ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ | ︽ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ | ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ | ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ | ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ | ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ | ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ | ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ | ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ | ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ | ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ | ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ | ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ | ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ ︽ᠳᠦᠷᠢᠮ︾ ᠳᠤ ᠲᠤᠰᠬᠠᠢ | ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦ᠋ᠢᠴᠡ ᠶᠢ | ᠠᠬᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ | ᠵᠠᠰᠠᠬᠤ᠂ ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ | ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ | ᠬᠡᠷᠡᠭᠯᠡᠭᠴᠢᠳ ᠢ ᠬᠥᠲᠥᠯᠥᠨ ᠵᠢᠯᠤᠭᠤᠳᠴᠤ ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ | ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ | ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃ ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |