ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠳᠤᠭᠤᠷᠢᠨ ᠪᠠᠶᠢᠴᠠᠭᠠᠬᠤ ᠳᠤᠭᠤᠶᠢᠯᠠᠩ ᠤᠳᠤᠭ ᠤᠨ ᠡᠮᠤᠨᠡᠳᠤ ᠬᠤᠰᠢᠭᠤ  ᠶᠢ ᠳᠤᠭᠤᠷᠢᠨ  ᠪᠠᠶᠢᠴᠠᠭᠠᠬᠤ ᠳᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠢᠬᠡᠳᠤᠯᠳᠠᠢ ᠳᠤᠬᠢᠷᠠᠭᠤᠯᠭ᠎ᠠ ᠶᠢ ᠦᠨᠳᠤᠰᠤᠯᠠᠨ᠂ 3 ᠰᠠᠷ᠎ᠠ ᠶᠢᠨ 11 ᠤ ᠡᠳᠤᠷ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠳᠤᠭᠤᠷᠢᠨ ᠪᠠᠶᠢᠴᠠᠭᠠᠬᠤ ᠳᠤᠭᠤᠶᠢᠯᠠᠩ ᠤᠳᠤᠭ ᠤᠨ ᠡᠮᠤᠨᠡᠳᠤ ᠬᠤᠰᠢᠭᠤ ᠶᠢ ᠳᠤᠭᠤᠷᠢᠨ ᠪᠠᠶᠢᠴᠠᠭᠠᠬᠤ ᠳᠠᠶᠢᠴᠢᠯᠠᠯᠳᠠ ᠶᠢᠨ ᠬᠤᠷᠠᠯ ᠬᠤᠷᠠᠯᠳᠤᠪᠠ᠃ ᠳᠠᠶᠢᠴᠢᠯᠠᠯᠳᠠ ᠶᠢᠨ ᠬᠤᠷᠠᠯ ᠳᠡᠬᠡᠷ᠎ᠡ᠂ ᠠᠷᠪᠠᠨ ᠬᠤᠶᠠᠳᠤᠭᠠᠷ ᠳᠤᠭᠤᠷᠢᠨ ᠪᠠᠶᠢᠴᠠᠭᠠᠬᠤ ᠳᠤᠭᠤᠶᠢᠯᠠᠩ  ᠤᠨ ᠳᠠᠷᠤᠭ᠎ᠠ ᠱᠢ ᠮᠢᠨ ᠤᠳᠤᠬᠠᠨ ᠳᠤ ᠶᠠᠪᠤᠭᠳᠠᠬᠤ ᠳᠤᠭᠤᠷᠢᠨ ᠪᠠᠶᠢᠴᠠᠭᠠᠬᠤ ᠠᠵᠢᠯ ᠤᠨ ᠳᠤᠬᠠᠢ ᠶᠠᠷᠢᠶ᠎ᠠ ᠳᠠᠯᠪᠢᠵᠤ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠧᠨ ᠬᠤᠸᠠ ᠬᠤᠷᠠᠯ ᠡᠷᠬᠢᠯᠡᠵᠤ ᠶᠠᠷᠢᠶ᠎ᠠ ᠳᠠᠯᠪᠢᠨ᠂ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠤᠪᠤᠷ ᠢᠶᠠᠨ ᠢᠯᠡᠤᠨᠬᠡᠬᠦ ᠶᠠᠷᠢᠶ᠎ᠠ ᠳᠠᠯᠪᠢᠪᠠ᠃     ᠱᠢ ᠮᠢᠨ᠂ ᠳᠤᠭᠤᠷᠢᠨ ᠪᠠᠶᠢᠴᠠᠭᠠᠯᠳᠠ ᠪᠤᠯ ᠨᠠᠮ ᠤᠨ ᠲᠦᠷᠢᠮ ᠠᠴᠠ ᠤᠯᠭᠤᠭᠰᠠᠨ ᠴᠢᠬᠤᠯᠠ ᠡᠬᠦᠷᠬᠡ ᠬᠠᠷᠢᠭᠤᠴᠠᠯᠭ᠎ᠠ ᠪᠤᠯᠤᠨ᠎ᠠ᠃ ᠤᠳᠤᠭ ᠤᠨ ᠡᠮᠤᠨᠡᠳᠤ  ᠬᠤᠰᠢᠭᠤᠨ ᠳᠤ ᠳᠤᠭᠤᠷᠢᠨ ᠪᠠᠶᠢᠴᠠᠭᠠᠯᠳᠠ ᠬᠢᠬᠦ ᠪᠤᠯ ᠳᠤᠰ ᠭᠠᠵᠠᠷ ᠤᠷᠤᠨ ᠤ ᠬᠢᠨ ᠠᠩᠬᠠᠷᠤᠯ ᠢᠶᠠᠨ ᠲᠦᠪᠯᠡᠷᠡᠬᠦᠯᠤᠨ ᠬᠦᠴᠤ ᠪᠠᠨ ᠬᠤᠷᠠᠮᠳᠤᠭᠤᠯᠵᠤ ᠨᠢᠬᠡ ᠵᠤᠷᠪᠤᠰ ᠭᠤᠤᠯ ᠰᠢᠵᠢᠮ ᠢ ᠳᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠬᠦᠯᠬᠦ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠠ ᠵᠠᠮ ᠢᠶᠠᠷ ᠵᠠᠮᠨᠠᠨ ᠳᠤᠮᠳᠠ ᠡᠩᠨᠡᠬᠡᠨ ᠳᠤ ᠤᠷᠤᠬᠤ ᠶᠢ ᠠᠬᠢᠭᠤᠯᠬᠤ ᠴᠢᠬᠤᠯᠠ ᠠᠷᠭ᠎ᠠ ᠠᠪᠴᠠᠯ᠂ ︽ᠵᠢᠷᠭᠤᠭᠠᠨ ᠢᠨᠵᠧᠨᠧᠷᠢᠩ︾ ᠢ ᠦᠷᠬᠦᠯᠵᠢᠯᠡᠨ ᠬᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠵᠤᠬᠢᠶᠠᠨ ᠪᠠᠶᠢᠭᠤᠯᠤᠨ ᠦᠷᠨᠢᠬᠦᠯᠬᠦ ᠴᠢᠬᠤᠯᠠ ᠠᠷᠭ᠎ᠠ ᠠᠪᠴᠠᠯ᠂ ᠦᠬᠡᠷᠡᠴᠢᠯᠡᠯᠳᠠ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠡᠯ᠎ᠡ ᠡᠬᠦᠷᠬᠡ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠠᠪᠴᠠᠯ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠤᠨ ᠬᠦᠭᠵᠢᠬᠦᠯᠬᠦ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠤᠨ᠎ᠠ᠃ ᠤᠳᠤᠭ ᠤᠨ ᠡᠮᠤᠨᠡᠳᠤ ᠬᠤᠰᠢᠭᠤ ᠳᠤᠭᠤᠷᠢᠨ ᠪᠠᠶᠢᠴᠠᠭᠠᠯᠳᠠ ᠶᠢᠨ ᠴᠢᠬᠤᠯᠠ ᠠᠴᠢ ᠬᠤᠯᠪᠤᠭᠳᠠᠯ ᠢ ᠬᠦᠢᠴᠡᠤᠨ ᠳᠠᠨᠢᠨ᠂ ᠬᠢᠨᠠᠯᠳᠠ ᠶᠢ ᠬᠦᠯᠢᠶᠡᠬᠦ ᠤᠬᠠᠮᠰᠠᠷᠳᠤ ᠴᠢᠨᠠᠷ ᠪᠠ ᠰᠠᠨᠠᠭᠠᠴᠢᠯᠠᠭᠠᠳᠤ ᠴᠢᠨᠠᠷ ᠢᠶᠠᠨ ᠦᠨᠡᠨᠬᠦ ᠴᠢᠩᠭᠠᠤᠨᠬᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠱᠢ ᠮᠢᠨ᠂ ᠳᠤᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠳᠤᠭᠤᠷᠢᠨ ᠪᠠᠶᠢᠴᠠᠭᠠᠯᠳᠠ ᠶᠢᠨ ᠠᠵᠢᠯ ᠤᠨ ᠴᠢᠭᠯᠡᠯᠳᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠤᠨᠪᠤᠷᠢ ᠪᠠᠶᠢᠷᠢᠯᠠᠭᠤᠯᠤᠯᠳᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠡᠨ ᠪᠠᠶᠢᠳᠠᠯ ᠵᠢᠴᠢ ᠦᠬᠡᠷᠡᠴᠢᠯᠡᠯᠳᠠ ᠶᠢᠨ ᠠᠷᠭ᠎ᠠ ᠠᠪᠴᠠᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠭᠰᠡᠨ ᠪᠠᠶᠢᠳᠠᠯ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠦᠢᠴᠡᠤᠨᠬᠡᠭᠰᠡᠨ ᠪᠠᠶᠢᠳᠠᠯ᠂ ᠰᠢᠨ᠎ᠠ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠵᠠᠮ ᠱᠤᠭᠤᠮ ᠢ ᠨᠠᠶᠢᠳᠠᠪᠤᠷᠢᠵᠢᠭᠤᠯᠤᠭᠰᠡᠨ ᠪᠠ ᠴᠡᠭᠴᠡᠯᠡᠭᠰᠡᠨ ᠪᠠᠶᠢᠳᠠᠯ ᠳᠤ ᠬᠢᠨᠠᠯᠳᠠ ᠳᠠᠯᠪᠢᠵᠤ᠂ ᠤᠳᠤᠭ ᠤᠨ ᠡᠮᠤᠨᠡᠳᠤ ᠬᠤᠰᠢᠭᠤᠨ ᠤ ᠡᠯ᠎ᠡ ᠲᠦᠷᠤᠯ ᠤᠨ ᠠᠵᠢᠯ ᠳᠤ ᠤᠷᠤᠰᠢᠵᠤ ᠪᠠᠶᠢᠭ᠎ᠠ ᠵᠦᠷᠢᠶ᠎ᠡ ᠪᠠ ᠬᠦᠷᠤᠯᠴᠠᠬᠦ ᠦᠬᠡᠢ ᠳᠠᠯ᠎ᠠ ᠶᠢ ᠬᠦᠴᠤᠯᠡᠨ ᠡᠷᠢᠨ᠎ᠠ᠃ ᠤᠳᠤᠭ ᠤᠨ ᠡᠮᠤᠨᠡᠳᠤ ᠬᠤᠰᠢᠭᠤ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂  ᠢᠵᠢᠯ ᠦᠵᠡᠯᠳᠠ ᠪᠠᠷ ᠳᠤᠰ ᠡᠬᠡᠯᠵᠢ ᠶᠢᠨ ᠳᠤᠭᠤᠷᠢᠨ ᠪᠠᠶᠢᠴᠠᠭᠠᠬᠤ ᠡᠬᠦᠷᠬᠡ ᠶᠢ ᠬᠠᠮᠳᠤ ᠪᠠᠷ ᠰᠠᠶᠢᠳᠤᠷ ᠪᠡᠶᠡᠯᠡᠬᠦᠯᠬᠦ ᠬᠡᠷᠡᠭᠳᠠᠢ ᠬᠡᠵᠤ ᠢᠯᠡᠷᠬᠡᠶᠢᠯᠡᠭᠰᠡᠨ ᠪᠠᠶᠢᠨ᠎ᠠ᠃     ᠵᠧᠨ ᠬᠤᠸᠠ ᠶᠠᠷᠢᠶᠠᠨ ᠳᠤ ᠪᠠᠨ᠂ ᠳᠤᠰ ᠤᠳᠠᠭ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠳᠤᠭ ᠤᠨ ᠡᠮᠤᠨᠡᠳᠤ ᠬᠤᠰᠢᠭᠤᠨ ᠳᠤ ᠳᠤᠭᠤᠷᠢᠨ ᠪᠠᠶᠢᠴᠠᠭᠠᠯᠳᠠ ᠬᠢᠬᠦ ᠪᠠᠷ ᠳᠤᠬᠢᠷᠠᠭᠤᠯᠤᠭᠰᠡᠨ ᠨᠢ ᠤᠳᠤᠭ ᠤᠨ ᠡᠮᠤᠨᠡᠳᠤ ᠬᠤᠰᠢᠭᠤᠨ ᠤ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠬᠠᠷᠢᠭᠤᠴᠠᠯᠭ᠎ᠠ ᠬᠦᠢᠴᠡᠤᠨᠬᠡᠯᠳᠠ ᠶᠢᠨ ᠨᠢᠬᠡᠨ ᠤᠳᠠᠭᠠᠨ ᠤ ︽ᠤᠯᠤᠰ ᠲᠦᠷᠤ ᠶᠢᠨ ᠪᠠᠶᠢᠴᠠᠭᠠᠯᠳᠠ︾ ᠪᠤᠯᠬᠤ ᠮᠦᠷᠳᠡᠬᠡᠨ ᠤᠷᠳᠤᠰ ᠬᠤᠳᠠ ᠶᠢᠨ ᠨᠠᠮ ᠶᠢᠨ ᠪᠦᠬᠦ ᠳᠠᠯ᠎ᠠ ᠶᠢᠨ ᠵᠠᠰᠠᠯᠳᠠ ᠳᠤ ᠬᠢ ᠰᠢᠯᠭᠠᠨ ᠪᠠᠶᠢᠴᠠᠭᠠᠯᠳᠠ ᠪᠠ ᠠᠬᠢᠭᠤᠯᠤᠯᠳᠠ ᠪᠤᠯᠤᠨ᠎ᠠ᠃ ᠬᠤᠳᠠ ᠶᠢᠨ ᠨᠠᠮ ᠤᠨ ᠬᠤᠷᠢᠶ᠎ᠠ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠱᠠᠭᠠᠷᠳᠠᠯᠭ᠎ᠠ ᠪᠠ ᠠᠵᠢᠯ ᠤᠨ ᠶᠠᠪᠤᠴᠠ ᠶᠤᠰᠤᠭᠠᠷ ᠵᠤᠬᠢᠴᠠᠭᠤᠯᠵᠤ ᠬᠠᠷᠢᠯᠴᠠᠬᠤ᠂ ᠳᠡᠮᠵᠢᠵᠤ ᠬᠠᠪᠰᠤᠷᠤᠯᠴᠠᠬᠤ ᠵᠡᠷᠬᠡ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠵᠤ᠂ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠳᠤᠰᠢᠶᠠᠭᠰᠡᠨ ᠡᠯ᠎ᠡ ᠡᠬᠦᠷᠬᠡ ᠶᠢ ᠭᠤᠶᠢᠪᠢᠰᠢ ᠦᠬᠡᠢ ᠰᠠᠶᠢᠳᠤᠷ ᠨᠠᠶᠢᠳᠠᠪᠤᠷᠢᠵᠢᠭᠤᠯᠤᠨ᠎ᠠ ᠬᠡᠵᠤ ᠢᠯᠡᠷᠬᠡᠶᠢᠯᠡᠪᠡ᠃     ᠸᠠᠩ ᠢᠦᠢ ᠴᠢᠶᠠᠩ᠂ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠶᠡᠷᠤᠩᠬᠡᠢ ᠱᠦᠵᠢ ᠰᠢ ᠶᠢᠨ ᠫᠢᠩ ᠤᠨ ᠳᠤᠭᠤᠷᠢᠨ ᠪᠠᠶᠢᠴᠠᠭᠠᠬᠤ ᠠᠵᠢᠯ  ᠤᠨ ᠳᠤᠬᠠᠢ ᠴᠢᠬᠤᠯᠠ ᠦᠬᠦᠯᠡᠮᠵᠢ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠡᠯ᠎ᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠤᠭᠤᠷᠢᠨ ᠪᠠᠶᠢᠴᠠᠭᠠᠬᠤ ᠠᠵᠢᠯ ᠤᠨ ᠤᠷᠤᠭᠰᠢᠳᠠᠢ ᠪᠦᠳᠤᠮᠵᠢᠳᠠᠢ ᠶᠠᠪᠤᠭᠳᠠᠬᠤ ᠶᠢ ᠪᠦᠬᠦ ᠬᠦᠴᠤᠨ ᠢᠶᠠᠷ ᠪᠠᠳᠤᠯᠠᠵᠤ᠂ ᠳᠤᠭᠤᠷᠢᠨ ᠪᠠᠶᠢᠴᠠᠭᠠᠭᠰᠡᠨ ᠠᠰᠠᠭᠤᠳᠠᠯ ᠤᠨ ᠴᠡᠭᠴᠡᠯᠡᠯᠳᠠ ᠨᠠᠶᠢᠳᠠᠪᠤᠷᠢᠵᠢᠭᠤᠯᠤᠯᠳᠠ ᠶᠢ ᠴᠢᠩᠭ᠎ᠠ ᠪᠤᠳᠠᠳᠠᠢ ᠰᠠᠶᠢᠳᠤᠷ ᠠᠤᠨᠬᠤᠨ᠂ ᠬᠢᠨᠠᠯᠳᠠ ᠬᠦᠯᠢᠶᠡᠬᠦ ᠪᠠ ᠬᠦᠭᠵᠢᠯᠳᠠ ᠶᠢ ᠠᠬᠢᠭᠤᠯᠬᠤ ᠶᠢ ᠵᠡᠷᠬᠡᠪᠡᠷ ᠠᠤᠨᠬᠤᠨ ᠬᠠᠮᠳᠤᠪᠠᠷ ᠠᠬᠢᠭᠤᠯᠬᠤ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠦᠪᠤᠷ ᠮᠤᠩᠭᠤᠯ ᠤᠨ ᠰᠢᠨ᠎ᠠ ᠬᠠᠭᠤᠳᠠᠰᠤ ᠶᠢ ᠪᠢᠴᠢᠭᠯᠡᠬᠦ ᠳᠤ ᠤᠳᠤᠭ ᠤᠨ ᠡᠮᠤᠨᠡᠳᠤ ᠬᠤᠰᠢᠭᠤᠨ ᠤ ᠬᠦᠴᠤᠨ ᠢᠶᠠᠨ ᠡᠷᠬᠦᠨ᠎ᠡ ᠬᠡᠵᠤ ᠢᠯᠡᠷᠬᠡᠶᠢᠯᠡᠪᠡ᠃     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠤᠬᠦᠨ᠂ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠤᠨᠬᠤ ᠪᠠᠭ ᠤᠨ ᠪᠦᠷᠢᠯᠳᠤᠬᠦᠨ ᠬᠤᠷᠠᠯ ᠳᠤ ᠤᠷᠤᠯᠴᠠᠪᠠ︔ ᠡᠯ᠎ᠡ ᠰᠠᠯᠠᠭ᠎ᠠ ᠮᠦᠴᠢᠷ ᠨᠢᠬᠡᠴᠠ ᠶᠢᠨ ᠭᠤᠤᠯ ᠬᠠᠷᠢᠭᠤᠴᠠᠯᠭᠠᠳᠠᠨ᠂ ᠰᠠᠯᠠᠭᠠᠨ ᠳᠡᠰ ᠠᠴᠠ ᠳᠡᠬᠡᠭᠰᠢᠬᠢ ᠺᠠᠳ᠋ᠷᠴᠤᠤᠨ ᠬᠤᠷᠠᠯ ᠳᠤ ᠰᠤᠯᠠ ᠤᠷᠤᠯᠴᠠᠪᠠ᠃     ᠳᠤᠭᠤᠷᠢᠨ ᠪᠠᠶᠢᠴᠠᠭᠠᠬᠤ ᠬᠤᠭᠤᠴᠠᠭᠠᠨ ᠳᠤ᠂ ᠳᠤᠭᠤᠷᠢᠨ ᠪᠠᠶᠢᠴᠠᠭᠠᠬᠤ ᠳᠤᠭᠤᠶᠢᠯᠠᠩ ᠠᠴᠠ ᠳᠤᠰᠬᠠᠢ ᠵᠢᠵᠢᠬᠦᠷᠯᠡᠬᠦ ᠤᠳᠠᠰᠤ ᠳᠤᠬᠢᠷᠠᠭᠤᠯᠪᠠ᠄ 0477 — 7628248᠂ ᠡᠳᠤᠷ ᠪᠦᠷᠢ ᠶᠢᠨ ᠬᠦᠯᠢᠶᠡᠨ ᠠᠪᠬᠤ ᠴᠠᠭ 8᠄ 00 ᠠᠴᠠ 18᠄ 00︔ ᠰᠢᠤᠳᠠᠨ ᠬᠠᠶᠢᠷᠴᠠᠭ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠳᠤᠰ ᠬᠤᠳᠠ ᠶᠢᠨ A142 ᠨᠤᠮᠧᠷᠳᠤ ᠰᠢᠤᠳᠠᠨ ᠬᠠᠶᠢᠷᠴᠠᠭ︔ ᠢᠮᠧᠯ᠄ etkqqxsz@163.com᠃ ᠡᠬᠦᠨ ᠤ ᠬᠠᠮᠳᠤ᠂ ᠤᠳᠤᠭ ᠤᠨ ᠡᠮᠤᠨᠡᠳᠤ ᠬᠤᠰᠢᠭᠤᠨ ᠤ ᠷᠥᠩ ᠲᠠᠢ ᠪᠠᠭᠤᠳᠠᠯ ᠤᠨ ᠭᠤᠤᠯ ᠡᠬᠦᠳᠠᠨ ᠤ ᠵᠡᠬᠦᠨ ᠳᠠᠯ᠎ᠠ ᠳᠤ᠂ ᠬᠤᠰᠢᠭᠤ ᠨᠠᠮ ᠵᠠᠰᠠᠭ ᠤᠨ ᠠᠰᠠᠷ ᠤᠨ ᠡᠬᠦᠳᠠᠨ ᠤ ᠵᠡᠬᠦᠨ ᠳᠠᠯ᠎ᠠ ᠳᠤ᠂ ᠬᠤᠰᠢᠭᠤ ᠶᠡᠷᠤᠩᠬᠡᠶᠢᠯᠡᠭᠰᠡᠨ ᠠᠯᠪᠠᠯᠠᠬᠤ ᠠᠰᠠᠷ ᠤᠨ ᠡᠬᠦᠳᠠᠨ ᠤ ᠵᠡᠬᠦᠨ ᠳᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠳᠤᠬᠢᠷᠠᠭᠤᠯᠤᠨ᠂ ︽ᠳᠤᠭᠤᠷᠢᠨ ᠪᠠᠶᠢᠴᠠᠭᠠᠯᠳᠠ ᠶᠢᠨ ᠢᠯᠡᠴᠢᠯᠡᠨ ᠳᠤᠰᠬᠠᠬᠤ ᠳᠠᠪᠴᠠᠩ︾ ᠤᠨ ᠺᠤᠳ᠋ ᠢ ᠨᠠᠭᠠᠪᠠ᠃ ᠳᠤᠭᠤᠷᠢᠨ ᠪᠠᠶᠢᠴᠠᠭᠠᠬᠤ ᠳᠤᠭᠤᠶᠢᠯᠠᠩ ᠭᠤᠤᠯᠳᠠᠭᠤ ᠤᠳᠤᠭ  ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠬᠡᠨ ᠤ ᠤᠳᠤᠷᠢᠤᠨᠬᠤ ᠪᠠᠭ ᠵᠢᠴᠢ ᠪᠦᠷᠢᠯᠳᠤᠬᠦᠨ᠂ ᠳᠤᠤᠷ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠤᠨᠬᠤ ᠺᠠᠳ᠋ᠷᠴᠤᠤᠨ ᠤᠨ ᠠᠰᠠᠭᠤᠳᠠᠯ ᠢ ᠳᠤᠰᠬᠠᠭᠰᠡᠨ ᠵᠠᠬᠢᠳᠠᠯ ᠤᠳᠠᠰᠤ ᠰᠤᠷᠪᠤᠯᠵᠢᠯᠠᠭ᠎ᠠ᠂ ᠭᠤᠤᠯᠳᠠᠭᠤ ᠤᠯᠤᠰ ᠲᠦᠷᠤ ᠶᠢᠨ ᠰᠠᠬᠢᠯᠭ᠎ᠠ ᠪᠠᠳᠤ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠳᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠳᠤ᠂ ᠤᠯᠠᠨ ᠲᠦᠮᠡᠨᠴᠢ ᠰᠠᠬᠢᠯᠭ᠎ᠠ ᠪᠠᠳᠤ᠂ ᠠᠵᠢᠯ ᠤᠨ ᠰᠠᠬᠢᠯᠭ᠎ᠠ ᠪᠠᠳᠤ ᠪᠠ ᠠᠮᠢᠳᠤᠷᠠᠯ ᠤᠨ ᠰᠠᠬᠢᠯᠭ᠎ᠠ ᠪᠠᠳᠤ ᠶᠢ ᠵᠦᠷᠢᠴᠡᠭᠰᠡᠨ ᠵᠡᠷᠬᠡ ᠳᠠᠯ᠎ᠠ ᠶᠢᠨ ᠢᠯᠡᠴᠢᠯᠡᠨ ᠮᠡᠳᠡᠬᠦᠯᠤᠯᠳᠠ ᠪᠠ ᠳᠤᠰᠬᠠᠯ ᠢ ᠬᠦᠯᠢᠶᠡᠨ ᠠᠪᠤᠨ᠎ᠠ᠃ ᠳᠤᠭᠤᠷᠢᠨ ᠪᠠᠶᠢᠴᠠᠭᠠᠯᠳᠠ ᠶᠢᠨ ᠬᠦᠯᠢᠶᠡᠨ ᠠᠪᠴᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠦᠬᠡᠢ ᠪᠤᠰᠤᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠳᠤᠭᠳᠠᠭᠠᠯ ᠶᠤᠰᠤᠭᠠᠷ ᠬᠠᠮᠢᠶ᠎ᠠ ᠪᠦᠬᠦᠢ ᠳᠠᠯ᠎ᠠ ᠶᠢᠨ ᠬᠢᠨ ᠳᠤ ᠳᠤᠰᠢᠶᠠᠨ ᠬᠢᠨᠠᠮᠠᠭᠠᠢ ᠰᠢᠢᠤᠨᠪᠤᠷᠢᠯᠡᠬᠦᠯᠤᠨ᠎ᠠ᠃     ᠳᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ ᠤᠨ ᠬᠢᠵᠠᠭᠠᠷᠯᠠᠯ 2025 ᠤᠨ ᠤ 4 ᠰᠠᠷ᠎ᠠ ᠶᠢᠨ 25  ᠤ ᠡᠳᠤᠷ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ