3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ | ᠶᠢᠨ ᠣᠷᠣᠨ᠂ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣᠨ ᠳᠤ ᠭᠦᠨᠵᠡᠭᠡᠶᠢᠷᠡᠨ᠂ ᠴᠢᠬᠤᠯᠠ ᠶᠡᠭᠡ ᠲᠦᠷᠦᠯ ᠵᠣᠶᠢᠯ ᠤᠨ ᠲᠦᠯᠦᠪᠵᠢᠭᠦᠯᠭᠡ ᠶᠢᠨ | ᠠᠵᠢᠯᠯᠠᠭ᠎ᠠ᠂ ᠠᠵᠣ ᠠᠬᠤᠶᠢᠯᠠᠯ ᠢ ᠬᠠᠪᠰᠣᠷᠬᠤ ᠠᠵᠢᠯᠯᠠᠭ᠎ᠠ᠂ ᠣᠰᠣ ᠠᠷᠪᠢᠯᠠᠬᠤ ᠠᠵᠢᠯᠯᠠᠭ᠎ᠠ ᠶᠢᠨ ᠨᠠᠶᠢᠳᠠᠪᠦᠷᠢᠵᠢᠭᠤᠯᠣᠯᠳᠠ ᠶᠢᠨ ᠲᠣᠭᠤᠷᠢᠨ ᠳᠤ ᠭᠤᠣᠯᠳᠠᠯᠭᠠᠳᠦ | ᠲᠦᠷᠦᠯ ᠵᠣᠶᠢᠯ ᠤᠨ ᠪᠠᠷᠢᠯᠭ᠎ᠠ ᠰᠡᠷᠭᠦᠭᠡᠯᠳᠡ᠂ ᠠᠶᠣᠯᠭᠦᠢ ᠦᠢᠯᠠᠳᠪᠦᠷᠢᠯᠠᠯ᠂ ᠠᠮᠢ ᠠᠬᠤᠢ ᠣᠷᠴᠢᠨ ᠬᠠᠮᠠᠭᠠᠯᠠᠯᠳᠠ᠂ ᠠᠵᠣ ᠣᠶᠢᠯᠠᠳᠪᠦᠷᠢ ᠶᠢᠨ ᠬᠦᠷᠢᠶ᠎ᠡ ᠴᠠᠷᠠᠭᠠᠨ | ᠤ ᠠᠵᠣ ᠠᠬᠤᠢ ᠶᠢᠨ ᠠᠵᠢᠯᠯᠠᠮᠵᠢ ᠪᠣᠯᠣᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ ᠪᠦᠷᠢᠳᠬᠡᠬᠦ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃ | | | | | △ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠭᠦᠷᠡᠰᠦ ᠮᠠᠯᠳᠠᠭᠰᠠᠨ ᠠᠴᠠ ᠪᠣᠯᠵᠣ ᠰᠠᠭᠤᠭᠳᠠᠭᠰᠠᠨ ᠣᠷᠣᠨ ᠤ 4W ᠰᠢᠨ᠎ᠡ ᠡᠨᠧᠷᠬᠢ | ᠶᠢᠨ ᠰᠠᠭᠤᠷᠢᠨ ᠭᠠᠵᠠᠷ ᠤᠨ ᠠᠵᠢᠯᠯᠠᠮᠵᠢ ᠶᠢᠨ ᠲᠦᠪ ᠤᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ᠂ ᠲᠦᠷᠦᠯ ᠵᠣᠶᠢᠯ ᠤᠨ | ᠲᠦᠯᠦᠪᠵᠢᠭᠦᠯᠭᠡ ᠵᠡᠷᠭᠡ ᠪᠠᠶᠢᠳᠠᠯ ᠢ ᠪᠠᠶᠢᠴᠠᠭᠠᠪᠠ | | | | | △ ᠷᠦᠨ ᠶᠠᠩ ᠶᠤᠸᠠᠢ ᠳ᠋ᠠ ᠨᠠᠷᠠᠨ ᠡᠨᠧᠷᠬᠢ ᠶᠢᠨ ᠲᠣᠨᠣᠭᠯᠠᠯ ᠦᠢᠯᠡᠳᠬᠦ ᠪᠦᠬᠦ ᠬᠡᠯᠬᠢᠶᠡᠵᠢᠯ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠦᠷᠦᠯ | ᠵᠣᠶᠢᠯ ᠤᠨ ᠠᠬᠤᠢ ᠲᠠᠯᠠᠪᠠᠢ ᠳᠤ ᠠᠵᠣ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠭᠠᠯᠳᠠᠳ ᠲᠠᠢ ᠰᠠᠭᠤᠳᠠᠯ ᠤᠨ ᠬᠤᠷᠠᠯ ᠬᠤᠷᠠᠯᠳᠣᠪᠠ | | | | | △ ᠣᠯᠣᠰ ᠤᠨ ᠴᠠᠬᠢᠯᠭᠠᠨ ᠤ ᠷᠦᠨ ᠶᠠᠩ ᠤᠨ 85 ᠲᠦᠮᠡᠨ ᠺᠢᠯᠣᠸᠠᠲ ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ | ᠪᠠᠶᠢᠭᠤᠯᠣᠯᠳᠠ ᠶᠢᠨ ᠠᠬᠤᠢ ᠲᠠᠯᠠᠪᠠᠢ ᠳᠤ ᠠᠶᠣᠯᠭᠦᠢ ᠦᠢᠯᠠᠳᠪᠦᠷᠢᠯᠠᠯ᠂ ᠲᠦᠷᠦᠯ ᠵᠣᠶᠢᠯ ᠤᠨ ᠪᠠᠶᠢᠭᠤᠯᠣᠯᠳᠠ ᠶᠢ ᠪᠠᠶᠢᠴᠠᠭᠠᠨ ᠵᠢᠯᠣᠭᠤᠳᠪᠠ | ᠸᠠᠩ ᠢᠦᠢ ᠴᠢᠶᠠᠩ᠂ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠭᠦᠷᠡᠰᠣ ᠮᠠᠯᠳᠠᠭᠰᠠᠨ ᠠᠴᠠ ᠪᠣᠯᠵᠣ ᠰᠠᠭᠤᠭᠳᠠᠭᠰᠠᠨ ᠣᠷᠣᠨ ᠤ 4W | ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠠᠵᠢᠯᠯᠠᠮᠵᠢ ᠶᠢᠨ ᠲᠦᠪ ᠤᠨ ᠲᠦᠷᠦᠯ ᠵᠣᠶᠢᠯ᠂ ᠱᠠᠩᠬᠠᠢ ᠶᠢᠨ ᠰᠦᠮ᠎ᠡ ᠶᠢᠨ ᠡᠨᠧᠷᠬᠢ ᠬᠢᠮᠢ ᠶᠢᠨ ᠦᠢᠯᠠᠳᠪᠦᠷᠢ ᠶᠢᠨ | ᠬᠦᠷᠢᠶᠡᠯᠡᠩ ᠤᠨ ᠪᠠᠷᠠᠭᠤᠨ ᠪᠡᠶ᠎ᠡ ᠶᠢᠨ ᠲᠠᠮᠣᠷ ᠵᠠᠮ ᠤᠨ ᠲᠣᠰᠬᠠᠢ ᠱᠤᠭᠤᠮ ᠤᠨ ᠲᠦᠷᠦᠯ ᠵᠣᠶᠢᠯ᠂ ᠷᠦᠨ ᠶᠠᠩ ᠶᠤᠸᠠᠢ ᠳ᠋ᠠ ᠨᠠᠷᠠᠨ ᠡᠨᠧᠷᠬᠢ ᠶᠢᠨ ᠲᠣᠨᠣᠭᠯᠠᠯ | ᠦᠢᠯᠡᠳᠬᠦ ᠪᠦᠬᠦ ᠬᠡᠯᠬᠢᠶᠡᠵᠢᠯ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠦᠷᠦᠯ ᠵᠣᠶᠢᠯ᠂ ᠣᠯᠣᠰ ᠤᠨ ᠴᠠᠬᠢᠯᠭᠠᠨ ᠤ ᠷᠦᠨ ᠶᠠᠩ ᠤᠨ 85 ᠲᠦᠮᠡᠨ | ᠺᠢᠯᠣᠸᠠᠲ ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠪᠠᠶᠢᠭᠤᠯᠣᠯᠳᠠ ᠶᠢᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ᠂ | ᠢᠨᠵᠧᠨᠧᠷᠢᠩ ᠤᠨ ᠲᠦᠯᠦᠪᠵᠢᠭᠦᠯᠭᠡ ᠶᠢ ᠪᠠᠶᠢᠴᠠᠭᠠᠨ ᠦᠵᠡᠵᠣ᠂ ᠠᠶᠣᠯᠭᠦᠢ ᠦᠢᠯᠠᠳᠪᠦᠷᠢᠯᠠᠯ ᠤᠨ ᠠᠷᠭ᠎ᠠ ᠠᠪᠴᠠᠯ᠂ ᠠᠮᠢ ᠠᠬᠤᠢ ᠣᠷᠴᠢᠨ ᠬᠠᠮᠠᠭᠠᠯᠠᠯᠳᠠ ᠶᠢᠨ | ᠨᠠᠶᠢᠳᠠᠪᠦᠷᠢᠵᠢᠭᠤᠯᠣᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠪᠣᠷ ᠤᠨ ᠣᠯᠠᠷᠢᠯ ᠤᠨ ᠪᠠᠷᠢᠯᠭ᠎ᠠ ᠰᠡᠷᠭᠦᠭᠡᠯᠳᠡ ᠨᠢ ᠨᠢᠭᠡᠳᠦᠭᠡᠷ ᠣᠯᠠᠷᠢᠯ ᠤᠨ ᠠᠵᠣ | ᠠᠬᠤᠢ ᠶᠢᠨ ᠠᠵᠢᠯᠯᠠᠮᠵᠢ ᠲᠠᠢ ᠰᠢᠭᠤᠳ ᠬᠤᠯᠪᠣᠭᠳᠠᠬᠤ ᠲᠣᠯᠠ ᠲᠦᠷᠦᠯ ᠵᠣᠶᠢᠯ ᠤᠨ ᠲᠣᠭᠤᠷᠢᠨ ᠳᠤ ᠬᠦᠭᠵᠢᠯᠳᠡ ᠶᠢ ᠠᠬᠢᠭᠤᠯᠣᠨ᠂ ᠪᠠᠷᠢᠯᠭ᠎ᠠ ᠶᠢᠨ ᠰᠢᠵᠢᠷ | ᠠᠯᠳᠠᠨ ᠬᠤᠭᠤᠴᠠᠭ᠎ᠠ ᠶᠢ ᠡᠵᠡᠮᠳᠡᠵᠣ᠂ ᠡᠯ᠎ᠡ ᠲᠦᠷᠦᠯ ᠤᠨ ᠠᠵᠢᠯ ᠢ ᠡᠷᠴᠢᠮ ᠲᠠᠢ ᠠᠳᠬᠤᠨ᠂ ᠪᠦᠬᠦ ᠬᠦᠴᠦᠨ ᠢᠶᠠᠷ ᠰᠠᠶᠢᠳᠦᠷ ᠬᠢᠬᠦ ᠬᠡᠷᠡᠭᠳᠡᠢ᠃ ᠲᠦᠷᠦᠯ ᠵᠣᠶᠢᠯ | ᠤᠨ ᠲᠣᠭᠤᠷᠢᠨ ᠳᠤ ᠦᠢᠯᠡᠴᠢᠯᠡᠭᠡ ᠪᠠᠨ ᠴᠢᠩᠭᠠᠳᠬᠠᠨ᠂ ᠠᠵᠣ ᠠᠬᠤᠶᠢᠯᠠᠯ ᠢ ᠲᠡᠮᠵᠢᠭᠦ ᠠᠵᠢᠯᠯᠠᠭᠠᠨ ᠢ ᠭᠦᠨᠵᠡᠭᠡᠢ ᠦᠷᠨᠢᠭᠦᠯᠵᠣ᠂ ᠲᠠᠭᠠᠭᠠᠴᠢᠯᠠᠭᠰᠠᠨ | ᠣᠳᠣᠷᠢᠳᠣᠯᠭ᠎ᠠ ᠪᠣᠯᠣᠨ ᠠᠵᠢᠯ ᠤᠨ ᠲᠣᠰᠬᠠᠢ ᠪᠠᠭ ᠡᠮᠦᠨ᠎ᠡ ᠹᠷᠣᠨᠲ ᠲᠤ ᠭᠦᠨᠵᠡᠭᠡᠶᠢᠷᠡᠨ ᠠᠵᠣ ᠠᠬᠤᠶᠢᠯᠠᠯ ᠢ ᠬᠠᠪᠰᠣᠷᠣᠨ ᠬᠦᠴᠢᠷᠳᠡᠯ ᠢ ᠨᠢ ᠰᠢᠢᠳᠪᠦᠷᠢᠯᠡᠵᠣ᠂ | ᠲᠦᠷᠦ ᠶᠢᠨ ᠪᠣᠳᠣᠯᠭ᠎ᠠ ᠶᠢᠨ ᠣᠨᠣᠪᠴᠢᠳᠠᠢ ᠨᠠᠶᠢᠳᠠᠪᠦᠷᠢᠵᠢᠭᠤᠯᠣᠯᠳᠠ᠂ ᠲᠦᠷᠦᠯ ᠵᠣᠶᠢᠯ ᠤᠨ ᠪᠠᠶᠢᠭᠤᠯᠣᠯᠳᠠ ᠶᠢᠨ ᠬᠤᠷᠳᠣᠴᠠ ᠶᠢ ᠠᠬᠢᠭᠤᠯᠬᠤ ᠬᠡᠷᠡᠭᠳᠡᠢ᠃ | ᠲᠦᠷᠦᠯ ᠵᠣᠶᠢᠯ ᠤᠨ ᠲᠣᠭᠤᠷᠢᠨ ᠳᠤ ᠠᠮᠣᠷ ᠲᠦᠪᠰᠢᠨ ᠢ ᠠᠳᠬᠤᠨ᠂ ᠠᠶᠣᠯᠭᠦᠢ ᠦᠢᠯᠠᠳᠪᠦᠷᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠣ᠂ | ᠪᠠᠷᠢᠯᠭ᠎ᠠ ᠶᠢᠨ ᠶᠠᠪᠣᠴᠠ ᠶᠢᠨ ᠬᠢᠨᠠᠯᠳᠠ ᠬᠠᠮᠢᠶᠠᠷᠣᠯᠳᠠ ᠪᠣᠯᠣᠨ ᠲᠣᠬᠠᠶᠢᠯᠠᠭᠰᠠᠨ ᠠᠵᠢᠯᠳᠠᠨ ᠤ ᠠᠮᠣᠷ ᠲᠦᠪᠰᠢᠨ ᠤ ᠪᠣᠯᠪᠠᠰᠣᠷᠠᠯ ᠢ ᠴᠢᠩᠭᠠᠷᠠᠭᠤᠯᠬᠤ ᠶᠢᠨ ᠬᠠᠮᠳᠦ | ᠪᠠᠷᠢᠯᠭ᠎ᠠ ᠶᠢᠨ ᠠᠬᠤᠢ ᠲᠠᠯᠠᠪᠠᠢ ᠶᠢᠨ ᠲᠣᠭᠤᠰᠦ᠂ ᠱᠣᠣᠬᠢᠶᠠᠨ᠂ ᠬᠤᠭ ᠨᠣᠪᠰᠢ ᠵᠡᠷᠭᠡ ᠬᠠᠮᠢᠶᠠᠷᠣᠯᠳᠠ ᠡᠵᠡᠮᠳᠡᠯ ᠢ ᠴᠢᠩᠭᠠᠳᠬᠠᠵᠣ᠂ ᠠᠮᠢ ᠠᠬᠤᠢ ᠣᠷᠴᠢᠨ | ᠬᠠᠮᠠᠭᠠᠯᠠᠯᠳᠠ᠂ ᠠᠶᠣᠯᠭᠦᠢ ᠦᠢᠯᠠᠳᠪᠦᠷᠢᠯᠠᠯ ᠤᠨ ᠬᠤᠷᠢᠭ᠎ᠠ ᠱᠣᠭᠤᠮ ᠢ ᠪᠠᠳᠦ ᠰᠠᠬᠢᠬᠤ ᠬᠡᠷᠡᠭᠳᠡᠢ᠃ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠰᠠᠨᠠᠭᠠᠴᠢᠯᠠᠭ᠎ᠠ | ᠠᠴᠠ ᠪᠠᠨ ᠠᠵᠣ ᠠᠬᠤᠶᠢᠯᠠᠯ ᠳᠤ ᠭᠦᠨᠵᠡᠭᠡᠶᠢᠷᠡᠨ ᠲᠤᠭ᠎ᠠ ᠪᠦᠷᠢᠳᠬᠡᠯ ᠤᠨ ᠦᠢᠯᠡᠴᠢᠯᠡᠭᠡ ᠪᠣᠯᠣᠨ ᠲᠣᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠠᠩᠭᠠᠨ᠂ ᠠᠵᠣ | ᠠᠬᠤᠶᠢᠯᠠᠯ ᠢᠳᠡᠪᠬᠢᠳᠡᠢ ᠬᠠᠮᠵᠢᠯᠴᠠᠵᠣ᠂ ᠡᠯ᠎ᠡ ᠲᠦᠷᠦᠯ ᠤᠨ ᠠᠵᠣ ᠠᠬᠤᠢ ᠶᠢᠨ ᠭᠦᠢᠴᠡᠳᠬᠡᠯ ᠢ ᠪᠦᠷᠢᠳᠬᠡᠬᠦ ᠶᠣᠰᠣᠳᠠᠢ ᠶᠢ ᠨᠢ ᠪᠦᠬᠦᠨ ᠢ ᠪᠦᠷᠢᠳᠬᠡᠬᠦ ᠶᠢ | ᠪᠠᠳᠣᠯᠠᠬᠤ ᠬᠡᠷᠡᠭᠳᠡᠢ ᠭᠡᠪᠡ ᠃ | | | | | △ ᠣᠯᠵᠠᠴᠢ ᠪᠠᠯᠭᠠᠰᠣᠨ ᠤ ᠠᠮᠢᠳᠣᠷᠠᠯ ᠤᠨ ᠣᠰᠣᠨ ᠤ ᠡᠬᠢ ᠰᠣᠷᠪᠣᠯᠵᠢ ᠶᠢᠨ ᠪᠠᠴᠢᠮ ᠪᠠᠶᠢᠳᠠᠯ ᠢ ᠠᠷᠭᠠᠴᠠᠨ ᠣᠰᠣ ᠬᠠᠩᠭᠠᠬᠤ ᠢᠨᠵᠧᠨᠧᠷᠢᠩ ᠤᠨ | ᠪᠠᠷᠢᠯᠭ᠎ᠠ ᠶᠢᠨ ᠠᠬᠢᠴᠠ ᠶᠢ ᠪᠠᠶᠢᠴᠠᠭᠠᠪᠠ | | | | | △ ᠣᠯᠵᠠᠴᠢ ᠪᠠᠯᠭᠠᠰᠣᠨ ᠤ ᠰᠢᠨ᠎ᠡ ᠢᠯᠴᠢ ᠬᠠᠩᠭᠠᠬᠤ ᠦᠢᠯᠠᠳᠪᠦᠷᠢ ᠶᠢᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ | ᠶᠢᠨ ᠪᠠᠶᠢᠳᠠᠯ᠂ ᠢᠨᠵᠧᠨᠧᠷᠢᠩ ᠤᠨ ᠲᠦᠯᠦᠪᠵᠢᠭᠦᠯᠭᠡ ᠵᠡᠷᠭᠡ ᠪᠠᠶᠢᠳᠠᠯ ᠢ ᠪᠠᠶᠢᠴᠠᠭᠠᠪᠠ | ᠸᠠᠩ ᠢᠦᠢ ᠴᠢᠶᠠᠩ᠂ ᠣᠯᠵᠠᠴᠢ ᠪᠠᠯᠭᠠᠰᠣᠨ ᠤ ᠠᠮᠢᠳᠣᠷᠠᠯ ᠤᠨ ᠣᠰᠣᠨ ᠤ ᠡᠬᠢ ᠰᠣᠷᠪᠣᠯᠵᠢ ᠶᠢᠨ ᠪᠠᠴᠢᠮᠪᠠᠶᠢᠳᠠᠯ ᠢ ᠠᠷᠭᠠᠴᠠᠨ ᠣᠰᠣ ᠬᠠᠩᠭᠠᠬᠤ | ᠢᠨᠵᠧᠨᠧᠷᠢᠩ᠂ ᠬᠤᠰᠢᠭᠤ ᠣᠳᠦ ᠦᠶ᠎ᠡ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠬᠦᠢᠯᠭᠡᠭᠡᠨ ᠤ ᠬᠦᠷᠢᠶᠡᠯᠡᠩ ᠤᠨ ᠲᠦᠷᠦᠯ ᠵᠣᠶᠢᠯ᠂ ᠣᠯᠵᠠᠴᠢ ᠪᠠᠯᠭᠠᠰᠣᠨ ᠤ | ᠰᠢᠨ᠎ᠡ ᠢᠯᠴᠢ ᠬᠠᠩᠭᠠᠬᠤ ᠦᠢᠯᠠᠳᠪᠦᠷᠢ ᠶᠢᠨ ᠲᠦᠷᠦᠯ ᠵᠣᠶᠢᠯ᠂ ᠣᠯᠵᠠᠴᠢ ᠪᠠᠯᠭᠠᠰᠣᠨ ᠤ ᠴᠠᠭᠠᠨᠲᠣᠯᠣᠭᠠᠢ ᠵᠡᠭᠡᠯᠢ ᠶᠢᠨ ᠣᠰᠣ ᠭᠠᠳᠠᠭᠰᠢᠯᠠᠭᠤᠯᠵᠣ ᠣᠰᠣᠳᠣᠯ ᠢ | ᠰᠡᠷᠭᠡᠶᠢᠯᠡᠭᠦ ᠢᠨᠵᠧᠨᠧᠷᠢᠩ᠂ ᠳ᠋ᠦᠩ ᠴᠧᠩ ᠬᠤᠸᠠ ᠹᠦ᠋ ᠰᠠᠭᠤᠭᠠᠯᠢ ᠲᠣᠭᠤᠷᠢᠭ᠂ ᠪᠠᠷᠢᠯᠭ᠎ᠠ ᠶᠢᠨ ᠬᠤᠭ ᠨᠣᠪᠰᠢ ᠶᠢᠨ ᠬᠠᠳᠠᠭᠤ ᠪᠡᠶᠡᠳᠦ ᠬᠠᠶᠠᠭᠳᠠᠮᠠᠯ ᠪᠣᠳᠠᠰ ᠢ | ᠲᠠᠬᠢᠨ ᠠᠰᠢᠭᠯᠠᠬᠤ ᠲᠦᠷᠦᠯ ᠵᠣᠶᠢᠯ᠂ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠭᠦ ᠦᠢᠯᠠᠳᠪᠦᠷᠢ᠂ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ | ᠲᠦᠬᠦᠭᠡᠷᠦᠮᠵᠢ ᠶᠢ ᠰᠢᠨᠡᠴᠢᠯᠡᠭᠦ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ᠂ ᠲᠣᠨᠤᠭ ᠲᠦᠬᠦᠭᠡᠷᠦᠮᠵᠢ ᠵᠢᠴᠢ ᠠᠶᠣᠯᠭᠦᠢ | ᠦᠢᠯᠠᠳᠪᠦᠷᠢᠯᠠᠯ ᠵᠡᠷᠭᠡ ᠪᠠᠶᠢᠳᠠᠯ ᠢ ᠪᠠᠶᠢᠴᠠᠭᠠᠪᠠ᠃ ᠲᠡᠷᠡ᠂ ᠣᠰᠣ ᠠᠷᠪᠢᠯᠠᠬᠤ ᠠᠵᠢᠯᠯᠠᠭᠠᠨ ᠢ ᠢᠳᠡᠪᠬᠢᠳᠡᠢ ᠦᠷᠨᠢᠭᠦᠯᠦᠨ᠂ ᠭᠠᠵᠠᠷ ᠲᠣᠣᠷᠠᠬᠢ ᠣᠰᠣᠨ ᠤ ᠬᠡᠳᠦ | ᠠᠰᠢᠭᠯᠠᠯᠳᠠ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠳᠠ ᠶᠢ ᠦᠷᠭᠦᠯᠵᠢᠯᠡᠨ ᠴᠢᠩᠭ᠎ᠠ ᠠᠳᠬᠤᠵᠣ᠂ ᠣᠰᠣᠨ ᠤ ᠡᠬᠢ ᠰᠣᠷᠪᠣᠯᠵᠢ ᠶᠢᠨ ᠬᠠᠳᠠᠭᠤ ᠬᠢᠵᠠᠭᠠᠷᠯᠠᠯ ᠢ | ᠴᠢᠩᠭᠠᠳᠬᠠᠨ᠂ ᠠᠵᠣ ᠦᠢᠯᠠᠳᠪᠦᠷᠢ ᠶᠢᠨ ᠣᠰᠣ ᠠᠷᠪᠢᠯᠠᠯᠳᠠ ᠶᠢ ᠲᠦᠷᠭᠡᠳᠬᠡᠵᠣ᠂ ᠮᠠᠯ ᠲᠠᠷᠢᠶᠠᠯᠠᠩ ᠤᠨ ᠦᠢᠯᠠᠰ ᠤᠨ ᠣᠰᠣᠨ ᠤ ᠬᠢᠵᠠᠭᠠᠷᠯᠠᠯ ᠢ ᠰᠠᠶᠢᠳᠦᠷ | ᠠᠳᠬᠤᠨ᠂ ᠬᠤᠳᠠ ᠬᠦᠳᠡᠭᠡ ᠶᠢᠨ ᠣᠰᠣ ᠠᠷᠪᠢᠯᠠᠯᠳᠠ ᠶᠢ ᠠᠬᠢᠭᠤᠯᠵᠣ᠂ ᠣᠰᠣ ᠶᠢ ᠰᠠᠶᠢᠳᠦᠷ ᠠᠰᠢᠭᠯᠠᠬᠤ ᠬᠡᠷᠡᠭᠳᠡᠢ᠃ ᠰᠢᠨᠵᠢᠯᠡᠭᠦ ᠣᠬᠠᠭᠠᠨᠴᠢ ᠪᠠᠷ | ᠲᠦᠯᠦᠪᠵᠢᠭᠦᠯᠦᠨ᠂ ᠰᠢᠰᠲ᠋ᠧᠮ ᠲᠠᠢ ᠬᠡᠷᠡᠭᠵᠢᠭᠦᠯᠵᠣ᠂ ︽ᠵᠠᠰᠠᠭ ᠤᠨ ᠣᠷᠳᠣᠨ ᠤ ᠵᠢᠯᠣᠭᠤᠳᠣᠯᠭ᠎ᠠ + ᠵᠠᠬ᠎ᠠ ᠲᠠᠯᠭᠡᠭᠦᠷᠴᠢᠯᠡᠭᠰᠡᠨ ᠠᠵᠢᠯᠯᠠᠮᠵᠢ︾ ᠶᠢᠨ ᠵᠠᠭᠪᠣᠷ ᠢ | ᠢᠳᠡᠪᠬᠢᠳᠡᠢ ᠠᠬᠢᠭᠤᠯᠣᠨ᠂ ᠵᠠᠮ᠂ ᠨᠣᠭᠤᠭᠠᠵᠢᠭᠤᠯᠣᠯᠳᠠ ᠵᠡᠷᠭᠡ ᠲᠦᠬᠦᠭᠡᠷᠦᠮᠵᠢ ᠶᠢ ᠵᠡᠷᠭᠡᠪᠡᠷ ᠲᠡᠭᠦᠯᠳᠡᠷᠵᠢᠭᠦᠯᠵᠣ᠂ ᠬᠦᠷᠢᠶᠡᠯᠡᠩ ᠲᠣᠭᠤᠷᠢᠭ ᠤᠨ ᠲᠦᠷᠦᠯ ᠵᠣᠶᠢᠯ | ᠢ ᠬᠡᠷᠡᠭᠯᠡᠯᠳᠡ ᠳᠤ ᠣᠷᠣᠭᠤᠯᠣᠨ᠂ ᠪᠦᠳᠦᠮᠵᠢ ᠭᠠᠷᠭᠠᠬᠤ ᠶᠢ ᠲᠦᠷᠭᠡᠨ ᠠᠬᠢᠭᠤᠯᠬᠤ ᠬᠡᠷᠡᠭᠳᠡᠢ᠃ ᠠᠷᠠᠳ ᠤᠨ ᠠᠮᠢᠳᠣᠷᠠᠯ ᠤᠨ ᠲᠦᠷᠦᠯ ᠵᠣᠶᠢᠯ ᠤᠨ ᠪᠠᠶᠢᠭᠤᠯᠣᠯᠳᠠ | ᠶᠢ ᠲᠦᠷᠭᠡᠳᠬᠡᠨ᠂ ᠠᠮᠣᠷ ᠲᠦᠪᠰᠢᠨ᠂ ᠶᠠᠰᠦ ᠴᠢᠨᠠᠷ ᠪᠣᠯᠣᠨ ᠣᠷᠴᠢᠨ ᠬᠠᠮᠠᠭᠠᠯᠠᠯᠳᠠ ᠶᠢ ᠨᠢᠭᠡᠳᠦᠯᠳᠡᠢ ᠲᠦᠯᠦᠪᠵᠢᠭᠦᠯᠵᠣ᠂ ᠲᠦᠷᠦᠯ ᠵᠣᠶᠢᠯ ᠤᠨ ᠪᠦᠬᠦ ᠦᠶᠡᠯᠡᠯ | ᠤᠨ ᠬᠠᠮᠢᠶᠠᠷᠣᠯᠳᠠ ᠶᠢ ᠬᠡᠷᠡᠭᠵᠢᠭᠦᠯᠵᠣ᠂ ᠬᠢᠨᠠᠯᠳᠠ ᠶᠢ ᠴᠢᠩᠭᠠᠳᠬᠠᠨ᠂ ᠡᠵᠡᠩᠨᠡᠯᠳᠡ ᠶᠢ ᠲᠦᠷᠢᠮᠵᠢᠭᠦᠯᠵᠣ᠂ ᠰᠣᠳᠣᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠢ ᠪᠠᠶᠢᠭᠤᠯᠬᠤ ᠬᠡᠷᠡᠭᠳᠡᠢ ᠭᠡᠪᠡ᠃ | ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠭᠤᠥ ᠢᠦᠢ᠂ ᠨᠡᠭᠡᠭᠡᠯᠳᠡ ᠶᠢᠨ ᠣᠷᠣᠨ ᠤ ᠣᠳᠣᠷᠢᠳᠣᠯᠭ᠎ᠠ ᠯᠢ ᠷᠦᠢ᠂ ᠵᠢᠶᠠ ᠰᠢᠶᠠᠩ ᠪᠢᠩ ᠵᠢᠴᠢ | ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠣᠷᠣᠯᠴᠠᠪᠠ᠃ |