2025 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠣᠯᠳᠠ᠂ ᠣᠬᠠᠭᠤᠯᠭ᠎ᠠ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠣᠨ  ᠸᠠᠩ ᠢᠦᠢ ᠴᠢᠶᠠᠩ ᠴᠣᠬᠤᠯᠠᠪᠦᠷᠢ ᠦᠭᠪᠡ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 14 ᠤ ᠡᠳᠦᠷ᠂ 2025 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠣᠯᠳᠠ᠂ ᠣᠬᠠᠭᠤᠯᠭ᠎ᠠ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠣᠨ  ᠸᠠᠩ ᠢᠦᠢ ᠴᠢᠶᠠᠩ ᠴᠣᠬᠤᠯᠠᠪᠦᠷᠢ ᠦᠭᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠣᠬᠠᠭᠤᠯᠬᠤ ᠬᠡᠯᠳᠡᠰ ᠤᠨ ᠲᠠᠷᠤᠭ᠎ᠠ ᠣᠷᠬᠢᠯ ᠬᠤᠷᠠᠯ ᠡᠷᠬᠢᠯᠡᠪᠡ᠃     ᠸᠠᠩ ᠢᠦᠢ ᠴᠢᠶᠠᠩ ᠴᠣᠬᠤᠯᠠᠪᠦᠷᠢ ᠳᠤ ᠪᠠᠨ᠂ ᠵᠣᠬᠢᠶᠠᠨ ᠪᠠᠶᠢᠭᠤᠯᠬᠤ ᠠᠵᠢᠯ ᠤᠨ ᠲᠣᠬᠠᠢ ᠳᠤ᠂ ᠨᠠᠮ ᠤᠨ ᠣᠯᠣᠰ ᠲᠦᠷᠦ ᠶᠢᠨ ᠪᠠᠶᠢᠭᠤᠯᠣᠯᠳᠠ ᠪᠠᠷ ᠨᠠᠮ  ᠤᠨ ᠪᠠᠶᠢᠭᠤᠯᠣᠯᠳᠠ ᠶᠢᠨ ᠡᠯ᠎ᠡ ᠲᠦᠷᠦᠯ ᠤᠨ ᠠᠵᠢᠯ ᠢ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠳᠠᠯᠠᠨ᠂ ︽ᠨᠠᠮ ᠤᠨ ᠪᠠᠶᠢᠭᠤᠯᠤᠯᠳᠠ ᠪᠠᠷ ᠲᠠᠶᠢᠴᠢᠯᠠᠨ᠂ ᠤᠷᠤᠨ ᠠᠯᠤᠰᠯᠠᠨ ᠬᠤᠯᠪᠤᠭᠠᠯᠠᠵᠤ᠂ ᠨᠢᠭᠡᠳᠥᠯᠳᠡᠢ ᠪᠠᠶᠢᠭᠤᠯᠤᠨ ᠬᠠᠮᠳᠤ ᠪᠠᠶᠠᠵᠢᠬᠤ︾ ᠬᠠᠮᠳᠤ ᠶᠢᠨ ᠠᠵᠤ ᠠᠬᠤᠢ ᠶᠢᠨ ᠭᠥᠭᠵᠢᠯᠳᠡ ᠶᠢᠨ ᠵᠠᠭᠪᠤᠷ ᠢ ᠶᠡᠬᠡᠪᠡᠷ ᠲᠦᠭᠡᠮᠡᠯᠵᠢᠭᠦᠯᠵᠣ᠂ ︽ᠲᠠᠯ᠎ᠠ ᠨᠣᠳᠤᠭ ᠤᠨ ᠠᠯᠠᠭᠠᠳᠠᠬᠤ ᠪᠦᠮᠪᠦᠭᠡ︾ ᠪᠣᠯᠣᠨ ᠦᠨᠳᠦᠰᠦᠨ ᠱᠠᠳᠣᠨ ᠤ ᠨᠡᠶᠢᠭᠡᠮ ᠤᠨ ᠵᠠᠰᠠᠯᠳᠠ ᠶᠢᠨ ᠣᠬᠢ ᠰᠠᠶᠢᠨ ᠬᠠᠷᠢᠯᠴᠠᠭ᠎ᠠ  ᠶᠢ ᠢᠳᠡᠪᠬᠢᠳᠡᠢ ᠠᠬᠢᠭᠤᠯᠣᠨ᠂ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠨᠠᠮ ᠤᠨ ᠭᠡᠰᠢᠭᠦᠳ ᠣᠢ ᠰᠢᠭᠤᠢ ᠨᠣᠳᠤᠭ ᠪᠡᠯᠴᠢᠭᠡᠷ ᠢ ᠬᠠᠮᠠᠭᠠᠯᠠᠬᠤ᠂ ᠣᠰᠣ ᠠᠷᠪᠢᠯᠠᠨ ᠣᠰᠣ ᠬᠢᠵᠠᠭᠠᠷᠯᠠᠬᠤ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ᠂ ᠲᠣᠯᠪᠣᠳᠦ ᠵᠢᠷᠤᠭ ᠢ ᠴᠡᠭᠴᠡᠯᠡᠭᠦ ᠵᠡᠷᠭᠡ ᠠᠵᠢᠯ ᠤᠨ ᠲᠠᠶᠢᠴᠢᠯᠠᠯᠳᠠ ᠶᠢᠨ ᠦᠢᠯᠠᠳᠣᠯ ᠢᠶᠠᠨ ᠭᠦᠢᠴᠡᠳ ᠪᠠᠳᠠᠷᠠᠭᠤᠯᠵᠣ᠂ ᠦᠷᠭᠡᠨ ᠲᠡᠯᠭᠡᠷᠡᠩᠭᠦᠢ ᠣᠬᠠᠭᠤᠯᠭ᠎ᠠ ᠦᠷᠨᠢᠭᠦᠯᠦᠨ᠂ ᠬᠠᠣᠯᠢ ᠵᠦᠷᠢᠴᠡᠭᠰᠡᠨ ᠠᠵᠢᠯᠯᠠᠭᠠᠨ ᠢ ᠴᠢᠩᠭ᠎ᠠ ᠰᠡᠷᠭᠡᠶᠢᠯᠡᠨ ᠴᠣᠬᠢᠯᠳᠠ ᠦᠭᠴᠦ᠂ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢ ᠨᠠᠮ ᠤᠨ ᠣᠳᠣᠷᠢᠳᠣᠯᠭ᠎ᠠ ᠶᠢ ᠪᠦᠳᠦᠮᠵᠢᠳᠡᠢ ᠪᠡᠶᠡᠯᠡᠭᠦᠯᠬᠦ ᠪᠠᠬᠢᠯᠡᠯᠳᠡ ᠪᠣᠯᠭᠠᠨ ᠪᠠᠶᠢᠭᠤᠯᠬᠤ ᠬᠡᠷᠡᠭᠳᠡᠢ᠃ ᠴᠢᠳᠠᠪᠦᠷᠢᠳᠠᠨ ᠢ ᠣᠷᠣᠭᠤᠯᠣᠨ᠂ ᠴᠢᠳᠠᠪᠦᠷᠢᠳᠡᠨ ᠢ ᠬᠦᠭᠵᠢᠭᠦᠯᠬᠦ ︽ᠬᠤᠣᠰ ᠵᠠᠭᠤ︾ ᠶᠢᠨ ᠠᠵᠢᠯᠯᠠᠭᠠᠨ  ᠢ ᠦᠷᠭᠦᠯᠵᠢᠯᠡᠨ ᠠᠬᠢᠭᠤᠯᠵᠣ᠂ ᠰᠣᠩᠭᠤᠨ ᠬᠡᠷᠡᠭᠯᠡᠭᠦ ᠳᠤ ᠪᠠᠨ ᠪᠣᠳᠠᠳᠠᠢ ᠠᠵᠢᠯᠯᠠᠬᠤ᠂ ᠪᠣᠳᠠᠳᠦ ᠪᠦᠳᠦᠮᠵᠢ ᠶᠢ ᠴᠢᠬᠤᠯᠠᠴᠢᠯᠠᠬᠤ ᠪᠠᠷ ᠣᠳᠣᠷᠢᠳᠣᠮᠵᠢ ᠪᠣᠯᠭᠠᠵᠣ᠂ ᠵᠠᠯᠠᠭᠤ ᠺᠠᠳ᠋ᠷᠴᠣᠳ ᠢ ᠬᠡᠷᠡᠭᠯᠡᠭᠦ ᠲᠦᠯᠦᠪᠯᠡᠭᠡ ᠶᠢ ᠬᠦᠨᠵᠡᠭᠡᠶᠢᠷᠡᠭᠦᠯᠣᠨ᠂ ᠪᠦᠳᠦᠴᠠ ᠵᠦᠢ ᠵᠣᠬᠢᠰᠳᠠᠢ᠂ ᠱᠠᠳᠣᠯᠢᠭ ᠺᠠᠳ᠋ᠷ ᠤᠨ ᠡᠩᠨᠡᠭᠡ ᠶᠢ ᠪᠦᠷᠢᠯᠳᠦᠭᠦᠯᠦᠨ ᠠᠬᠢᠭᠤᠯᠵᠣ᠂ ᠴᠢᠨᠠᠷᠯᠢᠭ ᠨᠠᠮ ᠤᠨ ᠪᠠᠶᠢᠭᠤᠯᠣᠯᠳᠠ ᠪᠠᠷ ᠴᠢᠨᠠᠷᠯᠢᠭ ᠬᠦᠭᠵᠢᠯᠳᠡ ᠶᠢ ᠵᠢᠯᠣᠭᠤᠳᠣᠨ ᠬᠠᠮᠠᠭᠠᠯᠠᠬᠤ ᠬᠡᠷᠡᠭᠳᠡᠢ᠃ ᠣᠬᠠᠭᠤᠯᠭ᠎ᠠ ᠶᠢᠨ ᠠᠵᠢᠯ ᠤᠨ ᠲᠣᠬᠠᠢ  ᠳᠤ᠂ ᠰᠢᠨ᠎ᠡ ᠴᠠᠭ ᠦᠶ᠎ᠡ ᠶᠢᠨ ᠰᠣᠶᠣᠯ ᠤᠨ ᠬᠠᠷᠢᠭᠤᠴᠠᠯᠭ᠎ᠠ ᠶᠢ ᠪᠠᠳᠦ ᠡᠵᠡᠮᠳᠡᠨ᠂ ᠵᠦᠪ ᠲᠠᠯ᠎ᠠ ᠶᠢᠨ ᠣᠬᠠᠭᠤᠯᠭ᠎ᠠ᠂ ᠨᠠᠵᠠᠭᠠᠢ ᠲᠠᠯ᠎ᠠ ᠶᠢᠨ ᠡᠵᠡᠮᠳᠡᠯ ᠢ ᠴᠢᠬᠤᠯᠠᠴᠢᠯᠠᠵᠣ᠂ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠣᠨ᠂ ᠣᠷᠢᠳᠴᠢᠯᠠᠨ ᠰᠡᠷᠡᠮᠵᠢᠯᠡᠭᠦᠯᠣᠯᠳᠡ ᠬᠢᠨᠠᠯᠳᠠ ᠬᠠᠮᠢᠶᠠᠷᠣᠯᠳᠠ ᠰᠢᠢᠳᠪᠦᠷᠢᠯᠡᠯᠳᠡ ᠪᠠᠨ ᠦᠷᠭᠦᠯᠵᠢᠯᠡᠨ ᠴᠢᠩᠭᠠᠳᠬᠠᠵᠣ᠂ ︽ᠣᠮᠠᠷᠠᠳᠦ ᠬᠢᠯᠢ ᠶᠢᠨ ᠰᠣᠶᠣᠯ ᠢ ᠲᠡᠰ ᠲᠡᠪᠰᠢᠭᠦᠯᠬᠦ ᠠᠵᠢᠯᠯᠠᠭ᠎ᠠ︾ ᠶᠢ ᠴᠢᠩᠭ᠎ᠠ ᠨᠠᠶᠢᠳᠠᠪᠦᠷᠢᠵᠢᠭᠤᠯᠣᠨ᠂ ︽1 +8︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠤ ᠠᠭᠤᠯᠣᠭᠳᠠᠬᠤᠨ ᠪᠣᠯᠣᠨ ᠦᠷᠭᠡᠵᠢᠭᠦᠯᠦᠯ ᠢ ᠦᠷᠭᠦᠯᠵᠢᠯᠡᠨ ᠦᠷᠭᠡᠳᠬᠡᠵᠣ᠂ ᠲᠡᠣᠭᠡ ᠶᠢᠨ ᠲᠣᠷᠠᠰᠬᠠᠯᠳᠦ ᠵᠣᠶᠢᠯᠠᠰ ᠢ ᠬᠠᠮᠠᠭᠠᠯᠠᠨ ᠠᠰᠢᠭᠯᠠᠬᠤ ᠪᠣᠯᠣᠨ ᠰᠣᠶᠣᠯ ᠤᠨ ᠦᠪ ᠢ ᠬᠠᠮᠠᠭᠠᠯᠠᠨ ᠣᠯᠠᠮᠵᠢᠯᠠᠬᠤ ᠶᠢ ᠴᠢᠩᠭᠠᠳᠬᠠᠬᠤ ᠬᠡᠷᠡᠭᠳᠡᠢ᠃ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠲᠠᠢ ᠨᠢᠭᠳᠠ ᠣᠶᠠᠯᠳᠣᠭᠤᠯᠣᠨ᠂ ᠰᠡᠳᠦᠪ ᠢᠶᠠᠨ ᠣᠨᠣᠪᠴᠢᠳᠠᠢ ᠰᠣᠩᠭᠤᠨ ᠲᠣᠬᠢᠷᠠᠭᠤᠯᠵᠣ᠂ ᠬᠤᠳᠠᠯᠳᠣᠭᠠᠴᠢᠨ ᠣᠷᠢᠵᠣ ᠪᠡᠯᠡ ᠲᠠᠳᠠᠬᠤ᠂ ᠲᠦᠷᠦᠯ ᠵᠣᠶᠢᠯ ᠤᠨ ᠪᠠᠶᠢᠭᠤᠯᠣᠯᠳᠠ᠂ ᠦᠭᠡᠷᠡᠴᠢᠯᠡᠯᠳᠡ ᠰᠢᠨᠡᠴᠢᠯᠡᠯᠳᠡ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ᠂ ︽ᠲᠠᠯ᠎ᠠ ᠨᠣᠳᠤᠭ ᠤᠨ ᠠᠯᠠᠭᠠᠳᠠᠬᠤ ᠪᠦᠮᠪᠦᠭᠡ︾ ᠵᠡᠷᠭᠡ ᠭᠤᠣᠯᠳᠠᠯᠭᠠᠳᠦ ᠠᠵᠢᠯ ᠢ ᠵᠣᠬᠢᠰᠳᠠᠢ ᠵᠣᠬᠢᠴᠠᠭᠤᠯᠣᠨ᠂ ᠨᠡᠶᠢᠭᠡᠮ ᠵᠢᠷᠣᠮ ᠤᠨ ᠭᠤᠣᠯᠯᠠᠬᠤ ᠦᠷᠳᠡᠭ ᠤᠨ ᠦᠵᠡᠯᠳᠡ ᠪᠠᠷ ᠵᠢᠯᠣᠭᠤᠳᠣᠯᠭ᠎ᠠ ᠪᠣᠯᠭᠠᠵᠣ᠂ ᠨᠡᠶᠢᠳᠡᠯᠢᠭ ᠵᠢᠱᠢᠶ᠎ᠡ ᠶᠢᠨ ᠣᠬᠠᠭᠤᠯᠭ᠎ᠠ ᠶᠢᠨ ᠠᠵᠢᠯ ᠢ ᠪᠦᠬᠦ ᠲᠠᠯ᠎ᠠ ᠣᠯᠠᠨ ᠬᠠᠷᠠᠭᠠᠰᠦ ᠪᠠᠷ ᠰᠠᠶᠢᠳᠦᠷ ᠬᠢᠵᠣ᠂ ᠵᠦᠪ ᠡᠨᠧᠷᠬᠢ ᠣᠯᠠᠮᠵᠢᠯᠠᠨ᠂ ᠴᠤᠭ ᠰᠦᠯᠳᠠ ᠪᠠᠨ ᠪᠠᠳᠠᠷᠠᠭᠤᠯᠵᠣ᠂ ᠪᠦᠬᠦ ᠬᠤᠰᠢᠭᠤᠨ ᠤ ᠴᠢᠨᠠᠷᠯᠢᠭ ᠬᠦᠭᠵᠢᠯᠳᠡ ᠳᠤ ᠬᠦᠴᠦᠷᠬᠡᠭ ᠣᠶᠣᠨ ᠰᠠᠨᠠᠭᠠᠨ ᠤ ᠬᠦᠴᠦᠨ ᠪᠠ ᠠᠰᠢᠭᠳᠠᠢ ᠰᠣᠶᠣᠯ ᠤᠨ ᠨᠦᠬᠦᠴᠡᠯ ᠢ ᠬᠠᠩᠭᠠᠬᠤ ᠬᠡᠷᠡᠭᠳᠡᠢ᠃ ᠨᠢᠭᠡᠳᠦᠮᠡᠯ ᠹᠷᠣᠨᠲ ᠤᠨ ᠠᠵᠢᠯ ᠤᠨ ᠲᠣᠬᠠᠢ ᠳᠤ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠬᠦᠮᠦᠵᠢᠯ ᠪᠣᠯᠪᠠᠰᠣᠷᠠᠯ᠂ ᠣᠬᠠᠭᠤᠯᠭ᠎ᠠ ᠵᠢᠯᠣᠭᠤᠳᠣᠯᠭ᠎ᠠ᠂ ᠠᠴᠢᠶᠠᠯᠠᠪᠦᠷᠢ ᠶᠢᠨ ᠰᠢᠨᠡᠴᠢᠯᠡᠯᠳᠡ᠂ ᠬᠡᠯᠪᠡᠷᠢᠯ ᠢ ᠵᠠᠯᠠᠷᠠᠭᠤᠯᠣᠨ ᠴᠢᠭᠯᠡᠯ ᠢ ᠵᠦᠪᠴᠢᠯᠡᠭᠦ᠂ ᠲᠦᠷᠢᠮ ᠤᠨ ᠪᠠᠶᠢᠭᠤᠯᠣᠯᠳᠠ ᠵᠡᠷᠭᠡ ᠠᠵᠢᠯ ᠢ ᠪᠠᠳᠣᠳᠠᠢ ᠰᠠᠶᠢᠳᠦᠷ ᠬᠢᠵᠣ᠂ ᠣᠯᠣᠰ ᠤᠨ ᠨᠡᠶᠢᠳᠡᠮ ᠬᠡᠷᠡᠭᠯᠡᠭᠡᠨ ᠤ ᠦᠰᠦᠭ ᠪᠢᠴᠢᠭ ᠢ ᠪᠦᠬᠦ ᠲᠠᠯ᠎ᠠ ᠪᠠᠷ ᠲᠦᠭᠡᠮᠡᠯᠵᠢᠭᠦᠯᠣᠨ᠂ ᠠᠳᠠᠯᠢ ᠪᠣᠰᠣ ᠬᠦᠮᠦᠵᠢᠯ ᠰᠣᠶᠣᠯ᠂ ᠣᠶᠢᠯᠠᠭᠠᠭᠳᠠᠬᠤᠨ ᠪᠣᠯᠣᠨ ᠠᠰᠢᠭ ᠲᠣᠰᠠ ᠶᠢᠨ ᠱᠠᠭᠠᠷᠳᠠᠯᠭ᠎ᠠ ᠶᠢᠨ ᠲᠠᠯ᠎ᠠ ᠪᠠᠷ ᠬᠢ ᠭᠦᠨᠵᠡᠭᠡᠢ ᠠᠭᠤᠰᠣᠯᠴᠠᠯ ᠢ ᠠᠬᠢᠭᠤᠯᠬᠤ ᠬᠡᠷᠡᠭᠳᠡᠢ᠃ ᠨᠢᠭᠡᠳᠦᠮᠡᠯ ᠹᠷᠣᠨᠲ ᠤᠨ ᠴᠢᠳᠠᠪᠦᠷᠢᠳᠠᠨ ᠴᠣᠭᠯᠠᠷᠠᠭᠰᠠᠨ᠂ ᠣᠶᠣᠨ ᠨᠢᠭᠳᠠᠷᠠᠭᠰᠠᠨ᠂ ᠬᠠᠷᠢᠯᠴᠠᠭ᠎ᠠ ᠦᠷᠭᠡᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠣ᠂ ᠦᠨᠳᠦᠰᠦᠳᠡᠨ ᠱᠠᠰᠢᠨ ᠰᠣᠷᠳᠠᠬᠤᠨ ᠤ ᠬᠦᠮᠦᠰ᠂ ᠨᠠᠮ ᠤᠨ ᠭᠠᠳᠠᠨᠠᠬᠢ ᠰᠡᠭᠡᠭᠡᠳᠡᠨ᠂ ᠨᠡᠶᠢᠭᠡᠮ ᠤᠨ ᠰᠢᠨ᠎ᠡ ᠲᠠᠪᠬᠤᠷᠭᠠᠨ ᠤ ᠲᠦᠯᠦᠭᠡᠯᠡᠭᠴᠢ᠂ ᠠᠷᠠᠳ ᠤᠨ ᠡᠵᠡᠩᠨᠡᠯᠳᠡ ᠶᠢᠨ ᠠᠵᠣ ᠠᠬᠤᠶᠢᠯᠠᠯᠳᠠᠨ ᠵᠡᠷᠭᠡ ᠡᠯ᠎ᠡ ᠡᠳᠡᠭᠡᠳ ᠤᠨ ᠬᠢᠨ ᠤ ᠲᠣᠬᠠᠶᠢᠯᠠᠭᠰᠠᠨ ᠠᠵᠢᠯ ᠳᠤ ᠰᠠᠭᠤᠷᠢᠯᠠᠨ᠂ ᠰᠠᠨᠠᠯ ᠵᠦᠪᠯᠡᠯᠭᠡ ᠲᠣᠷᠠᠳᠣᠨ ᠠᠷᠭ᠎ᠠ ᠣᠬᠠᠭᠠᠨ ᠰᠦᠪᠡᠭᠴᠢᠯᠡᠵᠣ᠂ ᠣᠳᠣᠬᠠᠨ ᠤ ᠦᠨᠳᠦᠰᠦᠳᠡᠨ ᠤ ᠪᠦᠯᠬᠦᠮᠳᠠᠯ᠂ ᠱᠠᠰᠢᠨ ᠰᠣᠷᠳᠠᠬᠤᠨ ᠡᠶ᠎ᠡ ᠨᠠᠶᠢᠷᠠᠮᠳᠠᠭᠤ᠂ ᠨᠡᠶᠢᠭᠡᠮ ᠤᠨ ᠲᠣᠭᠳᠠᠭᠤᠨ ᠤ ᠣᠬᠢ ᠰᠠᠶᠢᠨ ᠪᠠᠶᠢᠳᠠᠯ  ᠢ ᠪᠦᠬᠦ ᠲᠠᠯ᠎ᠠ ᠪᠠᠷ ᠬᠠᠮᠠᠭᠠᠯᠠᠨ᠂ ᠲᠣᠮᠳᠠᠳᠦ ᠣᠯᠣᠰ ᠤᠨ ᠮᠠᠶ᠋ᠢᠭ ᠤᠨ ᠣᠳᠣᠬᠢᠴᠢᠯᠠᠭᠰᠠᠨ ᠭᠠᠷᠮᠠᠭᠠᠶᠢᠯᠠᠨ ᠲᠠᠪᠰᠢᠬᠤ ᠣᠳᠤᠭ ᠤᠨ ᠡᠮᠦᠨᠡᠳᠦ ᠬᠤᠰᠢᠭᠤᠨ ᠤ ᠲᠦᠷᠪᠡᠨ ᠣᠷᠣᠨ ᠤ ᠪᠠᠶᠢᠭᠤᠯᠣᠯᠳᠠ ᠶᠢᠨ ᠲᠡᠰ ᠲᠡᠪᠰᠢᠭᠦᠯᠬᠦ ᠰᠢᠨ᠎ᠡ ᠬᠠᠭᠤᠳᠠᠰᠦ ᠶᠢ ᠪᠢᠴᠢᠭᠯᠡᠭᠦ ᠳᠤ ᠬᠦᠴᠦᠨ ᠢᠶᠠᠨ ᠨᠡᠮᠡᠷᠢᠯᠡᠭᠦ ᠬᠡᠷᠡᠭᠳᠡᠢ ᠭᠡᠵᠣ ᠴᠢᠬᠤᠯᠠᠴᠢᠯᠠᠪᠠ᠃     ᠬᠤᠷᠠᠯ ᠠᠴᠠ 2024 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ᠂ ᠣᠬᠠᠭᠤᠯᠭ᠎ᠠ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠢ ᠪᠦᠬᠦ ᠲᠠᠯ᠎ᠠ  ᠪᠠᠷ ᠳ᠋ᠦᠩᠨᠡᠨ᠂ 2025 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ᠂ ᠣᠬᠠᠭᠤᠯᠭ᠎ᠠ᠂ ᠨᠢᠭᠡᠳᠦᠮᠡᠯ ᠹᠷᠣᠨᠲ ᠤᠨ ᠭᠤᠣᠯᠳᠠᠯᠭᠠᠳᠦ ᠠᠵᠢᠯ ᠢ ᠪᠠᠶᠢᠷᠢᠯᠠᠭᠤᠯᠪᠠ᠃     ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠣᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠸᠠᠩ ᠬᠤᠣ ᠷᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠲᠠᠷᠤᠭ᠎ᠠ᠂ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠣᠭᠤᠶᠢᠯᠠᠩ ᠤᠨ ᠲᠡᠳ᠋ ᠱᠦᠵᠢ ᠨᠠᠶᠠ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ᠂ ᠡᠯ᠎ᠡ ᠣᠯᠣᠰ ᠤᠨ ᠦᠮᠴᠢᠯᠡᠯᠳᠦ ᠠᠵᠣ ᠠᠬᠤᠶᠢᠯᠠᠯ᠂ ᠪᠦᠬᠦ ᠬᠤᠰᠢᠭᠤᠨ ᠤ ᠵᠣᠬᠢᠶᠠᠨ ᠪᠠᠶᠢᠭᠤᠯᠬᠤ ᠰᠢᠰᠲ᠋ᠧᠮ᠂ ᠣᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ᠂ ᠨᠢᠭᠡᠳᠦᠮᠡᠯ ᠹᠷᠣᠨᠲ ᠦᠨᠳᠦᠰᠦᠳᠡᠨ ᠤ ᠰᠢᠰᠲ᠋ᠧᠮ᠂ ᠪᠠᠶᠢᠭᠤᠯᠭ᠎ᠠ ᠶᠢᠨ ᠣᠳᠣᠷᠢᠳᠬᠤ ᠪᠠᠭ ᠤᠨ ᠪᠦᠷᠢᠯᠳᠦᠭᠦᠨ ᠵᠢᠴᠢ ᠰᠠᠯᠠᠭ᠎ᠠ ᠲᠠᠰᠤᠭ ᠤᠨ ᠺᠠᠳ᠋ᠷᠴᠣᠳ ᠬᠤᠷᠠᠯ ᠳᠤ ᠣᠷᠣᠯᠴᠠᠪᠠ᠃     ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠪᠠᠯᠭᠠᠰᠤᠨ ᠳᠤ ᠶᠠᠪᠤᠭᠳᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ