ᠤᠢ ᠰᠢᠭᠤᠢ ᠨᠤᠳᠤᠭ ᠪᠡᠯᠴᠢᠬᠡᠷ ᠲᠤ ᠭᠠᠯ ᠢ ᠴᠠᠭᠠᠵᠠᠯᠠᠬᠤ ᠳᠤᠬᠠᠢ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠵᠠᠷᠯᠢᠭ
ᠨᠡᠶᠢᠲᠡᠯᠡᠭᠰᠡᠨ ᠴᠠᠭ᠄
2025/3/14
     ᠶᠡᠷᠤᠩᠬᠡᠢ ᠱᠦᠵᠢ ᠰᠢ ᠶᠢᠨ ᠫᠢᠩ ᠤᠨ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠨ ᠤᠨᠳᠠᠷᠠᠭᠠᠬᠤ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠠᠶᠤᠯ ᠢ ᠪᠦᠳᠤᠮᠵᠢᠳᠠᠢ ᠰᠡᠷᠬᠡᠶᠢᠯᠡᠵᠤ ᠬᠢᠵᠠᠭᠠᠷᠯᠠᠨ᠂ ᠠᠷᠠᠤᠨ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠪᠠᠶᠢᠭᠤᠯᠤᠯᠳᠠ ᠶᠢᠨ ᠪᠦᠳᠤᠮᠵᠢ ᠶᠢ ᠦᠨᠡᠨᠬᠦ ᠬᠠᠮᠠᠭᠠᠯᠠᠬᠤ ᠶᠢᠨ ᠲᠦᠯᠤᠬᠡ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠤᠢ ᠰᠢᠭᠤᠢ ᠶᠢᠨ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠨᠤᠳᠤᠭ ᠪᠡᠯᠴᠢᠬᠡᠷ ᠤᠨ ᠬᠠᠤᠯᠢ︾᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠲᠦᠷᠢᠮ︾ ᠤᠨ ᠱᠠᠭᠠᠷᠳᠠᠯᠭ᠎ᠠ ᠶᠢ ᠦᠨᠳᠤᠰᠤᠯᠠᠨ᠂ ᠮᠠᠨ ᠤ ᠬᠤᠰᠢᠭᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠤᠢ ᠰᠢᠭᠤᠢ ᠨᠤᠳᠤᠭ ᠪᠡᠯᠴᠢᠬᠡᠷ ᠲᠤ ᠭᠠᠯ ᠢ ᠴᠠᠭᠠᠵᠠᠯᠠᠬᠤ ᠵᠠᠷᠯᠢᠭ ᠢ ᠨᠠᠶᠢᠳᠠᠯᠠᠪᠠ᠃     ᠨᠢᠬᠡ᠂ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠬᠤᠭᠤᠴᠠᠭ᠎ᠠ ᠪᠠ ᠭᠠᠯ ᠢ ᠴᠠᠭᠠᠵᠠᠯᠠᠬᠤ ᠬᠤᠭᠤᠴᠠᠭ᠎ᠠ᠄ ᠪᠦᠬᠦ ᠬᠤᠰᠢᠭᠤᠨ ᠤ ᠭᠠᠯ ᠢ ᠰᠡᠷᠬᠡᠶᠢᠯᠡᠬᠦ ᠬᠤᠭᠤᠴᠠᠭ᠎ᠠ ᠪᠤᠯ ᠳᠤᠰ ᠵᠢᠯ ᠤᠨ 9 ᠰᠠᠷ᠎ᠠ ᠶᠢᠨ 15 ᠤ ᠡᠳᠤᠷ ᠠᠴᠠ ᠳᠠᠷᠠᠭ᠎ᠠ ᠵᠢᠯ ᠤᠨ 6 ᠰᠠᠷ᠎ᠠ ᠶᠢᠨ 15 ᠤ ᠡᠳᠤᠷ᠃ ᠪᠦᠬᠦ ᠬᠤᠰᠢᠭᠤᠨ ᠤ ᠭᠠᠯ ᠢ ᠴᠠᠭᠠᠵᠠᠯᠠᠬᠤ ᠬᠤᠭᠤᠴᠠᠭ᠎ᠠ ᠪᠤᠯ 3 ᠰᠠᠷ᠎ᠠ ᠶᠢᠨ 15 ᠤ ᠡᠳᠤᠷ ᠠᠴᠠ 6 ᠰᠠᠷ᠎ᠠ ᠶᠢᠨ 15 ᠤ ᠡᠳᠤᠷ᠃     ᠬᠤᠶᠠᠷ᠂ ᠪᠦᠬᠦ ᠬᠤᠰᠢᠭᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠴᠠᠭᠠᠵᠠᠯᠠᠬᠤ ᠤᠷᠤᠨ᠄ ᠤᠳᠤᠭ ᠤᠨ ᠡᠮᠤᠨᠡᠳᠤ ᠬᠤᠰᠢᠭᠤᠨ ᠤ ᠵᠠᠰᠠᠭ ᠵᠠᠬᠢᠷᠭᠠᠨ ᠤ ᠬᠠᠷᠢᠶ᠎ᠠ ᠤᠷᠤᠨ ᠳᠤᠳᠤᠷᠠᠬᠢ ᠪᠦᠬᠦᠶᠢᠯᠡ ᠤᠯᠤᠰ ᠤᠨ ᠦᠮᠴᠢᠯᠡᠯ᠂ ᠬᠠᠮᠳᠤ᠂ ᠬᠤᠪᠢ ᠶᠢᠨ ᠤᠢ ᠰᠢᠭᠤᠢ ︵ᠨᠤᠳᠤᠭ ᠪᠡᠯᠴᠢᠬᠡᠷ᠂ ᠮᠠᠯᠵᠢᠯ︶ ᠶᠢᠨ ᠳᠠᠯᠠᠪᠤᠷ᠂ ᠠᠯᠳᠠᠷᠳᠤ ᠦᠵᠡᠮᠵᠢ ᠶᠢᠨ ᠵᠢᠭᠤᠯᠴᠢᠯᠠᠯ ᠤᠨ ᠤᠷᠤᠨ᠂ ᠤᠢ ᠶᠢᠨ ᠤᠶᠢᠯᠡᠰ ᠤᠨ ᠭᠤᠤᠯᠳᠠᠯᠭᠠᠳᠤ ᠢᠨᠵᠧᠨᠧᠷᠢᠩ ᠤᠨ ᠤᠷᠤᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠤᠨ ᠤᠷᠤᠨ᠂ ᠤᠷᠤᠨ ᠨᠤᠳᠤᠭ ᠤᠨ ᠠᠮᠢ ᠠᠬᠤᠢ ᠶᠢᠨ ᠢᠨᠵᠧᠨᠧᠷᠢᠩ ᠤᠨ ᠤᠷᠤᠨ᠂ ᠳᠠᠷᠢᠮᠠᠯ ᠰᠢᠯᠮᠤᠰᠤᠳᠤ ᠤᠢ ᠶᠢᠨ ᠤᠷᠤᠨ᠂ ᠬᠤᠳᠠ ᠶᠢᠨ ᠳᠡᠬᠦᠷᠬᠡ ᠶᠢᠨ ᠨᠤᠭᠤᠭᠠᠷᠠᠭᠤᠯᠤᠯᠳᠠ ᠶᠢᠨ ᠤᠷᠤᠨ᠂ ᠤᠢ ᠰᠢᠭᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠵᠠᠰᠠᠮᠠᠯ ᠵᠠᠮ ᠤᠨ ᠬᠤᠶᠠᠷ ᠬᠠᠵᠠᠭᠤ ᠳᠠᠬᠢ ᠨᠤᠭᠤᠭᠠᠷᠠᠭᠤᠯᠤᠯᠳᠠ ᠶᠢᠨ ᠪᠦᠰᠠ᠂ ᠠᠮᠢ ᠠᠬᠤᠢ ᠶᠢᠨ ᠲᠦᠪᠯᠡᠷᠡᠩᠬᠦᠢ ᠰᠡᠷᠬᠦᠯᠳᠠ ᠶᠢᠨ ᠤᠷᠤᠨ᠂ ᠨᠡᠬᠦᠷᠡᠰᠤᠨ ᠠᠭᠤᠷᠬᠠᠢ ᠶᠢᠨ ᠭᠠᠯ ᠤᠨᠳᠠᠷᠠᠭᠠᠬᠤ ᠢᠨᠵᠧᠨᠧᠷᠢᠩ ᠤᠨ ᠲᠦᠷᠤᠯ ᠵᠦᠢᠯ ᠤᠨ ᠤᠷᠤᠨ ᠤ ᠡᠷᠬᠢᠨ ᠳᠤᠭᠤᠷᠢᠨ᠂ ᠨᠡᠬᠦᠷᠡᠰᠤ ᠳᠡᠬᠡᠬᠡᠪᠤᠷᠢᠯᠡᠬᠦ ᠵᠠᠮ ᠱᠤᠭᠤᠮ ᠪᠠ ᠴᠠᠬᠢᠯᠭᠠᠨ ᠳᠠᠮᠵᠢᠭᠤᠯᠵᠤ ᠬᠦᠷᠬᠡᠬᠦ ᠲᠦᠬᠦᠬᠡᠷᠤᠮᠵᠢ ᠶᠢᠨ ᠤᠶᠢᠷ᠎ᠠ ᠬᠠᠪᠢ ᠵᠢᠴᠢ ᠵᠠᠮ ᠳᠠᠭᠠᠤ᠂ ᠤᠢ ᠰᠢᠭᠤᠢ ᠳᠠᠷᠢᠶᠠᠯᠠᠩ᠂ ᠤᠢ ᠰᠢᠭᠤᠢ ᠮᠠᠯ ᠠᠵᠤ ᠠᠬᠤᠢ ᠶᠢ ᠤᠶᠠᠯᠳᠤᠭᠤᠯᠤᠭᠰᠡᠨ ᠭᠠᠵᠠᠷ ᠵᠢᠴᠢ ᠡᠯ᠎ᠡ ᠪᠠᠯᠭᠠᠰᠤᠨ ᠠᠴᠠ ᠬᠤᠪᠢᠶᠠᠷᠢᠯᠠᠨ ᠳᠤᠭᠳᠠᠭᠠᠭᠰᠡᠨ ᠵᠠᠬᠢᠷᠤᠨ ᠬᠠᠮᠢᠶᠠᠷᠬᠤ ᠤᠷᠤᠨ᠃     ᠭᠤᠷᠪᠠ᠂ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠴᠠᠭᠠᠵᠠᠯᠠᠬᠤ ᠤᠷᠤᠨ ᠳᠤ ᠪᠤᠯᠠᠰᠢᠨ ᠴᠠᠭᠠᠰᠤ ᠰᠢᠳᠠᠭᠠᠬᠤ᠂ ᠳᠠᠮᠠᠬᠢ ᠳᠠᠳᠠᠬᠤ᠂ ᠫᠤᠤᠵᠢᠩ ᠳᠠᠯᠪᠢᠬᠤ᠂ ᠭᠠᠯ ᠰᠢᠳᠠᠭᠠᠬᠤ᠂ ᠡᠪᠡᠰᠤ ᠪᠡᠯᠴᠢᠬᠡᠷ ᠰᠢᠳᠠᠭᠠᠬᠤ᠂ ᠬᠡᠬᠡᠷ᠎ᠡ ᠭᠠᠯ ᠳᠤᠭᠤᠭ᠎ᠠ ᠳᠠᠯᠪᠢᠬᠤ ᠵᠡᠷᠬᠡ ᠶᠢ ᠴᠢᠩᠭ᠎ᠠ ᠴᠠᠭᠠᠵᠠᠯᠠᠨ᠎ᠠ︔ ᠤᠢ ᠰᠢᠭᠤᠢ ᠨᠤᠳᠤᠭ ᠪᠡᠯᠴᠢᠬᠡᠷ ᠤᠨ ᠵᠠᠬ᠎ᠠ ᠳᠤ᠂ ᠤᠢ ︵ᠡᠪᠡᠰᠤ︶ ᠳᠠᠷᠢᠶᠠᠯᠠᠩ ᠤᠨ ᠠᠭᠤᠯᠵᠠᠷ ᠬᠡᠰᠡᠭ ᠲᠤ ᠡᠪᠡᠰᠤ ᠰᠢᠳᠠᠭᠠᠬᠤ᠂ ᠡᠰᠢ ᠰᠦᠷᠡᠯ ᠰᠢᠳᠠᠭᠠᠬᠤ᠂ ᠬᠤᠭ ᠨᠤᠪᠰᠢ ᠰᠢᠳᠠᠭᠠᠬᠤ ᠵᠡᠷᠬᠡ  ᠶᠢ ᠡᠷᠡᠰ ᠴᠠᠭᠠᠵᠠᠯᠠᠨ᠎ᠠ︔ ᠭᠠᠯ ᠤᠨ ᠤᠴᠢ ᠲᠠᠢ ᠰᠢᠳᠠᠵᠤ ᠦᠯᠡᠳᠡᠭᠰᠡᠨ ᠪᠤᠳᠠᠰ ᠢ ᠭᠠᠳᠠᠨ᠎ᠠ ᠬᠠᠶᠠᠬᠤ ᠶᠢ ᠡᠷᠡᠰ ᠴᠠᠭᠠᠵᠠᠯᠠᠨ᠎ᠠ᠃ ᠬᠡᠬᠡᠷ᠎ᠡ ᠭᠠᠳᠠᠨ᠎ᠠ ᠶᠢᠨ ᠪᠠᠷᠢᠯᠭ᠎ᠠ  ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠬᠡ ᠠᠵᠢᠯᠯᠠᠭ᠎ᠠ ᠬᠢᠬᠦ ᠴᠢᠬᠤᠯᠠᠳᠠᠢ ᠪᠤᠯ ᠡᠷᠬᠡᠪᠰᠢ ᠬᠤᠰᠢᠭᠤ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠪᠠᠷ ᠵᠦᠪᠰᠢᠶᠡᠷᠡᠬᠦᠯᠤᠨ᠎ᠠ᠃ ᠲᠦᠷᠪᠡᠳᠤᠬᠡᠷ ᠳᠡᠰ ᠠᠴᠠ ᠳᠡᠬᠡᠭᠰᠢᠬᠢ ᠰᠠᠯᠬᠢᠨ ᠤ ᠬᠦᠴᠤᠨ ᠲᠠᠢ ᠴᠠᠭ ᠠᠭᠤᠷ ᠤᠨ ᠨᠦᠬᠦᠴᠡᠯ ᠳᠤᠤᠷ᠎ᠠ ᠬᠡᠬᠡᠷ᠎ᠡ ᠭᠠᠳᠠᠨ᠎ᠠ ᠶᠢᠨ ᠶᠠᠮᠠᠷᠪᠠ ᠭᠠᠯ ᠬᠡᠷᠡᠭᠯᠡᠬᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃     ᠲᠦᠷᠪᠡ᠂ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠴᠠᠭᠠᠵᠠᠯᠠᠬᠤ ᠤᠷᠤᠨ ᠳᠤ ᠪᠤᠭᠤᠮᠳᠠ ᠭᠠᠷᠭᠠᠨ ᠬᠠᠮᠢᠶᠠᠷᠬᠤ ᠶᠢ ᠬᠡᠷᠡᠭᠵᠢᠬᠦᠯᠤᠨ᠂ ᠭᠤᠤᠯᠳᠠᠯᠭᠠᠳᠤ ᠤᠢ ᠶᠢᠨ ᠤᠷᠤᠨ᠂ ᠤᠢ ᠰᠢᠭᠤᠢ ᠨᠤᠳᠤᠭ ᠪᠡᠯᠴᠢᠬᠡᠷ ᠤᠨ ᠲᠦᠷᠤᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠵᠢᠴᠢ ᠵᠢᠭᠤᠯᠴᠢᠯᠠᠯ ᠤᠨ ᠦᠵᠡᠮᠵᠢ ᠶᠢᠨ ᠤᠷᠤᠨ ᠤ ᠤᠷᠤᠵᠤ ᠭᠠᠷᠬᠤ ᠡᠬᠦᠳᠠᠨ ᠳᠤ ᠲᠦᠷ ᠴᠠᠭ ᠤᠨ ᠪᠠᠶᠢᠴᠠᠭᠠᠬᠤ ᠦᠷᠳᠡᠭᠡ ᠪᠠ ᠭᠠᠯ ᠢ ᠰᠡᠷᠬᠡᠶᠢᠯᠡᠬᠦ ᠰᠡᠷᠡᠮᠵᠢ ᠶᠢᠨ ᠫᠠᠶᠢᠰᠠ ᠭᠠᠷᠭᠠᠵᠤ᠂ ᠭᠠᠯ ᠤᠨ ᠡᠬᠢ᠂ ᠠᠮᠠᠷᠬᠠᠨ ᠰᠢᠳᠠᠵᠤ ᠠᠮᠠᠷᠬᠠᠨ ᠳᠡᠯᠪᠡᠷᠡᠬᠦ ᠪᠤᠳᠠᠰ ᠵᠡᠷᠬᠡ ᠶᠢ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠴᠠᠭᠠᠵᠠᠯᠠᠬᠤ ᠤᠷᠤᠨ ᠳᠤ ᠠᠪᠴᠤ ᠤᠷᠤᠬᠤ ᠶᠢ ᠡᠷᠡᠰ ᠴᠠᠭᠠᠵᠠᠯᠠᠨ᠂ ᠤᠷᠤᠵᠤ ᠭᠠᠷᠬᠤ ᠳᠡᠷᠬᠡ ᠪᠠ ᠬᠦᠮᠤᠰ ᠲᠤ ᠨᠠᠷ᠎ᠠ ᠳᠠᠩᠰᠠᠯᠠᠬᠤ ᠶᠢ ᠬᠡᠷᠡᠭᠵᠢᠬᠦᠯᠵᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠪᠠᠶᠢᠴᠠᠭᠠᠯᠳᠠ ᠶᠢ ᠬᠠᠤᠯᠢ ᠶᠤᠰᠤᠭᠠᠷ ᠬᠦᠯᠢᠶᠡᠨ᠂ ᠭᠠᠯ ᠢ ᠰᠡᠷᠬᠡᠶᠢᠯᠡᠨ ᠤᠨᠳᠠᠷᠠᠭᠠᠬᠤ ᠬᠠᠮᠢᠶ᠎ᠠ ᠪᠦᠬᠦᠢ ᠳᠤᠭᠳᠠᠭᠠᠯ ᠢ ᠵᠢᠷᠤᠮᠯᠠᠬᠤ ᠬᠡᠷᠡᠭᠳᠠᠢ᠃     ᠳᠠᠪᠤ᠂ ᠤᠢ ᠰᠢᠭᠤᠢ ᠨᠤᠳᠤᠭ ᠪᠡᠯᠴᠢᠬᠡᠷ ᠲᠤ ᠭᠠᠯ ᠢ ᠰᠡᠷᠬᠡᠶᠢᠯᠡᠬᠦ ᠤᠷᠤᠨ ᠤ ᠡᠯ᠎ᠡ ᠤᠶᠢᠯᠡᠤᠨᠪᠤᠷᠢᠯᠡᠯ ᠤᠨ ᠠᠵᠢᠯᠯᠠᠬᠤ ᠴᠡᠭ᠂ ᠵᠢᠭᠤᠯᠴᠢᠯᠠᠯ ᠤᠨ ᠦᠵᠡᠮᠵᠢ  ᠶᠢᠨ ᠤᠷᠤᠨ ︵ᠦᠵᠡᠮᠵᠢ ᠶᠢᠨ ᠴᠡᠭ︶ ᠵᠢᠴᠢ ᠵᠠᠰᠠᠮᠠᠯ ᠵᠠᠮ᠂ ᠵᠠᠮ ᠱᠤᠭᠤᠮ᠂ ᠴᠠᠬᠢᠯᠭᠠᠨ ᠬᠦᠴᠤ᠂ ᠴᠢᠯᠠᠭᠤᠨ ᠳᠤᠰᠤ᠂ ᠪᠠᠶᠢᠭᠠᠯᠢ ᠶᠢᠨ ᠰᠢᠳᠠᠮᠠᠬᠠᠢ ᠬᠡᠢ᠂ ᠨᠡᠬᠦᠷᠡᠰᠤ ᠵᠡᠷᠬᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠡᠷᠬᠡᠪᠰᠢ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠠᠶᠤᠯ ᠤᠨ ᠬᠡᠮ ᠰᠤᠭᠤᠭ ᠢ ᠪᠠᠶᠢᠴᠠᠭᠠᠨ ᠦᠬᠡᠶᠢᠰᠬᠡᠵᠤ᠂ ᠭᠠᠯ ᠤᠨᠳᠠᠷᠠᠭᠠᠬᠤ ᠮᠠᠰᠢᠨ ᠲᠦᠬᠦᠬᠡᠷᠤᠮᠵᠢ ᠶᠢ ᠪᠦᠷᠢᠨᠰᠢᠬᠦᠯᠤᠨ᠂ ᠪᠤᠯᠪᠠᠰᠤᠷᠠᠯ ᠢ ᠳᠠᠮᠵᠢᠭᠰᠡᠨ ᠭᠠᠯ ᠤᠨᠳᠠᠷᠠᠭᠠᠬᠤ ᠬᠦᠮᠤᠰ ᠢ ᠳᠤᠬᠢᠷᠠᠭᠤᠯᠤᠨ᠎ᠠ᠃ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠤᠢ ᠰᠢᠭᠤᠢ ᠶᠢᠨ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠨᠤᠳᠤᠭ ᠪᠡᠯᠴᠢᠬᠡᠷ ᠤᠨ ᠬᠠᠤᠯᠢ︾᠂ ︽ᠤᠢ ᠰᠢᠭᠤᠢ ᠶᠢᠨ ᠭᠠᠯ ᠢ ᠰᠠᠷᠬᠡᠶᠢᠯᠡᠬᠦ ᠲᠦᠷᠢᠮ︾ ︵ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ 541 ᠳᠤᠭᠠᠳᠤ ᠵᠠᠷᠯᠢᠭ︶᠂ ︽ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠲᠦᠷᠢᠮ︾ ︵ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ 542 ᠳᠤᠭᠠᠳᠤ ᠵᠠᠷᠯᠢᠭ︶ ᠪᠠ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠲᠦᠷᠢᠮ︾ ︵ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 25 ᠳᠤᠭᠠᠳᠤ ᠠᠯᠪᠠᠨ ᠵᠠᠷ︶ ᠤᠨ ᠬᠠᠮᠢᠶ᠎ᠠ ᠪᠦᠬᠦᠢ ᠳᠤᠭᠳᠠᠭᠠᠯ ᠲᠠᠢ ᠨᠠᠶᠢᠴᠡᠬᠦ ᠦᠬᠡᠢ ᠪᠤᠯ ᠴᠦᠮ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ ᠪᠠᠯᠭᠠᠰᠤ᠂ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠡᠨᠧᠷᠬᠢ ᠶᠢᠨ ᠳᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠳᠤᠪᠴᠢᠶ᠎ᠠ᠂ ᠤᠢ ᠰᠢᠭᠤᠢ ᠪᠠ ᠨᠤᠳᠤᠭ ᠪᠡᠯᠴᠢᠬᠡᠷ  ᠤᠨ ᠳᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ᠂ ᠵᠠᠮ ᠬᠠᠷᠢᠯᠴᠠᠭ᠎ᠠ ᠳᠡᠬᠡᠬᠡᠪᠤᠷᠢ ᠶᠢᠨ ᠳᠤᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ ᠵᠡᠷᠬᠡ ᠰᠠᠯᠠᠭ᠎ᠠ ᠮᠦᠴᠢᠷ  ᠤᠨ ᠬᠢᠨ ᠵᠠᠰᠠᠮᠠᠯ ᠵᠠᠮ ᠤᠨ ᠬᠤᠶᠠᠷ ᠬᠠᠵᠠᠭᠤ᠂ ᠴᠠᠬᠢᠯᠭᠠᠨ ᠳᠠᠮᠵᠢᠭᠤᠯᠤᠨ ᠬᠦᠷᠬᠡᠬᠦ ᠲᠦᠬᠦᠬᠡᠷᠤᠮᠵᠢ ᠪᠠ ᠵᠠᠮ ᠱᠤᠭᠤᠮ ᠤᠨ ᠡᠷᠬᠢᠨ ᠳᠤᠭᠤᠷᠢᠨ ᠵᠢᠴᠢ ᠵᠠᠮ ᠳᠠᠭᠠᠤ ᠬᠤᠷᠠᠮᠳᠤᠭᠰᠡᠨ ᠨᠡᠬᠦᠷᠡᠰᠤᠨ ᠰᠢᠭᠠᠷᠤ᠂ ᠬᠤᠭ ᠡᠪᠡᠰᠤ ᠵᠡᠷᠬᠡ ᠰᠢᠳᠠᠮᠠᠬᠠᠢ ᠪᠤᠳᠠᠰ ᠢ ᠲᠦᠢᠯᠪᠤᠷᠢᠳᠠᠢ ᠠᠷᠢᠯᠭᠠᠨ᠂ ᠡᠯ᠎ᠡ ᠪᠠᠯᠭᠠᠰᠤ᠂ ᠬᠤᠰᠢᠭᠤ ᠠᠮᠢ ᠠᠬᠤᠢ ᠤᠷᠴᠢᠨ ᠳᠤᠭᠤᠷᠢᠨ ᠤ ᠬᠤᠪᠢᠶᠠᠷᠢ ᠳᠤᠪᠴᠢᠶ᠎ᠠ᠂ ᠮᠠᠯ ᠳᠠᠷᠢᠶᠠᠯᠠᠩ ᠪᠠ ᠤᠰᠤᠨ ᠠᠰᠢᠭᠯᠠᠯᠳᠠ ᠶᠢᠨ ᠳᠤᠪᠴᠢᠶ᠎ᠠ ᠵᠡᠷᠬᠡ ᠰᠠᠯᠠᠭ᠎ᠠ ᠮᠦᠴᠢᠷ ᠤᠨ ᠬᠢᠨ ᠡᠰᠢ ᠰᠦᠷᠡᠯ ᠰᠢᠳᠠᠭᠠᠬᠤ᠂ ᠳᠠᠷᠢᠶᠠᠨ ᠭᠠᠵᠠᠷ ᠰᠢᠳᠠᠭᠠᠬᠤ᠂ ᠦᠨᠡᠰᠤ ᠭᠠᠷᠭᠠᠵᠤ ᠪᠤᠷᠳᠤᠭᠤᠷ ᠬᠤᠷᠠᠮᠳᠤᠭᠤᠯᠬᠤ ᠵᠡᠷᠬᠡ ᠠᠵᠢᠯᠯᠠᠭ᠎ᠠ ᠶᠢ ᠪᠠᠶᠢᠴᠠᠭᠠᠬᠤ ᠬᠦᠴᠤᠯᠡᠴᠠ ᠪᠠᠨ ᠶᠡᠬᠡᠤᠨᠬᠡᠬᠦ ᠬᠡᠷᠡᠭᠳᠠᠢ᠃     ᠵᠢᠷᠭᠤᠭ᠎ᠠ᠂ ᠡᠯ᠎ᠡ ᠪᠠᠯᠭᠠᠰᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠭᠠᠯ ᠢ ᠤᠨᠳᠠᠷᠠᠭᠠᠬᠤ ᠬᠠᠷᠢᠶᠠᠳᠤ ᠭᠠᠵᠠᠷ ᠤᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠭᠠᠴᠠᠭ᠎ᠠ ᠳᠤᠰᠬᠤᠨ᠂ ᠨᠠᠶᠢᠬᠡᠮ ᠳᠤᠭᠤᠷᠢᠭ ᠵᠢᠴᠢ ᠮᠠᠯᠴᠢᠨ ᠳᠠᠷᠢᠶᠠᠴᠢᠨ ᠤ ᠠᠮᠤᠷ ᠲᠦᠪᠰᠢᠨ ᠤ ᠮᠡᠳᠡᠯᠬᠡ ᠶᠢᠨ ᠲᠦᠬᠡᠮᠡᠯᠵᠢᠬᠦᠯᠤᠯᠳᠠ ᠶᠢ ᠴᠢᠩᠭᠠᠤᠨᠬᠠᠵᠤ`᠂ ᠬᠡᠬᠡᠷ᠎ᠡ ᠭᠠᠳᠠᠨᠠᠬᠢ ᠭᠠᠯ ᠤᠨ ᠡᠬᠢ ᠶᠢ ᠴᠢᠩᠭ᠎ᠠ ᠬᠠᠮᠢᠶᠠᠷᠬᠤ ᠬᠡᠷᠡᠭᠳᠠᠢ᠃ ᠵᠠᠮ ᠬᠠᠷᠢᠯᠴᠠᠭ᠎ᠠ ᠳᠡᠬᠡᠬᠡᠪᠤᠷᠢ᠂ ᠳᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ᠂ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠤᠯᠳᠠ᠂ ᠵᠠᠰᠠᠮᠠᠯ ᠵᠠᠮ ᠤᠨ ᠰᠦᠢᠤᠨᠬᠡᠯ ᠬᠤᠷᠢᠶᠠᠯᠳᠠ᠂ ᠲᠦᠷᠢᠶᠡᠰᠤᠨ ᠮᠠᠰᠢᠨ᠂ ᠰᠢᠤᠳᠠᠨ᠂ ᠪᠤᠳᠠᠰ ᠤᠨ ᠬᠦᠢᠯᠬᠡᠬᠡ᠂ ᠲᠦᠷᠬᠡᠨ ᠬᠦᠷᠬᠡᠯᠳᠠ᠂ ᠨᠡᠬᠦᠷᠡᠰᠤ ᠵᠡᠷᠬᠡ ᠡᠵᠡᠩᠨᠡᠯᠳᠠ ᠬᠠᠮᠢᠶᠠᠷᠤᠯᠳᠠ ᠶᠢᠨ ᠨᠢᠬᠡᠴᠠ ᠶᠢᠨ ᠬᠢᠨ ᠨᠠᠭᠠᠰᠢ ᠴᠠᠭᠠᠰᠢ ᠶᠠᠪᠤᠵᠤ ᠪᠠᠶᠢᠭ᠎ᠠ ᠪᠤᠶᠤ ᠬᠠᠮᠢᠶᠠᠷᠴᠤ ᠪᠠᠶᠢᠭ᠎ᠠ ᠳᠡᠷᠬᠡ ᠮᠠᠰᠢᠨ ᠬᠦᠮᠤᠰ ᠲᠤ ᠭᠠᠯ ᠢ ᠰᠡᠷᠬᠡᠶᠢᠯᠡᠬᠦ ᠤᠬᠠᠭᠤᠯᠭ᠎ᠠ ᠬᠦᠮᠤᠵᠢᠯ ᠪᠠ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢᠶᠠᠨ ᠴᠢᠩᠭᠠᠤᠨᠬᠠᠵᠤ᠂ ᠳᠠᠮᠠᠬᠢᠨ ᠤᠵᠠᠭᠤᠷ᠂ ᠨᠤᠴᠤᠭᠠᠪᠤᠷᠢ ᠵᠡᠷᠬᠡ ᠴᠤᠭ ᠬᠠᠶᠠᠬᠤ ᠶᠢ ᠴᠢᠩᠭ᠎ᠠ ᠴᠠᠭᠠᠵᠠᠯᠠᠨ᠂ ᠳᠠᠭᠠᠭᠠᠴᠠ ᠠᠴᠠ ᠬᠡᠳᠤᠷᠡᠬᠦᠯᠬᠦ᠂ ᠪᠤᠭᠤᠳᠠᠯ ᠨᠢ ᠴᠢᠩᠭ᠎ᠠ ᠪᠤᠰᠤ ᠠᠴᠠ ᠪᠤᠯᠵᠤ ᠨᠡᠬᠦᠷᠡᠰᠤᠨ ᠰᠢᠭᠠᠷᠤ ᠶᠢ ᠠᠭᠤᠷᠬᠠᠢ ᠶᠢᠨ ᠤᠷᠤᠨ ᠠᠴᠠ ᠭᠠᠳᠠᠨᠠᠬᠢ ᠭᠠᠵᠠᠷ ᠲᠤ ᠤᠨᠠᠭᠠᠬᠤ ᠶᠢ ᠡᠷᠡᠰ ᠴᠠᠭᠠᠵᠠᠯᠠᠵᠤ᠂ ᠵᠢᠯᠤᠭᠤᠴᠢ᠂ ᠳᠡᠷᠬᠡ ᠳᠠᠭᠠᠵᠤ ᠪᠠᠶᠢᠭ᠎ᠠ ᠬᠠᠮᠢᠶᠠᠷᠤᠭᠴᠢ  ᠶᠢ ᠭᠠᠯ ᠢ ᠰᠡᠷᠬᠡᠶᠢᠯᠡᠬᠦ ᠬᠠᠷᠢᠭᠤᠴᠠᠯᠭ᠎ᠠ ᠶᠢᠨ ᠬᠦᠮᠤᠨ ᠪᠤᠯᠭᠠᠨ᠎ᠠ᠃ ᠠᠷᠠᠤᠨ ᠤᠨ ᠶᠠᠪᠤᠳᠠᠯ ᠤᠨ ᠰᠠᠯᠠᠭ᠎ᠠ ᠮᠦᠴᠢᠷ ᠬᠤᠸᠠᠷ ᠴᠡᠴᠡᠭ ᠬᠦᠷᠬᠡᠬᠦ᠂ ᠮᠤᠳᠤ ᠳᠠᠷᠢᠬᠤ ᠵᠡᠷᠬᠡ ᠠᠮᠢ ᠠᠬᠤᠶᠢᠴᠢ ᠳᠠᠬᠢᠯᠭ᠎ᠠ ᠶᠢ ᠶᠡᠬᠡᠪᠡᠷ ᠤᠬᠠᠭᠤᠯᠵᠤ᠂ ᠨᠠᠶᠢᠳᠠ ᠶᠢᠨ ᠤᠩᠭᠤᠨ᠂ ᠳᠠᠷᠬᠠᠢ ᠪᠤᠯᠠᠰᠢᠨ ᠤ ᠳᠠᠬᠢᠯᠭ᠎ᠠ ᠶᠢᠨ ᠭᠠᠯ ᠬᠡᠷᠡᠭᠯᠡᠬᠦ ᠬᠠᠮᠢᠶᠠᠷᠤᠯᠳᠠ ᠶᠢ ᠰᠠᠶᠢᠳᠤᠷ ᠬᠢᠬᠦ ᠬᠡᠷᠡᠭᠳᠠᠢ᠃     ᠳᠤᠯᠤᠭ᠎ᠠ᠂ ᠡᠯ᠎ᠡ ᠭᠠᠯ ᠤᠨᠳᠠᠷᠠᠭᠠᠬᠤ ᠠᠩᠬᠢ ᠶᠢᠨ ᠬᠢᠨ ᠴᠠᠭ ᠢᠮᠠᠭᠳᠠ ᠳᠠᠶᠢᠨ ᠤ ᠪᠡᠯᠡᠤᠨᠬᠡᠯ ᠤᠨ ᠪᠠᠶᠢᠳᠠᠯ ᠢᠶᠠᠨ ᠪᠠᠳᠤᠯᠠᠵᠤ᠂ ᠭᠠᠯ ᠤᠨ ᠪᠠᠶᠢᠳᠠᠯ ᠢ ᠤᠯᠵᠤ ᠮᠡᠳᠡᠮᠡᠭᠴᠠ ᠬᠦᠴᠤ ᠪᠠᠨ ᠲᠦᠪᠯᠡᠷᠡᠬᠦᠯᠤᠨ ᠰᠢᠨᠵᠢᠯᠡᠬᠦ ᠤᠬᠠᠭᠠᠨᠴᠢ ᠪᠠᠷ ᠤᠨᠳᠠᠷᠠᠭᠠᠵᠤ᠂ ︽ᠡᠷᠳᠠ ᠤᠨᠳᠠᠷᠠᠭᠠᠬᠤ᠂ ᠪᠠᠭ᠎ᠠ ᠳᠤ ᠨᠢ ᠤᠨᠳᠠᠷᠠᠭᠠᠬᠤ᠂ ᠤᠨᠳᠠᠷᠠᠭᠠᠵᠤ ᠳᠠᠶᠢᠯᠬᠦ︾ ᠶᠢ ᠪᠡᠶᠡᠯᠡᠬᠦᠯᠤᠨ᠂ ᠬᠦᠮᠤᠨ ᠰᠢᠷᠬᠠᠳᠤᠵᠤ ᠠᠳᠡᠬᠦ ᠶᠢ ᠡᠷᠡᠰ ᠬᠤᠷᠢᠭᠯᠠᠬᠤ ᠬᠡᠷᠡᠭᠳᠠᠢ᠃     ᠨᠠᠢᠮᠠ᠂ ᠭᠠᠯ ᠰᠡᠷᠬᠡᠶᠢᠯᠡᠬᠦ ᠭᠠᠯ ᠤᠨᠳᠠᠷᠠᠭᠠᠬᠤ ᠬᠠᠷᠢᠭᠤᠴᠠᠯᠭ᠎ᠠ ᠪᠠᠨ ᠬᠦᠢᠴᠡᠤᠨᠬᠡᠭᠰᠡᠨ ᠦᠬᠡᠢ᠂ ᠭᠠᠯ ᠢ ᠰᠡᠷᠬᠡᠶᠢᠯᠡᠬᠦ ᠪᠠᠶᠢᠴᠠᠭᠠᠯᠳᠠ ᠶᠢ ᠬᠦᠯᠢᠶᠡᠭᠰᠡᠨ ᠦᠬᠡᠢ᠂ ᠭᠠᠯ ᠤᠨ ᠠᠶᠤᠯ ᠤᠨ ᠬᠡᠮ ᠰᠤᠭᠤᠭ ᠢ ᠦᠬᠡᠶᠢᠰᠬᠡᠭᠰᠡᠨ ᠦᠬᠡᠢ᠂ ᠵᠦᠪᠰᠢᠶᠡᠷᠡᠯ ᠦᠬᠡᠢ ᠪᠠᠷ ᠤᠢ ᠰᠢᠭᠤᠢ ᠨᠤᠳᠤᠭ ᠪᠡᠯᠴᠢᠬᠡᠷ ᠲᠤ ᠭᠠᠯ ᠢ ᠰᠡᠷᠬᠡᠶᠢᠯᠡᠬᠦ ᠤᠷᠤᠨ  ᠳᠤ ᠭᠠᠯ ᠬᠡᠷᠡᠭᠯᠡᠭᠰᠡᠨ ᠠᠴᠠ ᠪᠤᠯᠵᠤ᠂ ᠠᠳᠡᠭᠰᠡᠨ ᠪᠤᠶᠤ ᠵᠤᠷᠢᠭᠤᠳᠠ ᠪᠠᠷ ᠤᠢ ᠰᠢᠭᠤᠢ ᠨᠤᠳᠤᠭ ᠪᠡᠯᠴᠢᠬᠡᠷ ᠲᠤ ᠭᠠᠯ ᠤᠨ ᠠᠶᠤᠯ ᠭᠠᠷᠭᠠᠭᠰᠡᠨ ᠪᠤᠯ ᠬᠠᠤᠯᠢ ᠶᠤᠰᠤᠭᠠᠷ ᠬᠠᠷᠠᠭᠠᠯᠵᠠᠭᠰᠡᠨ ᠰᠢᠤᠨᠬᠡᠯ ᠤᠯᠭᠤᠨ᠎ᠠ︔ ᠶᠠᠯ᠎ᠠ ᠪᠤᠯᠵᠤ ᠪᠦᠷᠢᠯᠳᠦᠭᠰᠡᠨ ᠪᠤᠯ ᠡᠷᠡᠬᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠶᠢᠰᠤ᠂ ᠬᠠᠷᠢᠶᠠᠳᠤ ᠤᠷᠤᠨ ᠳᠤᠳᠤᠷ᠎ᠠ ᠭᠠᠯ ᠢ ᠰᠡᠷᠬᠡᠶᠢᠯᠡᠬᠦ ᠤᠨᠳᠠᠷᠠᠭᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠡᠨ ᠦᠬᠡᠢ᠂ ᠭᠠᠯ ᠤᠨ ᠡᠬᠢ ᠶᠢᠨ ᠬᠠᠮᠢᠶᠠᠷᠤᠯᠳᠠ ᠴᠢᠩᠭ᠎ᠠ ᠪᠤᠰᠤ᠂ ᠭᠠᠯ ᠤᠨ ᠠᠶᠤᠯ ᠤᠨ ᠬᠡᠮ ᠰᠤᠭᠤᠭ ᠢ ᠴᠡᠭᠴᠡᠯᠡᠨ ᠰᠠᠶᠢᠵᠢᠷᠠᠭᠤᠯᠤᠭᠰᠡᠨ ᠦᠬᠡᠢ᠂ ᠭᠠᠯ ᠢ ᠰᠡᠷᠬᠡᠶᠢᠯᠡᠬᠦ ᠠᠷᠭ᠎ᠠ ᠠᠪᠴᠠᠯ ᠨᠠᠶᠢᠳᠠᠪᠤᠷᠢᠳᠠᠢ ᠪᠤᠰᠤ᠂ ᠵᠤᠬᠢᠶᠠᠨ ᠪᠠᠶᠢᠭᠤᠯᠵᠤ ᠠᠪᠤᠷᠠᠨ ᠳᠤᠰᠠᠯᠠᠭᠰᠡᠨ ᠨᠢ ᠬᠦᠢᠴᠡᠤᠨ ᠪᠤᠰᠤ᠂ ᠬᠢᠨᠠᠨ ᠪᠠᠶᠢᠴᠠᠭᠠᠵᠤ ᠱᠠᠭᠠᠷᠳᠠᠭᠰᠡᠨ ᠨᠢ ᠴᠢᠩᠭ᠎ᠠ ᠦᠬᠡᠢ ᠵᠡᠷᠬᠡ ᠠᠰᠠᠭᠤᠳᠠᠯ ᠢ ᠪᠠᠶᠢᠴᠠᠭᠠᠵᠤ ᠢᠯᠡᠷᠡᠬᠦᠯᠪᠡᠯ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠦᠪᠤᠷ ᠵᠠᠰᠠᠭ ᠳᠠᠷᠬᠠᠭᠠᠭᠰᠡᠨ︹2015︺66 ᠳᠤᠭᠠᠳᠤ︶ ᠵᠡᠷᠬᠡ ᠳᠤᠭᠳᠠᠭᠠᠯ ᠶᠤᠰᠤᠭᠠᠷ᠂ ᠡᠯ᠎ᠡ ᠱᠠᠳᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃     ᠠᠷᠪᠠ᠂ ᠶᠡᠮᠡᠷᠪᠡ ᠨᠢᠬᠡᠴᠠ ᠪᠠ ᠬᠤᠪᠢ ᠬᠦᠮᠤᠨ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠪᠠᠶᠢᠳᠠᠯ ᠢ ᠤᠯᠵᠤ ᠮᠡᠳᠡᠪᠡᠯ᠂ ᠴᠠᠭ ᠳᠤᠬᠠᠢ ᠳᠤ ᠨᠢ ᠬᠤᠰᠢᠭᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠭᠠᠯ ᠢ ᠤᠨᠳᠠᠷᠠᠭᠠᠬᠤ ᠵᠢᠯᠤᠭᠤᠤᠨᠬᠤ ᠭᠠᠵᠠᠷ ᠤᠨ ᠠᠯᠪᠠᠨ ᠬᠡᠷ ᠪᠤᠶᠤ ᠬᠤᠰᠢᠭᠤ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠳᠤ ᠮᠡᠳᠡᠬᠦᠯᠤᠨ᠎ᠠ ︵ᠮᠡᠳᠡᠬᠦᠯᠬᠦ ᠤᠳᠠᠰᠤ᠄ 12119᠂ ᠬᠤᠰᠢᠭᠤ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠭᠠᠯ ᠢ ᠤᠨᠳᠠᠷᠠᠭᠠᠬᠤ ᠵᠢᠯᠤᠭᠤᠤᠨᠬᠤ ᠭᠠᠵᠠᠷ ᠤᠨ ᠠᠯᠪᠠᠨ ᠬᠡᠷ ᠤᠨ ᠵᠢᠵᠢᠬᠦᠷᠯᠡᠬᠦ ᠤᠳᠠᠰᠤ᠄ 0477 — 7626371︶᠃ ᠶᠠᠮᠠᠷᠪᠠ ᠨᠢᠬᠡᠴᠠ ᠪᠠ ᠬᠤᠪᠢ ᠬᠦᠮᠤᠨ ᠬᠡᠷᠡᠭ ᠮᠡᠳᠡᠬᠦᠯᠬᠦ ᠳᠤ ᠲᠦᠯᠤᠪᠤᠷᠢ ᠦᠬᠡᠢ ᠪᠠᠷ ᠲᠦᠬᠦᠮ ᠦᠵᠡᠬᠦᠯᠵᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠤᠨ ᠪᠠᠶᠢᠳᠠᠯ ᠢ ᠬᠤᠳᠠᠯ ᠢᠶᠠᠷ ᠮᠡᠳᠡᠬᠦᠯᠬᠦ᠂ ᠳᠠᠪᠠ ᠪᠠᠷ ᠮᠡᠳᠡᠬᠦᠯᠬᠦ᠂ ᠮᠡᠳᠡᠬᠦᠯᠬᠦ ᠦᠬᠡᠢ ᠨᠢᠭᠤᠬᠤ ᠶᠢ ᠴᠠᠭᠠᠵᠠᠯᠠᠨ᠎ᠠ᠃                         ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ                                2025 ᠤᠨ ᠤ 3 ᠰᠠᠷ᠎ᠠ ᠶᠢᠨ 11 ᠤ ᠡᠳᠤᠷ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ