ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠯᠲᠡ ᠶᠢ ᠴᠢᠩᠭᠠᠳᠬᠠᠬᠤ ᠲᠤᠬᠠᠢ ᠵᠠᠷᠯᠢᠭ
ᠨᠡᠶᠢᠲᠡᠯᠡᠭᠰᠡᠨ ᠴᠠᠭ᠄
2025/3/12
ᠡᠯ᠎ᠡ ᠱᠠᠲᠤᠨ ᠤ ᠣᠢ ᠶᠢᠨ ᠳᠠᠷᠤᠭᠠᠴᠢ᠂ ᠦᠷᠬᠡᠨ ᠣᠯᠠᠨ ᠮᠠᠯᠴᠢᠨ ᠲᠠᠷᠢᠶᠠᠴᠢᠳ ᠲᠤ᠄     ᠣᠳᠣᠬᠠᠨ ᠳᠤ ᠨᠢᠭᠡᠨᠲᠡ ᠭᠠᠯ ᠰᠡᠷᠬᠡᠶᠢᠯᠡᠯᠲᠡ ᠶᠢᠨ ᠬᠤᠭᠤᠴᠠᠭᠠᠨ ᠳᠤ ᠣᠷᠣᠵᠣ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠣᠨ ᠤ ᠦᠵᠡᠯ ᠰᠠᠨᠠᠭ᠎ᠠ ᠪᠠ  ᠭᠠᠯ ᠢ ᠰᠡᠷᠬᠡᠶᠢᠯᠡᠨ ᠣᠨᠲᠠᠷᠠᠭᠠᠬᠤ ᠲᠤᠬᠠᠢ ᠴᠢᠬᠤᠯᠠ ᠵᠢᠭᠠᠪᠤᠷᠢ᠂ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠨ ᠣᠨᠲᠠᠷᠠᠭᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠤᠨ᠂ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠯᠲᠡ ᠶᠢᠨ ᠬᠦᠮᠦᠨ ᠤ ᠬᠦᠴᠦ ᠪᠠᠷ ᠰᠡᠷᠬᠡᠶᠢᠯᠡᠬᠦ᠂ ᠰᠢᠨᠵᠢᠯᠡᠭᠡ ᠮᠡᠷᠬᠡᠵᠢᠯ ᠢᠶᠠᠷ ᠰᠡᠷᠬᠡᠶᠢᠯᠡᠬᠦ᠂ ᠡᠳ᠋ ᠪᠤᠳᠠᠰ ᠢᠶᠠᠷ ᠰᠡᠷᠬᠡᠶᠢᠯᠡᠬᠦ ᠰᠠᠭᠤᠷᠢ ᠶᠢ ᠪᠦᠬᠦ ᠲᠠᠯ᠎ᠠ ᠪᠠᠷ ᠪᠠᠬᠢᠵᠢᠬᠦᠯᠵᠦ᠂ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠯᠲᠡ ᠶᠢᠨ ᠡᠵᠡᠮᠳᠡᠯ ᠤᠨ ᠴᠢᠳᠠᠪᠤᠷᠢ ᠪᠠ ᠳᠦᠪᠰᠢᠨ ᠢ ᠳᠡᠭᠡᠭᠰᠢᠯᠡᠬᠦᠯᠦᠨ᠂ ᠣᠢ ᠰᠢᠭᠤᠢ ᠨᠣᠲᠤᠭ ᠪᠡᠯᠴᠢᠭᠡᠷ ᠲᠤ ᠭᠠᠯ ᠤᠨ ᠠᠶᠤᠯ ᠡᠬᠦᠰᠬᠦ ᠶᠢ ᠪᠦᠲᠦᠮᠵᠢᠲᠡᠢ ᠪᠠᠷ ᠣᠷᠢᠳᠴᠢᠯᠠᠨ ᠰᠡᠷᠬᠡᠶᠢᠯᠡᠵᠦ᠂ ᠠᠮᠢ ᠠᠬᠤᠢ ᠶᠢᠨ ᠠᠮᠣᠷ ᠳᠦᠪᠰᠢᠨ ᠪᠠ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ ᠢ ᠬᠠᠮᠠᠭᠠᠯᠠᠬᠤ ᠶᠢᠨ ᠲᠤᠰᠠᠳᠠ ᠡᠳᠦᠬᠡ ᠳᠣᠣᠷᠠᠬᠢ ᠵᠠᠷᠯᠢᠭ ᠢ ᠨᠡᠶᠢᠲᠡᠯᠡᠪᠡ᠃     ᠨᠢᠭᠡ᠂ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠬᠡᠶᠢᠯᠡᠨ ᠣᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠣᠢ ᠶᠢᠨ ᠳᠠᠷᠤᠭᠠᠴᠢ ︽ᠨᠠᠮ ᠵᠠᠰᠠᠭ ᠢᠵᠢᠯ ᠬᠠᠷᠢᠭᠤᠴᠠᠯᠭ᠎ᠠ᠂ ᠨᠢᠬᠡ ᠪᠠᠶᠢᠷᠢ ᠬᠤᠤᠰ ᠬᠠᠷᠢᠭᠤᠴᠠᠯᠭ᠎ᠠ᠂ ᠣᠯᠠᠨ ᠢᠶᠠᠷ ᠠᠳᠬᠤᠵᠤ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠨᠡᠬᠡᠮᠵᠢᠯᠡᠬᠦ︾ ᠱᠠᠭᠠᠷᠳᠠᠯᠭ᠎ᠠ ᠶᠤᠰᠤᠭᠠᠷ᠂ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ  ᠶᠢᠨ ᠣᠷᠣᠨ ᠪᠦᠰᠡ ᠶᠢᠨ ᠬᠤᠪᠢᠶᠠᠷᠢᠯᠠᠯ ᠤᠨ ᠠᠵᠢᠯ ᠢᠶᠠᠨ ᠨᠠᠷᠢᠯᠢᠭ ᠪᠠᠶᠢᠷᠢᠯᠠᠭᠤᠯᠤᠨ᠂ ᠭᠤᠤᠯᠳᠠᠯᠭᠠᠲᠤ ᠬᠦᠴᠢᠷᠳᠡᠯ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠤᠭᠴᠠ  ᠠᠴᠠ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠬᠡᠶᠢᠯᠡᠨ ᠣᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠡᠨ ᠬᠦ ᠶᠠᠪᠤᠭᠳᠠᠭᠤᠰᠢᠲᠠᠢ ᠠᠷᠭ᠎ᠠ ᠠᠪᠴᠠᠯ ᠢ ᠬᠡᠷᠡᠭᠯᠡᠨ ᠪᠦᠲᠦᠮᠵᠢᠲᠡᠢ ᠰᠡᠷᠬᠡᠶᠢᠯᠡᠬᠦ ᠬᠡᠷᠡᠭᠲᠡᠢ᠃     ᠬᠤᠶᠠᠷ᠂ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠯᠲᠡ ᠶᠢᠨ ᠲᠤᠤᠷᠵᠢᠯ ᠬᠠᠮᠢᠶᠠᠷᠤᠯᠲᠠ ᠶᠢᠨ ᠰᠢᠰᠲ᠋ᠧᠮ ᠢ ᠲᠡᠬᠦᠯᠳᠡᠷᠵᠢᠬᠦᠯᠬᠦ ᠬᠡᠷᠡᠭᠲᠡᠢ᠃ ᠣᠢ  ᠶᠢᠨ ᠳᠠᠷᠤᠭᠠᠴᠢ ᠶᠢᠨ ᠳᠦᠷᠢᠮ ᠤᠨ ᠰᠠᠭᠤᠷᠢᠨ ᠳᠡᠭᠡᠷ᠎ᠡ᠂ ︽ᠬᠤᠰᠢᠭᠤ᠂ ᠪᠠᠯᠭᠠᠰᠣ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶︾ ᠤ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠯᠲᠡ ᠶᠢᠨ ᠲᠤᠤᠷᠵᠢᠯ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠡᠯ᠎ᠡ ᠱᠠᠲᠤ ᠳᠠᠪᠬᠤᠷᠭ᠎ᠠ ᠶᠢᠨ ᠭᠠᠯ ᠰᠡᠷᠬᠡᠶᠢᠯᠡᠯᠲᠡ  ᠶᠢᠨ ᠲᠤᠤᠷᠵᠢᠯ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠣᠷᠣᠨ ᠪᠦᠰᠡ ᠶᠢ ᠬᠤᠪᠢᠶᠠᠷᠢᠯᠠᠨ ᠲᠤᠭᠲᠠᠭᠠᠵᠤ᠂ ᠭᠠᠯ ᠰᠡᠷᠬᠡᠶᠢᠯᠡᠯᠲᠡ ᠶᠢᠨ ᠬᠠᠷᠢᠭᠤᠴᠠᠯᠭ᠎ᠠ ᠶᠢᠨ ᠣᠷᠣᠨ ᠢ ᠡᠷᠦᠬᠡ ᠳᠤ ᠨᠠᠶᠢᠲᠠᠪᠤᠷᠢᠵᠢᠭᠤᠯᠤᠨ᠂ ᠭᠠᠯ ᠰᠡᠷᠬᠡᠶᠢᠯᠡᠯᠲᠡ ᠶᠢᠨ ᠬᠠᠷᠢᠭᠤᠴᠠᠯᠭ᠎ᠠ ᠶᠢ ᠪᠤᠲᠠᠲᠠᠢ ᠬᠦᠮᠦᠨ ᠬᠦᠷᠲᠡᠯ᠎ᠡ ᠨᠠᠶᠢᠲᠠᠪᠤᠷᠢᠵᠢᠭᠤᠯᠬᠤ ᠬᠡᠷᠡᠭᠲᠡᠢ᠃ ᠳᠦᠭᠰᠢᠬᠦᠷᠢ ᠶᠡᠬᠡᠲᠡᠢ ᠪᠤᠯᠤᠨ ᠡᠬᠦᠰᠴᠦ ᠮᠡᠳᠡᠬᠦ ᠬᠤᠭᠤᠴᠠᠭᠠᠨ ᠳᠤ᠂ ᠡᠯ᠎ᠡ ᠱᠠᠲᠤᠨ ᠤ ᠣᠢ ᠶᠢᠨ ᠳᠠᠷᠤᠭᠠᠴᠢ ᠠᠴᠠ ᠣᠢ ᠰᠢᠭᠤᠢ ᠨᠣᠲᠤᠭ ᠪᠡᠯᠴᠢᠭᠡᠷ ᠢ ᠲᠤᠭᠤᠷᠢᠨ ᠪᠠᠶᠢᠴᠠᠭᠠᠬᠤ ᠲᠠᠪᠲᠠᠮᠵᠢ ᠪᠠᠨ ᠨᠡᠮᠡᠭᠳᠡᠬᠦᠯᠵᠦ᠂ ᠭᠠᠴᠠᠭ᠎ᠠ ᠲᠤᠰᠬᠤᠨ ᠢ ᠳᠠᠭᠠᠭᠠᠴᠢᠯᠠᠵᠤ ᠪᠠᠶᠢᠭ᠎ᠠ ᠺᠠᠳ᠋ᠷ᠂ ᠣᠢ ᠰᠢᠭᠤᠢ ᠶᠢᠨ ᠬᠠᠮᠠᠭᠠᠯᠠᠭᠴᠢ ᠠᠵᠢᠯ ᠤᠨ ᠪᠠᠶᠢᠷᠢ ᠳᠤ ᠪᠠᠨ ᠪᠠᠶᠢᠩᠭᠤ ᠭᠠᠷᠣᠨ᠂ ᠲᠤᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠢᠶᠠᠨ ᠬᠢᠨᠠᠮᠠᠭᠠᠢ ᠦᠷᠨᠢᠬᠦᠯᠵᠦ᠂ ᠣᠢ ᠰᠢᠭᠤᠢ ᠨᠣᠲᠤᠭ ᠪᠡᠯᠴᠢᠭᠡᠷ ᠤᠨ ᠵᠤᠷᠢᠭᠤᠲᠠ ᠠᠵᠢᠯᠯᠠᠭ᠎ᠠ ᠶᠢ ᠲᠡᠷᠢᠬᠦᠨ ᠳᠤ ᠢᠯᠡᠷᠡᠬᠦᠯᠦᠨ᠂ ᠳᠦᠷᠢᠮ ᠵᠦᠷᠢᠴᠡᠭᠰᠡᠨ ᠠᠵᠢᠯᠯᠠᠭᠠᠨ ᠢ ᠲᠡᠷᠢᠬᠦᠨ ᠳᠤ ᠬᠤᠷᠢᠭᠯᠠᠵᠤ᠂ ᠭᠠᠯ ᠤᠨ ᠠᠶᠤᠯ ᠤᠨ ᠪᠠᠶᠢᠳᠠᠯ ᠢ ᠲᠡᠷᠢᠬᠦᠨ ᠳᠤ ᠮᠡᠳᠡᠬᠦᠯᠦᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃     ᠭᠤᠷᠪᠠ ᠳᠤ᠂ ᠳᠠᠯᠳᠠ ᠭᠡᠮ ᠤᠨ ᠪᠠᠶᠢᠴᠠᠭᠠᠯᠲᠠ ᠴᠡᠭᠴᠡᠯᠡᠯᠲᠡ ᠶᠢ ᠪᠤᠲᠠᠲᠠᠢ ᠠᠳᠬᠤᠬᠤ ᠬᠡᠷᠡᠭᠲᠡᠢ᠃ ᠭᠤᠤᠯᠳᠠᠯᠭᠠᠲᠤ ᠣᠷᠣᠨ ᠪᠦᠰᠡ᠂ ᠴᠢᠬᠤᠯᠠ ᠬᠠᠷᠠᠯᠲᠠ᠂ ᠴᠢᠬᠤᠯᠠ ᠬᠤᠭᠤᠴᠠᠭ᠎ᠠ᠂ ᠭᠤᠤᠯᠳᠠᠯᠭᠠᠲᠤ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠵᠦ᠂ ᠣᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠤᠨ ᠳᠦᠭᠰᠢᠬᠦᠷᠢ ᠶᠢᠨ ᠳᠠᠯᠳᠠ ᠭᠡᠮ ᠤᠨ ᠪᠠᠶᠢᠴᠠᠭᠠᠯᠲᠠ ᠴᠡᠭᠴᠡᠯᠡᠯᠲᠡ ᠶᠢ ᠶᠠᠪᠤᠭᠳᠠᠭᠤᠯᠤᠨ᠂ ᠭᠤᠤᠯᠳᠠᠯᠭᠠᠲᠤ ᠭᠠᠯ ᠰᠡᠷᠬᠡᠶᠢᠯᠡᠯᠲᠡ ᠶᠢᠨ ᠣᠷᠣᠨ ᠪᠦᠰᠡ ᠲᠤᠲᠤᠷᠠᠬᠢ ᠭᠠᠯ ᠤᠨ ᠠᠶᠤᠯ ᠤᠨ ᠳᠠᠯᠳᠠ ᠬᠡᠮ ︵ᠵᠠᠮ᠂ ᠴᠠᠬᠢᠯᠭᠠᠨ ᠳᠠᠮᠵᠢᠭᠤᠯᠬᠤ ᠱᠣᠭᠤᠮ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠪᠤᠯᠠᠰᠢᠨ ᠭᠠᠵᠠᠷ᠂ ᠵᠢᠭᠤᠯᠴᠢᠯᠠᠯ ᠤᠨ ᠣᠷᠣᠨ ᠵᠡᠷᠭᠡ ᠣᠷᠣᠨ ᠪᠦᠰᠡ︶ ᠢ ᠬᠢᠨᠠᠮᠠᠭᠠᠢ ᠪᠠᠶᠢᠴᠠᠭᠠᠨ᠂ ᠠᠰᠠᠭᠤᠳᠠᠯ ᠤᠨ ᠳᠠᠩᠰᠠ ᠢ ᠪᠠᠶᠢᠭᠤᠯᠵᠤ᠂ ᠬᠤᠭᠤᠴᠠᠭ᠎ᠠ ᠶᠤᠰᠤᠭᠠᠷ ᠴᠡᠭᠴᠡᠯᠡᠨ ᠬᠦᠳᠡᠯᠦᠩᠬᠦᠢ ᠪᠠᠷ ᠦᠬᠡᠶᠢᠰᠬᠡᠬᠦ ᠬᠡᠷᠡᠭᠲᠡᠢ᠃ ᠭᠠᠯ ᠰᠡᠷᠬᠡᠶᠢᠯᠡᠯᠲᠡ ᠶᠢᠨ ᠪᠤᠳᠠᠰ ᠤᠨ ᠨᠦᠬᠡᠴᠡᠯᠡᠯᠲᠡ ᠵᠡᠷᠭᠡ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ᠂ ᠭᠠᠯ ᠰᠡᠷᠬᠡᠶᠢᠯᠡᠨ ᠣᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠣᠷᠠᠯᠲᠠ ᠦᠬᠡᠢ ᠳᠡᠭᠡᠭᠰᠢᠯᠡᠬᠦᠯᠬᠦ ᠬᠡᠷᠡᠭᠲᠡᠢ᠃     ᠳᠦᠷᠪᠡ᠂ ᠭᠠᠯ ᠤᠨ ᠢᠷᠡᠯᠲᠡ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠪᠠᠯᠭᠠᠰᠣᠨ ᠠᠴᠠ ᠣᠢ ᠶᠢᠨ ᠳᠠᠷᠤᠭᠠᠴᠢ ᠶᠢᠨ ᠳᠦᠷᠢᠮ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠢ ᠰᠢᠭᠤᠢ ᠨᠣᠲᠤᠭ ᠪᠡᠯᠴᠢᠭᠡᠷ ᠤᠨ ᠭᠠᠯ ᠰᠡᠷᠬᠡᠶᠢᠯᠡᠨ ᠲᠤᠭᠤᠷᠢᠨ ᠬᠠᠮᠠᠭᠠᠯᠠᠬᠤ ᠠᠵᠢᠯ ᠢᠶᠠᠨ ᠴᠢᠩᠭᠠᠳᠬᠠᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠡᠵᠡᠮᠳᠡᠯ ᠢᠶᠠᠨ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠬᠡᠬᠡᠷ᠎ᠡ ᠭᠠᠳᠠᠨ᠎ᠠ ᠶᠢᠨ ᠭᠠᠯ  ᠤᠨ ᠢᠷᠡᠯᠲᠡ ᠶᠢᠨ ᠬᠠᠮᠢᠶᠠᠷᠤᠯᠲᠠ ᠶᠢᠨ ᠳᠦᠷᠢᠮ ᠢᠶᠠᠨ ᠴᠢᠩᠭ᠎ᠠ ᠨᠠᠶᠢᠲᠠᠪᠤᠷᠢᠵᠢᠭᠤᠯᠤᠨ᠂ ᠭᠠᠯ ᠰᠡᠷᠬᠡᠶᠢᠯᠡᠯᠲᠡ ᠶᠢᠨ ᠬᠤᠭᠤᠴᠠᠭᠠᠨ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠬᠢᠨᠠᠨ ᠴᠤᠬᠤᠯᠠᠪᠤᠷᠢᠯᠠᠯ ᠤᠨ ᠳᠦᠷᠢᠮ ᠢᠶᠠᠨ ᠬᠢᠨᠠᠮᠠᠭᠠᠢ ᠬᠡᠷᠡᠭᠵᠢᠬᠦᠯᠵᠦ᠂ ᠬᠡᠬᠡᠷ᠎ᠡ ᠭᠠᠳᠠᠨ᠎ᠠ ᠳᠦᠷᠢᠮ ᠵᠦᠷᠢᠴᠡᠨ ᠭᠠᠯ ᠬᠡᠷᠡᠭᠯᠡᠬᠦ ᠠᠵᠢᠯᠯᠠᠭ᠎ᠠ ᠶᠢ ᠬᠠᠣᠯᠢ ᠶᠤᠰᠤᠭᠠᠷ ᠴᠢᠩᠭ᠎ᠠ ᠰᠢᠢᠳᠬᠡᠨ᠂ ᠭᠠᠯ ᠤᠨ ᠠᠶᠤᠯ ᠡᠬᠦᠰᠬᠦ ᠳᠦᠭᠰᠢᠬᠦᠷᠢ ᠶᠡᠬᠡᠲᠡᠢ ᠬᠤᠭᠤᠴᠠᠭᠠᠨ ᠳᠤ ᠬᠡᠬᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃     ᠲᠠᠪᠤ᠂ ᠣᠷᠢᠳᠴᠢᠯᠠᠨ ᠰᠡᠷᠡᠮᠵᠢᠯᠡᠬᠦᠯᠦᠯ ᠪᠠ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠪᠠᠨ ᠴᠢᠩᠭᠠᠳᠬᠠᠬᠤ ᠬᠡᠷᠡᠭᠲᠡᠢ᠃ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶ᠎ᠠ ᠠᠴᠠ ᠠᠯᠣᠰ ᠡᠵᠡᠮᠰᠢᠯᠲᠤ ᠨᠢᠰᠬᠡᠯ᠂ ᠴᠠᠮᠬᠠᠭ᠂ ᠸᠢᠳᠢᠤ᠋ ᠡᠵᠡᠮᠳᠡᠯ᠂ ᠪᠤᠲᠠᠲᠤ ᠭᠠᠵᠠᠷ ᠳᠦᠬᠦᠬᠡᠷᠦᠮᠵᠢ ᠠᠪᠴᠤ ᠲᠤᠭᠤᠷᠢᠨ ᠬᠠᠮᠠᠭᠠᠯᠠᠬᠤ ᠵᠡᠷᠭᠡ ᠬᠢᠨᠠᠨ ᠡᠵᠡᠮᠰᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ ᠭᠠᠯ ᠤᠨ ᠪᠠᠶᠢᠳᠠᠯ ᠢ ᠴᠢᠩᠭ᠎ᠠ ᠨᠢᠮᠪᠠᠢ ᠬᠢᠨᠠᠨ ᠪᠠᠶᠢᠴᠠᠭᠠᠵᠤ᠂ ᠡᠩ ᠲᠡᠷᠢᠬᠦᠨ ᠳᠤ ᠠᠷᠭᠠᠴᠠᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ ᠳᠣᠪᠴᠢᠶ᠎ᠠ ᠠᠴᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠮᠠᠭᠠᠳᠯᠠᠯᠲᠠ ᠪᠠ ᠪᠠᠶᠢᠳᠠᠯ ᠤᠨ ᠵᠠᠳᠠᠯᠣᠯᠲᠠ ᠪᠠᠨ ᠴᠢᠩᠭᠠᠳᠬᠠᠨ᠂ ᠣᠷᠢᠳᠴᠢᠯᠠᠨ ᠰᠡᠷᠡᠮᠵᠢᠯᠡᠬᠦᠯᠦᠯ ᠮᠡᠳᠡᠭᠡ ᠪᠠᠨ ᠴᠠᠭ ᠲᠤᠬᠠᠢ ᠳᠤᠨᠢ ᠨᠡᠶᠢᠲᠡᠯᠡᠨ᠂ ᠠᠶᠤᠯ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠣᠷᠢᠳᠴᠢᠯᠠᠨ ᠠᠷᠭᠠᠴᠠᠬᠤ ᠬᠡᠷᠡᠭᠲᠡᠢ᠃ ᠣᠢ ᠰᠢᠭᠤᠢ ᠨᠣᠲᠤᠭ ᠪᠡᠯᠴᠢᠬᠡᠷ ᠤᠨ ᠭᠠᠯ ᠰᠡᠷᠬᠡᠶᠢᠯᠡᠨ ᠣᠨᠲᠠᠷᠠᠭᠠᠬᠤ ᠲᠤᠰᠬᠠᠢ ᠮᠡᠷᠭᠡᠵᠢᠯ᠂ ᠬᠠᠭᠠᠰ ᠲᠤᠰᠬᠠᠢ ᠮᠡᠷᠬᠡᠵᠢᠯ ᠤᠨ ᠡᠩᠨᠡᠭᠡ ᠠᠴᠠ ᠭᠠᠯ ᠰᠡᠷᠬᠡᠶᠢᠯᠡᠬᠦ ᠪᠠᠶᠢᠳᠠᠯ ᠢᠶᠠᠨ ᠪᠠᠷᠢᠮᠲᠠᠯᠠᠨ᠂ ᠣᠢ ᠰᠢᠭᠤᠢ ᠨᠣᠲᠤᠭ ᠪᠡᠯᠴᠢᠭᠡᠷ ᠤᠨ ᠭᠠᠯ  ᠤᠨ ᠠᠶᠤᠯ ᠡᠬᠦᠰᠪᠡᠯ᠂ ᠡᠮᠦᠨ᠎ᠡ ᠬᠤᠭᠤᠴᠠᠭᠠᠨ ᠤ ᠰᠢᠢᠳᠪᠦᠷᠢᠯᠡᠯᠲᠡ ᠪᠠᠨ ᠦᠳᠲᠡᠷ ᠪᠦᠲᠦᠮᠵᠢᠲᠡᠢ ᠪᠠᠷ ᠦᠷᠨᠢᠬᠦᠯᠬᠦ ᠬᠡᠷᠡᠭᠲᠡᠢ᠃ ᠡᠯ᠎ᠡ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠪᠠᠴᠢᠮ ᠪᠠᠶᠢᠳᠠᠯ ᠢ ᠠᠷᠭᠠᠴᠠᠬᠤ ᠵᠢᠵᠢᠬᠦᠷᠯᠡᠯᠲᠡ ᠪᠠᠨ ᠴᠢᠩᠭᠠᠳᠬᠠᠵᠤ᠂ ᠮᠡᠳᠡᠭᠡ ᠵᠠᠩᠬᠢ ᠶᠢ ᠮᠡᠳᠡᠬᠦᠯᠬᠦ ᠳᠦᠷᠢᠮ ᠢᠶᠠᠨ ᠨᠠᠶᠢᠲᠠᠪᠤᠷᠢᠵᠢᠭᠤᠯᠤᠨ᠂ ᠭᠠᠯ ᠤᠨ ᠠᠶᠤᠯ ᠡᠬᠦᠰᠪᠡᠯ᠂ ᠰᠢᠨᠵᠢᠯᠡᠬᠦ ᠤᠬᠠᠭᠠᠨᠴᠢ᠂ ᠦᠨᠳᠦᠷ ᠪᠦᠲᠦᠮᠵᠢᠲᠡᠢ᠂ ᠳᠦᠷᠢᠮᠵᠢᠬᠦᠨ ᠢᠶᠠᠷ ᠲᠤᠬᠢᠷᠠᠭᠤᠯᠤᠨ ᠰᠢᠢᠳᠪᠦᠷᠢᠯᠡᠵᠦ᠂ ᠡᠬᠦᠰᠦᠮᠡᠯ ᠭᠠᠮᠰᠢᠭ ᠪᠠ ᠦᠬᠦᠵᠦ ᠰᠢᠷᠬᠠᠳᠣᠬᠤ ᠠᠳᠡᠯ ᠭᠠᠷᠬᠤ ᠶᠢ ᠴᠢᠩᠭ᠎ᠠ ᠰᠡᠷᠬᠡᠶᠢᠯᠡᠬᠦ ᠬᠡᠷᠡᠭᠲᠡᠢ᠃ ᠠᠵᠢᠯ ᠢᠶᠠᠨ ᠰᠠᠶᠢᠲᠤᠷ ᠴᠢᠬᠤᠯᠠᠴᠢᠯᠠᠭᠰᠠᠨ ᠦᠬᠡᠢ᠂ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠭᠰᠡᠨ ᠦᠬᠡᠢ᠂ ᠰᠠᠶᠢᠲᠤᠷ ᠰᠢᠢᠳᠪᠦᠷᠢᠯᠡᠭᠰᠡᠨ ᠦᠬᠡᠢ ᠠᠴᠠ ᠪᠤᠯᠵᠤ ᠭᠠᠯ ᠤᠨ ᠠᠶᠤᠯ ᠬᠦᠨᠳᠦᠷᠡᠭᠰᠡᠨ ᠪᠤᠶᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠵᠢᠴᠢ ᠭᠠᠯ ᠤᠨ ᠠᠶᠤᠯ ᠣᠯᠠᠳᠣᠭᠰᠠᠨ ᠠᠴᠠ ᠪᠤᠯᠵᠤ ᠮᠠᠭᠤ ᠨᠦᠯᠦᠬᠡ ᠠᠪᠴᠢᠷᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃     ᠵᠢᠷᠭᠤᠭ᠎ᠠ᠂ ᠭᠠᠯ ᠰᠡᠷᠬᠡᠶᠢᠯᠡᠯᠲᠡ ᠶᠢᠨ ᠣᠬᠠᠭᠤᠯᠭ᠎ᠠ ᠬᠦᠮᠦᠵᠢᠯ ᠢᠶᠠᠨ ᠰᠠᠶᠢᠲᠤᠷ ᠬᠢᠬᠦ ᠬᠡᠷᠡᠭᠲᠡᠢ᠃ ᠣᠬᠠᠭᠤᠯᠭ᠎ᠠ ᠶᠢᠨ ᠳᠡᠪᠲᠡᠷ᠂ ᠣᠬᠠᠭᠤᠯᠭ᠎ᠠ ᠶᠢᠨ ᠮᠡᠲ᠋ᠧᠷᠢᠶᠡᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠦᠨᠳᠦᠰᠦᠨ ᠱᠠᠲᠤᠨ ᠳᠤ ᠬᠦᠨᠵᠡᠬᠡᠶᠢᠷᠡᠵᠦ᠂ ᠣᠯᠠᠨ ᠵᠠᠭᠤᠴᠢᠯᠠᠭᠤᠷ ᠤᠨ ᠬᠡᠯᠪᠡᠷᠢ ᠪᠠᠷ ᠭᠠᠯ ᠰᠡᠷᠬᠡᠶᠢᠯᠡᠯᠲᠡ  ᠶᠢᠨ ᠮᠡᠳᠡᠯᠭᠡ ᠶᠢ ᠲᠦᠬᠡᠮᠡᠯᠵᠢᠬᠦᠯᠦᠨ᠂ ᠳᠦᠷᠢᠮ ᠠᠴᠠ ᠵᠦᠷᠢᠴᠡᠨ ᠭᠠᠯ ᠬᠡᠷᠡᠭᠯᠡᠭᠰᠡᠨ ᠠᠵᠢᠯᠯᠠᠭ᠎ᠠ᠂ ᠣᠢ ᠰᠢᠭᠤᠢ ᠶᠢᠨ ᠭᠠᠯ ᠤᠨ ᠠᠶᠤᠯ ᠵᠡᠷᠭᠡ ᠨᠡᠶᠢᠲᠡᠯᠢᠭ ᠬᠡᠷᠡᠭ  ᠤᠨ ᠵᠢᠱᠢᠶ᠎ᠡ ᠶᠢ ᠢᠯᠡ ᠨᠡᠶᠢᠲᠡᠯᠡᠨ᠂ ᠬᠡᠷᠡᠭ ᠤᠨ ᠵᠢᠱᠢᠶ᠎ᠡ ᠪᠠᠷ ᠬᠠᠤᠯᠢ ᠲᠦᠬᠡᠮᠡᠯᠵᠢᠬᠦᠯᠵᠦ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠬᠦᠯᠦᠨ᠂ ᠬᠡᠷᠡᠭ ᠤᠨ ᠵᠢᠱᠢᠶ᠎ᠡ ᠪᠠᠷ ᠬᠦᠮᠦᠵᠢᠬᠦᠯᠵᠦ᠂ ᠪᠦᠬᠦ ᠠᠷᠠᠳ ᠤᠨ ᠭᠠᠯ ᠰᠡᠷᠬᠡᠶᠢᠯᠡᠬᠦ ᠣᠬᠠᠮᠰᠠᠷ ᠢ ᠲᠠᠰᠣᠷᠠᠯᠲᠠ ᠦᠬᠡᠢ ᠴᠢᠩᠭᠠᠳᠬᠠᠬᠤ ᠬᠡᠷᠡᠭᠲᠡᠢ᠃           ᠣᠨᠴᠠᠭᠠᠶᠢᠯᠠᠨ ᠵᠠᠷᠯᠢᠭᠳᠠᠪᠠ᠃                         ᠣᠲᠤᠭ ᠤᠨ ᠡᠮᠦᠨᠡᠲᠦ ᠬᠤᠰᠢᠭᠤᠨ ᠤ ᠣᠢ ᠶᠢᠨ ᠳᠠᠷᠤᠭᠠᠴᠢ᠄ ᠸᠠᠩ ᠢᠦᠢ ᠴᠢᠶᠠᠩ  ᠶᠠᠩ ᠶᠢᠩ ᠰᠢᠨ                                               2025 ᠣᠨ ᠤ 3 ᠰᠠᠷ᠎ᠠ ᠶᠢᠨ 9 ᠤ ᠡᠳᠦᠷ
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ