤᠢ ᠶᠢᠨ | ᠬᠠᠮᠠᠭᠠᠯᠠᠯᠳᠠ ᠳᠤ ᠣᠷᠣᠯᠴᠠᠭᠤᠯᠬᠤ ᠬᠡᠷᠡᠭᠳᠡᠢ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠠᠵᠢᠯ ᠳᠤ ᠲᠣᠪᠣᠶᠢᠮ᠎ᠠ ᠢᠯᠡᠷᠡᠯ ᠲᠠᠢ ᠬᠤᠪᠢ ᠬᠦᠮᠦᠨ | ᠪᠣᠯᠣᠨ ᠬᠠᠮᠳᠦ ᠨᠢᠭᠡᠴᠡ ᠶᠢ ᠱᠠᠩᠨᠠᠨ ᠬᠦᠬᠢᠭᠦᠯᠦᠨ᠎ᠡ᠃ | ᠲᠦᠷᠪᠡ᠂ ᠲᠠᠭᠠᠭᠠᠮᠠᠭᠠᠢ ᠲᠣᠭᠳᠠᠴᠠ ᠶᠢ ᠪᠠᠶᠢᠭᠤᠯᠣᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠠᠵᠢᠯ ᠢ ᠦᠷᠭᠦᠯᠵᠢᠯᠡᠨ ᠠᠬᠢᠭᠤᠯᠬᠤ ᠶᠢ | ᠪᠠᠳᠣᠯᠠᠬᠤ ᠬᠡᠷᠡᠭᠳᠡᠢ | ︵ᠨᠢᠭᠡ︶ ᠬᠢᠨᠠᠨ ᠰᠢᠯᠭᠠᠬᠤ ᠲᠣᠭᠳᠠᠴᠠ ᠪᠠᠨ ᠲᠡᠭᠦᠯᠳᠡᠷᠵᠢᠭᠦᠯᠬᠦ ᠬᠡᠷᠡᠭᠳᠡᠢ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠠᠵᠢᠯ ᠢ ᠡᠯ᠎ᠡ ᠱᠠᠳᠣᠨ | ᠤ ᠣᠢ ᠶᠢᠨ ᠲᠠᠷᠣᠭᠠᠴᠢ ᠶᠢᠨ ᠣᠨ ᠤ ᠬᠢᠨᠠᠨ ᠰᠢᠯᠭᠠᠬᠤ ᠰᠢᠰᠲ᠋ᠧᠮ ᠳᠤ ᠣᠷᠣᠭᠤᠯᠣᠨ᠂ ᠬᠢᠨᠠᠨ ᠰᠢᠯᠭᠠᠬᠤ ᠭᠦᠢᠴᠡᠳᠬᠡᠯ ᠪᠣᠯᠣᠨ ᠱᠠᠩᠨᠠᠯ ᠲᠣᠷᠭᠠᠭᠤᠯᠢ ᠶᠢᠨ ᠠᠷᠭ᠎ᠠ | ᠠᠪᠴᠠᠯ ᠢ ᠲᠣᠳᠣᠷᠬᠠᠶᠢᠯᠠᠬᠤ ᠬᠡᠷᠡᠭᠳᠡᠢ᠃ ᠢᠯᠡᠷᠬᠡᠢ ᠪᠦᠳᠦᠮᠵᠢ ᠲᠠᠢ ᠣᠢ ᠶᠢᠨ ᠲᠠᠷᠣᠭᠠᠴᠢ ᠶᠢ ᠬᠦᠬᠢᠭᠦᠯᠦᠨ ᠱᠠᠩᠨᠠᠵᠣ᠂ ᠠᠵᠢᠯ ᠳᠤ ᠪᠠᠨ ᠬᠠᠷᠢᠭᠤᠴᠠᠯᠭ᠎ᠠ ᠦᠭᠡᠢ | ᠠᠴᠠ ᠬᠦᠨᠳᠦ ᠠᠯᠳᠠᠭ᠎ᠠ ᠭᠠᠷᠭᠠᠭᠰᠠᠨ ᠣᠢ ᠶᠢᠨ ᠲᠠᠷᠣᠭᠠᠴᠢ ᠠᠴᠠ ᠬᠠᠷᠢᠭᠤᠴᠠᠯᠭ᠎ᠠ ᠨᠡᠬᠡᠮᠵᠢᠯᠡᠭᠦ ᠬᠡᠷᠡᠭᠳᠡᠢ᠃ | ︵ᠬᠤᠶᠠᠷ︶ ᠪᠡᠯᠡ ᠮᠦᠩᠭᠦᠨ ᠤ ᠪᠠᠳᠣᠯᠠᠭ᠎ᠠ ᠶᠢ ᠴᠢᠩᠭᠠᠳᠬᠠᠬᠤ ᠬᠡᠷᠡᠭᠳᠡᠢ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠡᠯᠴᠢᠭᠡᠷᠯᠡᠭᠦᠯᠬᠦ ᠶᠢ | ᠬᠤᠷᠢᠭᠯᠠᠨ ᠰᠡᠯᠭᠦᠨ ᠮᠠᠯᠵᠢᠬᠤ ᠠᠵᠢᠯ ᠳᠠᠬᠢ ᠪᠡᠯᠡ ᠣᠷᠣᠭᠤᠯᠣᠯᠳᠠ ᠪᠠᠨ ᠴᠢᠩᠭᠠᠳᠬᠠᠨ᠂ ᠣᠬᠠᠭᠤᠯᠭ᠎ᠠ ᠬᠦᠮᠦᠵᠢᠯ᠂ ᠬᠠᠣᠯᠢ ᠬᠡᠷᠡᠭᠵᠢᠭᠦᠯᠦᠯᠳᠡ ᠶᠢᠨ ᠬᠢᠨᠠᠯᠳᠠ | ᠬᠠᠮᠢᠶᠠᠷᠣᠯᠳᠠ᠂ ᠲᠣᠭᠤᠷᠢᠨ ᠪᠠᠶᠢᠴᠠᠭᠠᠬᠤ ᠲᠦᠬᠦᠭᠡᠷᠦᠮᠵᠢ ᠶᠢᠨ ᠬᠤᠳᠠᠯᠳᠣᠨ ᠠᠪᠣᠯᠳᠠ ᠵᠡᠷᠭᠡ ᠵᠠᠷᠣᠳᠠᠯ ᠤᠨ ᠬᠡᠷᠡᠭᠴᠡᠭᠡ ᠶᠢ ᠪᠠᠳᠣᠯᠠᠵᠣ᠂ ᠪᠡᠯᠴᠢᠭᠡᠷᠯᠡᠭᠦᠯᠬᠦ ᠶᠢ | ᠬᠤᠷᠢᠭᠯᠠᠨ ᠰᠡᠯᠭᠦᠨ ᠮᠠᠯᠵᠢᠬᠤ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠬᠡᠷᠡᠭᠳᠡᠢ᠃ | ︵ᠭᠤᠷᠪᠠ︶ ᠬᠠᠷᠢᠭᠤ ᠲᠣᠰᠬᠠᠯ ᠤᠨ ᠲᠣᠭᠳᠠᠴᠠ ᠪᠠᠨ ᠴᠢᠩᠭᠠᠳᠬᠠᠬᠤ ᠬᠡᠷᠡᠭᠳᠡᠢ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠬᠢᠨᠠᠯᠳᠠ | ᠲᠠᠯᠪᠢᠯᠳᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠣᠭᠤᠳᠬᠠᠨ᠂ ᠢᠯᠡᠴᠢᠯᠡᠨ ᠮᠡᠳᠡᠭᠦᠯᠬᠦ ᠣᠳᠠᠰᠦ ᠲᠣᠬᠢᠷᠠᠭᠤᠯᠵᠣ᠂ ᠣᠯᠠᠨ ᠲᠦᠮᠡᠨ ᠤ ᠬᠠᠩᠭᠠᠭᠰᠠᠨ | ᠰᠦᠪᠡᠭᠴᠢ ᠶᠢ ᠴᠠᠭ ᠲᠣᠬᠠᠢ ᠳᠤ ᠨᠢ ᠬᠦᠯᠢᠶᠡᠨ ᠠᠪᠬᠤ ᠬᠡᠷᠡᠭᠳᠡᠢ᠃ ᠠᠰᠠᠭᠤᠳᠠᠯ ᠤᠨ ᠬᠠᠷᠢᠭᠤ ᠲᠣᠰᠬᠠᠯ ᠪᠣᠯᠣᠨ ᠴᠡᠭᠴᠡᠯᠡᠯᠳᠡ ᠶᠢᠨ ᠲᠣᠭᠳᠠᠴᠠ ᠶᠢ ᠪᠠᠶᠢᠭᠤᠯᠣᠨ᠂ | ᠢᠯᠡᠷᠡᠭᠦᠯᠦᠭᠰᠡᠨ ᠠᠰᠠᠭᠤᠳᠠᠯ ᠢ ᠴᠠᠭ ᠲᠣᠬᠠᠢ ᠳᠤ ᠨᠢ ᠴᠡᠭᠴᠡᠯᠡᠨ ᠮᠦᠷᠳᠡᠨ ᠪᠠᠶᠢᠴᠠᠭᠠᠵᠣ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠠᠵᠢᠯ ᠤᠨ | ᠨᠠᠶᠢᠳᠠᠪᠦᠷᠢᠵᠢᠭᠤᠯᠣᠯᠳᠠ ᠶᠢ ᠪᠠᠳᠣᠯᠠᠬᠤ ᠬᠡᠷᠡᠭᠳᠡᠢ᠃ | ︵ᠲᠦᠷᠪᠡ︶ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠬᠦ ᠬᠡᠷᠡᠭᠳᠡᠢ᠃ ᠡᠯ᠎ᠡ ᠱᠠᠳᠣᠨ ᠤ ᠣᠢ ᠶᠢᠨ ᠲᠠᠷᠣᠭᠠᠴᠢ ᠡᠭᠦᠷᠭᠡ ᠲᠣᠰᠢᠶᠠᠯ ᠢᠶᠠᠨ | ᠦᠨᠡᠨᠬᠦ ᠭᠦᠢᠴᠡᠳᠬᠡᠨ᠂ ᠡᠷᠡᠰ ᠴᠢᠩᠭ᠎ᠠ ᠣᠪᠣᠷ᠂ ᠡᠷᠴᠢᠮ ᠲᠠᠢ ᠠᠷᠭ᠎ᠠ ᠠᠪᠴᠠᠯ ᠢᠶᠠᠷ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠠᠵᠢᠯ ᠢ ᠠᠬᠢᠭᠤᠯᠵᠣ᠂ | ᠣᠳᠤᠭ ᠤᠨ ᠡᠮᠦᠨᠡᠳᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠰᠠᠶᠢᠵᠢᠷᠠᠭᠤᠯᠣᠯᠳᠠ ᠪᠣᠯᠣᠨ ᠠᠵᠣ ᠠᠬᠤᠢ ᠶᠢᠨ ᠨᠡᠶᠢᠭᠡᠮ ᠤᠨ ᠦᠷᠭᠦᠯᠵᠢᠭᠦᠶᠢᠴᠡ | ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ᠃ | | | ᠣᠨᠴᠠᠭᠠᠶᠢᠯᠠᠨ ᠵᠠᠷᠯᠢᠭᠳᠠᠪᠠ | | ᠣᠳᠤᠭ ᠤᠨ ᠡᠮᠦᠨᠡᠳᠦ ᠬᠤᠰᠢᠭᠤᠨ ᠤ ᠶᠡᠷᠦᠩᠭᠡᠢ ᠣᠢ ᠶᠢᠨ ᠲᠠᠷᠣᠭᠠᠴᠢ᠄ ᠸᠠᠩ ᠢᠦᠢ ᠴᠢᠶᠠᠩ ᠶᠠᠩ ᠶᠢᠩ ᠰᠢᠨ | 2025 ᠣᠨ ᠤ 3 ᠰᠠᠷ᠎ᠠ ᠶᠢᠨ 8 ᠤ ᠡᠳᠦᠷ | |