ᠵᠠᠩᠭᠠᠨ ᠰᠢᠯᠢ ᠲᠣᠰᠬᠤᠨ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠡᠰᠡᠭ ᠲᠠᠬᠢ ᠦᠪᠣᠷ ᠮᠣᠩᠭᠤᠯ ᠱᠠᠨᠰᠢ ᠶᠢᠨ ᠠᠭᠤᠯᠵᠠᠷ ᠭᠠᠵᠠᠷ ᠪᠠᠶᠢᠷᠢᠯᠠᠵᠣ᠂ | ᠲᠠᠷᠢᠶᠠᠯᠠᠩ ᠢᠶᠠᠷ ᠭᠤᠣᠯ ᠪᠣᠯᠭᠠᠨ ᠮᠠᠯ ᠠᠵᠤ ᠠᠬᠤᠢ ᠶᠢ ᠣᠶᠠᠯᠳᠣᠭᠤᠯᠣᠭᠰᠠᠨ ᠨᠡᠶᠢᠲᠡᠯᠢᠭ ᠮᠠᠯ ᠲᠠᠷᠢᠶᠠᠯᠠᠩ ᠤᠨ ᠲᠣᠰᠬᠤᠨ ᠪᠣᠯᠣᠨ᠎ᠠ᠃ ᠪᠦᠬᠦ ᠲᠣᠰᠬᠤᠨ ᠤ | ᠶᠡᠷᠣᠩᠬᠡᠢ ᠲᠠᠯᠠᠪᠠᠢ 7.8 ᠲᠦᠮᠡᠨ ᠮᠣ᠋᠂ ᠡᠬᠦᠨ ᠳᠤ ᠣᠰᠣᠨ ᠭᠠᠵᠠᠷ 13000 ᠮᠣ᠋᠂ ᠣᠨᠴᠠᠯᠢᠭᠲᠣ ᠠᠵᠣ ᠠᠬᠤᠢ ᠶᠢᠨ ᠲᠠᠷᠢᠮᠠᠯ 2000 ᠭᠠᠷᠣᠢ ᠮᠣ᠋ ︵ᠯᠠᠵᠣᠣ᠂ | ᠯᠠᠩᠭᠤᠸᠠ᠂ ᠲᠦᠮᠦᠰᠣ᠂ ᠲᠠᠷᠪᠣᠰ ᠵᠡᠷᠬᠡ ᠲᠦᠷᠦᠯ ᠵᠦᠢᠯ ᠣᠯᠠᠨ︶ ᠪᠣᠢ᠂ ᠮᠠᠯ ᠤᠨ ᠶᠡᠷᠣᠩᠬᠡᠢ ᠲᠤᠭ᠎ᠠ 2 ᠲᠦᠮᠡᠨ ᠲᠣᠯᠣᠭᠠᠢ᠃ 6 ᠮᠠᠯ ᠲᠠᠷᠢᠶᠠᠯᠠᠩ ᠤᠨ | ᠬᠤᠷᠰᠢᠶ᠎ᠠ᠂ 356 ᠡᠷᠣᠬᠡ 1212 ᠬᠦᠮᠦᠨ ᠠᠮᠠ ᠲᠠᠢ᠂ 17 ᠨᠠᠮ ᠤᠨ ᠬᠡᠰᠢᠬᠦᠨ᠂ 13 ᠬᠡᠰᠢᠭᠦᠳ ᠤᠨ ᠲᠦᠯᠦᠬᠡᠯᠡᠭᠴᠢ ᠲᠠᠢ᠃ ᠲᠦᠬᠡᠬᠡᠯ ᠣᠰᠣ ᠶᠢ | ᠡᠷᠣᠬᠡ ᠳᠤ ᠣᠷᠣᠭᠤᠯᠣᠭᠰᠠᠨ ᠨᠣᠷᠮ᠎ᠠ 90% ᠳᠤ ᠬᠦᠷᠴᠣ᠂ 2017 ᠣᠨ ᠳᠤ ᠮᠠᠯᠴᠢᠨ ᠲᠠᠷᠢᠶᠠᠴᠢᠨ ᠤ ᠬᠦᠮᠦᠨ ᠲᠣᠮᠳᠠᠴᠢ ᠶᠢᠨ ᠣᠷᠣᠯᠭ᠎ᠠ 13000 | ᠲᠦᠬᠦᠷᠢᠭ ᠲᠤ ᠬᠦᠷᠪᠡ᠃ ᠣᠨᠴᠠᠯᠢᠭᠲᠣ ᠲᠠᠷᠢᠮᠠᠯ ᠤᠨ ᠲᠠᠯ᠎ᠠ ᠪᠠᠷ ᠨᠡᠷᠡᠲᠣ ᠲᠡᠮᠳᠡᠭ ᠪᠣᠯᠣᠨ ᠵᠠᠬ᠎ᠠ ᠲᠡᠯᠬᠡᠬᠦᠷ ᠲᠤ ᠲᠦᠰᠢᠭᠯᠡᠨ᠂ ᠣᠨᠴᠠᠯᠢᠭᠲᠣ ᠲᠠᠷᠢᠮᠠᠯ ᠤᠨ | ᠦᠢᠯᠡᠰ ᠢ ᠬᠦᠭᠵᠢᠬᠦᠯᠵᠣ᠂ ᠢᠯᠠᠩᠭᠤᠶ᠎ᠠ ᠯᠠᠵᠣᠣ ᠶᠢᠨ ᠲᠠᠯᠠᠪᠠᠢ ᠶᠢ 1000 ᠮᠣ᠋ ᠣᠷᠴᠢᠮ ᠳᠤ ᠲᠣᠭᠲᠠᠪᠣᠷᠢᠵᠢᠭᠤᠯᠣᠨ᠂ ᠪᠦᠬᠦ ᠲᠣᠰᠬᠤᠨ ᠤ ᠮᠠᠯᠴᠢᠨ ᠲᠠᠷᠢᠶᠠᠴᠢᠨ | ᠤ ᠬᠦᠮᠦᠨ ᠲᠣᠮᠳᠠᠴᠢ ᠶᠢᠨ ᠣᠷᠣᠯᠭ᠎ᠠ ᠶᠢ 1000 ᠲᠦᠬᠦᠷᠢᠭ ᠨᠡᠮᠡᠭᠳᠡᠬᠦᠯᠵᠡᠢ᠃ | |